ᠯᠢᠩ ᠳ᠋ᠦᠩ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠢ ᠶᠢᠨ ᠰᠢᠮᠡᠳᠦᠨ ᠱᠦᠭᠦᠬᠦ ᠰᠢᠩᠭᠡᠨ ᠢ ᠪᠠᠶᠢᠴᠠᠭᠠᠨ ᠬᠡᠮᠵᠢᠬᠦ ᠲᠦᠷᠦᠯ ᠵᠦᠢᠯ ᠤᠨ ᠳᠠᠭᠠᠭᠠᠴᠢᠯᠠᠯᠲᠠ ᠣᠯᠤᠭᠰᠠᠨ ᠦᠷ᠎ᠡ ᠳ᠋ᠦᠩ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/10/11
    ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠯᠥᠨ ᠪᠤᠶᠢᠷ ᠤᠨ ᠳᠠᠪᠠᠭ᠎ᠠ ᠶᠢᠨ ᠵᠡᠭᠦᠨ ᠬᠡᠰᠡᠭ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠶᠢᠳᠠᠯᠭ᠎ᠠ ᠪᠠᠷ᠂ ᠵᠠᠯᠠᠨ ᠠᠶᠢᠯ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠦᠨ᠎ᠡ ᠯᠠᠪᠯᠠᠵᠤ ᠳᠠᠭᠠᠭᠠᠴᠢᠯᠠᠯᠲᠠ ᠤᠷᠢᠬᠤ ᠠᠷᠭ᠎ᠠ ᠮᠠᠶ᠋ᠢᠭ ᠢᠶᠠᠷ ᠪᠠᠶᠢᠴᠠᠭᠠᠨ ᠰᠢᠯᠭᠠᠬᠤ ᠺᠣᠮᠫᠠᠨᠢ ᠶᠢ ᠲᠣᠭᠲᠠᠭᠠᠵᠤ᠂ ᠳᠠᠪᠠᠭ᠎ᠠ ᠶᠢᠨ ᠵᠡᠭᠦᠨ ᠬᠡᠰᠡᠭ ᠤᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ ᠳᠤ ᠰᠢᠮᠡᠳᠦᠨ ᠱᠦᠭᠦᠬᠦ ᠰᠢᠩᠭᠡᠨ ᠤ ᠪᠠᠶᠢᠴᠠᠭᠠᠨ ᠬᠡᠮᠵᠢᠯᠲᠡ ᠬᠢᠨ᠎ᠠ᠃    ᠦᠨ᠎ᠡ ᠯᠠᠪᠯᠠᠵᠤ ᠳᠠᠭᠠᠭᠠᠴᠢᠯᠠᠯᠲᠠ ᠤᠷᠢᠬᠤ ᠶᠢ ᠬᠠᠷᠢᠴᠠᠭᠤᠯᠬᠤ ᠪᠠᠷ ᠳᠡᠮᠵᠢᠨ᠂ ᠳᠠᠭᠠᠭᠠᠴᠢᠯᠠᠯᠲᠠ ᠤᠷᠢᠬᠤ ᠶᠢ ᠪᠠᠶᠢᠴᠠᠭᠠᠨ ᠰᠢᠯᠭᠠᠬᠤ ᠳᠤ ᠣᠷᠣᠯᠴᠠᠭᠰᠠᠨ ᠺᠣᠮᠫᠠᠨᠢ 3 ᠪᠣᠶ᠂ ᠲᠣᠰ ᠲᠣᠰ᠄ ᠬᠠᠷᠠᠮᠥ᠋ᠷᠡᠨ ᠤ ᠬᠤᠸᠠ ᠵᠧᠤ ᠪᠠᠶᠢᠴᠠᠭᠠᠨ ᠰᠢᠯᠭᠠᠬᠤ ᠬᠢᠵᠠᠭᠠᠷᠲᠤ ᠺᠣᠮᠫᠠᠨᠢ᠂ ᠮᠡᠳᠡᠭᠦᠯᠦᠭᠰᠡᠨ ᠦᠨ᠎ᠡ ᠨᠢ 1.1289 ᠲᠦᠮᠡᠨ ᠲᠥᠭᠦᠷᠢᠭ︔ ᠥᠪᠥᠷ ᠮᠣᠩᠭᠤᠯ ᠤᠨ ᠬᠤᠸᠠ ᠯᠢᠨ ᠣᠷᠴᠢᠨ ᠲᠣᠭᠤᠷᠢᠨ ᠤ ᠪᠠᠶᠢᠴᠠᠭᠠᠨ ᠬᠡᠮᠵᠢᠯᠲᠡ ᠶᠢᠨ ᠬᠢᠵᠠᠭᠠᠷᠲᠤ ᠺᠣᠮᠫᠠᠨᠢ ᠶᠢᠨ ᠮᠡᠳᠡᠭᠦᠯᠦᠭᠰᠡᠨ ᠦᠨ᠎ᠡ ᠨᠢ 0.826 ᠲᠦᠮᠡᠨ ᠲᠥᠭᠦᠷᠢᠭ︔ ᠵᠦᠩ ᠴᠧᠩ ᠰᠢᠨᠵᠢᠯᠡᠬᠦ ᠤᠬᠠᠭᠠᠨ ᠮᠡᠷᠭᠡᠵᠢᠯ ︵ᠳ᠋ᠠᠯᠢᠶᠠᠨ︶ ᠤᠨ ᠬᠢᠵᠠᠭᠠᠷᠲᠤ ᠺᠣᠮᠫᠠᠨᠢ ᠶᠢ ᠰᠢᠯᠭᠠᠨ ᠪᠠᠶᠢᠴᠠᠭᠠᠵᠤ᠂ ᠮᠡᠳᠡᠭᠦᠯᠦᠭᠰᠡᠨ ᠦᠨ᠎ᠡ ᠨᠢ 1.05 ᠲᠦᠮᠡᠨ ᠲᠥᠭᠦᠷᠢᠭ ᠲᠤ ᠬᠦᠷᠴᠡᠢ᠃    ᠬᠥᠯᠥᠨ ᠪᠤᠶᠢᠷ ᠤᠨ ᠯᠢᠩ ᠳ᠋ᠦᠩ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠤᠨ ᠰᠤᠳᠤᠯᠤᠯᠲᠠ ᠪᠠᠷ ᠳᠡᠮᠵᠢᠨ᠂ ᠥᠪᠥᠷ ᠮᠣᠩᠭᠤᠯ ᠤᠨ ᠬᠤᠸᠠ ᠯᠢᠨ ᠤ ᠣᠷᠴᠢᠨ ᠲᠣᠭᠤᠷᠢᠨ ᠢ ᠪᠠᠶᠢᠴᠠᠭᠠᠨ ᠰᠢᠯᠭᠠᠬᠤ ᠬᠢᠵᠠᠭᠠᠷᠲᠤ ᠺᠣᠮᠫᠠᠨᠢ ᠶᠢᠨ ᠦᠨ᠎ᠡ ᠬᠠᠮᠤᠭ ᠤᠨ ᠳᠣᠤᠷ᠎ᠠ ᠪᠠᠶᠢᠬᠤ ᠶᠢ ᠵᠥᠪᠯᠡᠨ ᠲᠣᠭᠲᠠᠭᠠᠵᠤ᠂ ᠥᠪᠥᠷ ᠮᠣᠩᠭᠤᠯ ᠤᠨ ᠬᠤᠸᠠ ᠯᠢᠨ ᠤ ᠣᠷᠴᠢᠨ ᠲᠣᠭᠤᠷᠢᠨ ᠢ ᠪᠠᠶᠢᠴᠠᠭᠠᠨ ᠰᠢᠯᠭᠠᠬᠤ ᠬᠢᠵᠠᠭᠠᠷᠲᠤ ᠺᠣᠮᠫᠠᠨᠢ ᠠᠴᠠ ᠯᠢᠩ ᠳ᠋ᠦᠩ ᠤᠨ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ ᠶᠢᠨ ᠰᠢᠮᠡᠳᠦᠨ ᠱᠦᠭᠦᠬᠦ ᠰᠢᠩᠭᠡᠨ ᠢ ᠪᠠᠶᠢᠴᠠᠭᠠᠨ ᠰᠢᠯᠭᠠᠬᠤ ᠶᠢ ᠬᠠᠷᠢᠭᠤᠴᠠᠨ᠎ᠠ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃ ᠠᠯᠪᠠᠨ ᠵᠠᠷ ᠤᠨ ᠬᠤᠭᠤᠴᠠᠭ᠎ᠠ ᠨᠢ 3 ᠡᠳᠦᠷ ᠪᠣᠯᠤᠨ᠎ᠠ᠃    ᠬᠢᠨᠠᠯᠲᠠ ᠲᠠᠯᠪᠢᠬᠤ ᠤᠲᠠᠰᠤ᠄ 0470 — 3265395᠃                   ᠵᠠᠯᠠᠨ ᠠᠶᠢᠯ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ                   2023 ᠣᠨ ᠤ 10 ᠰᠠᠷ᠎ᠠ ᠶᠢᠨ 7      ᠤ ᠡᠳᠤᠷ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ