ᠵᠠᠯᠠᠨ ᠠᠶᠢᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/10/13
    ᠵᠠᠯᠠᠨ ᠠᠶᠢᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︵ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃    ᠨᠢᠭᠡ᠂ ᠭᠤᠤᠯ ᠡᠭᠦᠷᠭᠡ ᠬᠠᠷᠢᠭᠤᠴᠠᠯᠭ᠎ᠠ     ︵ᠨᠢᠭᠡ︶ ᠤᠢ ᠰᠢᠭᠤᠶ ᠪᠣᠯᠤᠨ ᠨᠤᠲᠤᠭ ᠪᠡᠯᠴᠢᠭᠡᠷ  ᠤᠨ ᠠᠵᠢᠯ  ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠰᠡᠷᠭᠦᠭᠡᠬᠦ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠰᠡᠷᠭᠦᠭᠡᠬᠦ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠰᠡᠷᠭᠦᠭᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ  ᠬᠠᠷᠢᠭᠤᠴᠠᠨ᠎ᠠ᠃ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯᠡᠰᠦᠨ ᠴᠥᠯ ᠪᠠ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠬᠤᠶᠠᠷ︶ ᠡᠷᠬᠡ ᠮᠡᠳᠡᠯ ᠤᠨ ᠬᠡᠪᠴᠢᠶᠡᠨ ᠳᠣᠲᠣᠷ᠎ᠠ ᠪᠠᠨ ᠣᠶᠢᠵᠢᠭᠤᠯᠵᠤ ᠡᠪᠡᠰᠦ ᠳᠠᠷᠢᠵᠤ ᠨᠣᠭᠤᠭᠠᠷᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠤᠢ᠂ ᠲᠠᠸᠠᠷ ᠤᠨ ᠤᠢ ᠶᠢ ᠪᠤᠶᠢᠵᠢᠭᠤᠯᠤᠨ ᠡᠵᠡᠩᠨᠡᠬᠦ ᠶᠢ ᠵᠢᠯᠣᠭᠤᠳᠴᠤ᠂ ᠪᠦᠬᠦ ᠠᠷᠠᠳ ᠤᠨ ᠠᠯᠪᠠᠨ ᠵᠢᠷᠤᠮ ᠤᠨ ᠡᠪᠡᠰᠦ ᠮᠣᠳᠣ ᠲᠠᠷᠢᠬᠤ᠂ ᠬᠥᠳᠡᠭᠡ ᠲᠣᠰᠬᠤᠨ ᠢ ᠨᠣᠭᠤᠭᠠᠷᠠᠭᠤᠯᠬᠤ ᠠᠵᠢᠯ ᠢ ᠵᠢᠯᠣᠭᠤᠳᠴᠤ ᠲᠡᠭᠦᠨ ᠳᠤ ᠬᠢᠨᠠᠯᠲᠠ ᠲᠠᠯᠪᠢᠨ᠎ᠠ᠃ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠨᠡᠭᠦᠷᠡᠰᠦᠲᠥ᠋ᠷᠥᠭᠴᠢ ᠶᠢ ᠬᠤᠷᠠᠭᠤᠯᠵᠤ ᠣᠶᠢᠵᠢᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠭᠤᠷᠪᠠ︶ ᠡᠷᠬᠡ ᠮᠡᠳᠡᠯ ᠤᠨ ᠬᠡᠪᠴᠢᠶᠡᠨ ᠳᠠᠬᠢ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠨᠡᠶᠢᠲᠡ ᠶᠢᠨ ᠠᠰᠠᠷᠠᠮᠵᠢ ᠶᠢᠨ ᠣᠢ ᠶᠢ ᠵᠠᠭᠠᠭᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠴᠤ᠂ ᠣᠢ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠣᠢ ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠳᠡᠭ ᠢ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃ ᠤᠢ ᠰᠢᠭᠤᠶ ᠵᠢᠨ‌ᠤᠢ ᠰᠢᠭᠤᠶ ᠣᠭᠲᠣᠯᠬᠤ ᠬᠢᠵᠠᠭᠠᠷ ᠲᠤᠭ᠎ᠠ ᠶᠢ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ‌ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠮᠣᠳᠣᠨ ᠮᠠᠲ᠋ᠧᠷᠢᠶᠠᠯ ᠵᠥᠭᠡᠭᠡᠪᠦᠷᠢᠯᠡᠬᠦ ᠦᠨᠡᠮᠯᠡᠯ ᠢ ᠬᠠᠮᠢᠶᠠᠷᠬᠤ ᠪᠠ ᠣᠯᠭᠤᠬᠤ ᠶᠢ ᠬᠠᠷᠢᠭᠤᠴᠠᠵᠤ᠂ ᠤᠢ ᠰᠢᠭᠤᠶ ᠶᠢᠨ ᠶᠠᠪᠤᠳᠠᠯ  ᠤᠨ ᠭᠠᠯ ᠰᠡᠷᠭᠡᠶᠢᠯᠡᠬᠦ ᠪᠠᠶᠢᠴᠠᠭᠠᠬᠤ ᠥᠷᠳᠡᠭᠡ ᠶᠢᠨ ᠠᠵᠢᠯ  ᠢ ᠵᠢᠯᠣᠭᠤᠳᠤᠨ᠎ᠠ᠃ ᠤᠢ ᠰᠢᠭᠤᠶ ᠶᠢᠨ ᠳᠠᠭᠠᠳᠬᠠᠯ᠂ ᠡᠬᠢ ᠪᠠᠶᠠᠯᠢᠭ ᠢ ᠪᠤᠶᠢᠵᠢᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠬᠠᠮᠢᠶᠠᠷᠤᠯᠲᠠ᠂ ᠬᠦᠷᠢ ᠵᠢᠨ‌ᠦᠢᠯᠡᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠠᠵᠢᠯ ᠢ ᠬᠠᠷᠢᠭᠤᠴᠠᠵᠤ᠂ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃       ︵ᠳᠥᠷᠪᠡ︶ ᠡᠷᠬᠡ ᠮᠡᠳᠡᠯ ᠤᠨ ᠬᠡᠪᠴᠢᠶᠡᠨ ᠳᠣᠲᠣᠷᠠᠬᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠴᠦᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠡᠯᠡᠰᠦᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ ᠬᠤᠷᠢᠭᠠᠲᠠᠶ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠴᠦᠯᠡᠷᠭᠡᠭᠵᠢᠭᠰᠡᠨ ᠪᠠ ᠡᠯᠡᠰᠦᠵᠢᠭᠰᠡᠨ ᠭᠠᠵᠠᠷ ᠰᠢᠷᠣᠶ ᠶᠢᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃      ︵ᠲᠠᠪᠤ︶ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ‍ᠤᠨ‌ᠡᠬᠢ ᠪᠠᠶᠠᠯᠢᠭ ‍ᠤᠨ‌‍ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠠᠪᠤᠷᠠᠨ ᠲᠤᠰᠠᠯᠠᠵᠤ ᠦᠷᠡᠵᠢᠭᠦᠯᠦᠨ ᠪᠤᠶᠢᠵᠢᠭᠤᠯᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠢᠯᠣᠭᠤᠳᠴᠤ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ ᠪᠤᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠴᠤ᠂ ᠠᠵᠢᠯ ᠤᠨ ᠬᠤᠪᠢᠶᠠᠷᠢᠯᠠᠯ ᠶᠣᠰᠣᠭᠠᠷ ᠬᠡᠭᠡᠷ᠎ᠡ ᠶᠢᠨ ᠠᠮᠢᠲᠠᠨ ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠢᠨᠠᠨ ᠬᠠᠮᠢᠶᠠᠷᠤᠨ᠎ᠠ᠃     ︵ᠵᠢᠷᠭᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠵᠤ ᠬᠠᠮᠢᠶᠠᠷᠤᠨ᠎ᠠ᠃ ᠡᠯ᠎ᠡ ᠲᠦᠷᠦᠯ ᠤᠨ ᠪᠠᠶᠢᠭᠠᠯᠢ  ᠶᠢᠨ ᠬᠠᠮᠠᠭᠠᠯᠠᠯᠲᠠ  ᠶᠢᠨ ᠭᠠᠵᠠᠷ  ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ᠂ ᠲᠣᠬᠢᠷᠠᠭᠤᠯᠬᠤ ᠰᠠᠨᠠᠭᠤᠯᠭ᠎ᠠ ᠳᠤᠷᠠᠳᠬᠤ ᠶᠢᠨ ᠬᠠᠮᠲᠤ ᠵᠢᠷᠤᠮ ᠶᠣᠰᠣᠭᠠᠷ ᠮᠡᠳᠡᠭᠦᠯᠦᠨ ᠵᠥᠪᠰᠢᠶᠡᠷᠡᠭᠦᠯᠦᠨ᠎ᠡ᠃  ᠪᠠᠶᠢᠭᠠᠯᠢ ᠶᠢᠨ ᠥᠪ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠪᠠᠶᠢᠭᠠᠯᠢ ᠪᠠ ᠰᠣᠶᠣᠯ ᠤᠨ ᠳᠠᠪᠬᠤᠷ ᠥᠪ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠦᠨ᠎ᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃     ︵ᠲᠤᠯᠤᠭ᠎ᠠ︶ ᠡᠷᠬᠡ ᠮᠡᠳᠡᠯ ᠤᠨ ᠬᠡᠪᠴᠢᠶᠡᠨ ᠳᠣᠲᠣᠷᠠᠬᠢ ᠤᠯᠤᠰ  ᠤᠨ ᠥᠮᠴᠢᠯᠡᠯᠳᠤ ᠤᠢ ᠰᠢᠭᠤᠶ ᠶᠢᠨ ᠲᠠᠯᠠᠪᠠᠢ ᠪᠣᠯᠤᠨ ᠦᠷ᠎ᠡ ᠶᠢᠨ ᠴᠢᠬᠢ  ᠶᠢᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠴᠤ᠂ ᠣᠶ ᠮᠣᠳᠣᠨ ᠤ ᠦᠷ᠎ᠡ ᠪᠠ ᠡᠪᠡᠰᠦᠨ ᠤ ᠵᠦᠢᠯ ᠵᠢᠰᠦᠮ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠵᠤ᠂ ᠣᠶ ᠰᠢᠭᠤᠶ ᠡᠪᠡᠰᠦᠨ ᠤ ᠵᠦᠢᠯ ᠵᠢᠰᠦᠮ ᠤᠨ ᠡᠬᠢ ᠪᠠᠶᠠᠯᠢᠭ ᠤᠨ ᠬᠥᠮᠥᠷᠭᠡ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠰᠠᠶᠢᠨ ᠡᠭᠦᠯᠳᠡᠷ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠵᠤ᠂ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣ᠂ ᠡᠪᠡᠰᠦᠨ  ᠤ ᠦᠷ᠎ᠡ ᠦᠢᠯᠡᠳᠪᠦᠷᠢᠯᠡᠵᠦ ᠡᠵᠡᠩᠨᠡᠬᠦ ᠥᠢᠯᠡ ᠠᠵᠢᠯᠯᠠᠭ᠎ᠠ ᠶᠢ ᠬᠠᠮᠢᠶᠠᠷᠴᠤ᠂ ᠤᠢ ᠮᠣᠳᠣᠨ  ᠤ ᠦᠷ᠎ᠡ ᠪᠠ ᠵᠤᠯᠵᠠᠭ᠎ᠠ ᠮᠣᠳᠣ᠂ ᠡᠪᠡᠰᠦᠨ  ᠤ ᠦᠷ᠎ᠡ  ᠶᠢᠨ ᠶᠠᠰᠤ ᠴᠢᠨᠠᠷ  ᠢ ᠬᠢᠨᠠᠨ ᠬᠠᠮᠢᠶᠠᠷᠤᠨ᠎ᠠ᠃ ᠤᠢ ᠰᠢᠭᠤᠶ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠡᠭᠦᠯᠳᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠣᠶ ᠰᠢᠭᠤᠶ ᠶᠢᠨ ᠠᠵᠤ  ᠦᠢᠯᠡᠰᠵᠢᠯᠲᠡ ᠶᠢᠨ ᠲᠥᠷᠥᠯ  ᠵᠦᠢᠯ ᠪᠠ ᠬᠥᠲᠥᠴᠢ ᠠᠵᠤ ᠠᠬᠤᠶᠢᠯᠠᠯ ᠤᠨ ᠬᠢᠨᠠᠨ ᠬᠠᠷᠭᠤᠭᠤᠯᠵᠤ ᠮᠡᠳᠡᠭᠦᠯᠬᠦ ᠠᠵᠢᠯ ᠢ ᠬᠠᠷᠢᠭᠤᠴᠠᠨ᠎ᠠ᠃     ︵ᠨᠠᠢᠮᠠ︶ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠠᠵᠤ  ᠦᠢᠯᠡᠰ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠥᠬᠦᠶ ᠣᠶ ᠰᠢᠭᠤᠶ ᠡᠪᠡᠰᠦᠨ ᠤ ᠠᠵᠤ  ᠦᠢᠯᠡᠰ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠶ ᠡᠪᠡᠰᠦᠨ ᠤ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃     ︵ᠶᠢᠰᠦ︶ ᠬᠤᠲᠠ ᠶᠢᠨ ᠬᠠᠷᠢᠶ᠎ᠠ  ᠶᠢᠨ ᠨᠠᠢᠮᠠᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠷᠬᠡ ᠮᠡᠳᠡᠯ ᠤᠨ ᠣᠷᠣᠨ ᠪᠦᠰᠡ ᠶᠢᠨ ᠳᠣᠲᠣᠷᠠᠬᠢ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠡᠷᠬᠡ ᠮᠡᠳᠡᠯ ᠤᠨ ᠣᠷᠣᠨ ᠪᠦᠰᠡ ᠶᠢᠨ ᠳᠣᠲᠣᠷ᠎ᠠ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠡᠷᠬᠡ ᠮᠡᠳᠡᠯ ᠲᠠᠢ ᠣᠷᠣᠨ ᠪᠦᠰᠡ ᠶᠢᠨ ᠳᠣᠲᠣᠷᠠᠬᠢ ᠭᠠᠯ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠶ ᠤᠳᠤᠷᠢᠳᠤᠯᠭ᠎ᠠ ᠶᠢᠨ ᠵᠢᠯᠣᠭᠤᠳᠣᠯᠭ᠎ᠠ ᠳᠣᠤᠷ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠳᠤ ᠬᠠᠮᠵᠢᠯᠴᠠᠨ᠎ᠠ᠃     ︵ᠠᠷᠪᠠ︶ ᠡᠷᠬᠡ ᠮᠡᠳᠡᠯ ᠤᠨ ᠬᠡᠪᠴᠢᠶᠡᠨ ᠳᠣᠲᠣᠷᠠᠬᠢ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠬᠤᠲᠠ ᠶᠢᠨ ᠬᠠᠷᠢᠶ᠎ᠠ ᠨᠠᠶᠢᠮᠡᠨ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠠᠵᠢᠯ ᠲᠥᠷᠥᠯ ᠤᠨ ᠠᠶᠤᠯ ᠥᠬᠡᠶ ᠤᠶᠢᠯᠡᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠮᠢᠶᠠᠷᠬᠤ ᠠᠵᠢᠯ  ᠢ ᠬᠠᠷᠢᠭᠤᠴᠠᠨ᠎ᠠ᠃  ᠨᠠᠢᠮᠠᠨ ᠤᠢ ᠰᠢᠭᠤᠶ ᠶᠢᠨ ᠲᠠᠯᠠᠪᠠᠢ   ᠶᠢᠨ ᠤᠢ ᠰᠢᠭᠤᠶ  ᠶᠢᠨ ᠠᠵᠢᠯ ᠲᠦᠷᠦᠯ ᠤᠨ ᠬᠦᠷᠢᠶᠡᠨ ‍ᠤ‌ᠠᠶᠤᠯ ᠦᠬᠡᠢ ᠦᠢᠯᠡᠳᠪᠦᠷᠢᠯᠡᠯ   ᠢ ᠵᠢᠯᠣᠭᠤᠳᠬᠤ᠂ ᠵᠣᠬᠢᠴᠠᠭᠤᠯᠬᠤ᠂ ᠰᠢᠮᠳᠠᠭᠤᠯᠤᠨ ᠪᠠᠶᠢᠴᠠᠭᠠᠬᠤ᠂ ᠪᠦᠷᠢᠳᠬᠡᠨ ᠵᠠᠳᠠᠯᠬᠤ ᠪᠠ ᠤᠢ ᠰᠢᠭᠤᠶ   ᠶᠢᠨ ᠠᠵᠢᠯ ᠲᠦᠷᠦᠯ  ᠤᠨ ᠠᠵᠢᠯᠯᠠᠭᠰᠠᠳ  ᠤᠨ ᠠᠶᠤᠯ ᠦᠬᠡᠢ ᠦᠢᠯᠡᠳᠪᠦᠷᠢᠯᠡᠯ   ᠤᠨ ᠬᠥᠮᠦᠵᠢᠯ ᠪᠣᠯᠪᠠᠰᠤᠷᠠᠭᠤᠯᠤᠯ᠂ ᠤᠬᠠᠭᠤᠯᠭ᠎ᠠ  ᠶᠢᠨ ᠠᠵᠢᠯ  ᠢ ᠬᠠᠷᠢᠭᠤᠴᠠᠨ᠎ᠠ᠃    ︵ᠠᠷᠪᠠᠨ ᠨᠢᠭᠡ︶ ᠡᠷᠬᠡ ᠮᠡᠳᠡᠯ ᠤᠨ ᠬᠡᠪᠴᠢᠶᠡᠨ ᠳᠠᠬᠢ ᠣᠶ ᠰᠢᠭᠤᠶ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠠᠬᠢᠭᠤᠯᠬᠤ ᠶᠢ ᠬᠠᠷᠢᠭᠤᠴᠠᠨ᠎ᠠ᠃ ᠤᠢ ᠰᠢᠭᠤᠶ ᠶᠢᠨ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ᠂ ᠤᠯᠤᠰ ᠤᠨ ᠥᠮᠴᠢᠯᠡᠯ ᠤᠨ ᠤᠢ ᠰᠢᠭᠤᠶ ᠶᠢᠨ ᠳᠠᠯᠠᠪᠠᠢ ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ ᠲᠤᠭᠤᠷᠪᠢᠨ ᠲᠣᠭᠲᠠᠭᠠᠬᠤ ᠶᠢᠨ ᠬᠠᠮᠲᠤ   ᠬᠢᠨᠠᠯᠲᠠ ᠲᠠᠯᠪᠢᠨ ᠬᠡᠷᠡᠭᠵᠢᠭᠦᠯᠦᠨ᠎ᠡ ᠃ ᠬᠥᠳᠡᠭᠡ ᠲᠣᠰᠬᠤᠨ ᠤ ᠤᠢ ᠰᠢᠭᠤᠶ ᠪᠠ ᠨᠤᠲᠤᠭ ᠪᠡᠯᠴᠢᠭᠡᠷ ᠢ ᠬᠥᠭᠵᠢᠭᠦᠯᠬᠦ᠂ ᠤᠢ ᠰᠢᠭᠤᠶ ᠪᠠ ᠨᠤᠲᠤᠭ ᠪᠡᠯᠴᠢᠭᠡᠷ ᠢ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠰᠢᠭᠤᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠴᠤ ᠲᠡᠭᠦᠨ ᠳᠤ ᠬᠢᠨᠠᠯᠲᠠ ᠲᠠᠯᠪᠢᠨ᠎ᠠ᠃ ᠲᠠᠷᠢᠶᠠᠯᠠᠬᠤ ᠶᠢ ᠵᠣᠭᠰᠣᠭᠠᠵᠤ ᠮᠠᠯᠵᠢᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠪᠠ ᠬᠤᠳᠠ ᠪᠠᠯᠭᠠᠰᠤᠨ ᠤ ᠲᠥᠯᠥᠪᠵᠢᠭᠦᠯᠭᠡ ᠶᠢᠨ ᠣᠷᠣᠨ ᠠᠴᠠ ᠭᠠᠳᠠᠨᠠᠬᠢ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠬᠤᠶᠠᠷ︶ ᠡᠷᠬᠡ ᠮᠡᠳᠡᠯ ᠤᠨ ᠬᠡᠪᠴᠢᠶᠡᠨ ᠳᠡᠭᠡᠨ ᠡᠳ᠋ ᠤᠨ ᠶᠠᠪᠤᠳᠠᠯ ᠤᠨ ᠠᠵᠢᠯ ᠢ ᠲᠥᠯᠥᠪᠯᠡᠨ᠎ᠡ᠃ ᠰᠠᠯᠠᠭ᠎ᠠ ᠮᠥᠴᠢᠷ ᠤᠨ ᠲᠥᠰᠦᠪ ᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠢ ᠰᠢᠭᠤᠶ ᠪᠠ ᠨᠤᠲᠤᠭ ᠪᠡᠯᠴᠢᠭᠡᠷ ᠤᠨ ᠪᠡᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ   ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠮᠡᠳᠡᠭᠦᠯᠦᠨ᠎ᠡ᠃ ᠤᠢ ᠰᠢᠭᠤᠶ ᠪᠣᠯᠤᠨ ᠨᠤᠲᠤᠭ ᠪᠡᠯᠴᠢᠭᠡᠷ  ᠤᠨ ᠠᠵᠤ ᠠᠬᠤᠶ ᠶᠢᠨ ᠲᠤᠬᠢᠷᠠᠭᠤᠯᠤᠯᠳᠠ ᠪᠣᠯᠤᠨ ᠪᠡᠯᠡ ᠣᠷᠣᠭᠤᠯᠤᠯᠲᠠ ᠶᠢᠨ ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ ᠂ ᠤᠢ ᠰᠢᠭᠤᠶ ᠪᠣᠯᠤᠨ ᠨᠤᠲᠤᠭ ᠪᠡᠯᠴᠢᠭᠡᠷ   ‍ᠦᠨ‌ᠠᠮᠢ ᠠᠬᠤᠶ ᠶᠢᠨ ᠨᠥᠬᠦᠪᠥᠷᠢ ᠥᠭᠬᠦ ᠠᠵᠢᠯ  ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠶ ᠪᠣᠯᠤᠨ ᠨᠤᠲᠤᠭ ᠪᠡᠯᠴᠢᠭᠡᠷ ‍ᠤᠨ‌ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢᠨ  ᠤᠨ ᠤᠨ ᠤ ᠦᠢᠯᠡᠳᠪᠦᠷᠢᠯᠡᠯ   ‍ᠤᠨ‌‍ᠲ᠋ᠥ᠋ᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃     ︵ᠠᠷᠪᠠᠨ ᠭᠤᠷᠪᠠ︶ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠠ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠯᠴᠠᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠶ ᠪᠣᠯᠤᠨ ᠲᠠᠯ᠎ᠠ ᠨᠤᠲᠤᠭ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃     ︵ᠠᠷᠪᠠᠨ ᠳᠥᠷᠪᠡ︶ ᠬᠤᠲᠠ ᠶᠢᠨ ᠬᠠᠷᠢᠶ᠎ᠠ ᠨᠠᠶᠢᠮᠡᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ     ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ   ᠪᠡᠶᠡᠯᠡᠭᠦᠯᠦᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ     ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠳᠣᠲᠣᠭᠠᠳᠤ ᠳᠠᠭᠠᠨ ᠰᠢᠪᠠᠳᠠᠨ ᠪᠠᠶᠢᠴᠠᠭᠠᠬᠤ  ᠂ ᠬᠤᠷᠠᠯ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠭ᠎ᠠ᠂ ᠮᠡᠳᠡᠭᠡ ᠵᠠᠩᠭᠢ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠤᠯᠠᠨ ᠲᠦᠮᠡᠨ ᠤ ᠪᠦᠯᠬᠦᠮ᠂ ᠤᠬᠠᠭᠤᠯᠭ᠎ᠠ᠂ ᠬᠠᠤᠯᠢ ᠲᠦᠷᠢᠮ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠺᠠᠲᠡᠷ ᠠᠵᠢᠯᠳᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠶᠢᠨ ᠴᠠᠯᠢᠩ ᠂ ᠬᠥᠮᠦᠵᠢᠯ ᠪᠣᠯᠪᠠᠰᠤᠷᠠᠭᠤᠯᠤᠯ᠂ ᠣᠨ ᠤ ᠬᠢᠨᠠᠨ ᠰᠢᠯᠭᠠᠯᠲᠠ ᠪᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠡᠭᠦᠷᠭᠡᠯᠡᠨ᠎ᠡ᠃ ᠤᠢ ᠰᠢᠭᠤᠶ ᠪᠣᠯᠤᠨ ᠲᠠᠯ᠎ᠠ ᠨᠤᠲᠤᠭ   ᠤᠨ ᠴᠢᠳᠠᠪᠤᠷᠢᠲᠠᠨ   ᠤ ᠡᠩᠨᠡᠭᠡᠨ  ᠤ ᠪᠠᠶᠢᠭᠤᠯᠤᠯᠲᠠ ᠶᠢᠨ ᠠᠵᠢᠯ   ᠢ ᠵᠢᠯᠣᠭᠤᠳᠤᠨ᠎ᠠ᠃     ︵ᠬᠤᠶᠠᠷ︶ ᠤᠢ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ  ᠲᠠᠰᠤᠭ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ᠂ ᠤᠢ ᠰᠢᠭᠤᠶ ᠶᠢᠨ ᠡᠵᠡᠩᠨᠡᠯᠲᠡ ᠶᠢᠨ ᠲᠥᠯᠥᠪᠵᠢᠭᠦᠯᠭᠡ ᠪᠣᠯᠤᠨ ᠤᠢ ᠰᠢᠭᠤᠶ ᠶᠢᠨ ᠡᠵᠡᠩᠨᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠡᠷᠬᠡ ᠮᠡᠳᠡᠯ ᠤᠨ ᠬᠡᠪᠴᠢᠶᠡᠨ ᠳᠠᠬᠢ ᠤᠢ ᠰᠢᠭᠤᠶ ᠶᠢᠨ ᠤᠢ ᠰᠢᠭᠤᠶ ᠶᠢ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠢ ᠮᠣᠳᠣ ᠶᠢ ᠭᠡᠷᠡᠴᠢ ᠲᠡᠮᠳᠡᠭ ᠢᠶᠠᠷ ᠣᠭᠲᠣᠯᠬᠤ᠂ ᠵᠥᠭᠡᠭᠡᠪᠦᠷᠢᠯᠡᠬᠦ ᠶᠠᠪᠤᠳᠠᠯ ᠳᠤ ᠬᠢᠨᠠᠯᠲᠠ ᠲᠠᠯᠪᠢᠬᠤ ᠪᠠ ᠲᠡᠭᠦᠨ ᠢ ᠭᠦᠢᠴᠡᠳᠬᠡᠬᠦ ᠠᠵᠢᠯ ᠢ ᠬᠠᠷᠢᠭᠤᠴᠠᠨ᠎ᠠ᠃ ᠣᠶ ᠰᠢᠭᠤᠶ ᠶᠢᠨ ᠡᠬᠢ ᠪᠠᠶᠠᠯᠢᠭ ᠢ ᠬᠥᠳᠡᠯᠦᠩᠭᠦᠶ ᠪᠠᠷ ᠬᠢᠨᠠᠨ ᠰᠢᠨᠵᠢᠬᠦ ᠪᠠ ᠦᠨᠡᠯᠡᠬᠦ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠶ ᠰᠢᠭᠤᠶ ᠶᠢᠨ ᠡᠬᠢ ᠪᠠᠶᠠᠯᠢᠭ ᠢ ᠬᠢᠨᠠᠨ ᠬᠠᠮᠢᠶᠠᠷᠴᠤ᠂ ᠣᠶᠢᠲᠤ ᠭᠠᠵᠠᠷ ᠤᠨ ᠬᠠᠮᠢᠶ᠎ᠠ ᠪᠥᠬᠦᠶ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠢ ᠰᠢᠭᠤᠶ ᠶᠢᠨ ᠠᠮᠢ ᠠᠬᠤᠶ ᠶᠢᠨ ᠨᠥᠬᠦᠪᠥᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠶ ᠶᠢᠨ ᠳᠠᠭᠠᠳᠬᠠᠯ᠂ ᠡᠬᠢ ᠪᠠᠶᠠᠯᠢᠭ ᠢ ᠪᠤᠶᠢᠵᠢᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠵᠢᠯᠣᠭᠤᠳᠤᠨ᠎ᠠ᠃ ᠤᠢ ᠰᠢᠭᠤᠶ ᠶᠢᠨ ᠶᠠᠪᠤᠳᠠᠯ ᠤᠨ ᠪᠠᠶᠢᠴᠠᠭᠠᠬᠤ ᠦᠷᠳᠡᠭᠡ ᠪᠠ ᠦᠨᠳᠦᠰᠦᠨ ᠱᠠᠲᠤᠨ ᠤ ᠤᠢ ᠰᠢᠭᠤᠶ ᠶᠢᠨ ᠠᠵᠢᠯ ᠤᠨ ᠦᠷᠳᠡᠭᠡ ᠶᠢᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ  ᠵᠢᠯᠣᠭᠤᠳᠤᠨ᠎ᠠ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ᠂ ᠨᠡᠶᠢᠲᠡ ᠶᠢᠨ ᠠᠰᠠᠷᠠᠮᠵᠢ ᠶᠢᠨ ᠤᠢ ᠶᠢᠨ ᠣᠷᠣᠨ ᠤ ᠬᠤᠪᠢᠶᠠᠷᠢᠯᠠᠯ ᠪᠠ ᠨᠡᠶᠢᠲᠡ ᠶᠢᠨ ᠠᠰᠠᠷᠠᠮᠵᠢ ᠶᠢᠨ ᠤᠢ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠦᠷᠢ ᠶᠢᠨ ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠶᠢ ᠲᠣᠭᠲᠠᠭᠠᠵᠤ᠂ ᠪᠦᠬᠦ ᠬᠤᠳᠠ ᠶᠢᠨ ᠬᠦᠷᠢ ᠶᠢᠨ ᠦᠢᠯᠡᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ  ᠦᠷᠨᠢᠭᠦᠯᠦᠨ᠎ᠡ᠃ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠰᠤᠷᠪᠤᠯᠵᠢᠲᠤ ᠬᠢᠵᠢᠭ ᠡᠪᠡᠳᠴᠢᠨ ᠢ ᠬᠢᠨᠠᠨ ᠬᠡᠮᠵᠢᠬᠦ ᠪᠠ ᠰᠡᠷᠭᠡᠶᠢᠯᠡᠨ ᠬᠢᠵᠠᠭᠠᠷᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠭᠤ ᠭᠠᠵᠠᠷ ᠢ ᠬᠠᠮᠠᠭᠠᠯᠠᠬᠤ ᠠᠵᠢᠯ ᠢ ᠵᠢᠯᠣᠭᠤᠳᠴᠤ᠂ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ᠂ ᠠᠮᠢ ᠠᠬᠤᠶ ᠶᠢ ᠨᠥᠬᠦᠪᠥᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠢᠬᠤᠯᠠ ᠴᠢᠭᠢᠭᠯᠢᠭ ᠭᠠᠵᠠᠷ ᠪᠠ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠡᠯ᠎ᠡ ᠲᠦᠷᠦᠯ ᠤᠨ ᠤᠯᠤᠰ ᠤᠨ ᠴᠡᠴᠡᠷᠯᠢᠭ ᠪᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠵᠤ ᠬᠠᠮᠢᠶᠠᠷᠤᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ ᠪᠤᠶᠢᠵᠢᠭᠤᠯᠬᠤ᠂ ᠡᠵᠡᠩᠨᠡᠨ ᠠᠰᠢᠭᠯᠠᠬᠤ ᠠᠵᠢᠯ ᠢ ᠬᠢᠨᠠᠨ ᠬᠠᠮᠢᠶᠠᠷᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠴᠦᠯ ᠤᠨ ᠪᠠᠶᠢᠴᠠᠭᠠᠯᠲᠠ᠂ ᠬᠥᠳᠡᠯᠦᠩᠭᠦᠶ ᠬᠢᠨᠠᠨ ᠬᠡᠮᠵᠢᠯᠲᠡ ᠬᠢᠭᠡᠳ ᠦᠨᠡᠯᠡᠯᠲᠡ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠢ ᠰᠢᠭᠤᠶ ᠶᠢᠨ ᠭᠤᠣᠯᠳᠠᠯᠭ᠎ᠠ ᠲᠠᠢ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠶᠡᠷᠦᠩᠬᠡᠶᠢᠯᠡᠨ ᠬᠠᠮᠢᠶᠠᠷᠴᠤ᠂ ᠮᠣᠳᠣ ᠲᠡᠷᠢᠵᠦ ᠣᠶᠢᠵᠢᠭᠤᠯᠬᠤ᠂ ᠠᠭᠤᠯᠠ ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ ᠪᠠ ᠡᠪᠡᠰᠦ ᠮᠣᠳᠣ ᠲᠡᠷᠢᠬᠤ ᠵᠡᠷᠭᠡ ᠠᠮᠢᠳᠤ ᠪᠣᠳᠠᠰ ᠤᠨ ᠠᠷᠭ᠎ᠠ ᠬᠡᠮᠵᠢᠶ᠎ᠡ ᠪᠠᠷ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ᠎ᠠ᠃ ᠨᠡᠭᠦᠷᠡᠰᠦᠲᠥ᠋ᠷᠥᠭᠴᠢ ᠶᠢ ᠬᠤᠷᠠᠭᠤᠯᠵᠤ ᠣᠶᠢᠵᠢᠭᠤᠯᠬᠤ ᠲᠥᠷᠥᠯ  ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠠᠮᠢᠶᠠᠷᠬᠤ ᠶᠢ ᠬᠠᠷᠢᠭᠤᠴᠠᠨ᠎ᠠ᠃ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ  ᠵᠤᠬᠢᠶᠠᠨ  ᠪᠠᠶᠢᠭᠤᠯᠤᠨ  ᠬᠡᠷᠡᠭᠵᠢᠭᠦᠯᠦᠨ᠎ᠡ᠃ ᠡᠯᠡᠰᠦᠨ ᠰᠢᠭᠤᠷᠭ᠎ᠠ ᠶᠢᠨ ᠭᠠᠮᠰᠢᠭ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ   ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠢ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠪᠠ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠠᠵᠢᠯ ᠢ ᠵᠢᠯᠣᠭᠤᠳᠤᠨ᠎ᠠ᠃ ᠡᠷᠲᠡᠨ ᠤ ᠮᠣᠳᠣ ᠨᠠᠷᠠᠲᠤ ᠮᠣᠳᠣ ᠶᠢ ᠬᠠᠮᠠᠭᠠᠯᠠᠬᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ ᠵᠠᠯᠠᠨ ᠠᠶᠢᠯ ᠬᠤᠲᠠ ᠶᠢᠨ ᠨᠣᠭᠤᠭᠠᠷᠠᠭᠤᠯᠤᠯᠲᠠ ᠶᠢᠨ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ᠭᠤᠷᠪᠠ︶ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠠᠰᠤᠭ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠵᠢᠯᠣᠭᠤᠳᠴᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠪᠡᠯᠴᠢᠭᠡᠷ ᠢ ᠥᠨᠵᠢᠭᠦᠯᠬᠦ᠂ ᠰᠡᠯᠭᠦᠨ ᠮᠠᠯᠵᠢᠬᠤ ᠠᠵᠢᠯ ᠢ ᠵᠢᠯᠣᠭᠤᠳᠴᠤ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠨ ᠵᠢᠯᠣᠭᠤᠳᠴᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠡᠪᠡᠳᠴᠢᠨ ᠵᠡᠷᠭᠡ ᠬᠥᠨᠥᠭᠡᠯᠲᠡᠶ ᠠᠮᠢᠳᠤ ᠪᠣᠳᠠᠰ ᠤᠨ ᠭᠠᠶ ᠭᠠᠮᠰᠢᠭ ᠢ ᠰᠡᠷᠭᠡᠶᠢᠯᠡᠬᠦ ᠪᠠ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠶᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠥᠳᠡᠯᠦᠩᠭᠦᠶ ᠪᠠᠶᠢᠳᠠᠯ ᠢ ᠬᠢᠨᠠᠨ ᠰᠢᠨᠵᠢᠬᠦ ᠪᠠ ᠦᠨᠡᠯᠡᠬᠦ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠢ ᠡᠪᠳᠡᠭᠰᠡᠨ ᠬᠦᠨᠳᠦ ᠶᠡᠭᠡ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃ ᠨᠤᠲᠤᠭ ᠪᠡᠯᠴᠢᠭᠡᠷ  ᠤᠨ ᠨᠡᠭᠡᠭᠡᠨ ᠠᠰᠢᠭᠯᠠᠯᠲᠠ  ᠳᠤ ᠬᠢᠨᠠᠯᠲᠠ ᠲᠠᠯᠪᠢᠨ ᠬᠠᠮᠢᠶᠠᠷᠴᠤ᠂ ᠨᠤᠲᠤᠭ ᠪᠡᠯᠴᠢᠭᠡᠷ  ᠤᠨ ᠴᠢᠳᠠᠮᠵᠢᠳᠤ ᠣᠷᠣᠨ  ᠢ ᠬᠤᠪᠢᠶᠠᠷᠢᠯᠠᠨ ᠲᠣᠭᠲᠠᠭᠠᠬᠤ ᠠᠵᠢᠯ  ᠢ ᠵᠣᠬᠢᠶᠠᠨ ᠪᠠᠶᠢᠭᠤᠯᠤᠨ  ᠦᠷᠨᠢᠭᠦᠯᠦᠨ᠎ᠡ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠨᠤᠲᠤᠭ ᠪᠡᠯᠴᠢᠭᠡᠷ ᠤᠨ ᠵᠢᠭᠤᠯᠴᠢᠯᠠᠯ  ᠤᠨ ᠬᠠᠮᠢᠶ᠎ᠠ ᠪᠥᠬᠦᠢ ᠠᠵᠢᠯ  ᠢ ᠬᠢᠨᠠᠨ ᠬᠠᠮᠢᠶᠠᠷᠤᠨ᠎ᠠ᠃ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠲᠦᠷᠪᠡ︶ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠪᠠ ᠦᠷ᠎ᠡ ᠶᠢᠨ ᠴᠢᠬᠢ ᠶᠢᠨ ᠬᠠᠮᠢᠶᠠᠷᠤᠯᠲᠠ ᠶᠢᠨ ᠲᠠᠰᠤᠭ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠠᠮᠢᠶ᠎ᠠ ᠪᠥᠬᠦᠶ ᠲᠥᠷᠥᠯ  ᠵᠦᠢᠯ ᠤᠨ ᠬᠠᠮᠢᠶᠠᠷᠤᠯᠲᠠ ᠶᠢᠨ ᠠᠵᠢᠯ  ᠢ  ᠬᠠᠷᠢᠭᠤᠴᠠᠨ᠎ᠠ᠃ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ  ᠵᠢᠯᠣᠭᠤᠳᠤᠨ᠎ᠠ᠃ᠡᠷᠬᠡ ᠮᠡᠳᠡᠯ ᠤᠨ ᠬᠡᠪᠴᠢᠶᠡᠨ ᠳᠣᠲᠣᠷᠠᠬᠢ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠪᠣᠯᠤᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠵᠢᠴᠢ ᠬᠥᠭᠵᠢᠯᠲᠡ ᠢ  ᠵᠢᠯᠣᠭᠤᠳᠤᠨ᠎ᠠ᠃ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠠᠵᠤ  ᠦᠢᠯᠡᠰ ᠤᠨ  ᠬᠦᠭᠵᠢᠯᠲᠡ  ᠶᠢᠨ  ᠠᠵᠢᠯ  ᠢ  ᠵᠢᠯᠣᠭᠤᠳᠤᠨ᠎ᠠ᠃ ᠤᠢ ᠮᠣᠳᠣᠨ  ᠤ ᠦᠷ᠎ᠡ᠂ ᠡᠪᠡᠰᠦᠨ ᠦᠷ᠎ᠡ  ᠶᠢᠨ ᠬᠠᠮᠢᠶᠠᠷᠤᠯᠲᠠ  ᠶᠢᠨ ᠠᠵᠢᠯ ᠢ‌ᠡᠭᠦᠷᠭᠡᠯᠡᠵᠦ᠂ ᠦᠷ᠎ᠡ ᠵᠢᠨ‌ᠡᠬᠢ ᠪᠠᠶᠠᠯᠢᠭ  ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠠᠰᠢᠭᠯᠠᠬᠤ ᠠᠵᠢᠯ  ᠢ ᠵᠣᠬᠢᠶᠠᠨ ᠪᠠᠶᠢᠭᠤᠯᠤᠨ᠎ᠠ᠃ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ ᠪᠠ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠤᠢ ᠮᠣᠳᠣᠨ ᠤ ᠦᠷ᠎ᠡ᠂ ᠡᠪᠡᠰᠦᠨ ᠦᠷ᠎ᠡ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠰᠠᠶᠢᠨ ᠡᠭᠦᠯᠳᠡᠷ  ᠤᠨ ᠰᠠᠭᠤᠷᠢᠨ ᠭᠠᠵᠠᠷ᠂ ᠪᠠᠲᠤᠯᠠᠭ᠎ᠠ  ᠶᠢᠨ ᠴᠢᠨᠠᠷᠲᠠᠶ ᠵᠤᠯᠵᠠᠭ᠎ᠠ ᠮᠣᠳᠣᠨ  ᠤ ᠬᠦᠷᠢᠶᠡᠯᠡᠩ  ᠤᠨ ᠪᠥᠳᠥᠭᠡᠨ ᠪᠠᠶᠢᠭᠤᠯᠤᠯᠲᠠ  ᠢ ᠵᠢᠯᠣᠭᠤᠳᠤᠨ᠎ᠠ᠃ ᠤᠢ ᠮᠣᠳᠣᠨ  ᠤ ᠦᠷ᠎ᠡ ᠪᠠ ᠵᠤᠯᠵᠠᠭ᠎ᠠ ᠮᠣᠳᠣ᠂ ᠡᠪᠡᠰᠦᠨ  ᠤ ᠦᠷ᠎ᠡ ᠶᠢᠨ ᠶᠠᠰᠤ ᠴᠢᠨᠠᠷ ᠪᠣᠯᠤᠨ ᠦᠢᠯᠡᠳᠪᠦᠷᠢᠯᠡᠵᠦ ᠡᠵᠡᠩᠨᠡᠬᠦ ᠥᠢᠯᠡ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃     ︵ᠲᠠᠪᠤ︶ ᠲᠥᠯᠥᠪᠯᠡᠭᠡᠲᠦ ᠡᠳ᠋ ᠤᠨ ᠶᠠᠪᠤᠳᠠᠯ ᠤᠨ   ᠲᠠᠰᠤᠭ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠳᠤᠮᠳᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ  ᠬᠢᠭᠡᠳ ᠣᠨ  ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠦᠨ᠎ᠡ᠃ᠤᠢ ᠰᠢᠭᠤᠶ ᠪᠣᠯᠤᠨ ᠨᠤᠲᠤᠭ ᠪᠡᠯᠴᠢᠭᠡᠷ  ᠤᠨ ᠪᠠᠷᠢᠯᠭ᠎ᠠ ᠵᠢᠨ‌‍ᠲ᠋ᠥ᠋ᠷᠥᠯ ᠵᠦᠢᠯ   ᠢ ᠬᠢᠨᠠᠨ ᠪᠠᠶᠢᠴᠠᠭᠠᠬᠤ᠂ ᠲᠥᠷᠥᠯ ᠵᠦᠢᠯ ᠲᠣᠭᠲᠠᠭᠠᠬᠤ᠂ ᠮᠡᠳᠡᠭᠦᠯᠬᠦ ᠠᠵᠢᠯ   ᠢ ᠡᠷᠬᠡ ᠮᠡᠳᠡᠯ   ᠤᠨ ᠶᠣᠰᠣᠭᠠᠷ ᠬᠠᠷᠢᠭᠤᠴᠠᠨ᠎ᠠ᠃ ᠣᠢ ᠰᠢᠭᠤᠶ ᠪᠠ ᠨᠤᠲᠤᠭ ᠪᠡᠯᠴᠢᠭᠡᠷ ᠤᠨ ᠪᠡᠯᠡ ᠮᠥᠩᠭᠦ ᠵᠢᠴᠢ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠪᠠ ᠵᠦᠢᠯᠡᠰ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠪᠡᠯᠡ ᠮᠥᠩᠭᠦ᠂ ᠤᠯᠤᠰ   ᠤᠨ ᠥᠮᠴᠢᠯᠡᠯᠳᠤ  ᠡᠳ᠋  ᠬᠥᠷᠥᠩᠭᠡ ᠶᠢᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠠᠮᠢ ᠠᠬᠤᠶ ᠪᠠᠷ ᠶᠠᠳᠠᠭᠤ ᠶᠢ ᠲᠡᠳᠬᠦᠬᠦ ᠪᠠ ᠬᠤᠯᠪᠣᠭᠳᠠᠯ ᠪᠦᠬᠦᠢ ᠠᠮᠢ ᠠᠬᠤᠶ ᠶᠢᠨ ᠨᠥᠬᠦᠪᠥᠷᠢ ᠶᠢᠨ ᠳᠦᠷᠢᠮ ᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠬᠤ ᠳᠤ ᠣᠷᠣᠯᠴᠠᠨ᠎ᠠ᠃ ᠡᠳ᠋ ᠤᠨ ᠶᠠᠪᠤᠳᠠᠯ ᠤᠨ ᠲᠥᠰᠦᠪ ᠪᠠ ᠲᠥᠰᠦᠪ ᠤᠨ  ᠭᠦᠢᠴᠡᠳᠭᠡᠯ᠂ ᠲᠤᠭ᠎ᠠ ᠪᠦᠷᠢᠳᠬᠡᠯ ᠤᠨ ᠮᠡᠳᠡᠭᠡ ᠵᠠᠩᠭᠢ᠂ ᠬᠢᠨᠠᠨ ᠪᠤᠳᠤᠵᠤ ᠮᠥᠷᠳᠡᠨ ᠪᠠᠶᠢᠴᠠᠭᠠᠬᠤ᠂ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠪᠠ ᠬᠠᠷᠢᠶ᠎ᠠ ᠨᠢᠭᠡᠴᠢ ᠶᠢᠨ ᠲᠥᠯᠥᠪᠯᠡᠭᠡ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠭᠠᠯ ᠰᠡᠷᠭᠡᠶᠢᠯᠡᠬᠦ ᠠᠶᠤᠯ ᠥᠭᠡᠢ ᠶᠢᠨ  ᠲᠠᠰᠤᠭ᠃ ᠬᠤᠲᠠ ᠶᠢᠨ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠷᠬᠡ ᠮᠡᠳᠡᠯ ᠤᠨ ᠣᠷᠣᠨ ᠪᠦᠰᠡ ᠶᠢᠨ ᠳᠣᠲᠣᠷᠠᠬᠢ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠡᠷᠬᠡ ᠮᠡᠳᠡᠯ ᠤᠨ ᠣᠷᠣᠨ ᠪᠦᠰᠡ ᠶᠢᠨ ᠳᠣᠲᠣᠷ᠎ᠠ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠡᠷᠬᠡ ᠮᠡᠳᠡᠯ ᠲᠠᠢ ᠣᠷᠣᠨ ᠪᠦᠰᠡ ᠶᠢᠨ ᠳᠣᠲᠣᠷᠠᠬᠢ ᠭᠠᠯ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠨ ᠰᠡᠶᠢᠳᠪᠤᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠶ ᠤᠳᠤᠷᠢᠳᠤᠯᠭ᠎ᠠ ᠶᠢᠨ ᠵᠢᠯᠣᠭᠤᠳᠣᠯᠭ᠎ᠠ ᠳᠣᠤᠷ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠳᠤ ᠬᠠᠮᠵᠢᠯᠴᠠᠨ᠎ᠠ᠃ ᠬᠤᠲᠠ ᠶᠢᠨ ᠬᠠᠷᠢᠶ᠎ᠠ ᠨᠠᠢᠮᠠᠨ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠠᠵᠢᠯ ᠲᠥᠷᠥᠯ ᠤᠨ ᠠᠶᠤᠯ ᠥᠬᠡᠶ  ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠯᠲᠠ ᠬᠠᠮᠢᠶᠠᠷᠤᠯᠲᠠ ᠶᠢ  ᠬᠠᠷᠢᠭᠤᠴᠠᠨ᠎ᠠ᠃ ᠬᠤᠲᠠ ᠶᠢᠨ ᠬᠠᠷᠢᠶ᠎ᠠ ᠨᠠᠢᠮᠠᠨ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠢ ᠵᠢᠯᠣᠭᠤᠳᠬᠤ᠂ ᠵᠣᠬᠢᠴᠠᠭᠤᠯᠬᠤ᠂ ᠰᠢᠮᠳᠠᠭᠤᠯᠤᠨ ᠪᠠᠶᠢᠴᠠᠭᠠᠬᠤ᠂ ᠪᠦᠷᠢᠳᠬᠡᠨ ᠵᠠᠳᠠᠯᠬᠤ ᠪᠠ ᠣᠶ ᠰᠢᠭᠤᠶ ᠶᠢᠨ ᠠᠵᠢᠯ ᠲᠥᠷᠥᠯ ᠤᠨ ᠠᠵᠢᠯ ᠡᠷᠭᠢᠯᠡᠭᠰᠡᠳ ᠤᠨ ᠠᠶᠤᠯ ᠥᠬᠡᠶ  ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ᠂ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃     ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠶᠠᠯᠦ ᠪᠠᠷᠠᠭᠤᠨ ᠵᠡᠭᠡᠯᠢ ᠶᠢᠨ 28 ᠳ᠋ᠤᠭᠠᠷ ᠨᠣᠮᠧᠷ    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3250104    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠷᠧᠨ ᠰᠢ ᠴᠢᠩ     ᠭᠤᠷᠪᠠ᠂ ᠬᠠᠷᠢᠶ᠎ᠠ ᠪᠠᠶᠢᠭᠤᠯᠤᠮᠵᠢ     ︵ᠨᠢᠭᠡ︶ ᠵᠠᠯᠠᠨ ᠬᠤᠲᠠ ᠶᠢᠨ ᠪᠠᠶᠢᠭᠠᠯᠢ ᠶᠢᠨ ᠣᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠪᠣᠯ ᠵᠠᠯᠠᠨ ᠠᠶᠢᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ  ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠠᠰ ᠲᠠᠢ ᠲᠡᠩᠴᠡᠨ᠎ᠡ᠃     ᠭᠤᠣᠯ ᠡᠭᠦᠷᠭᠡ ᠬᠠᠷᠢᠭᠤᠴᠠᠯᠭ᠎ᠠ᠄    1. ᠪᠠᠶᠢᠭᠠᠯᠢ ᠶᠢᠨ ᠤᠢ᠂ ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠠᠭᠠᠯᠠᠯᠲᠠ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠤᠢ᠂ ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠠᠭᠠᠯᠠᠯᠲᠠ ᠶᠢᠨ ᠠᠵᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    2. ᠪᠥᠬᠦ ᠬᠤᠲᠠ ᠶᠢᠨ ᠪᠠᠶᠢᠭᠠᠯᠢ ᠶᠢᠨ ᠣᠶ ᠶᠢᠨ ᠬᠠᠮᠠᠭᠠᠯᠠᠯᠲᠠ᠂ ᠨᠡᠶᠢᠲᠡ ᠶᠢᠨ ᠠᠰᠠᠷᠠᠮᠵᠢ ᠶᠢᠨ ᠣᠶ ᠶᠢᠨ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃    3. ᠤᠯᠤᠰ ᠤᠨ ᠥᠮᠴᠢᠯᠡᠯ ᠤᠨ ᠤᠢ ᠰᠢᠭᠤᠶ ᠶᠢᠨ ᠲᠡᠯᠡᠪᠡᠢ᠂ ᠤᠢ ᠰᠢᠭᠤᠶ ᠶᠢᠨ ᠠᠵᠤ ᠦᠢᠯᠡᠰ ᠤᠨ ᠬᠥᠭᠵᠢᠯᠲᠡ ᠶᠢᠨ ᠲᠧᠭᠨᠢᠭ ᠮᠡᠷᠭᠡᠵᠢᠯ ᠤᠨ ᠦᠢᠯᠡᠴᠢᠯᠡᠭᠡ ᠪᠠ ᠲᠧᠭᠨᠢᠭ ᠮᠡᠷᠭᠡᠵᠢᠯ ᠤᠨ ᠳᠡᠯᠭᠡᠷᠡᠭᠦᠯᠦᠯᠲᠡ ᠵᠡᠷᠭᠡ ᠠᠵᠢᠯ ᠢ ᠡᠭᠦᠷᠭᠡᠯᠡᠨ᠎ᠡ᠃    4. ᠤᠢ ᠰᠢᠭᠤᠶ ᠶᠢᠨ ᠲᠠᠯᠠᠪᠠᠢ ᠶᠢᠨ ᠠᠵᠢᠯᠳᠠᠨ ᠠᠵᠢᠯᠴᠢᠳ  ᠤᠨ ᠲᠤᠬᠠᠶᠢᠯᠠᠭᠰᠠᠨ ᠠᠵᠢᠯ   ᠤᠨ ᠪᠣᠯᠪᠠᠰᠤᠷᠠᠭᠤᠯᠤᠯ  ᠤᠨ ᠠᠵᠢᠯ  ᠢ ᠬᠠᠷᠢᠭᠤᠴᠠᠨ᠎ᠠ᠃    5. ᠪᠥᠬᠦ ᠬᠤᠲᠠ ᠶᠢᠨ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠬᠤ᠂ ᠠᠪᠤᠷᠠᠨ ᠲᠤᠰᠠᠯᠠᠵᠤ ᠦᠷᠡᠵᠢᠭᠦᠯᠦᠨ ᠪᠤᠶᠢᠵᠢᠭᠤᠯᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠲᠠᠢ ᠬᠢᠵᠢᠭ ᠡᠪᠡᠳᠴᠢᠨ ᠢ ᠬᠢᠨᠠᠨ ᠬᠡᠮᠵᠢᠬᠦ ᠵᠡᠷᠭᠡ ᠠᠵᠢᠯ ᠢ ᠡᠭᠦᠷᠭᠡᠯᠡᠨ᠎ᠡ᠃    6. ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃   ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠶᠠᠯᠦ ᠪᠠᠷᠠᠭᠤᠨ ᠵᠡᠭᠡᠯᠢ ᠶᠢᠨ 28 ᠳ᠋ᠤᠭᠠᠷ ᠨᠣᠮᠧᠷ    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3250101    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠯᠢ ᠰᠢᠶᠠᠩ ᠸᠡᠨ     ︵ᠬᠤᠶᠠᠷ︶ ᠵᠠᠯᠠᠨ ᠠᠶᠢᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠤᠶᠢᠯᠡᠰ ᠤᠨ ᠬᠥᠭᠵᠢᠯᠲᠡ ᠶᠢᠨ ᠲᠥᠪ ᠪᠣᠯ ᠵᠠᠯᠠᠨ ᠠᠶᠢᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ   ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭ᠎ᠠ ᠶᠢᠨ ᠲᠠᠰ ᠲᠠᠢ ᠲᠡᠩᠴᠡᠨ᠎ᠡ᠃    ᠭᠤᠣᠯ ᠡᠭᠦᠷᠭᠡ ᠬᠠᠷᠢᠭᠤᠴᠠᠯᠭ᠎ᠠ᠄     1.ᠤᠢ ᠰᠢᠭᠤᠶ ᠪᠣᠯᠤᠨ ᠨᠤᠲᠤᠭ ᠪᠡᠯᠴᠢᠭᠡᠷ ᠲᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ‍ᠤᠨ‌‍ᠲ᠋ᠣᠭᠲᠠᠭᠠᠯ ᠢ ᠤᠬᠠᠭᠤᠯᠤᠨ   ᠲᠤᠤᠱᠠᠯᠠᠭᠤᠯᠤᠨ᠎ᠠ᠃    2. ᠪᠥᠬᠦ ᠬᠤᠲᠠ ᠶᠢᠨ ᠣᠶ ᠰᠢᠭᠤᠶ᠂ ᠨᠤᠲᠤᠭ ᠪᠡᠯᠴᠢᠭᠡᠷ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠡᠭᠦᠷᠭᠡᠯᠡᠨ᠎ᠡ᠃    3. ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ᠂ ᠡᠩ ᠤᠨ ᠵᠡᠷᠭᠡ ᠮᠡᠷᠭᠡᠵᠢᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    4.ᠪᠥᠬᠦ ᠬᠤᠲᠠ ᠶᠢᠨ ᠣᠶ ᠰᠢᠭᠤᠶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠦᠷ᠎ᠡ ᠪᠠ ᠵᠤᠯᠵᠠᠭ᠎ᠠ ᠮᠣᠳᠣ᠂ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠵᠡᠷᠭᠡ ᠮᠡᠷᠭᠡᠵᠢᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    5. ᠪᠥᠬᠦ ᠬᠤᠲᠠ ᠶᠢᠨ ᠡᠪᠡᠰᠦ ᠪᠣᠷᠳᠤᠭ᠎ᠠ᠂ ᠲᠡᠵᠢᠭᠡᠯ ᠡᠪᠡᠰᠦᠨ ᠤ ᠦᠷ᠎ᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    6. ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠵᠢᠴᠢ ᠬᠠᠮᠢᠶ᠎ᠠ ᠪᠥᠬᠦᠶ ᠮᠡᠳᠡᠭᠡ ᠵᠠᠩᠭᠢ ᠶᠢ ᠴᠤᠭᠯᠠᠭᠤᠯᠤᠨ ᠳᠠᠮᠵᠢᠭᠤᠯᠬᠤ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃    7.ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃      ᠳᠣᠲᠤᠭᠠᠲᠤ  ᠪᠠᠶᠢᠭᠤᠯᠤᠮᠵᠢ    1. ᠬᠠᠮᠲᠤᠷᠠᠭᠰᠠᠨ ᠠᠯᠪᠠᠨ ᠭᠡᠷ᠃  ᠨᠢᠭᠡᠴᠢ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠬᠤᠷᠠᠯ ᠤᠨ ᠶᠠᠪᠤᠳᠠᠯ᠂  ᠺᠠᠲᠡᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠷᠤ ᠲᠠᠯ᠎ᠠ ᠶᠢᠨ   ᠦᠢᠯᠡᠴᠢᠯᠡᠭᠡᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠵᠢᠴᠢ ᠬᠠᠮᠢᠶ᠎ᠠ ᠪᠥᠬᠦᠶ ᠮᠡᠳᠡᠭᠡ ᠵᠠᠩᠭᠢ ᠶᠢ ᠴᠤᠭᠯᠠᠭᠤᠯᠤᠨ ᠳᠠᠮᠵᠢᠭᠤᠯᠬᠤ᠂ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠵᠡᠷᠭᠡ ᠠᠵᠢᠯ ᠢ ᠡᠭᠦᠷᠭᠡᠯᠡᠨ᠎ᠡ︔ ᠪᠦᠬᠦ ᠬᠤᠲᠠ ᠶᠢᠨ ᠣᠢ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ ᠴᠢᠮᠡᠭᠡᠯᠡᠭᠴᠢᠳ ᠤᠨ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ  ᠢ  ᠡᠭᠦᠷᠭᠡᠯᠡᠨ᠎ᠡ᠃    2. ᠤᠢ ᠰᠢᠭᠤᠶ ᠶᠢᠨ ᠠᠵᠢᠯ ᠤᠨ ᠠᠯᠪᠠᠨ ᠬᠡᠷ᠃ ᠪᠦᠬᠦ ᠬᠤᠳᠠ ᠶᠢᠨ ᠤᠢ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠪᠠ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠣᠶ ᠰᠢᠭᠤᠶ ᠶᠢᠨ ᠳᠠᠭᠠᠳᠬᠠᠯ ᠤᠨ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ︔ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ ᠵᠡᠷᠭᠡ ᠤᠢ ᠰᠢᠭᠤᠶ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠮᠡᠷᠭᠡᠵᠢᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠠᠮᠢ ᠠᠬᠤᠶ ᠶᠢᠨ ᠣᠶ ᠬᠠᠮᠠᠭᠠᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠬᠠᠮᠵᠢᠨ ᠥᠷᠨᠢᠭᠦᠯᠦᠨ᠎ᠡ︔ ᠰᠢᠭᠤᠶᠢᠲᠤ ᠭᠠᠵᠠᠷ ᠤᠨ ᠤᠢ ᠮᠣᠳᠣᠨ ᠤ ᠡᠷᠬᠡ ᠶᠢᠨ ᠲᠤᠬᠠᠶ ᠮᠠᠷᠭᠤᠯᠳᠤᠭᠠᠨ ᠢ ᠬᠠᠮᠵᠢᠨ  ᠡᠶᠡᠳᠡᠭᠦᠯᠦᠨ᠎ᠡ᠃    3 . ᠨᠤᠲᠤᠭ ᠪᠡᠯᠴᠢᠭᠡᠷ  ᠤᠨ  ᠠᠵᠢᠯ ‍ᠤᠨ‌ᠠᠯᠪᠠᠨ ᠭᠡᠷ᠃ ᠪᠦᠬᠦ ᠬᠤᠳᠠ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠳᠦᠭᠡᠨ ᠪᠠᠶᠢᠭᠤᠯᠤᠯᠲᠠ᠂ ᠵᠦᠢ ᠵᠣᠬᠢᠰᠲᠠᠶ ᠠᠰᠢᠭᠯᠠᠯᠲᠠ ᠶᠢᠨ ᠲᠧᠭᠨᠢᠭ ᠮᠡᠷᠭᠡᠵᠢᠯ ᠤᠨ ᠳᠡᠯᠭᠡᠷᠡᠭᠦᠯᠦᠯᠲᠡ ᠪᠠ ᠲᠧᠭᠨᠢᠭ ᠮᠡᠷᠭᠡᠵᠢᠯ ᠤᠨ ᠵᠢᠯᠤᠭᠤᠳᠤᠯᠭ᠎ᠠ ᠶᠢᠨ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠵᠢᠴᠢ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠠᠵᠢᠯ ᠢ ᠥᠷᠨᠢᠭᠦᠯᠦᠨ᠎ᠡ︔ ᠨᠤᠲᠤᠭ ᠪᠡᠯᠴᠢᠭᠡᠷ ᠤᠨ ᠠᠮᠢ ᠠᠬᠤᠶ ᠶᠢ ᠬᠢᠨᠠᠨ ᠬᠡᠮᠵᠢᠬᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠨᠡᠷᠡᠰ ᠤᠨ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ᠂ ᠡᠪᠡᠰᠦᠨ ᠤ ᠠᠵᠤ ᠦᠢᠯᠡᠰ ᠤᠨ ᠮᠡᠷᠭᠡᠵᠢᠯ ᠳᠡᠯᠭᠡᠷᠡᠭᠦᠯᠬᠦ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠡᠪᠡᠰᠦ ᠪᠣᠷᠳᠤᠭ᠎ᠠ᠂ ᠲᠡᠵᠢᠭᠡᠯ ᠡᠪᠡᠰᠦᠨ ᠤ ᠦᠷ᠎ᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃     4. ᠵᠤᠯᠵᠠᠭ᠎ᠠ ᠮᠣᠳᠣ ᠤ ᠠᠵᠢᠯ ᠤᠨ ᠠᠯᠪᠠᠨ ᠭᠡᠷ᠃ ᠪᠥᠬᠦ ᠬᠤᠲᠠ ᠶᠢᠨ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣ ᠶᠢ ᠪᠤᠶᠢᠵᠢᠭᠤᠯᠬᠤ᠂ ᠣᠶ ᠮᠣᠳᠣᠨ ᠤ ᠦᠷ᠎ᠡ ᠴᠤᠭᠯᠠᠭᠤᠯᠬᠤ ᠪᠠ ᠰᠣᠩᠭᠤᠨ ᠪᠤᠶᠢᠵᠢᠭᠤᠯᠬᠤ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠳᠤ ᠮᠡᠷᠭᠡᠵᠢᠯ ᠤᠨ ᠵᠢᠯᠣᠭᠤᠳᠣᠯᠭ᠎ᠠ ᠪᠠ ᠮᠡᠷᠭᠡᠵᠢᠯ ᠤᠨ ᠪᠣᠯᠪᠠᠰᠤᠷᠠᠭᠤᠯᠤᠯ ᠬᠢᠨ᠎ᠠ︔ ᠦᠷ᠎ᠡ ᠪᠠ ᠵᠤᠯᠵᠠᠭ᠎ᠠ ᠮᠣᠳᠣᠨ ᠤ ᠰᠢᠨ᠎ᠡ ᠮᠡᠷᠭᠡᠵᠢᠯ ᠢ ᠰᠤᠳᠤᠯᠬᠤ᠂ ᠣᠷᠣᠭᠤᠯᠵᠤ ᠢᠷᠡᠬᠦ᠂ ᠳᠡᠯᠭᠡᠷᠡᠭᠦᠯᠬᠦ ᠪᠠ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃     5. ᠬᠥᠨᠥᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠯᠪᠠᠨ ᠬᠡᠷ᠃ ᠪᠥᠬᠦ ᠬᠤᠲᠠ ᠶᠢᠨ ᠣᠶ ᠰᠢᠭᠤᠶ ᠡᠪᠡᠰᠦᠨ ᠤ ᠡᠪᠡᠳᠴᠢᠨ᠂ ᠬᠤᠷᠣᠬᠠᠶ᠂ ᠬᠤᠯᠤᠭᠠᠨ᠎ᠠ᠂ ᠬᠤᠤᠷ ᠵᠡᠷᠭᠡ ᠶᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠵᠢᠴᠢ ᠰᠡᠷᠭᠡᠶᠢᠯᠡᠨ ᠵᠠᠰᠠᠬᠤ ᠠᠵᠢᠯ ᠢ ᠡᠭᠦᠷᠭᠡᠯᠡᠨ᠎ᠡ︔ ᠭᠠᠳᠠᠨ᠎ᠠ ᠠᠴᠠ ᠢᠷᠡᠭᠰᠡᠨ ᠬᠦᠨᠳᠦ ᠶᠡᠭᠡ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠥᠰᠦᠯ ᠢ ᠬᠡᠷᠡᠭᠵᠢᠭᠦᠯᠬᠦ ᠳᠤ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠦᠷ᠎ᠡ ᠪᠠ ᠵᠤᠯᠵᠠᠭ᠎ᠠ ᠮᠣᠳᠣᠨ ᠤ ᠬᠥᠨᠥᠭᠡᠯᠲᠡᠶ ᠠᠮᠢᠳᠤ ᠪᠣᠳᠠᠰ ᠤᠨ ᠬᠢᠵᠢᠭ ᠢ ᠪᠠᠶᠢᠴᠠᠭᠠᠵᠤ ᠰᠢᠯᠭᠠᠨ ᠪᠠᠶᠢᠴᠠᠭᠠᠬᠤ᠂ ᠮᠠᠭᠠᠳᠯᠠᠨ ᠲᠣᠭᠲᠠᠭᠠᠬᠤ᠂ ᠮᠥᠷᠳᠡᠬᠦ᠂ ᠨᠡᠬᠡᠮᠵᠢᠯᠡᠬᠦ ᠵᠡᠷᠭᠡ ᠠᠵᠢᠯ ᠢ ᠡᠭᠦᠷᠭᠡᠯᠡᠨ᠎ᠡ︔ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠮᠡᠷᠭᠡᠵᠢᠯ ᠤᠨ ᠪᠣᠯᠪᠠᠰᠤᠷᠠᠭᠤᠯᠤᠯ᠂ ᠳᠡᠯᠭᠡᠷᠡᠭᠦᠯᠦᠯᠲᠡ ᠪᠠ ᠬᠡᠷᠡᠭᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠶᠠᠯᠦ ᠪᠠᠷᠠᠭᠤᠨ ᠵᠡᠭᠡᠯᠢ ᠶᠢᠨ 28 ᠳ᠋ᠤᠭᠠᠷ ᠨᠣᠮᠧᠷ    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3250789    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠵᠠᠩ ᠴᠢ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ