ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 1 ᠳ᠋ᠦ᠋ᠭᠡᠷ | ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ | ᠂ ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠂ | ᠬᠠᠮᠲᠤ ᠪᠠᠷ ᠦᠵᠡᠵᠡᠭᠡᠶ᠎ᠡ᠃ | | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ | | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠭᠤᠣᠯᠳᠠᠭᠤ ᠶᠠᠮᠠᠷ ᠶᠠᠮᠠᠷ ᠲᠣᠬᠢᠷᠠᠭᠤᠯᠤᠯᠲᠠ | ᠬᠢᠭᠰᠡᠨ ᠪᠣᠶ︖ | | ᠨᠢᠭᠡ ᠳᠤ᠂ ᠡᠪᠡᠳᠴᠢᠨ ᠤ ᠨᠡᠷ᠎ᠡ ᠶᠢ ᠰᠢᠨᠡᠴᠢᠯᠡᠪᠡ᠃ ︽ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ | ᠦᠷᠪᠢᠰᠦᠯ︾ ᠢ ︽ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ︾ ᠭᠡᠵᠦ ᠥᠭᠡᠷᠡᠴᠢᠯᠡᠨ᠎ᠡ︔ | | ᠬᠤᠶᠠᠷ ᠲᠤ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠪᠠᠶᠢᠩᠭᠤᠵᠢᠭᠰᠠᠨ | ᠪᠠᠶᠢᠳᠠᠯ ᠳᠣᠣᠷ᠎ᠠ᠂ ᠭᠤᠣᠯᠳᠠᠭᠤ ᠸᠢᠷᠦ᠋ᠰ ᠤᠨ ᠣᠨᠳᠣᠣᠰᠢᠯ ᠤᠨ ᠬᠢᠨᠠᠨ ᠰᠢᠨᠵᠢᠯᠡᠯᠲᠡ᠂ ᠣᠨᠴᠠᠭᠠᠶ ᠬᠡᠷᠡᠭ ᠤᠨ | ᠮᠡᠳᠡᠭᠦᠯᠦᠯᠲᠡ᠂ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠢᠨᠠᠨ ᠰᠢᠨᠵᠢᠯᠡᠯᠲᠡ᠂ ᠰᠢᠯᠲᠠᠭᠠᠨ ᠨᠢ | ᠲᠣᠳᠣᠷᠬᠠᠢ ᠦᠭᠡᠢ ᠠᠭᠤᠰᠬᠢᠨ ᠦᠷᠪᠢᠰᠦᠯ ᠤᠨ ᠬᠢᠨᠠᠨ ᠰᠢᠨᠵᠢᠯᠡᠯᠲᠡ᠂ ᠬᠤᠲᠠ ᠶᠢᠨ ᠪᠣᠬᠢᠷ ᠤᠰᠤᠨ ᠤ ᠬᠢᠨᠠᠨ | ᠰᠢᠨᠵᠢᠯᠡᠯᠲᠡ ᠵᠡᠷᠭᠡ ᠶᠢ ᠥᠷᠨᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ᠂ ᠪᠥᠭᠡᠮ ᠬᠦᠴᠢᠯ | ᠪᠠ ᠥᠳᠥᠭᠡᠭᠴᠢ ᠶᠢᠨ ᠪᠠᠶᠢᠴᠠᠭᠠᠨ ᠰᠢᠯᠭᠠᠯᠲᠠ ᠬᠢᠨᠠᠨ ᠰᠢᠨᠵᠢᠯᠡᠯᠲᠠ᠂ ᠬᠠᠯᠠᠭᠤᠷᠠᠯ ᠤᠨ ᠡᠭᠦᠳᠡᠨ ᠡᠮᠨᠡᠯᠭᠡ ᠶᠢᠨ | ᠬᠢᠨᠠᠨ ᠰᠢᠨᠵᠢᠯᠡᠯᠲᠠ᠂ ᠭᠤᠣᠯᠳᠠᠯᠭ᠎ᠠ ᠲᠠᠢ ᠪᠠᠶᠢᠭᠤᠯᠤᠮᠵᠢ ᠶᠢᠨ ᠬᠢᠨᠠᠨ ᠰᠢᠨᠵᠢᠯᠡᠯᠲᠠ ᠵᠡᠷᠭᠡ ᠶᠢ ᠨᠡᠮᠡᠭᠳᠡᠭᠦᠯᠦᠨ᠎ᠡ︔ | | ᠭᠤᠷᠪᠠ ᠳᠤ᠂ ᠪᠠᠶᠢᠴᠠᠭᠠᠨ ᠰᠢᠯᠭᠠᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠨ᠎ᠡ᠃ ᠪᠥᠬᠦ | ᠠᠷᠠᠳ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠶᠢ ᠳᠠᠭᠢᠵᠤ ᠥᠷᠨᠢᠭᠦᠯᠬᠦ ᠦᠭᠡᠢ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠬᠡᠷᠡᠭᠴᠡᠭᠡ ᠪᠠᠨ ᠦᠨᠳᠦᠰᠦᠯᠡᠨ ︽ᠪᠠᠶᠢᠴᠠᠭᠠᠯᠭᠠᠬᠤ ᠬᠦᠰᠡᠯ ᠲᠠᠢ ᠨᠢ | ᠪᠠᠶᠢᠴᠠᠭᠠᠯᠭᠠᠵᠤ︾ ᠪᠣᠯᠣᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ | ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠶᠢᠨ ᠠᠵᠢᠯᠲᠠᠨ ᠪᠠ ᠬᠠᠷᠠᠵᠤ ᠬᠠᠷᠠᠭᠠᠯᠵᠠᠬᠤ ᠠᠵᠢᠯᠲᠠᠳ ᠲᠤ | ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠥᠳᠥᠭᠡᠭᠴᠢ ᠪᠤᠶᠤ ᠪᠥᠭᠡᠮ | ᠬᠦᠴᠢᠯ ᠤᠨ ᠪᠠᠶᠢᠴᠠᠭᠠᠨ ᠰᠢᠨᠵᠢᠯᠡᠯᠲᠠ ᠬᠢᠬᠦ ᠬᠡᠷᠡᠭᠲᠡᠢ᠃ ᠨᠡᠶᠢᠭᠡᠮ ᠲᠣᠭᠤᠷᠢᠭ ᠤᠨ ᠬᠦᠨᠳᠦ ᠡᠪᠡᠳᠴᠢᠨ ᠤ ᠠᠶᠤᠯ | ᠲᠦᠭᠰᠢᠭᠦᠷᠢ ᠶᠡᠬᠡᠲᠡᠢ ᠬᠥᠮᠥᠰ ᠲᠤ ᠬᠠᠮᠢᠶ᠎ᠠ ᠪᠦᠬᠦᠢ ᠡᠪᠡᠳᠴᠢᠨ ᠤ ᠢᠯᠡᠷᠡᠯ ᠭᠠᠷᠤᠭᠰᠠᠨ ᠤ ᠳᠠᠷᠠᠭ᠎ᠠ ᠥᠳᠥᠭᠡᠭᠴᠢ | ᠪᠤᠶᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︔ | | ᠳᠥᠷᠪᠡ ᠳᠤ᠂ ᠬᠠᠯᠳᠠᠪᠤᠷᠢᠯᠠᠬᠤ ᠡᠬᠢ ᠰᠤᠷᠪᠤᠯᠵᠢ ᠶᠢᠨ ᠬᠠᠮᠢᠶᠠᠷᠤᠯᠲᠠ ᠳᠤ ᠲᠣᠬᠢᠷᠠᠭᠤᠯᠤᠯᠲᠠ ᠬᠢᠨ᠎ᠡ᠃ | ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠲᠤᠰᠠᠭᠠᠷᠯᠠᠬᠤ ᠠᠷᠭ᠎ᠠ ᠬᠡᠮᠵᠢᠶ᠎ᠡ ᠶᠢ ᠳᠠᠭᠢᠵᠤ | ᠬᠡᠷᠡᠭᠵᠢᠭᠦᠯᠬᠦ ᠦᠭᠡᠢ᠂ ᠲᠠᠰ ᠲᠥᠷᠥᠯ ᠬᠤᠪᠢᠶᠠᠨ ᠭᠥᠯᠢᠶᠡᠨ ᠠᠪᠴᠤ ᠡᠮᠨᠡᠬᠦ ᠶᠢ ᠬᠡᠷᠡᠭᠵᠢᠭᠦᠯᠦᠨ᠎ᠡ︔ ᠨᠢᠭᠲᠠ | ᠣᠶᠢᠷᠠᠲᠤᠭᠰᠠᠳ ᠢ ᠳᠠᠭᠢᠵᠤ ᠮᠠᠭᠠᠳᠯᠠᠨ ᠲᠣᠭᠲᠠᠭᠠᠬᠤ ᠦᠭᠡᠢ᠂ ᠥᠨᠳᠥᠷ ᠳᠣᠣᠷ᠎ᠠ ᠲᠠᠰ ᠤᠨ ᠲᠦᠭᠰᠢᠭᠦᠷᠢᠲᠦ | ᠣᠷᠣᠨ ᠢ ᠳᠠᠭᠢᠵᠤ ᠵᠠᠭᠠᠭᠯᠠᠨ ᠲᠣᠭᠲᠠᠭᠠᠬᠤ ᠦᠭᠡᠢ︔ | | ᠲᠠᠪᠤ ᠳᠤ᠂ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ ᠪᠠᠴᠢᠮ ᠰᠡᠷᠭᠡᠶᠢᠯᠡᠨ ᠬᠢᠵᠠᠭᠠᠷᠯᠠᠬᠤ ᠠᠷᠭ᠎ᠠ | ᠬᠡᠮᠵᠢᠶ᠎ᠡ ᠠᠪᠴᠤ ᠪᠣᠯᠣᠨ᠎ᠠ᠃ | | ᠬᠢᠵᠢᠭ ᠤᠨ ᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ ᠳᠠᠷᠠᠭᠠᠬᠢ ᠪᠠᠴᠢᠮ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠠᠪᠴᠤ ᠪᠣᠯᠣᠨ᠎ᠠ | | ᠬᠢᠵᠢᠭ ᠤᠨ ᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ᠂ ᠸᠢᠷᠦ᠋ᠰ ᠤᠨ ᠣᠨᠳᠣᠣᠰᠢᠯ ᠤᠨ ᠪᠠᠶᠢᠳᠠᠯ᠂ | ᠬᠢᠵᠢᠭ ᠤᠨ ᠪᠠᠶᠢᠳᠠᠯ ᠳᠡᠯᠭᠡᠷᠡᠭᠰᠡᠨ ᠬᠦᠴᠦᠯᠡᠴᠡ᠂ ᠡᠮᠴᠢᠯᠡᠭᠡᠨ ᠤ ᠡᠬᠢ ᠪᠠᠶᠠᠯᠢᠭ ᠤᠨ ᠳᠠᠭᠠᠭᠠᠴᠠ ᠪᠣᠯᠣᠨ | ᠨᠡᠶᠢᠭᠡᠮ ᠤᠨ ᠠᠵᠢᠯᠯᠠᠭᠠᠨ ᠤ ᠪᠠᠶᠢᠳᠠᠯ ᠵᠡᠷᠭᠡ ᠲᠠᠢ ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ | ᠬᠥᠮᠥᠰ ᠤᠨ ᠬᠠᠯᠳᠠᠪᠤᠷᠢᠯᠠᠬᠤ ᠨᠤᠷᠮ᠎ᠠ ᠪᠣᠯᠣᠨ ᠡᠮᠴᠢᠯᠡᠭᠡᠨ ᠤ ᠡᠬᠢ ᠪᠠᠶᠠᠯᠢᠭ ᠤᠨ ᠪᠠᠴᠢᠮ ᠱᠠᠭᠠᠷᠳᠠᠭᠳᠠᠬᠤ ᠬᠡᠮᠵᠢᠶ᠎ᠡ | ᠵᠡᠷᠭᠡ ᠶᠢ ᠦᠨᠳᠦᠰᠦᠯᠡᠨ᠂ ᠴᠠᠭ ᠲᠤᠬᠠᠢ ᠳᠤ ᠨᠢ᠂ ᠬᠠᠤᠯᠢ ᠶᠣᠰᠣᠭᠠᠷ ᠲᠦᠷ ᠴᠠᠭ ᠤᠨ ᠴᠢᠨᠠᠷᠲᠠᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠠᠪᠴᠤ ᠪᠣᠯᠣᠨ᠎ᠠ᠃ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠡᠭᠦᠰᠬᠦ᠂ | ᠳᠡᠯᠭᠡᠷᠡᠬᠦ ᠦᠶ᠎ᠡ ᠳᠤ᠂ ᠪᠠᠰᠠ ᠴᠠᠭ ᠤᠨ ᠪᠠᠶᠢᠳᠠᠯ ᠳᠤ ᠲᠣᠬᠢᠷᠠᠭᠤᠯᠵᠤ᠂ ᠬᠠᠤᠯᠢ ᠶᠣᠰᠣᠭᠠᠷ᠂ ᠰᠣᠩᠭᠤᠯᠲᠠ ᠲᠠᠢ ᠪᠠᠷ | ᠵᠠᠷᠢᠮ ᠪᠠᠴᠢᠮ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃ | | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠴᠢᠬᠤᠯᠠ ᠪᠤᠰᠤ ᠲᠣᠮᠣ ᠬᠡᠯᠪᠡᠷᠢ ᠶᠢᠨ | ᠠᠵᠢᠯᠯᠠᠭ᠎ᠠ ᠶᠢ ᠲᠦᠷ ᠬᠤᠶᠢᠰᠢᠯᠠᠭᠤᠯᠬᠤ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ | ᠠᠵᠢᠯᠯᠠᠭ᠎ᠠ ᠶᠢ ᠲᠦᠷ ᠵᠣᠭᠰᠤᠭᠠᠬᠤ ᠶᠢ ᠪᠠᠭᠲᠠᠭᠠᠭᠰᠠᠨ ᠡᠳᠦᠢ ᠲᠡᠳᠦᠢ ᠠᠷᠭ᠎ᠠ ᠬᠡᠮᠵᠢᠶ᠎ᠡ ᠶᠢ ᠵᠢᠭᠰᠠᠭᠠᠪᠠ︔ | ᠮᠦᠽᠧᠢ᠂ ᠤᠷᠠᠯᠢᠭ ᠤᠨ ᠣᠷᠳᠣᠨ ᠵᠡᠷᠭᠡ ᠭᠡᠷ ᠳᠣᠲᠣᠷᠠᠬᠢ ᠤᠯᠠᠨ ᠨᠡᠶᠢᠲᠡ ᠶᠢᠨ ᠲᠠᠯᠠᠪᠤᠷ ᠲᠤ ᠬᠥᠮᠥᠨ ᠤ | ᠲᠤᠭ᠎ᠠ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠤᠨ᠎ᠠ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ | ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠪᠠᠭᠤᠷᠠᠢ ᠬᠥᠮᠥᠰ ᠲᠥᠪᠯᠡᠷᠡᠭᠰᠡᠨ ᠲᠠᠯᠠᠪᠤᠷ ᠢ ᠴᠢᠩᠭ᠎ᠠ | ᠬᠠᠮᠢᠶᠠᠷᠤᠨ᠎ᠠ︔ ᠣᠷᠭᠢᠯ ᠦᠶ᠎ᠡ ᠶᠢ ᠵᠥᠷᠢᠭᠦᠯᠦᠨ ᠠᠵᠢᠯ ᠳᠤ ᠪᠠᠨ ᠭᠠᠷᠬᠤ ᠪᠠ ᠠᠵᠢᠯ ᠠᠴᠠ ᠪᠠᠨ ᠪᠠᠭᠤᠬᠤ᠂ ᠤᠶᠠᠨ | ᠬᠠᠳᠠᠨ ᠢᠶᠠᠷ ᠠᠵᠢᠯᠯᠠᠬᠤ ᠳᠦᠷᠢᠮ ᠢ ᠬᠡᠷᠡᠭᠵᠢᠭᠦᠯᠬᠦ ᠪᠤᠶᠤ ᠭᠡᠷ ᠲᠤ ᠪᠠᠨ ᠰᠠᠭᠤᠵᠤ ᠠᠵᠢᠯᠯᠠᠬᠤ ᠵᠡᠷᠭᠡ ᠠᠷᠭ᠎ᠠ | ᠬᠡᠮᠵᠢᠶ᠎ᠡ ᠠᠪᠤᠨ᠎ᠠ︔ ᠪᠠᠰᠠ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠲᠦᠷ ᠴᠠᠭ ᠤᠨ ᠴᠢᠨᠠᠷᠲᠠᠢ ᠰᠦᠯᠵᠢᠶᠡᠨ | ᠳᠡᠭᠡᠷᠡᠬᠢ ᠵᠢᠭᠠᠨ ᠰᠤᠷᠭᠠᠯᠲᠠ ᠶᠢ ᠶᠠᠪᠤᠭᠤᠯᠤᠨ᠎ᠠ᠃ ᠬᠢᠵᠢᠭ ᠤᠨ ᠪᠠᠶᠢᠳᠠᠯ ᠨᠠᠮᠳᠠᠬᠤ ᠳᠤ ᠬᠦᠷᠪᠡᠯ᠂ ᠲᠤᠬᠠᠢ ᠶᠢᠨ | ᠭᠠᠵᠠᠷ ᠤᠨ ᠵᠠᠰᠠᠭ ᠤᠨ ᠣᠷᠳᠣᠨ ᠠᠴᠠ ᠪᠠᠴᠢᠮ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠦᠭᠡᠢ | ᠪᠣᠯᠭᠠᠬᠤ ᠪᠠᠷ ᠴᠠᠭ ᠲᠤᠬᠠᠢ ᠳᠤ ᠨᠢ ᠵᠠᠷᠯᠠᠬᠤ ᠬᠡᠷᠡᠭᠲᠡᠢ᠃ | | ︱ ᠸᠢᠷᠦ᠋ᠰ ᠤᠨ ᠣᠨᠳᠣᠣᠰᠢᠯ ᠤᠨ ᠬᠢᠨᠠᠨ ᠰᠢᠨᠵᠢᠯᠡᠯᠲᠡ ︱ | | ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠤᠨ ᠪᠠᠶᠢᠳᠠᠯ ᠢ ᠬᠡᠷᠬᠢᠨ ᠬᠠᠮᠤᠭ ᠤᠨ ᠲᠡᠷᠢᠭᠦᠨ ᠳᠤ ᠬᠢᠨᠠᠨ | ᠰᠢᠨᠵᠢᠯᠡᠬᠦ ᠪᠤᠢ︖ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤᠨ ᠳᠤ ᠣᠷᠣᠭᠰᠠᠨ ᠠᠴᠠ ᠨᠠᠭᠠᠰᠢ᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮᠯᠢᠭ ᠸᠢᠷᠦ᠋ᠰ ᠤᠨ | ᠣᠨᠳᠣᠣᠰᠢᠯ ᠢ ᠬᠢᠨᠠᠨ ᠰᠢᠨᠵᠢᠯᠡᠬᠦ ᠠᠵᠢᠯ ᠤᠨ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠤᠤᠯ ᠤᠨ ᠠᠵᠢᠯ ᠤᠨ ᠰᠠᠭᠤᠷᠢᠨ ᠳᠡᠭᠡᠷ᠎ᠡ᠂ ᠬᠢᠯᠢ ᠪᠠᠷ ᠣᠷᠣᠵᠤ ᠢᠷᠡᠭᠰᠡᠨ ᠬᠥᠮᠥᠰ᠂ ᠡᠮᠨᠡᠯᠭᠡ ᠳᠤ ᠣᠴᠢᠬᠤ | ᠡᠪᠡᠳᠴᠢᠲᠡᠳ᠂ ᠭᠤᠣᠯᠳᠠᠯᠭ᠎ᠠ ᠲᠠᠢ ᠲᠠᠯᠠᠪᠤᠷ ᠭᠠᠵᠠᠷ ᠪᠣᠯᠣᠨ ᠭᠤᠣᠯᠳᠠᠯᠭ᠎ᠠ ᠲᠠᠢ ᠬᠥᠮᠥᠰ ᠲᠤ ᠥᠷᠨᠢᠭᠦᠯᠬᠦ ᠦᠯᠢᠭᠡᠷ | ᠠᠪᠴᠤ ᠰᠢᠯᠭᠠᠨ ᠪᠠᠶᠢᠴᠠᠭᠠᠯᠭᠠᠬᠤ ᠪᠠ ᠭᠧᠨ ᠤ ᠳᠠᠷᠠᠭᠠᠯᠠᠯ ᠢ ᠰᠢᠯᠭᠠᠨ ᠪᠠᠶᠢᠴᠠᠭᠠᠬᠤ ᠠᠵᠢᠯ ᠢ ᠴᠢᠩᠭᠠᠳᠬᠠᠪᠠ᠃ | ᠭᠠᠳᠠᠭᠠᠳᠤ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠶᠢ ᠬᠢᠨᠠᠨ ᠰᠢᠨᠵᠢᠯᠡᠬᠦ ᠲᠠᠯ᠎ᠠ ᠪᠠᠷ᠂ ᠪᠣᠭᠤᠮᠲᠠ | ᠯᠤᠭ᠎ᠠ ᠶᠢᠨ ᠨᠢᠭᠲᠠ ᠬᠠᠮᠲᠤᠷᠠᠯᠴᠠᠭ᠎ᠠ ᠪᠠᠨ ᠴᠢᠩᠭᠠᠳᠬᠠᠵᠠᠢ᠃ ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠶᠢ | ᠬᠢᠨᠠᠨ ᠰᠢᠨᠵᠢᠯᠡᠬᠦ ᠲᠠᠯ᠎ᠠ ᠪᠠᠷ᠂ ᠮᠤᠵᠢ ᠨᠢᠭᠡᠪᠦᠷᠢ ᠬᠡᠰᠡᠭ ᠬᠤᠲᠠ ᠪᠠ ᠡᠮᠨᠡᠯᠭᠡ ᠶᠢᠨ ᠬᠤᠷᠢᠶ᠎ᠠ ᠶᠢ ᠰᠣᠩᠭᠤᠨ ᠬᠢᠨᠠᠨ | ᠰᠢᠨᠵᠢᠯᠡᠬᠦ ᠴᠡᠭ ᠪᠣᠯᠭᠠᠵᠤ᠂ ᠡᠭᠦᠳᠡᠨ ᠡᠮᠨᠡᠯᠭᠡ ᠶᠢᠨ ᠡᠪᠡᠳᠴᠢᠨ ᠤ ᠵᠢᠱᠢᠶ᠎ᠡ᠂ ᠬᠦᠨᠳᠦ ᠡᠪᠡᠳᠴᠢᠲᠡᠨ ᠪᠠ ᠨᠠᠰᠤ | ᠪᠠᠷᠠᠭᠰᠠᠨ ᠡᠪᠡᠳᠴᠢᠨ ᠤ ᠵᠢᠱᠢᠶ᠎ᠡ ᠳᠤ ᠵᠣᠬᠢᠬᠤ ᠲᠤᠭ᠎ᠠ ᠬᠡᠮᠵᠢᠶᠡᠨ ᠤ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠡᠪᠡᠳᠴᠢᠨ ᠤ ᠵᠢᠱᠢᠶ᠎ᠡ ᠶᠢᠨ ᠥᠯᠢᠭᠡᠷ ᠠᠪᠬᠤ ᠪᠠ ᠭᠧᠨ ᠤ ᠳᠠᠷᠠᠭᠠᠯᠠᠯ ᠢ ᠨᠢ ᠬᠡᠮᠵᠢᠨ | ᠲᠣᠭᠲᠠᠭᠠᠵᠤ᠂ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠬᠤ ᠬᠠᠨᠳᠤᠰᠢ ᠶᠢ ᠬᠥᠳᠡᠯᠦᠩᠭᠦᠢ ᠪᠠᠷ ᠬᠢᠨᠠᠨ | ᠰᠢᠨᠵᠢᠯᠡᠵᠦ᠂ ᠣᠨᠳᠣᠣᠰᠢᠭᠰᠠᠨ ᠰᠢᠨ᠎ᠡ ᠸᠢᠷᠦ᠋ᠰ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠲᠡᠭᠦᠨ ᠤ | ᠠᠮᠢᠳᠤ ᠪᠣᠳᠠᠰ ᠤᠨ ᠰᠤᠳᠤᠯᠤᠯ ᠤᠨ ᠥᠪᠡᠷᠮᠢᠴᠡ ᠴᠢᠨᠠᠷ ᠤᠨ ᠬᠤᠪᠢᠷᠠᠯᠲᠠ ᠶᠢ ᠦᠨᠡᠯᠡᠨ ᠵᠢᠱᠢᠵᠦ᠂ ᠬᠢᠵᠢᠭ ᠤᠨ | ᠪᠠᠶᠢᠳᠠᠯ ᠢ ᠰᠤᠳᠤᠯᠤᠨ ᠮᠠᠭᠠᠳᠯᠠᠬᠤ᠂ ᠪᠠᠶᠢᠴᠠᠭᠠᠨ ᠰᠢᠯᠭᠠᠬᠤ ᠤᠷᠪᠠᠯᠵᠢ᠂ ᠸᠠᠺᠼᠢᠨ ᠪᠠ ᠡᠮ ᠢ ᠰᠤᠳᠤᠯᠤᠨ | ᠨᠡᠭᠡᠭᠡᠬᠦ ᠵᠢᠴᠢ ᠦᠨᠡᠯᠡᠬᠦ ᠵᠡᠷᠭᠡ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ | | XBB ᠤᠨ ᠣᠳᠣᠬᠠᠨ ᠳᠤ ᠢᠯᠡᠷᠡᠭᠰᠡᠨ ᠣᠨᠴᠠᠯᠢᠭ ᠨᠢ ᠶᠠᠭᠤ ᠪᠤᠢ︖ ᠡᠪᠡᠳᠴᠢᠯᠡᠭᠦᠯᠬᠦ ᠴᠢᠳᠠᠯ | ᠪᠠ ᠬᠤᠣᠷᠲᠤ ᠴᠢᠨᠠᠷ ᠨᠢ ᠴᠢᠩᠭᠠᠷᠠᠭᠰᠠᠨ ᠤᠤ︖ | | ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢᠯᠡᠷᠡᠭᠰᠡᠨ ᠠᠴᠠ ᠨᠠᠭᠠᠰᠢ᠂ ᠮᠠᠨ ᠤ ᠤᠯᠤᠰ ᠰᠢᠨ᠎ᠡ | ᠲᠢᠲᠢᠮᠯᠢᠭ ᠸᠢᠷᠦ᠋ᠰ ᠢ ᠬᠢᠨᠠᠨ ᠰᠢᠨᠵᠢᠯᠡᠬᠦ ᠠᠵᠢᠯ ᠢ ᠥᠷᠨᠢᠭᠦᠯᠦᠭᠰᠡᠭᠡᠷ ᠢᠷᠡᠵᠡᠶ᠃ ᠪᠦᠬᠦ ᠪᠥᠮᠪᠥᠷᠴᠡᠭ ᠤᠨ | ᠪᠠᠶᠢᠳᠠᠯ ᠠᠴᠠ ᠦᠵᠡᠪᠡᠯ᠂ XBB ᠰᠢᠷᠢᠰ ᠣᠨᠳᠣᠣᠰᠢᠭᠰᠠᠨ ᠸᠢᠷᠦ᠋ᠰ ᠨᠢ ᠭᠤᠣᠯᠳᠠᠭᠤ ᠠᠮᠧᠷᠢᠺᠠ᠂ ᠡᠨᠡᠳᠬᠡᠭ᠂ | ᠮᠠᠯᠠᠶᠢᠰᠢᠶ᠎ᠠ ᠪᠣᠯᠣᠨ ᠰᠢᠩᠭᠠᠫᠤᠷ ᠵᠡᠷᠭᠡ ᠤᠯᠤᠰ ᠲᠤ ᠳᠡᠯᠭᠡᠷᠡᠵᠦ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ᠂ | XBB ᠨᠢ ᠳᠡᠯᠭᠡᠷᠡᠬᠦ ᠶᠠᠪᠤᠴᠠ ᠳᠤ ᠪᠠᠰᠠ ᠨᠢᠭᠡᠨ ᠰᠢᠨ᠎ᠡ ᠳᠡᠳ᠋ ᠰᠠᠯᠪᠤᠷᠢ XBB.1.5 ᠪᠣᠶ ᠪᠣᠯᠵᠠᠢ᠂ | ᠡᠨᠡ ᠬᠦ ᠬᠤᠪᠢᠰᠤᠭᠰᠠᠨ ᠰᠠᠯᠪᠤᠷᠢ ᠸᠢᠷᠦ᠋ᠰ ᠨᠢ ᠠᠮᠧᠷᠢᠺᠠ ᠶᠢᠨ ᠣᠳᠣᠬᠠᠨ ᠤ ᠰᠢᠨ᠎ᠡ ᠲᠢᠲᠢᠮᠯᠢᠭ ᠸᠢᠷᠦ᠋ᠰ ᠲᠤ | ᠨᠡᠷᠪᠡᠭᠳᠡᠭᠰᠡᠳ ᠤᠨ ᠳᠣᠲᠣᠷ᠎ᠠ ᠨᠡᠯᠢᠶᠡᠳ ᠥᠨᠳᠥᠷ ᠬᠠᠷᠢᠴᠠᠯ ᠲᠠᠢ ᠪᠠᠶᠢᠭ᠎ᠠ ᠪᠥᠭᠡᠳ ᠨᠡᠮᠡᠭᠳᠡᠬᠦ ᠬᠠᠨᠳᠤᠰᠢ ᠲᠠᠢ | ᠪᠠᠶᠢᠨ᠎ᠠ᠃ ᠠᠮᠧᠷᠢᠺᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠬᠢᠨᠠᠨ ᠰᠢᠨᠵᠢᠯᠡᠭᠰᠡᠨ ᠢᠶᠠᠷ | ᠢᠷᠡᠭᠡᠳᠦᠢ ᠶᠢᠨ ᠬᠡᠳᠦᠨ ᠭᠠᠷᠠᠭ ᠤᠨ ᠳᠣᠲᠣᠷ᠎ᠠ XBB.1.5 ᠨᠢ ᠣᠳᠣᠬᠠᠨ ᠤ ᠠᠮᠧᠷᠢᠺᠠ ᠳᠤ ᠳᠡᠯᠭᠡᠷᠡᠵᠦ | ᠪᠠᠶᠢᠭ᠎ᠠ BQ.1 ᠪᠣᠯᠣᠨ BQ.1.1 ᠶᠢ ᠣᠷᠣᠯᠠᠵᠤ᠂ ᠠᠮᠧᠷᠢᠺᠠ ᠳᠤ ᠳᠡᠯᠭᠡᠷᠡᠬᠦ ᠭᠤᠣᠯ ᠣᠨᠳᠣᠣᠰᠢᠭᠰᠠᠨ | ᠸᠢᠷᠦ᠋ᠰ ᠪᠣᠯᠵᠤ ᠮᠡᠳᠡᠨ᠎ᠡ ᠭᠡᠵᠦ ᠵᠢᠱᠢᠵᠦ ᠪᠠᠶᠢᠨ᠎ᠠ᠃ | | 2023 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ ᠪᠣᠯᠲᠠᠯ᠎ᠠ᠂ ᠪᠥᠬᠦ ᠳᠡᠯᠡᠬᠡᠢ ᠶᠢᠨ 35 ᠤᠯᠤᠰ | ᠪᠠ ᠭᠠᠵᠠᠷ ᠣᠷᠣᠨ ᠳᠤ XBB.1.5 ᠶᠢ ᠬᠢᠨᠠᠨ ᠰᠢᠨᠵᠢᠯᠡᠵᠦ ᠣᠯᠣᠭᠰᠠᠨ ᠪᠠᠶᠢᠨ᠎ᠠ᠃ ᠮᠠᠨ ᠤ ᠤᠯᠤᠰ ᠤᠨ | ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ 2022 ᠣᠨ ᠤ 8 ᠳ᠋ᠤᠭᠠᠷ ᠰᠠᠷ᠎ᠠ ᠶᠢᠨ 1 | ᠤ ᠡᠳᠦᠷ ᠠᠴᠠ ᠣᠲᠣ ᠪᠣᠯᠲᠠᠯ᠎ᠠ᠂ ᠮᠠᠨ ᠤ ᠤᠯᠤᠰ XBB ᠤᠨ ᠬᠤᠯᠪᠣᠭᠳᠠᠯ ᠪᠦᠬᠦᠢ ᠲᠤᠬᠠᠢ ᠶᠢᠨ | ᠭᠠᠵᠠᠷ ᠤᠨ 16 ᠡᠪᠡᠳᠴᠢᠨ ᠤ ᠵᠢᠱᠢᠶ᠎ᠡ ᠶᠢ ᠬᠢᠨᠠᠨ ᠰᠢᠨᠵᠢᠯᠡᠵᠦ ᠣᠯᠣᠭᠰᠠᠨ ᠪᠥᠭᠡᠳ ᠴᠥᠮ XBB.1 | ᠶᠢᠨ ᠬᠤᠪᠢᠰᠤᠭᠰᠠᠨ ᠰᠠᠯᠪᠤᠷᠢ ᠪᠣᠯᠣᠨ᠎ᠠ᠃ | | ᠤᠯᠠᠨ ᠵᠦᠢᠯ ᠤᠨ ᠰᠤᠳᠤᠯᠭᠠᠨ ᠤ ᠦᠷ᠎ᠡ ᠳ᠋ᠦᠩ ᠠᠴᠠ ᠠᠪᠴᠤ ᠦᠵᠡᠪᠡᠯ᠂ XBB ᠤᠨ | ᠬᠤᠪᠢᠰᠤᠭᠰᠠᠨ ᠰᠠᠯᠪᠤᠷᠢ ᠶᠢ ᠨᠢ ᠬᠠᠮᠤᠭ ᠤᠨ ᠡᠷᠲᠡ ᠢᠯᠡᠷᠡᠭᠦᠯᠦᠭᠰᠡᠨ ᠠᠩᠬᠠᠨ ᠤ ᠸᠢᠷᠦ᠋ᠰ ᠪᠠ ᠡᠭᠦᠨ ᠠᠴᠠ | ᠡᠮᠦᠨᠡᠬᠢ ᠬᠥᠮᠥᠰ ᠤᠨ ᠠᠩᠬᠠᠷᠤᠯ ᠲᠠᠯᠪᠢᠵᠤ ᠪᠠᠶᠢᠭᠰᠠᠨ ᠣᠨᠳᠣᠣᠰᠢᠭᠰᠠᠨ ᠸᠢᠷᠦ᠋ᠰ ᠪᠣᠯᠬᠤ ᠳ᠋ᠧᠯᠲ᠋ᠠ | ᠣᠨᠳᠣᠣᠰᠢᠭᠰᠠᠨ ᠸᠢᠷᠦ᠋ᠰ ᠪᠠ ᠤᠮᠢᠺᠷᠤᠨ ᠮᠡᠲᠦ ᠶᠢᠨ ᠡᠷᠲᠡ ᠢᠯᠡᠷᠡᠭᠦᠯᠦᠭᠰᠡᠨ ᠬᠡᠳᠦᠨ ᠬᠤᠪᠢᠰᠤᠭᠰᠠᠨ ᠰᠠᠯᠪᠤᠷᠢ | ᠲᠠᠢ ᠬᠠᠷᠢᠴᠠᠭᠤᠯᠪᠠᠯ ᠡᠭᠡᠯᠢᠯᠡᠭᠡ ᠶᠢᠨ ᠳᠤᠲᠠᠭᠠᠨ ᠵᠠᠶᠢᠯᠠᠬᠤ ᠴᠢᠳᠠᠪᠤᠷᠢ ᠨᠢ ᠢᠯᠡᠳᠲᠡ ᠨᠡᠮᠡᠭᠳᠡᠵᠡᠢ᠂ ᠡᠨᠡ ᠨᠢ ᠮᠥᠨ | ᠴᠦ XBB ᠤᠨ ᠠᠮᠧᠷᠢᠺᠠ ᠵᠡᠷᠭᠡ ᠤᠯᠤᠰ ᠲᠠᠬᠢ ᠬᠠᠯᠳᠠᠪᠤᠷᠢᠯᠠᠯ ᠤᠨ ᠲᠦᠭᠰᠢᠭᠦᠷᠢ ᠶᠢ ᠢᠯᠡᠳᠲᠡ | ᠨᠡᠮᠡᠭᠳᠡᠭᠦᠯᠬᠦ ᠬᠠᠨᠳᠤᠰᠢ ᠶᠢ ᠪᠤᠢ ᠪᠣᠯᠭᠠᠭᠰᠠᠨ ᠪᠠᠶᠢᠨ᠎ᠠ᠃ ᠣᠳᠣᠬᠠᠨ ᠤ ᠮᠡᠳᠡᠭᠡᠯᠡᠯ ᠪᠠ ᠰᠤᠳᠤᠯᠭᠠᠨ ᠠᠴᠠ ᠦᠵᠡᠪᠡᠯ᠂ | XBB ᠰᠢᠷᠢᠰ ᠣᠨᠳᠣᠣᠰᠢᠭᠰᠠᠨ ᠸᠢᠷᠦ᠋ᠰ ᠲᠤ ᠬᠠᠯᠳᠠᠪᠤᠷᠢᠯᠠᠭᠳᠠᠭᠰᠠᠨ ᠬᠦᠨᠳᠦ ᠡᠪᠡᠳᠴᠢᠨ ᠪᠠ ᠨᠠᠰᠤ ᠪᠠᠷᠠᠭᠰᠠᠨ | ᠡᠪᠡᠳᠴᠢᠨ ᠤ ᠵᠢᠱᠢᠶ᠎ᠡ ᠶᠢᠨ ᠨᠡᠮᠡᠭᠳᠡᠭᠰᠡᠨ ᠪᠠᠶᠢᠳᠠᠯ ᠠᠵᠢᠭᠯᠠᠭᠳᠠᠭᠰᠠᠨ ᠦᠭᠡᠢ᠂ ᠥᠭᠡᠷ᠎ᠡ ᠪᠠᠷ ᠬᠡᠯᠡᠪᠡᠯ ᠲᠡᠭᠦᠨ ᠤ | ᠡᠪᠡᠳᠴᠢᠯᠡᠭᠦᠯᠬᠦ ᠴᠢᠳᠠᠯ ᠨᠢ ᠢᠯᠡᠷᠬᠡᠢ ᠨᠡᠮᠡᠭᠳᠡᠭᠰᠡᠨ ᠦᠭᠡᠢ᠃ | | ᠶᠠᠭᠤᠨ ᠳᠤ ᠬᠤᠳᠠ ᠶᠢᠨ ᠪᠣᠬᠢᠷ ᠤᠰᠤ ᠶᠢ ᠬᠢᠨᠠᠨ ᠰᠢᠨᠵᠢᠯᠡᠬᠦ ᠠᠷᠭ᠎ᠠ ᠶᠢ ᠠᠪᠬᠤ ᠪᠤᠢ︖ | | ᠰᠠᠭᠤᠭᠠᠯᠢ ᠠᠷᠠᠳ ᠤᠨ ᠠᠰᠠᠷ ᠤᠨ ᠪᠣᠬᠢᠷ ᠤᠰᠤᠨ ᠳᠤ ᠰᠢᠨ᠎ᠡ ᠲᠢᠲᠢᠮᠯᠢᠭ ᠸᠢᠷᠦ᠋ᠰ ᠤᠨ ᠬᠢᠨᠠᠨ | ᠰᠢᠨᠵᠢᠯᠡᠯᠲᠡ ᠬᠢᠬᠦ ᠨᠢ ᠲᠤᠬᠠᠢ ᠶᠢᠨ ᠰᠠᠭᠤᠭᠠᠯᠢ ᠠᠷᠠᠳ ᠤᠨ ᠠᠰᠠᠷ ᠤᠨ ᠬᠢᠨᠠᠨ ᠰᠢᠨᠵᠢᠯᠡᠵᠦ ᠤᠷᠢᠳᠴᠢᠯᠠᠨ | ᠰᠡᠷᠡᠮᠵᠢᠯᠡᠭᠦᠯᠬᠦ ᠦᠢᠯᠡᠳᠦᠯ ᠢ ᠨᠠᠩ ᠰᠠᠶᠢᠨ ᠪᠠᠳᠠᠷᠠᠭᠤᠯᠵᠤ ᠪᠣᠯᠬᠤ ᠶᠤᠮ᠂ ᠰᠢᠶᠠᠩᠭᠠᠩ ᠨᠡᠶᠢᠭᠡᠮ ᠲᠣᠭᠤᠷᠢᠭ ᠤᠨ | ᠪᠣᠬᠢᠷ ᠤᠰᠤ ᠶᠢ ᠬᠢᠨᠠᠨ ᠰᠢᠨᠵᠢᠯᠡᠬᠦ ᠪᠠᠷ ᠳᠠᠮᠵᠢᠭᠤᠯᠤᠨ᠂ ᠬᠠᠯᠳᠠᠪᠤᠷᠢᠯᠠᠭᠰᠠᠳ ᠣᠷᠣᠰᠢᠵᠤ ᠮᠡᠳᠡᠬᠦ ᠣᠷᠣᠨ ᠪᠦᠰᠡ | ᠶᠢ ᠴᠠᠭ ᠲᠤᠬᠠᠢ ᠳᠤ ᠨᠢ ᠢᠯᠡᠷᠡᠭᠦᠯᠵᠦ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠤᠯᠠᠮ ᠨᠢᠭᠡ ᠠᠯᠬᠤᠮ ᠮᠥᠷᠳᠡᠨ | ᠢᠯᠡᠷᠡᠭᠦᠯᠵᠦ᠂ ᠵᠣᠬᠢᠬᠤ ᠬᠢᠵᠠᠭᠠᠷᠯᠠᠬᠤ ᠠᠷᠭ᠎ᠠ ᠬᠡᠮᠵᠢᠶ᠎ᠡ ᠠᠪᠴᠦ ᠪᠠᠶᠢᠨ᠎ᠠ᠂ ᠡᠭᠦᠨ ᠢ ᠭᠤᠣᠯᠳᠠᠭᠤ ᠬᠢᠵᠢᠭ ᠤᠨ | ᠪᠠᠶᠢᠳᠠᠯ ᠤᠨ ᠡᠬᠢᠨ ᠤ ᠬᠤᠭᠤᠴᠠᠭᠠᠨ ᠳᠤ ᠬᠠᠷᠠᠬᠠᠨ ᠶᠡᠭᠡ ᠬᠡᠪᠴᠢᠶ᠎ᠡ ᠪᠠᠷ ᠳᠡᠯᠭᠡᠷᠡᠭᠡ ᠦᠭᠡᠢ ᠦᠶ᠎ᠡ ᠳᠤ ᠬᠡᠷᠡᠭᠯᠡᠨ᠎ᠡ᠃ | ᠪᠣᠬᠢᠷ ᠤᠰᠤ ᠶᠢ ᠴᠡᠪᠠᠷᠰᠢᠭᠦᠯᠬᠦ ᠦᠢᠯᠡᠳᠪᠦᠷᠢ ᠳᠤ ᠰᠢᠨ᠎ᠡ ᠲᠢᠲᠢᠮᠯᠢᠭ ᠸᠢᠷᠦ᠋ᠰ ᠤᠨ ᠬᠢᠨᠠᠨ ᠰᠢᠨᠵᠢᠯᠡᠯᠲᠡ ᠶᠢ | ᠥᠷᠨᠢᠭᠦᠯᠪᠡᠯ᠂ ᠬᠠᠷᠢᠶ᠎ᠠ ᠲᠣᠭᠤᠷᠢᠭ ᠤᠨ ᠨᠠᠩ ᠶᠡᠭᠡ ᠬᠡᠪᠴᠢᠶᠡᠨ ᠳᠠᠬᠢ ᠬᠥᠮᠥᠰ ᠤᠨ ᠰᠢᠨ᠎ᠡ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠬᠤ ᠬᠠᠨᠳᠤᠰᠢ ᠶᠢᠨ ᠬᠤᠪᠢᠷᠠᠯᠲᠠ ᠶᠢ ᠦᠨᠡᠯᠡᠨ ᠵᠢᠱᠢᠵᠦ ᠪᠣᠯᠣᠨ᠎ᠠ᠂ ᠡᠭᠦᠨ ᠢ ᠨᠠᠩ | ᠣᠷᠳᠣ ᠬᠤᠭᠤᠴᠠᠭ᠎ᠠ ᠪᠠ ᠨᠠᠩ ᠶᠡᠭᠡ ᠬᠡᠪᠴᠢᠶᠡᠨ ᠤ ᠬᠢᠨᠠᠨ ᠰᠢᠨᠵᠢᠯᠡᠯᠲᠡ ᠳᠤ ᠬᠡᠷᠡᠭᠯᠡᠵᠦ ᠪᠣᠯᠣᠨ᠎ᠠ᠃ ᠨᠡᠶᠢᠭᠡᠮ | ᠲᠣᠭᠤᠷᠢᠭ ᠲᠤ ᠬᠢᠨᠠᠨ ᠰᠢᠨᠵᠢᠯᠡᠬᠦ ᠴᠡᠭ ᠪᠠᠶᠢᠷᠢᠯᠠᠭᠤᠯᠬᠤ ᠪᠠ ᠪᠣᠬᠢᠷ ᠤᠰᠤ ᠶᠢ ᠴᠡᠪᠠᠷᠰᠢᠭᠦᠯᠬᠦ ᠦᠢᠯᠡᠳᠪᠦᠷᠢ ᠳᠤ | ᠬᠢᠨᠠᠨ ᠰᠢᠨᠵᠢᠯᠡᠬᠦ ᠴᠡᠭ ᠪᠠᠶᠢᠷᠢᠯᠠᠭᠤᠯᠬᠤ ᠵᠣᠷᠢᠯᠭ᠎ᠠ ᠨᠢ ᠲᠣᠰ ᠲᠣᠰ ᠤᠨ ᠬᠢᠨᠢ ᠭᠤᠣᠯᠳᠠᠯᠭ᠎ᠠ ᠲᠠᠢ ᠶᠤᠮ᠃ ᠣᠳᠣᠬᠢ | ᠱᠠᠲᠤᠨ ᠳᠤ᠂ ᠮᠠᠨ ᠤ ᠤᠯᠤᠰ ᠤᠨ ᠳᠣᠲᠣᠷ᠎ᠠ ᠭᠠᠵᠠᠷ ᠤᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠨᠢ | ᠮᠥᠨ ᠬᠦ ᠳᠡᠯᠭᠡᠷᠡᠬᠦ ᠱᠠᠲᠤᠨ ᠳᠤ ᠪᠠᠨ ᠣᠷᠣᠰᠢᠵᠤ ᠪᠠᠶᠢᠨ᠎ᠠ᠂ ᠡᠶᠢᠮᠦ ᠠᠴᠠ ᠪᠢᠳᠡ ᠪᠥᠬᠦ ᠤᠯᠤᠰ ᠤᠨ | ᠨᠥᠬᠦᠴᠡᠯ ᠲᠠᠢ ᠬᠤᠲᠠ ᠳᠤ ᠪᠣᠬᠢᠷ ᠤᠰᠤ ᠶᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠤᠨ ᠬᠦᠴᠦᠯᠡᠴᠡ᠂ ᠬᠤᠪᠢᠷᠠᠯᠲᠠ ᠶᠢᠨ ᠬᠠᠨᠳᠤᠰᠢ ᠵᠡᠷᠭᠡ ᠪᠠᠶᠢᠳᠠᠯ ᠢ ᠬᠠᠪᠰᠤᠷᠤᠨ | ᠦᠨᠡᠯᠡᠨ ᠵᠢᠱᠢᠵᠦ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠ ᠰᠡᠷᠭᠡᠶᠢᠯᠡᠨ ᠡᠵᠡᠮᠳᠡᠬᠦ ᠠᠵᠢᠯ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠪᠠᠶᠢᠨ᠎ᠠ᠃ | | ︱ ᠸᠠᠺᠼᠢᠨ ᠤ ᠲᠠᠷᠢᠯᠭ᠎ᠠ ︱ | | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠶᠠᠮᠠᠷ | ᠶᠠᠮᠠᠷ ᠭᠤᠣᠯᠳᠠᠯᠭ᠎ᠠ ᠲᠠᠢ ᠠᠵᠢᠯ ᠤᠨ ᠱᠠᠭᠠᠷᠳᠠᠯᠭ᠎ᠠ ᠳᠤᠷᠠᠳᠤᠭᠰᠠᠨ ᠪᠣᠶ︖ | | ᠨᠢᠭᠡᠳᠦᠭᠡᠷ ᠲᠤ᠂ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ | ᠪᠠᠷᠢᠮᠲᠠᠯᠠᠬᠤ ᠶᠢ ᠤᠯᠠᠮ ᠨᠢᠭᠡ ᠠᠯᠬᠤᠮ ᠴᠢᠬᠤᠯᠠᠴᠢᠯᠠᠵᠤ᠂ 3 ᠨᠠᠰᠤᠨ ᠠᠴᠠ ᠳᠡᠭᠡᠭᠰᠢᠬᠢ ᠬᠥᠮᠥᠰ ᠲᠤ ᠴᠡᠭᠡᠷᠯᠡᠬᠦ | ᠵᠦᠢᠯ ᠪᠠᠶᠢᠬᠤ ᠦᠭᠡᠢ ᠪᠣᠯ ᠸᠠᠺᠼᠢᠨ ᠤ ᠲᠠᠷᠢᠯᠭ᠎ᠠ ᠬᠢᠬᠦ ᠶᠢ ᠵᠣᠷᠢᠭᠵᠢᠭᠤᠯᠤᠨ᠎ᠠ᠃ ᠡᠭᠦᠨ ᠠᠴᠠ ᠭᠠᠳᠠᠨ᠎ᠠ᠂ ᠣᠯᠠᠨ | ᠲᠦᠮᠡᠨ ᠢᠯᠠᠩᠭᠤᠶ᠎ᠠ ᠨᠠᠰᠤᠲᠠᠶᠢᠴᠤᠳ ᠤᠨ ᠪᠥᠬᠦ ᠶᠠᠪᠤᠴᠠ ᠶᠢᠨ ᠸᠠᠺᠼᠢᠨ ᠤ ᠲᠠᠷᠢᠯᠭ᠎ᠠ ᠬᠢᠬᠦ᠂ ᠨᠥᠬᠦᠴᠡᠯ ᠳᠤ | ᠨᠡᠶᠢᠴᠡᠪᠡᠯ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠢ ᠰᠠᠨᠠᠭᠠᠴᠢᠯᠠᠵᠤ ᠪᠠᠶᠢᠨ᠎ᠠ᠃ | | ᠬᠤᠶᠠᠳᠤᠭᠠᠷ ᠲᠤ᠂ ᠨᠥᠬᠦᠴᠡᠯ ᠳᠤ ᠨᠡᠶᠢᠴᠡᠬᠦ 18 ᠨᠠᠰᠤ ᠵᠢᠴᠢ 18 ᠨᠠᠰᠤᠨ ᠠᠴᠠ ᠳᠡᠭᠡᠭᠰᠢᠬᠢ | ᠬᠥᠮᠥᠰ ᠲᠤ 1 ᠤᠳᠠᠭ᠎ᠠ ᠶᠢᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠬᠡᠷᠡᠭᠲᠡᠢ᠃ ᠡᠭᠡᠯᠢᠯᠡᠭᠡ ᠴᠢᠩᠭᠠᠳᠬᠠᠬᠤ | ᠲᠠᠷᠢᠯᠭ᠎ᠠ ᠬᠢᠬᠦ ᠶᠠᠪᠤᠴᠠ ᠳᠤ᠂ ᠬᠡᠯᠬᠢᠶ᠎ᠡ ᠡᠭᠡᠯᠢᠯᠡᠭᠡ ᠶᠢ ᠰᠣᠩᠭᠤᠭᠰᠠᠨ ᠴᠤ ᠲᠡᠷᠡ᠂ ᠢᠵᠢᠯᠢ ᠡᠭᠦᠰᠦᠯᠳᠦ ᠡᠭᠡᠯᠢᠯᠡᠭᠡ | ᠶᠢ ᠰᠣᠩᠭᠤᠭᠰᠠᠨ ᠴᠤ ᠲᠡᠷᠡ᠂ ᠬᠠᠮᠲᠤ ᠳᠤ ᠨᠢ ᠬᠢᠵᠦ ᠪᠣᠯᠬᠤ ᠦᠭᠡᠢ᠂ ᠵᠥᠪᠬᠡᠨ ᠨᠢᠭᠡ ᠶᠢ ᠨᠢ ᠰᠣᠩᠭᠤᠬᠤ | ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠭᠰᠠᠨ ᠪᠠᠶᠢᠨ᠎ᠠ᠃ | | ᠭᠤᠷᠪᠠᠳᠤᠭᠠᠷ ᠲᠤ᠂ ᠬᠠᠯᠳᠠᠪᠤᠷᠢᠯᠠᠭᠳᠠᠬᠤ ᠲᠦᠭᠰᠢᠭᠦᠷᠢ ᠶᠡᠬᠡᠲᠡᠢ ᠬᠥᠮᠥᠰ᠂ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ᠂ ᠬᠦᠨᠳᠦ ᠰᠠᠭᠤᠷᠢ ᠡᠪᠡᠳᠴᠢᠨ ᠲᠠᠢ ᠬᠥᠮᠥᠰ᠂ ᠡᠭᠡᠯᠢᠯᠡᠭᠡ ᠶᠢᠨ ᠬᠤᠮᠰᠠᠳᠠᠯ ᠲᠠᠢ ᠬᠥᠮᠥᠰ ᠵᠡᠷᠭᠡ | ᠬᠠᠯᠳᠠᠪᠤᠷᠢᠯᠠᠭᠳᠠᠭᠰᠠᠨ ᠤ ᠳᠠᠷᠠᠭ᠎ᠠ ᠠᠮᠠᠷᠬᠠᠨ ᠬᠦᠨᠳᠦ ᠡᠪᠡᠳᠴᠢᠨ ᠡᠭᠦᠰᠬᠦ ᠬᠥᠮᠥᠰ ᠲᠤ ᠬᠤᠶᠠᠳᠠᠭᠢ ᠤᠳᠠᠭᠠᠨ ᠤ | ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠴᠢᠬᠤᠯᠠᠴᠢᠯᠠᠵᠠᠢ᠃ ᠬᠤᠶᠠᠳᠤᠭᠠᠷ | ᠤᠳᠠᠭ᠎ᠠ ᠶᠢᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠭᠡᠳ ᠨᠢᠭᠡᠳᠦᠭᠡᠷ ᠤᠳᠠᠭ᠎ᠠ ᠶᠢᠨ ᠡᠭᠡᠯᠢᠯᠡᠭᠡ ᠴᠢᠩᠭᠠᠳᠬᠠᠬᠤ | ᠲᠠᠷᠢᠯᠭ᠎ᠠ ᠨᠢ 6 ᠰᠠᠷ᠎ᠠ ᠠᠴᠠ ᠳᠡᠭᠡᠭᠰᠢ ᠠᠯᠤᠰᠯᠠᠬᠤ ᠬᠡᠷᠡᠭᠲᠡᠢ᠃ ᠡᠲᠡᠭᠡᠷ ᠲᠦᠭᠰᠢᠭᠦᠷᠢ ᠶᠡᠬᠡᠲᠡᠢ ᠬᠥᠮᠥᠰ᠂ | ᠨᠠᠰᠤᠲᠠᠶᠢᠴᠤᠳ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠤᠨ ᠬᠤᠶᠠᠳᠠᠭᠢ ᠤᠳᠠᠭᠠᠨ ᠤ ᠡᠭᠡᠯᠢᠯᠡᠭᠡ ᠶᠢ | ᠴᠢᠩᠭᠠᠳᠬᠠᠬᠤ ᠪᠠᠷ ᠳᠠᠮᠵᠢᠭᠤᠯᠤᠨ ᠲᠡᠳᠡᠨ ᠤ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢ ᠵᠣᠷᠢᠵᠤ | ᠪᠠᠶᠢᠨ᠎ᠠ᠂ ᠡᠭᠦᠨ ᠳᠤ ᠪᠥᠬᠦ ᠶᠠᠪᠤᠴᠠ ᠶᠢᠨ ᠲᠠᠷᠢᠯᠭ᠎ᠠ ᠶᠢᠨ ᠨᠣᠷᠮ᠎ᠠ ᠪᠠ ᠡᠭᠡᠯᠢᠯᠡᠭᠡ ᠶᠢ ᠴᠢᠩᠭᠠᠳᠬᠠᠬᠤ | ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠨᠢ ᠵᠠᠩᠭᠢᠯᠠᠭ᠎ᠠ ᠪᠣᠯᠣᠨ᠎ᠠ᠃ | | ᠬᠠᠯᠳᠠᠪᠤᠷᠢᠯᠠᠭᠳᠠᠭᠰᠠᠨ ᠤ ᠳᠠᠷᠠᠭ᠎ᠠ ᠬᠡᠳᠦᠢ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠬᠢᠵᠤ ᠪᠣᠯᠬᠤ ᠪᠣᠶ︖ | | ᠬᠡᠷᠪᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠ ᠥᠳᠥᠭᠡᠭᠴᠢ ᠶᠢᠨ ᠰᠢᠯᠭᠠᠨ ᠪᠠᠶᠢᠴᠠᠭᠠᠯᠲᠠ ᠪᠠᠷ | ᠳᠡᠮᠵᠢᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠢ ᠨᠤᠲᠠᠯᠠᠭᠰᠠᠨ ᠪᠠᠶᠢᠪᠠᠯ᠂ ᠣᠶᠢᠷ᠎ᠠ ᠶᠢᠨ | ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠰᠠᠨᠠᠭᠠᠴᠢᠯᠠᠬᠤ ᠦᠭᠡᠢ᠃ | ᠣᠯᠠᠨ ᠵᠦᠢᠯ ᠤᠨ ᠰᠤᠳᠤᠯᠭᠠᠨ ᠤ ᠢᠯᠡᠷᠡᠭᠦᠯᠦᠭᠰᠡᠨ ᠢᠶᠠᠷ᠂ ᠵᠥᠪᠬᠡᠨ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠠᠴᠠ ᠪᠣᠢ ᠪᠣᠯᠤᠭᠰᠠᠨ ᠡᠭᠡᠯᠢᠯᠡᠭᠡ ᠶᠢᠨ ᠴᠢᠳᠠᠪᠤᠷᠢ ᠨᠢ ᠸᠢᠷᠦ᠋ᠰ ᠲᠤ ᠬᠠᠯᠳᠠᠪᠤᠷᠢᠯᠠᠭᠳᠠᠭᠰᠠᠨ | ᠪᠠ ᠸᠠᠺᠼᠢᠨ ᠤ ᠲᠠᠷᠢᠯᠭ᠎ᠠ ᠬᠢᠭᠰᠡᠨ ᠠᠴᠠ ᠪᠣᠢ ᠪᠣᠯᠤᠭᠰᠠᠨ ᠡᠭᠡᠯᠢᠯᠡᠭᠡ ᠶᠢᠨ ᠴᠢᠳᠠᠪᠤᠷᠢ ᠠᠴᠠ ᠪᠠᠭᠤᠷᠠᠢ ᠪᠠᠶᠢᠳᠠᠭ᠃ | ᠡᠶᠢᠮᠦ ᠠᠴᠠ ᠵᠠᠷᠢᠮ ᠬᠥᠮᠥᠰ ᠡᠭᠡᠯᠢᠯᠡᠭᠡ ᠶᠢᠨ ᠵᠢᠷᠤᠮ ᠢᠶᠠᠷ ᠸᠠᠺᠼᠢᠨ ᠤ ᠲᠠᠷᠢᠯᠭ᠎ᠠ ᠬᠢᠬᠦ ᠴᠢᠬᠤᠯᠠ ᠲᠠᠢ ᠪᠠᠶᠢᠳᠠᠭ᠃ | ᠣᠳᠣᠬᠠᠨ ᠤ ᠲᠣᠭᠲᠠᠭᠠᠯ ᠢ ᠦᠨᠳᠦᠰᠦᠯᠡᠪᠡᠯ᠂ ᠬᠠᠯᠳᠠᠪᠤᠷᠢᠯᠠᠭᠳᠠᠭᠰᠠᠨ ᠴᠠᠭ ᠪᠠ ᠲᠠᠷᠢᠯᠭ᠎ᠠ ᠬᠢᠬᠦ ᠴᠠᠭ ᠤᠨ | ᠬᠤᠭᠤᠷᠣᠨᠳᠣᠬᠢ ᠵᠠᠢ ᠨᠢ 6 ᠰᠠᠷ᠎ᠠ ᠠᠴᠠ ᠳᠣᠷᠣᠭᠰᠢ ᠪᠠᠶᠢᠵᠤ ᠪᠣᠯᠬᠤ ᠦᠭᠡᠢ᠃ ᠡᠭᠦᠨ ᠳᠤ ᠭᠤᠣᠯᠳᠠᠭᠤ | ᠥᠩᠭᠡᠷᠡᠭᠰᠡᠨ ᠤ ᠬᠢᠨᠠᠨ ᠰᠢᠨᠵᠢᠯᠡᠯᠲᠡ ᠪᠠ ᠰᠤᠳᠤᠯᠭᠠᠨ ᠠᠴᠠ ᠦᠵᠡᠪᠡᠯ᠂ 6 ᠰᠠᠷ᠎ᠠ ᠶᠢᠨ ᠳᠣᠲᠣᠷ᠎ᠠ | ᠬᠠᠯᠳᠠᠪᠤᠷᠢᠯᠠᠭᠳᠠᠬᠤ ᠬᠠᠷᠢᠴᠠᠯ ᠨᠢ ᠲᠤᠶᠢᠯ ᠤᠨ ᠳᠣᠣᠷ᠎ᠠ ᠪᠠᠶᠢᠳᠠᠭ᠃ ᠬᠠᠯᠳᠠᠪᠤᠷᠢᠯᠠᠯ ᠪᠠ ᠸᠠᠺᠼᠢᠨ ᠤ | ᠲᠠᠷᠢᠯᠭ᠎ᠠ ᠶᠢᠨ ᠠᠯᠤᠰᠯᠠᠬᠤ ᠬᠤᠭᠤᠴᠠᠭ᠎ᠠ ᠨᠢ ᠦᠨᠡᠨ ᠳᠤ ᠪᠠᠨ ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢᠨ | ᠵᠢᠷᠤᠮ ᠤᠨ ᠨᠢᠭᠡ ᠬᠡᠰᠡᠭ ᠮᠥᠨ᠂ ᠸᠠᠺᠼᠢᠨ ᠤ ᠰᠤᠳᠤᠯᠭᠠᠨ ᠤ ᠭᠦᠨᠵᠡᠭᠡᠶᠢᠷᠡᠯ ᠵᠢᠴᠢ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠳᠠᠭᠠᠯᠳᠤᠨ᠂ ᠡᠭᠡᠯᠢᠯᠡᠭᠡ ᠶᠢ ᠴᠢᠩᠭᠠᠳᠬᠠᠬᠤ ᠠᠷᠭ᠎ᠠ ᠪᠣᠳᠣᠯᠭ᠎ᠠ ᠳᠤ ᠴᠤ | ᠬᠤᠯᠪᠣᠭᠳᠠᠯ ᠪᠦᠬᠦᠢ ᠲᠡᠭᠦᠯᠳᠡᠷᠵᠢᠭᠦᠯᠬᠦ ᠲᠣᠬᠢᠷᠠᠭᠤᠯᠤᠯᠲᠠ ᠬᠢᠬᠦ ᠪᠣᠯᠣᠨ᠎ᠠ᠂ ᠡᠭᠦᠨ ᠳᠤ ᠲᠠᠷᠢᠯᠭ᠎ᠠ ᠶᠢᠨ ᠠᠯᠤᠰᠯᠠᠬᠤ | ᠬᠤᠭᠤᠴᠠᠭ᠎ᠠ ᠪᠠᠭᠲᠠᠵᠤ ᠪᠠᠶᠢᠳᠠᠭ᠃ | | ᠨᠠᠰᠤᠲᠠᠶᠢᠴᠤᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠ | ᠶᠠᠮᠠᠷ ᠶᠠᠮᠠᠷ ᠸᠠᠺᠼᠢᠨ ᠤ ᠲᠠᠷᠢᠯᠭ᠎ᠠ ᠬᠢᠯᠭᠡᠬᠦ ᠪᠠᠷ ᠳᠠᠮᠵᠢᠭᠤᠯᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ | ᠢ ᠠᠯᠢ ᠴᠢᠳᠠᠬᠤ ᠪᠠᠷ ᠰᠡᠷᠭᠡᠶᠢᠯᠡᠬᠦ ᠪᠣᠶ︖ | | ᠨᠠᠰᠤᠲᠠᠶᠢᠴᠤᠳ ᠲᠤ ᠠᠪᠴᠤ ᠬᠡᠯᠡᠪᠡᠯ᠂ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠠᠴᠠ ᠪᠣᠯᠵᠤ | ᠵᠠᠷᠢᠮ ᠬᠦᠨᠳᠦ ᠡᠪᠡᠳᠴᠢᠨ ᠤ ᠰᠢᠨᠵᠢ ᠢᠯᠡᠷᠡᠬᠦ ᠠᠴᠠ ᠭᠠᠳᠠᠨ᠎ᠠ᠂ ᠵᠠᠷᠢᠮ ᠸᠠᠺᠼᠢᠨ ᠤ ᠲᠠᠷᠢᠯᠭ᠎ᠠ ᠬᠢᠯᠭᠡᠬᠦ ᠪᠠᠷ | ᠳᠠᠮᠵᠢᠭᠤᠯᠤᠨ ᠬᠠᠯᠳᠠᠪᠤᠷᠢᠲᠤ ᠲᠠᠭᠰᠢᠭᠤᠷ ᠤᠨ ᠸᠢᠷᠦ᠋ᠰ᠂ ᠠᠭᠤᠰᠬᠢᠨ ᠤ ᠦᠷᠪᠢᠰᠦᠯ ᠤᠨ ᠪᠥᠮᠪᠥᠭᠡᠨ ᠪᠠᠺᠲ᠋ᠧᠷᠢ | ᠵᠡᠷᠭᠡ ᠨᠠᠰᠤᠲᠠᠶᠢᠴᠤᠳ ᠲᠤ ᠠᠪᠴᠤ ᠬᠡᠯᠡᠪᠡᠯ ᠪᠠᠰᠠ ᠬᠦᠨᠳᠦ ᠡᠪᠡᠳᠴᠢᠨ ᠳᠤ ᠨᠡᠷᠪᠡᠭᠳᠡᠬᠦ ᠪᠠᠶᠢᠳᠠᠯ ᠢ ᠪᠣᠶ ᠪᠣᠯᠭᠠᠳᠠᠭ | ᠬᠤᠯᠪᠣᠭᠳᠠᠯ ᠪᠦᠬᠦᠢ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠪᠣᠯᠣᠨ᠎ᠠ᠃ ᠨᠠᠰᠤᠲᠠᠶᠢᠴᠤᠳ ᠨᠢᠭᠡ ᠲᠠᠯ᠎ᠠ ᠪᠠᠷ | ᠥᠪᠡᠷ ᠤᠨ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠨᠢ ᠪᠠᠭᠤᠷᠠᠵᠤ᠂ ᠨᠥᠭᠦᠭᠡ ᠲᠠᠯ᠎ᠠ ᠪᠠᠷ ᠣᠯᠠᠩᠬᠢ ᠨᠢ ᠤᠳᠠᠭᠠᠨ | ᠴᠢᠨᠠᠷᠲᠠᠢ ᠰᠠᠭᠤᠷᠢ ᠴᠢᠨᠠᠷᠲᠠᠢ ᠡᠪᠡᠳᠴᠢᠨ ᠲᠠᠢ ᠪᠠᠶᠢᠵᠤ᠂ ᠬᠡᠷᠪᠡ ᠬᠠᠯᠳᠠᠪᠤᠷᠢᠲᠤ ᠲᠠᠭᠰᠢᠭᠤᠷ ᠪᠠ ᠠᠭᠤᠰᠬᠢᠨ | ᠦᠷᠪᠢᠰᠦᠯ ᠤᠨ ᠪᠥᠮᠪᠥᠭᠡᠨ ᠪᠠᠺᠲ᠋ᠧᠷᠢ ᠳᠤ ᠬᠠᠯᠳᠠᠪᠤᠷᠢᠯᠠᠭᠳᠠᠪᠠᠯ᠂ ᠬᠠᠯᠳᠠᠪᠤᠷᠢᠯᠠᠭᠳᠠᠭᠰᠠᠨ ᠡᠪᠡᠳᠴᠢᠨ ᠨᠢ ᠡᠲᠡᠭᠡᠷ | ᠬᠥᠮᠥᠰ ᠤᠨ ᠳᠤᠮᠳᠠ ᠬᠦᠨᠳᠦ ᠡᠪᠡᠳᠴᠢᠨ ᠢ ᠡᠭᠦᠰᠬᠡᠵᠤ ᠮᠡᠳᠡᠨ᠎ᠡ᠃ ᠡᠭᠦᠨ ᠠᠴᠠ ᠭᠠᠳᠠᠨ᠎ᠠ ᠵᠠᠷᠢᠮ ᠰᠤᠳᠤᠯᠭᠠᠨ ᠤ | ᠢᠯᠡᠷᠡᠭᠦᠯᠦᠭᠰᠡᠨ ᠢᠶᠠᠷ᠂ ᠬᠠᠯᠳᠠᠪᠤᠷᠢᠯᠠᠭᠳᠠᠭᠰᠠᠨ ᠤ ᠳᠠᠷᠠᠭ᠎ᠠ᠂ ᠤᠤᠯ ᠤᠨ ᠪᠠᠶᠢᠭᠰᠠᠨ ᠰᠠᠭᠤᠷᠢ ᠴᠢᠨᠠᠷᠲᠠᠢ ᠡᠪᠡᠳᠴᠢᠨ | ᠡᠮᠭᠡᠭ᠂ ᠵᠢᠱᠢᠶᠡᠯᠡᠪᠡᠯ ᠠᠭᠰᠠᠭ᠎ᠠ᠂ ᠠᠷᠬᠠᠭ ᠪᠦᠭᠯᠡᠷᠬᠡᠢ ᠴᠢᠨᠠᠷᠲᠤ ᠠᠭᠤᠰᠬᠢᠨ ᠤ ᠡᠪᠡᠳᠴᠢᠨ᠂ ᠵᠢᠷᠦᠬᠡᠨ ᠡᠪᠡᠳᠴᠢᠨ | ᠂ ᠰᠢᠬᠢᠷ ᠰᠢᠵᠢᠩ ᠡᠪᠡᠳᠴᠢᠨ ᠵᠡᠷᠭᠡ ᠶᠢ ᠤᠯᠠᠮ ᠨᠢᠭᠡ ᠠᠯᠬᠤᠮ ᠬᠦᠨᠳᠦᠷᠡᠭᠦᠯᠦᠨ᠎ᠡ᠃ ᠡᠶᠢᠮᠦ ᠠᠴᠠ ᠡᠶᠢᠮᠦᠷᠬᠦ | ᠪᠠᠶᠢᠳᠠᠯ ᠤᠨ ᠳᠣᠣᠷ᠎ᠠ᠂ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ ᠰᠢᠨ᠎ᠡ | ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠ ᠬᠠᠯᠳᠠᠪᠤᠷᠢᠲᠤ ᠲᠠᠭᠰᠢᠭᠤᠷ ᠤᠨ | ᠸᠠᠺᠼᠢᠨ᠂ ᠠᠭᠤᠰᠬᠢᠨ ᠦᠷᠪᠢᠰᠦᠯ ᠤᠨ ᠪᠠᠺᠲ᠋ᠧᠷᠢ ᠶᠢᠨ ᠸᠠᠺᠼᠢᠨ ᠤ ᠲᠠᠷᠢᠯᠭ᠎ᠠ ᠬᠢᠯᠭᠡᠵᠦ᠂ ᠲᠡᠳᠡᠨ ᠢ ᠨᠠᠩ ᠰᠠᠶᠢᠨ | ᠬᠠᠮᠠᠭᠠᠯᠠᠬᠤ ᠶᠢ ᠰᠠᠨᠠᠭᠤᠯᠵᠤ ᠪᠠᠶᠢᠨ᠎ᠠ᠃ | | ᠬᠡᠦᠬᠡᠳ ᠤᠨ ᠪᠠᠶᠢᠩᠭᠤ ᠶᠢᠨ ᠸᠠᠺᠼᠢᠨ ᠤ ᠲᠠᠷᠢᠯᠭ᠎ᠠ ᠶᠢ ᠬᠤᠶᠢᠰᠢᠯᠠᠭᠤᠯᠬᠤ ᠨᠢ ᠡᠩ ᠤᠨ ᠪᠠᠶᠢᠳᠠᠯ ᠳᠤ ᠦᠷ᠎ᠡ | ᠳ᠋ᠦᠩ ᠢ ᠨᠢ ᠨᠥᠯᠥᠭᠡᠯᠡᠬᠦ ᠦᠭᠡᠢ᠂ ᠭᠡᠪᠡᠴᠦ ᠴᠠᠭ ᠲᠤᠬᠠᠢ ᠳᠤ ᠨᠢ ᠨᠥᠬᠦᠵᠦ ᠳᠠᠷᠢᠬᠤ ᠬᠡᠷᠡᠭᠲᠡᠢ | | ᠸᠠᠺᠼᠢᠨ ᠤ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ᠨᠢᠭᠡ ᠳᠤ ᠴᠠᠭ ᠲᠤᠬᠠᠢ ᠳᠤ ᠨᠢ | ᠸᠠᠺᠼᠢᠨ ᠤ ᠲᠠᠷᠢᠯᠭ᠎ᠠ ᠬᠢᠯᠭᠡᠬᠦ ᠬᠡᠷᠡᠭᠲᠡᠢ᠂ ᠬᠤᠶᠠᠷ ᠲᠤ ᠪᠥᠬᠦ ᠶᠠᠪᠤᠴᠠ ᠶᠢᠨ ᠲᠠᠷᠢᠯᠭ᠎ᠠ ᠬᠢᠯᠭᠡᠬᠦ ᠬᠡᠷᠡᠭᠲᠡᠢ᠃ ᠬᠡᠷᠪᠡ | ᠲᠠᠷᠢᠯᠭ᠎ᠠ ᠶᠢ ᠬᠤᠶᠢᠰᠢᠯᠠᠭᠤᠯᠪᠠᠯ ᠡᠩ ᠤᠨ ᠪᠠᠶᠢᠳᠠᠯ ᠳᠤ ᠦᠷ᠎ᠡ ᠳ᠋ᠦᠩ ᠢ ᠨᠥᠯᠥᠭᠡᠯᠡᠬᠦ ᠦᠭᠡᠢ᠂ ᠭᠡᠪᠡᠴᠦ | ᠬᠠᠯᠳᠠᠪᠤᠷᠢᠯᠠᠯ ᠤᠨ ᠲᠦᠭᠰᠢᠭᠦᠷᠢ ᠶᠢ ᠨᠡᠮᠡᠭᠳᠡᠭᠦᠯᠦᠨ᠎ᠡ᠂ ᠤᠴᠢᠷ ᠨᠢ ᠪᠥᠬᠦ ᠶᠠᠪᠤᠴᠠ ᠶᠢᠨ ᠲᠠᠷᠢᠯᠭ᠎ᠠ ᠶᠢ ᠬᠢᠯᠭᠡᠭᠰᠡᠨ | ᠦᠭᠡᠢ ᠪᠤᠶᠤ ᠸᠠᠺᠼᠢᠨ ᠤ ᠲᠠᠷᠢᠯᠭ᠎ᠠ ᠬᠢᠯᠭᠡᠭᠡ ᠦᠭᠡᠢ ᠠᠴᠠ ᠡᠭᠡᠯᠢᠯᠡᠭᠡ ᠶᠢᠨ ᠴᠢᠳᠠᠪᠤᠷᠢ ᠨᠢ ᠪᠦᠷᠢᠮᠦᠰᠦᠨ ᠪᠣᠶ | ᠪᠣᠯᠵᠤ ᠳᠡᠶᠢᠯᠦᠭᠡᠳᠦᠢ ᠪᠠᠶᠢᠵᠤ᠂ ᠬᠠᠯᠳᠠᠪᠤᠷᠢᠯᠠᠯ ᠤᠨ ᠡᠬᠢ ᠡᠭᠦᠰᠪᠦᠷᠢ ᠢᠯᠡᠷᠡᠬᠦ ᠦᠶ᠎ᠡ ᠳᠤ ᠡᠪᠡᠳᠴᠢᠨ ᠡᠮᠭᠡᠭ ᠲᠤ | ᠨᠡᠷᠪᠡᠭᠳᠡᠬᠦ ᠲᠦᠭᠰᠢᠭᠦᠷᠢ ᠭᠠᠷᠴᠤ ᠮᠡᠳᠡᠨ᠎ᠡ᠃ ᠡᠶᠢᠮᠦ ᠠᠴᠠ ᠡᠯ᠎ᠡ ᠭᠠᠵᠠᠷ ᠤᠨ ᠰᠡᠷᠭᠡᠶᠢᠯᠡᠬᠦ ᠲᠠᠷᠢᠯᠭ᠎ᠠ ᠶᠢᠨ ᠨᠢᠭᠡᠴᠢ | ᠨᠢ ᠬᠡᠪ ᠤᠨ ᠠᠵᠢᠯ ᠢᠶᠠᠨ ᠡᠬᠢᠯᠡᠭᠦᠯᠦᠭᠰᠡᠨ ᠤ ᠳᠠᠷᠠᠭ᠎ᠠ ᠸᠠᠺᠼᠢᠨ ᠤ ᠲᠠᠷᠢᠯᠭ᠎ᠠ ᠶᠢ ᠴᠠᠭ ᠲᠤᠬᠠᠢ ᠳᠤ ᠨᠢ ᠨᠥᠬᠦᠵᠦ | ᠬᠢᠬᠦ ᠬᠡᠷᠡᠭᠲᠡᠢ᠂ ᠶᠠᠮᠠᠷ ᠸᠠᠺᠼᠢᠨ ᠤ ᠲᠠᠷᠢᠯᠭ᠎ᠠ ᠶᠢ ᠬᠢᠯᠭᠡᠭᠡ ᠦᠭᠡᠢ᠂ ᠶᠠᠮᠠᠷ ᠸᠠᠺᠼᠢᠨ ᠢ ᠨᠥᠬᠦᠵᠦ ᠬᠢᠯᠭᠡᠬᠦ | ᠴᠢᠬᠤᠯᠠᠲᠠᠢ ᠭᠡᠳᠡᠭ ᠢ ᠭᠡᠷ ᠤᠨ ᠠᠬᠠᠮᠠᠳ ᠨᠢᠭᠡᠪᠦᠷᠢ ᠲᠠᠷᠢᠯᠭ᠎ᠠ ᠶᠢᠨ ᠦᠨᠡᠮᠯᠡᠯ ᠲᠠᠢ ᠪᠠᠶᠢᠵᠤ᠂ ᠲᠡᠷᠡ ᠲᠠᠷᠢᠯᠭ᠎ᠠ ᠶᠢᠨ | ᠦᠨᠡᠮᠯᠡᠯ ᠳᠡᠭᠡᠷ᠎ᠡ ᠴᠥᠮ ᠲᠡᠮᠳᠡᠭᠯᠡᠯ ᠲᠠᠢ ᠪᠠᠶᠢᠳᠠᠭ᠃ ᠲᠣᠭᠲᠠᠭᠠᠯ ᠶᠣᠰᠣᠭᠠᠷ ᠠᠯᠢ ᠠᠯᠢ ᠶᠢ ᠨᠢ ᠬᠢᠯᠭᠡᠭᠰᠡᠨ᠂ ᠠᠯᠢ | ᠠᠯᠢ ᠶᠢ ᠨᠢ ᠬᠢᠯᠭᠡᠭᠰᠡᠨ ᠦᠭᠡᠢ ᠭᠡᠳᠡᠭ ᠢ ᠲᠠᠷᠢᠯᠭ᠎ᠠ ᠶᠢᠨ ᠦᠨᠡᠮᠯᠡᠯ ᠢᠶᠠᠨ ᠠᠪᠴᠤ ᠲᠠᠷᠢᠯᠭ᠎ᠠ ᠶᠢᠨ ᠨᠢᠭᠡᠴᠢ ᠳᠤ | ᠣᠴᠢᠭᠰᠠᠨ ᠤ ᠳᠠᠷᠠᠭ᠎ᠠ᠂ ᠲᠠᠷᠢᠯᠭ᠎ᠠ ᠬᠢᠬᠦ ᠡᠮᠴᠢ ᠠᠴᠠ ᠬᠡᠦᠬᠡᠳ ᠤᠨ ᠪᠠᠶᠢᠳᠠᠯ ᠢ ᠦᠨᠳᠦᠰᠦᠯᠡᠨ ᠬᠠᠷᠠᠭᠠᠯᠵᠠᠭᠰᠠᠨ | ᠲᠣᠬᠢᠷᠠᠭᠤᠯᠤᠯᠲᠠ ᠬᠢᠨ᠎ᠡ᠃ ᠡᠨᠡ ᠬᠤᠭᠤᠴᠠᠭᠠᠨ ᠳᠤ᠂ ᠵᠠᠷᠢᠮ ᠬᠡᠦᠬᠡᠳ ᠰᠢᠨ᠎ᠡ ᠡᠪᠡᠳᠴᠢᠨ ᠤ ᠸᠢᠷᠦ᠋ᠰ ᠲᠤ | ᠨᠡᠷᠪᠡᠭᠳᠡᠵᠦ᠂ ᠡᠪᠡᠳᠴᠢᠨ ᠨᠢ ᠨᠢᠭᠡᠨᠲᠡ ᠡᠳᠡᠭᠡᠷᠡᠭᠰᠡᠨ ᠪᠥᠭᠡᠳ ᠸᠠᠺᠼᠢᠨ ᠤ ᠲᠠᠷᠢᠯᠭ᠎ᠠ ᠬᠢᠬᠦ ᠶᠢ ᠴᠡᠭᠡᠷᠯᠡᠬᠦ | ᠡᠪᠡᠳᠴᠢᠨ ᠦᠭᠡᠢ ᠯᠡ ᠶᠤᠮ ᠪᠣᠯ ᠪᠠᠶᠢᠩᠭᠤ ᠶᠢᠨ ᠸᠠᠺᠼᠢᠨ ᠤ ᠲᠠᠷᠢᠯᠭ᠎ᠠ ᠬᠢᠯᠭᠡᠬᠦ ᠪᠤᠶᠤ ᠨᠥᠬᠦᠵᠦ ᠬᠢᠯᠭᠡᠵᠤ | ᠪᠣᠯᠣᠨ᠎ᠠ᠃ | | ︱ ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠤ ᠪᠠᠨ ᠪᠤᠴᠠᠬᠤ ︱ | | ᠴᠠᠭᠠᠨ ᠰᠠᠷ᠎ᠠ ᠶᠢᠨ ᠠᠶᠠᠨᠴᠢᠨ ᠤ ᠲᠡᠭᠡᠭᠡᠪᠦᠷᠢ ᠶᠢᠨ ᠬᠤᠭᠤᠴᠠᠭᠠᠨ ᠳᠤ ᠬᠥᠮᠥᠰ ᠤᠨ ᠰᠢᠯᠵᠢᠯᠲᠡ ᠨᠡᠮᠡᠭᠳᠡᠨ᠎ᠡ᠂ | ᠲᠡᠭᠡᠪᠡᠯ ᠬᠥᠮᠥᠰ ᠨᠢᠰᠬᠡᠯ᠂ ᠭᠠᠯᠲᠤ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠤ ᠪᠠᠨ | ᠶᠠᠭᠤ ᠶᠢ ᠠᠩᠬᠠᠷᠪᠠᠯ ᠵᠣᠬᠢᠬᠤ ᠪᠣᠶ︖ | | ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠤ | ᠢᠯᠡᠷᠡᠯ ᠲᠠᠢ ᠬᠥᠮᠥᠰ ᠬᠠᠯᠳᠠᠪᠤᠷᠢᠯᠠᠯ ᠤᠨ ᠲᠦᠭᠰᠢᠭᠦᠷᠢ ᠠᠷᠢᠯᠠᠬᠤ ᠠᠴᠠ ᠡᠮᠦᠨ᠎ᠡ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠵᠦ᠂ ᠬᠥᠮᠥᠨ ᠴᠤᠭᠯᠠᠷᠠᠭᠰᠠᠨ ᠭᠠᠵᠠᠷ ᠲᠤ | ᠣᠴᠢᠬᠤ ᠦᠭᠡᠢ ᠪᠠᠶᠢᠬᠤ ᠬᠡᠷᠡᠭᠲᠡᠢ᠃ ᠥᠪᠡᠷ ᠢᠶᠠᠨ ᠨᠡᠯᠢᠶᠡᠳ ᠶᠡᠭᠡ ᠬᠠᠯᠳᠠᠪᠤᠷᠢᠯᠠᠬᠤ ᠲᠦᠭᠰᠢᠭᠦᠷᠢ ᠲᠠᠢ ᠭᠡᠵᠦ | ᠦᠵᠡᠭᠰᠡᠨ ᠬᠥᠮᠥᠰ ᠠᠶᠤᠯ ᠲᠦᠭᠰᠢᠭᠦᠷᠢ ᠠᠷᠢᠯᠤᠭᠰᠠᠨ ᠤ ᠳᠠᠷᠠᠭ᠎ᠠ ᠰᠠᠶ᠋ᠢ ᠭᠠᠳᠠᠭᠰᠢ ᠭᠠᠷᠬᠤ ᠬᠡᠷᠡᠭᠲᠡᠢ᠃ | | ᠨᠢᠭᠲᠠ ᠪᠢᠲᠡᠭᠦᠮᠵᠢᠯᠡᠭᠰᠡᠨ ᠣᠷᠴᠢᠨ ᠲᠣᠭᠤᠷᠢᠨ᠂ ᠬᠥᠮᠥᠨ ᠬᠠᠷ᠎ᠠ ᠴᠤᠭᠯᠠᠷᠠᠭᠰᠠᠨ ᠲᠠᠯᠠᠪᠤᠷ ᠲᠤ᠂ | ᠵᠢᠱᠢᠶᠡᠯᠡᠪᠡᠯ ᠨᠢᠰᠬᠡᠯ ᠬᠦᠯᠢᠶᠡᠬᠦ ᠪᠠ ᠲᠡᠷᠭᠡ ᠬᠦᠯᠢᠶᠡᠬᠦ ᠦᠶ᠎ᠡ ᠳᠤ᠂ ᠨᠢᠰᠬᠡᠯ᠂ ᠭᠠᠯᠲᠤ ᠲᠡᠷᠭᠡ ᠵᠢᠴᠢ ᠮᠧᠲᠷᠣ᠋᠂ | ᠨᠡᠶᠢᠲᠡ ᠶᠢᠨ ᠮᠠᠰᠢᠨ ᠲᠡᠷᠭᠡ ᠵᠡᠷᠭᠡ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠦᠬᠦ | ᠶᠠᠪᠤᠴᠠ ᠳᠤ ᠠᠮᠠᠪᠴᠢ ᠪᠠᠨ ᠵᠥᠪ ᠵᠣᠬᠢᠰᠲᠠᠢ ᠵᠡᠭᠦᠬᠦ ᠬᠡᠷᠡᠭᠲᠡᠢ᠃ | | ᠣᠯᠠᠨ ᠨᠡᠶᠢᠲᠡ ᠶᠢᠨ ᠲᠠᠯᠠᠪᠤᠷ ᠲᠤ ᠵᠦᠢ ᠵᠣᠬᠢᠰᠲᠠᠢ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ | ᠣᠶᠢᠷ᠎ᠠ ᠵᠠᠢ ᠠᠴᠠ ᠪᠤᠰᠤᠳ ᠲᠠᠢ ᠬᠠᠷᠢᠯᠴᠠᠬᠤ ᠶᠢ ᠪᠠᠭᠠᠰᠬᠠᠬᠤ ᠬᠡᠷᠡᠭᠲᠡᠢ᠃ | | ᠬᠤᠪᠢ ᠬᠥᠮᠥᠨ ᠤ ᠠᠷᠢᠭᠤᠨ ᠴᠡᠪᠡᠷ ᠢ ᠰᠠᠶᠢᠲᠤᠷ ᠠᠩᠬᠠᠷᠴᠤ᠂ ᠢᠯᠠᠩᠭᠤᠶ᠎ᠠ ᠭᠠᠷ ᠤᠨ ᠠᠷᠢᠭᠤᠨ | ᠴᠡᠪᠡᠷ ᠢᠶᠠᠨ ᠴᠠᠭ ᠢᠮᠠᠭᠲᠠ ᠠᠩᠬᠠᠷᠴᠤ᠂ ᠨᠡᠶᠢᠲᠡ ᠶᠢᠨ ᠡᠳ᠋ ᠪᠣᠳᠠᠰ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠢ | ᠃ ᠬᠠᠨᠢᠶᠠᠯᠭᠠᠬᠤ ᠪᠤᠶᠤ ᠨᠠᠶᠢᠲᠠᠭᠠᠬᠤ ᠳᠤ ᠪᠠᠨ ᠴᠠᠭᠠᠰᠤ ᠪᠤᠶᠤ ᠲᠣᠬᠤᠢ ᠪᠠᠷ ᠢᠶᠠᠨ ᠬᠠᠯᠬᠠᠯᠠᠵᠤ᠂ ᠬᠡᠷᠡᠭᠯᠡᠵᠦ | ᠥᠩᠭᠡᠷᠡᠭᠰᠡᠨ ᠴᠠᠭᠠᠰᠤ ᠪᠠᠨ ᠴᠠᠭ ᠲᠤᠬᠠᠢ ᠳᠤ ᠨᠢ ᠬᠤᠭ ᠤᠨ ᠰᠠᠪᠠᠨ ᠳᠤ ᠬᠠᠶᠠᠨ᠎ᠠ᠃ ᠬᠡᠷᠪᠡ ᠠᠮᠢᠰᠬᠤᠯ ᠤᠨ | ᠵᠠᠮ ᠤᠨ ᠰᠢᠭᠦᠷᠡᠳᠡᠰᠦ ᠲᠠᠢ ᠬᠦᠷᠦᠯᠴᠡᠪᠡᠯ᠂ ᠴᠠᠭ ᠲᠤᠬᠠᠢ ᠳᠤ ᠨᠢ ᠭᠠᠷ ᠢᠶᠠᠨ ᠤᠬᠢᠶᠠᠬᠤ ᠪᠤᠶᠤ ᠭᠠᠷ ᠢᠶᠠᠨ | ᠠᠷᠢᠭᠤᠳᠬᠠᠵᠤ᠂ ᠭᠠᠳᠠᠨ᠎ᠠ ᠭᠠᠷᠬᠤ ᠪᠤᠶᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ | ᠰᠠᠭᠤᠬᠤ ᠳᠤ ᠪᠠᠨ ᠠᠯᠢ ᠴᠢᠳᠠᠬᠤ ᠪᠠᠷ ᠬᠤᠭᠤᠯᠠᠯᠠᠬᠤ ᠤᠳᠠᠭ᠎ᠠ ᠪᠠᠨ ᠪᠠᠭᠠᠰᠬᠠᠵᠤ᠂ ᠠᠯᠢ ᠴᠢᠳᠠᠬᠤ ᠪᠠᠷ ᠣᠷᠭᠢᠯ | ᠦᠶ᠎ᠡ ᠶᠢ ᠵᠥᠷᠢᠭᠦᠯᠦᠨ ᠬᠤᠭᠤᠯᠠᠯᠠᠬᠤ ᠬᠡᠷᠡᠭᠲᠡᠢ᠃ | | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠣᠯᠠᠨ ᠲᠦᠮᠡᠨ ᠬᠢᠵᠢᠭ ᠤᠨ ᠪᠠᠶᠢᠳᠠᠯ | ᠢᠯᠡᠷᠡᠬᠦ ᠠᠴᠠ ᠡᠮᠦᠨᠡᠬᠢ ᠰᠢᠭ ᠴᠤᠭᠯᠠᠷᠠᠨ ᠨᠠᠶᠢᠷᠯᠠᠵᠤ ᠪᠣᠯᠣᠨ᠎ᠠ ᠦᠦ︖ ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ | ᠶᠠᠭᠤ ᠶᠠᠭᠤ ᠶᠢ ᠠᠩᠬᠠᠷᠪᠠᠯ ᠵᠣᠬᠢᠬᠤ ᠪᠣᠢ︖ | | ᠨᠢᠭᠡ ᠳᠤ᠂ ᠣᠯᠠᠨ ᠲᠦᠮᠡᠨ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠵᠦ ᠪᠠᠶᠢᠭ᠎ᠠ ᠭᠠᠵᠠᠷ | ᠣᠷᠣᠨ ᠳᠤ ᠬᠦᠷᠴᠦ ᠲᠥᠷᠥᠯ ᠰᠠᠲᠤᠨ ᠢᠶᠠᠨ ᠡᠷᠭᠢᠵᠦ ᠦᠵᠡᠬᠦ᠂ ᠵᠢᠭᠤᠯᠴᠢᠯᠠᠬᠤ ᠵᠡᠷᠭᠡ ᠠᠴᠠ ᠵᠠᠶᠢᠯᠠᠰᠬᠢᠬᠦ ᠶᠢ | ᠰᠠᠨᠠᠭᠠᠴᠢᠯᠠᠵᠤ᠂ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠵᠦ ᠪᠠᠶᠢᠭ᠎ᠠ ᠭᠠᠵᠠᠷ ᠣᠷᠣᠨ ᠤ ᠣᠯᠠᠨ ᠲᠦᠮᠡᠨ | ᠨᠠᠭᠠᠰᠢ ᠴᠠᠭᠠᠰᠢ ᠶᠠᠪᠤᠵᠤ ᠰᠠᠭᠤᠬᠤ ᠪᠠᠨ ᠪᠠᠭᠠᠰᠬᠠᠵᠤ᠂ ᠨᠠᠰᠤᠲᠠᠶᠢᠴᠤᠳ ᠵᠢᠴᠢ ᠬᠦᠨᠳᠦ ᠰᠠᠭᠤᠷᠢ ᠡᠪᠡᠳᠴᠢᠨ ᠲᠠᠢ | ᠬᠥᠮᠥᠰ ᠠᠯᠢ ᠴᠢᠳᠠᠬᠤ ᠪᠠᠷ ᠭᠠᠳᠠᠭᠰᠢ ᠭᠠᠷᠬᠤ ᠠᠴᠠ ᠵᠠᠶᠢᠯᠠᠰᠬᠢᠪᠡᠯ ᠵᠣᠬᠢᠨ᠎ᠠ᠃ | | ᠬᠤᠶᠠᠷ ᠲᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ | ᠠᠵᠢᠯᠯᠠᠭ᠎ᠠ ᠡᠷᠬᠢᠯᠡᠬᠦ ᠦᠭᠡᠢ ᠪᠠᠶᠢᠵᠤ᠂ ᠲᠥᠷᠥᠯ ᠰᠠᠳᠤᠨ ᠨᠠᠶᠢᠵᠠ ᠨᠥᠬᠦᠳ ᠤᠨ ᠨᠠᠶᠢᠷ ᠴᠤᠭᠯᠠᠭᠠᠨ ᠤ ᠬᠡᠪᠴᠢᠶ᠎ᠡ᠂ | ᠬᠥᠮᠥᠨ ᠤ ᠲᠤᠭ᠎ᠠ ᠪᠠᠨ ᠪᠠᠭᠠᠰᠬᠠᠨ᠂ ᠨᠠᠶᠢᠷ ᠴᠤᠭᠯᠠᠭᠠᠨ ᠤ ᠴᠠᠭ ᠢᠶᠠᠨ ᠪᠣᠭᠤᠨᠢᠰᠬᠠᠵᠤ᠂ ᠥᠪᠡᠷ ᠤᠨ ᠢᠶᠠᠨ | ᠰᠡᠷᠭᠡᠶᠢᠯᠡᠯᠲᠡ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ᠃ | | ᠭᠤᠷᠪᠠ ᠳᠤ᠂ ᠬᠢᠵᠢᠭ ᠤᠨ ᠪᠠᠶᠢᠳᠠᠯ ᠢ ᠦᠨᠳᠦᠰᠦᠯᠡᠵᠦ᠂ ᠠᠯᠢ ᠴᠢᠳᠠᠬᠤ ᠪᠠᠷ ᠶᠡᠭᠡ ᠬᠡᠪᠴᠢᠶᠡᠨ ᠤ | ᠰᠦᠮ᠎ᠡ ᠶᠢᠨ ᠴᠤᠭᠯᠠᠭᠠᠨ᠂ ᠲᠣᠮᠣ ᠬᠡᠯᠪᠡᠷᠢ ᠶᠢᠨ ᠲᠠᠰᠤᠯᠭᠠᠨ ᠤ ᠤᠷᠠᠨ ᠰᠠᠶᠢᠬᠠᠨ ᠤ ᠲᠣᠭᠯᠠᠯᠲᠠ᠂ ᠦᠵᠡᠭᠦᠯᠭᠡ | ᠵᠡᠷᠭᠡ ᠠᠵᠢᠯᠯᠠᠭ᠎ᠠ ᠡᠷᠬᠢᠯᠡᠬᠦ ᠦᠭᠡᠢ ᠪᠠᠶᠢᠵᠤ᠂ ᠬᠥᠳᠡᠭᠡ ᠲᠣᠰᠬᠤᠨ ᠤ ᠵᠠᠬ᠎ᠠ ᠵᠡᠭᠡᠯᠢ ᠶᠢᠨ ᠠᠷᠠᠯᠵᠢᠶ᠎ᠠ ᠶᠢᠨ ᠬᠡᠪᠴᠢᠶ᠎ᠡ | ᠪᠠ ᠳᠠᠪᠲᠠᠮᠵᠢ ᠤᠳᠠᠭ᠎ᠠ ᠶᠢ ᠪᠠᠭᠠᠰᠬᠠᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | | ᠴᠠᠭᠠᠨ ᠰᠠᠷ᠎ᠠ ᠶᠢᠨ ᠬᠤᠭᠤᠴᠠᠭᠠᠨ ᠳᠤ᠂ ᠬᠠᠯᠳᠠᠪᠤᠷᠢᠯᠠᠬᠤ ᠲᠦᠭᠰᠢᠭᠦᠷᠢ ᠶᠢ ᠭᠡᠷ ᠤᠨ | ᠨᠠᠰᠤᠲᠠᠶᠢᠴᠤᠳ ᠲᠤ ᠪᠠᠨ ᠲᠠᠷᠬᠠᠭᠠᠬᠤ ᠠᠴᠠ ᠵᠠᠶᠢᠯᠠᠰᠬᠢᠨ᠎ᠡ | | ᠬᠢᠵᠢᠭ ᠤᠨ ᠪᠠᠶᠢᠳᠠᠯ ᠳᠡᠯᠭᠡᠷᠡᠬᠦ ᠬᠤᠭᠤᠴᠠᠭᠠᠨ ᠳᠤ᠂ ᠡᠷᠡᠭᠦᠯ ᠰᠠᠷᠠᠭᠤᠯ ᠢᠶᠠᠷ ᠴᠠᠭᠠᠨ ᠰᠠᠷ᠎ᠠ ᠪᠠᠨ | ᠥᠩᠭᠡᠷᠡᠭᠦᠯᠬᠦ ᠪᠣᠯ ᠣᠯᠠᠨ ᠲᠦᠮᠡᠨ ᠤ ᠬᠠᠮᠤᠭ ᠠᠴᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠣᠯᠣᠨ᠎ᠠ᠃ ᠪᠢᠳᠡ | ᠳᠣᠣᠷᠠᠬᠢ ᠬᠡᠳᠦᠨ ᠲᠠᠯ᠎ᠠ ᠪᠠᠷ ᠠᠩᠬᠠᠷᠤᠨ ᠴᠢᠩᠭᠠᠳᠬᠠᠬᠤ ᠬᠡᠷᠡᠭᠲᠡᠢ᠄ | | ᠨᠢᠭᠡ ᠳᠤ᠂ ᠬᠤᠪᠢ ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ᠂ ᠭᠠᠷ ᠢᠶᠠᠨ ᠪᠠᠶᠢᠩᠭᠤ | ᠤᠬᠢᠶᠠᠬᠤ᠂ ᠠᠮᠠᠪᠴᠢ ᠵᠡᠭᠦᠬᠦ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠶᠢ | ᠪᠠᠷᠢᠮᠲᠠᠯᠠᠵᠤ᠂ ᠨᠡᠶᠢᠭᠡᠮ ᠤᠨ ᠬᠠᠷᠢᠯᠴᠠᠭᠠᠨ ᠤ ᠵᠠᠢ᠂ ᠬᠠᠨᠢᠶᠠᠬᠤ ᠶᠣᠰᠣ ᠳᠦᠷᠢᠮ᠂ ᠴᠡᠪᠡᠷᠯᠡᠨ ᠠᠷᠢᠭᠤᠳᠬᠠᠬᠤ ᠵᠡᠷᠭᠡ | ᠡᠷᠡᠭᠦᠯ ᠬᠠᠮᠠᠭᠠᠯᠠᠯ ᠤᠨ ᠳᠠᠳᠬᠠᠯ ᠢ ᠪᠠᠲᠤᠯᠠᠵᠤ᠂ ᠬᠢᠵᠢᠭ ᠲᠤ ᠬᠠᠯᠳᠠᠪᠤᠷᠢᠯᠠᠭᠳᠠᠭᠠᠳ ᠡᠷᠡᠭᠦᠯᠵᠢᠭᠰᠡᠨ ᠤ ᠳᠠᠷᠠᠭ᠎ᠠ | ᠴᠤ ᠭᠡᠰᠡᠨ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠪᠡᠯ ᠵᠣᠬᠢᠨ᠎ᠠ᠃ | | ᠬᠤᠶᠠᠷ ᠲᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ᠂ ᠵᠦᠢ ᠵᠣᠬᠢᠰᠲᠠᠢ ᠢᠳᠡᠵᠦ ᠤᠤᠭᠤᠬᠤ᠂ | ᠬᠡᠮᠵᠢᠶ᠎ᠡ ᠳᠤ ᠪᠠᠨ ᠲᠣᠬᠢᠷᠠᠭᠰᠠᠨ ᠬᠥᠳᠡᠯᠭᠡᠭᠡᠨ ᠬᠢᠬᠦ᠂ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢ ᠪᠠᠲᠤᠯᠠᠬᠤ | ᠵᠡᠷᠭᠡ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠵᠤ᠂ ᠬᠤᠪᠢ ᠬᠥᠮᠥᠨ ᠤ ᠡᠪᠡᠳᠴᠢᠨ ᠢ | ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | | ᠭᠤᠷᠪᠠ ᠳᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ | ᠠᠵᠢᠯᠯᠠᠭ᠎ᠠ ᠡᠷᠬᠢᠯᠡᠬᠦ ᠦᠭᠡᠢ᠂ ᠨᠠᠶᠢᠷ ᠴᠤᠭᠯᠠᠭᠠᠨ ᠳᠤ ᠣᠷᠤᠯᠴᠠᠬᠤ ᠦᠭᠡᠢ ᠪᠠᠶᠢᠵᠤ᠂ ᠭᠡᠷ ᠪᠦᠯᠢ ᠶᠢᠨ ᠲᠥᠷᠥᠯ | ᠰᠠᠲᠤᠨ ᠤ ᠴᠤᠭᠯᠠᠷᠠᠨ ᠨᠠᠶᠢᠷᠯᠠᠬᠤ ᠬᠥᠮᠥᠨ ᠤ ᠲᠤᠭ᠎ᠠ ᠶᠢ ᠪᠠᠭᠠᠰᠬᠠᠨ᠂ ᠨᠠᠶᠢᠷ ᠴᠤᠭᠯᠠᠭᠠᠨ ᠤ ᠴᠠᠭ ᠢ ᠪᠣᠭᠤᠨᠢᠰᠬᠠᠨ᠎ᠠ | ᠃ ᠪᠠᠰᠠ ᠸᠢᠳᠢᠤ᠋᠂ ᠤᠲᠠᠰᠤ ᠪᠠᠷ ᠳᠠᠮᠵᠢᠭᠤᠯᠤᠨ ᠬᠠᠷᠢᠯᠴᠠᠨ ᠢᠷᠦᠭᠡᠯ ᠵᠥᠩᠨᠡᠯ ᠳᠡᠪᠰᠢᠭᠦᠯᠵᠦ᠂ ᠢᠯᠠᠩᠭᠤᠶ᠎ᠠ | ᠬᠠᠯᠳᠠᠪᠤᠷᠢᠯᠠᠬᠤ ᠲᠦᠭᠰᠢᠭᠦᠷᠢ ᠶᠢ ᠭᠡᠷ ᠤᠨ ᠨᠠᠰᠤᠲᠠᠶᠢᠴᠤᠳ ᠲᠤ ᠪᠠᠨ ᠲᠠᠷᠬᠠᠭᠠᠬᠤ ᠠᠴᠠ ᠵᠠᠶᠢᠯᠠᠰᠬᠢᠬᠦ ᠬᠡᠷᠡᠭᠲᠡᠢ᠃ | | ᠳᠥᠷᠪᠡ ᠳᠤ᠂ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠳ ᠪᠦᠬᠦ ᠶᠠᠪᠤᠴᠠ ᠶᠢᠨ ᠲᠠᠷᠢᠯᠭ᠎ᠠ | ᠪᠠ ᠴᠢᠩᠭᠠᠳᠬᠠᠬᠤ ᠲᠠᠷᠢᠯᠭ᠎ᠠ ᠶᠢ ᠠᠯᠢ ᠲᠦᠷᠭᠡᠨ ᠢᠶᠠᠷ ᠬᠢᠵᠦ᠂ ᠬᠤᠪᠢ ᠬᠥᠮᠥᠨ ᠪᠠ ᠭᠡᠷ ᠤᠨ ᠬᠥᠮᠥᠰ ᠤᠨ ᠢᠶᠠᠨ | ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃ | | ᠲᠠᠪᠤ ᠳᠤ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠᠨ ᠴᠢᠩᠭᠠᠳᠬᠠᠵᠤ᠂ ᠬᠤᠪᠢ ᠬᠥᠮᠥᠨ ᠪᠠ ᠭᠡᠷ ᠤᠨ | ᠬᠥᠮᠥᠰ ᠤᠨ ᠢᠶᠠᠨ ᠡᠷᠡᠭᠦᠯ ᠮᠡᠨᠳᠦ ᠶᠢᠨ ᠪᠠᠶᠢᠳᠠᠯ ᠢ ᠨᠢᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠭᠤᠷᠠᠢ ᠪᠠᠷ | ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠤ ᠰᠢᠨᠵᠢ ᠢᠯᠡᠷᠡᠬᠦ᠂ ᠡᠰᠡᠬᠦᠯ᠎ᠡ ᠪᠥᠭᠡᠮ | ᠬᠦᠴᠢᠯ ᠤᠨ ᠠᠷᠭ᠎ᠠ ᠴᠢᠨᠠᠷ ᠢ ᠪᠠᠶᠢᠴᠠᠭᠠᠨ ᠭᠠᠷᠭᠠᠭᠰᠠᠨ ᠦᠶ᠎ᠡ ᠳᠤ᠂ ᠠᠯᠢ ᠴᠢᠳᠠᠬᠤ ᠪᠠᠷ ᠰᠠᠯᠬᠢ ᠨᠡᠪᠲᠡᠷᠡᠭᠰᠡᠨ᠂ | ᠬᠠᠷᠢᠴᠠᠩᠭᠤᠢ ᠲᠤᠰᠠᠭᠠᠷ ᠥᠷᠥᠭᠡ ᠳᠤ ᠰᠠᠭᠤᠵᠤ᠂ ᠬᠠᠮᠲᠤ ᠰᠠᠭᠤᠵᠤ ᠪᠠᠶᠢᠭ᠎ᠠ ᠬᠥᠮᠥᠰ ᠲᠠᠢ ᠪᠠᠨ ᠣᠶᠢᠷᠠᠳᠬᠤ ᠪᠠᠨ | ᠴᠢᠳᠠᠬᠤ ᠶᠢᠨ ᠬᠢᠷᠢ ᠪᠠᠷ ᠪᠠᠭᠠᠰᠬᠠᠨ᠂ ᠡᠪᠡᠳᠴᠢᠨ ᠤ ᠪᠠᠶᠢᠳᠠᠯ ᠢᠶᠠᠨ ᠨᠢᠭᠲᠠ ᠠᠩᠬᠠᠷᠴᠤ᠂ ᠬᠡᠷᠪᠡ ᠡᠪᠡᠳᠴᠢᠨ ᠤ | ᠪᠠᠶᠢᠳᠠᠯ ᠨᠢ ᠬᠦᠨᠳᠦᠷᠡᠪᠡᠯ ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ᠃ |