ᠪᠦᠬᠦ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠶᠠᠪᠤᠭᠳᠠᠯ ᠤᠨ ᠪᠠᠶᠢᠳᠠᠯ ᠤᠨ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡᠯᠡᠯ ︵ᠳᠦᠷᠪᠡ︶
ᠨᠡᠶᠢᠲᠡᠯᠡᠭᠰᠡᠨ ᠴᠠᠭ᠄
2022/9/7
   ᠭᠤᠷᠪᠠ᠂ ᠳᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ᠃    ︵ᠨᠢᠭᠡ︶ ᠡᠯ᠎ᠡ ᠬᠤᠰᠢᠭᠤ ᠬᠤᠲᠠ ᠲᠣᠭᠤᠷᠢᠭ ᠤᠨ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠲᠤᠰ ᠲᠤᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠲᠤᠰᠬᠠᠶ ᠬᠥᠮᠦᠨ ᠲᠤᠰᠬᠠᠶ ᠠᠩᠭᠢ ᠶᠢ ᠨᠠᠶᠢᠳᠠᠪᠤᠷᠢᠵᠢᠭᠤᠯᠬᠤ ᠬᠡᠷᠡᠭᠲᠡᠶ᠃    ︵ᠬᠤᠶᠠᠷ︶ ᠡᠯ᠎ᠡ ᠳᠠᠭᠠᠭᠠᠨ ᠭᠦᠢᠴᠡᠳᠬᠡᠬᠦ ᠨᠢᠭᠡᠴᠢ ᠨᠢ ︽ᠬᠥᠯᠥᠨ ᠪᠤᠶᠢᠷ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2021﹈ 15 ᠳ᠋ᠤᠭᠠᠷ ᠲᠣᠭᠠᠲᠤ︶  ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠢᠯᠠᠩᠭᠤᠶ᠎ᠠ ᠴᠤᠤᠷᠢᠶᠠᠲᠤᠨ ᠳᠠᠭᠠᠬᠤ ᠨᠣᠷᠮ᠎ᠠ ᠶᠢᠨ ᠨᠡᠷᠡᠰ ᠤᠨ ᠵᠢᠭᠰᠠᠭᠠᠯᠲᠠ ᠶᠢᠨ ᠠᠷᠤ ᠳᠠᠬᠢ ᠰᠠᠯᠠᠭ᠎ᠠ ᠮᠥᠴᠢᠷ ᠪᠠ ᠬᠤᠰᠢᠭᠤ ᠬᠤᠲᠠ ᠲᠣᠭᠤᠷᠢᠭ ᠨᠢ ᠱᠠᠯᠠᠪᠳᠠᠨ ᠴᠡᠭᠴᠡᠯᠡᠨ ᠰᠠᠶᠢᠵᠢᠷᠠᠭᠤᠯᠵᠤ᠂ ᠲᠠᠩᠰᠠ ᠭᠦᠢᠴᠡᠳᠬᠡᠬᠦ ᠴᠤᠪᠤᠷᠠᠯ ᠢ ᠵᠢᠷᠤᠮᠯᠠᠨ᠂ ᠤᠲᠠᠰᠤ ᠢᠷᠡᠭᠦᠯᠦᠭᠰᠡᠨ ᠬᠥᠮᠦᠨ ᠯᠦᠭᠡ 100%      ᠪᠠᠷ ᠬᠠᠷᠢᠯᠴᠠᠬᠤ᠂ 100%      ᠪᠠᠷ ᠬᠠᠷᠢᠭᠤ ᠥᠭᠬᠦ᠂ 100%      ᠪᠠᠷ ᠬᠠᠷᠢᠭᠤ ᠰᠤᠷᠪᠤᠯᠵᠢᠯᠠᠬᠤ ᠶᠢ ᠭᠦᠢᠴᠡᠳᠬᠡᠵᠦ᠂ ᠬᠤᠭᠤᠴᠠᠭ᠎ᠠ ᠠᠴᠠ ᠬᠡᠲᠦᠷᠡᠭᠦᠯᠦᠨ ᠬᠠᠷᠢᠭᠤ ᠥᠭᠬᠦ᠂ ᠬᠤᠶᠢᠰᠢᠯᠠᠭᠤᠯᠤᠨ ᠭᠦᠢᠴᠡᠳᠬᠡᠵᠦ ᠳᠠᠭᠤᠰᠬᠠᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠨ᠎ᠠ᠃    ︵ᠭᠤᠷᠪᠠ︶ ᠣᠯᠠᠨ ᠰᠠᠯᠠᠭ᠎ᠠ ᠮᠥᠴᠢᠷ ᠲᠤ ᠬᠤᠯᠪᠣᠭᠳᠠᠪᠠᠯ᠂ ᠬᠠᠷᠢᠯᠴᠠᠨ ᠲᠦᠯᠬᠢᠯᠴᠡᠬᠦ᠂ ᠲᠦᠯᠬᠢᠯᠴᠡᠬᠦ ᠶᠢ ᠴᠢᠩᠭ᠎ᠠ ᠴᠠᠭᠠᠵᠠᠯᠠᠵᠤ᠂ ᠣᠯᠠᠨ ᠲᠦᠮᠡᠨ ᠤ ᠵᠦᠶ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠬᠥᠮᠦᠨ ᠲᠠᠢ ᠪᠠᠶᠢᠯᠭᠠᠬᠤ᠂ ᠳᠠᠷᠦ᠋ᠢᠬᠠᠨ ᠭᠦᠢᠴᠡᠳᠬᠡᠬᠦ᠂ ᠪᠠᠷᠢᠨ ᠭᠦᠢᠴᠡᠳᠬᠡᠬᠦ ᠪᠠᠷ ᠱᠠᠭᠠᠷᠳᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠪᠠᠲᠤᠯᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号