ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/10/13
    ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠨᠠᠮ ᠤᠨ ᠬᠤᠷᠢᠶ᠎ᠠ ᠪᠣᠯ ᠬᠠᠷᠢᠶ᠎ᠠ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠤᠳᠤᠷᠢᠳᠬᠤ ᠪᠠᠶᠢᠭᠤᠯᠭ᠎ᠠ ᠪᠣᠯᠤᠨ᠎ᠠ ᠂ ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠵᠣᠬᠢᠶᠠᠨ ᠪᠠᠶᠢᠭᠤᠯᠤᠯᠲᠠ᠂ ᠵᠢᠩᠬᠢᠨᠢ ᠰᠠᠯᠠᠭᠠᠨ ᠤ ᠳᠡᠰ ᠤᠨ ᠵᠠᠰᠠᠭ ᠤᠨ ᠣᠷᠳᠣᠨ ᠪᠣᠯᠤᠨ᠎ᠠ᠃    ᠨᠢᠭᠡ᠂ ᠭᠤᠤᠯ ᠡᠭᠦᠷᠭᠡ ᠬᠠᠷᠢᠭᠤᠴᠠᠯᠭ᠎ᠠ     ︵ᠨᠢᠭᠡ︶ ᠲᠠᠷᠢᠶᠠᠯᠠᠬᠤ ᠮᠠᠯᠵᠢᠬᠤ ᠣᠷᠣᠨ  ᠤ ᠰᠢᠭᠤᠶᠢᠲᠤ ᠣᠷᠣᠨ ᠲᠠᠬᠢ ᠨᠠᠮ ᠪᠣᠯᠤᠨ ᠤᠯᠤᠰ  ᠤᠨ ᠡᠯ᠎ᠡ ᠵᠦᠢᠯ ‍ᠤᠨ‌ᠣᠨ ᠴᠢᠭᠯᠡᠯᠲᠡ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ᠂ ᠳᠡᠭᠡᠳᠦ ᠱᠠᠲᠤᠨ  ᠤ ᠨᠠᠮ  ᠤᠨ ᠬᠤᠷᠢᠶ᠎ᠠ᠂ ᠵᠠᠰᠠᠭ  ᠤᠨ ᠣᠷᠳᠣᠨ  ᠤ ᠠᠵᠢᠯ  ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠵᠠᠰᠠᠭ  ᠤᠨ ᠣᠷᠳᠣᠨ  ᠤ ᠠᠵᠢᠯ  ᠤᠨ ᠲᠤᠬᠠᠶ ᠲᠤᠰ ᠱᠠᠲᠤᠨ  ᠤ ᠨᠠᠮ  ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ  ᠤᠨ  ᠰᠢᠢᠳᠪᠦᠷᠢᠲᠦ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃    ︵ᠬᠤᠶᠠᠷ︶ ᠲᠠᠷᠢᠶᠠᠯᠠᠩ ᠮᠠᠯ ᠠᠵᠤ ᠠᠬᠤᠶ ᠤᠢ ᠰᠢᠭᠤᠶ  ᠶᠢᠨ ᠠᠵᠤ ᠠᠬᠤᠶ  ᠶᠢᠨ ᠠᠵᠢᠯ  ᠤᠨ ᠬᠠᠮᠢᠶᠠᠷᠤᠯᠲᠠ ᠪᠣᠯᠤᠨ ᠵᠣᠬᠢᠶᠠᠨ ᠪᠠᠶᠢᠭᠤᠯᠤᠨ ᠵᠣᠬᠢᠴᠠᠭᠤᠯᠬᠤ  ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ  ᠶᠢᠨ ᠪᠦᠲᠦᠴᠡ  ᠶᠢᠨ ᠲᠤᠬᠢᠷᠠᠭᠤᠯᠤᠯᠳᠠ  ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ  ᠶᠢᠨ ᠠᠵᠤ ᠦᠢᠯᠡᠰᠵᠢᠯᠲᠡ  ᠶᠢᠨ ᠠᠬᠢᠴᠠ ᠶᠢ ᠲᠦᠷᠭᠡᠳᠬᠡᠨ᠂ ᠲᠠᠷᠢᠶᠠᠯᠠᠬᠤ ᠮᠠᠯᠵᠢᠬᠤ ᠣᠷᠣᠨ  ᠤ ᠤᠢ ᠰᠢᠭᠤᠶ ᠶᠢᠨ ᠣᠷᠣᠨ  ᠤ ᠬᠥᠳᠡᠯᠮᠦᠷᠢ ᠬᠦᠴᠦᠨ  ᠤ ᠬᠤᠲᠠ ᠪᠠᠯᠭᠠᠰᠤ ᠪᠣᠯᠤᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠲᠡᠰᠢ ᠰᠢᠯᠵᠢᠬᠦ  ᠶᠢ ᠬᠥᠲᠥᠯᠥᠨ ᠵᠢᠯᠣᠭᠤᠳᠴᠤ᠂ ᠨᠡᠶᠢᠭᠡᠮ ᠵᠢᠷᠤᠮ  ᠤᠨ ᠰᠢᠨ᠎ᠡ ᠬᠥᠳᠡᠭᠡ ᠲᠣᠰᠬᠤᠨ  ᠤ ᠪᠥᠳᠥᠭᠡᠨ ᠪᠠᠶᠢᠭᠤᠯᠤᠯᠲᠠ ᠶᠢ ᠬᠥᠲᠥᠯᠥᠨ ᠵᠢᠯᠣᠭᠤᠳᠬᠤ ᠪᠠ ᠲᠥᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ  ᠤ ᠤᠢ ᠰᠢᠭᠤᠶ  ᠶᠢᠨ ᠣᠷᠣᠨ ᠤ ᠠᠵᠤ ᠠᠬᠤᠶ  ᠶᠢᠨ ᠡᠷᠡᠭᠦᠯ ᠢᠶᠠᠷ ᠬᠦᠭᠵᠢᠬᠦ  ᠵᠢ‌ᠠᠬᠢᠭᠤᠯᠬᠤ ᠬᠡᠷᠡᠭᠲᠡᠶ᠃     ︵ᠭᠤᠷᠪᠠ︶ ᠤᠯᠤᠰ ᠤᠨ ᠥᠮᠴᠢᠯᠡᠯ ᠤᠨ ᠪᠠ ᠬᠠᠮᠲᠤ ᠶᠢᠨ ᠥᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠵᠤ᠂ ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ ᠶᠣᠰᠣᠨ ᠤ ᠡᠳ᠋ ᠬᠦᠷᠦᠩᠭᠡ ᠶᠢ ᠬᠠᠮᠠᠭᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠨᠡᠶᠢᠭᠡᠮ ᠤᠨ ᠡᠮᠬᠢ ᠵᠢᠷᠤᠮ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠷᠠᠳ ᠢᠷᠭᠡᠨ ᠤ ᠪᠡᠶ᠎ᠡ ᠶᠢᠨ ᠡᠷᠬᠡ᠂ ᠠᠷᠠᠳᠴᠢᠯᠠᠯ ᠤᠨ ᠡᠷᠬᠡ ᠪᠠ ᠪᠤᠰᠤᠳ ᠡᠷᠬᠡ ᠶᠢ ᠪᠠᠲᠤᠯᠠᠨ᠎ᠠ᠃     ︵ᠳᠥᠷᠪᠡ︶ ᠮᠠᠯᠴᠢᠨ ᠲᠠᠷᠢᠶᠠᠴᠢᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠮᠡᠳᠡᠭᠡ ᠵᠠᠩᠭᠢ ᠶᠢᠨ ᠦᠢᠯᠡᠴᠢᠯᠡᠭᠡ᠂ ᠠᠵᠢᠯ ᠣᠯᠭᠤᠯᠲᠠ ᠶᠢᠨ ᠦᠢᠯᠡᠴᠢᠯᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠰᠣᠶᠣᠯ᠂ ᠪᠡᠶ᠎ᠡ ᠶᠢᠨ ᠲᠠᠮᠢᠷ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠥᠷᠨᠢᠭᠦᠯᠦᠨ᠎ᠡ︔ ᠮᠠᠯᠴᠢᠨ ᠲᠠᠷᠢᠶᠠᠴᠢᠳ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ  ᠦᠢᠯᠡᠰ  ᠤᠨ ᠬᠥᠭᠵᠢᠯᠲᠡ ᠶᠢ ᠠᠬᠢᠭᠤᠯᠤᠨ᠎ᠠ᠃    ︵ᠲᠠᠪᠤ︶ ︽ᠭᠠᠴᠠᠭᠠᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠵᠢᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠴᠠᠭ᠎ᠠ᠂ ᠨᠡᠶᠢᠭᠡᠮ ᠲᠣᠭᠤᠷᠢᠭ ᠤᠨ ᠠᠵᠢᠯ ᠤᠨ ᠲᠤᠬᠠᠶ ᠵᠢᠯᠤᠭᠤᠳᠤᠯᠭ᠎ᠠ ᠪᠠᠨ ᠴᠢᠩᠭᠠᠳᠬᠠᠵᠤ᠂ ᠭᠠᠴᠠᠭᠠᠨ ᠤ ᠠᠷᠠᠳ ᠤᠨ ᠵᠥᠪᠯᠡᠯ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠪᠠ ᠲᠠᠷᠢᠶᠠᠴᠢᠨ ᠮᠠᠯᠴᠢᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠥᠪᠡᠷ ᠢ ᠪᠠᠨ ᠬᠠᠮᠢᠶᠠᠷᠴᠤ ᠥᠪᠡᠷ ᠲᠡᠭᠡᠨ ᠦᠢᠯᠡᠴᠢᠯᠡᠬᠦ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠪᠠ ᠪᠦᠲᠦᠭᠡᠯᠴᠢ ᠴᠢᠨᠠᠷ ᠢ  ᠳᠠᠶᠢᠴᠢᠯᠠᠨ᠎ᠠ᠃    ︵ᠵᠢᠷᠭᠤᠭ᠎ᠠ︶ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠦᠢᠯᠡᠴᠢᠯᠡᠭᠡ ᠶᠢ ᠰᠠᠶᠢᠵᠢᠷᠠᠭᠤᠯᠤᠨ ᠰᠢᠯᠢᠳᠡᠭᠵᠢᠭᠦᠯᠦᠨ᠎ᠡ᠃    ︵ᠲᠤᠯᠤᠭ᠎ᠠ︶ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠳ ᠯᠦᠭᠡ ᠶᠢᠨ ᠬᠠᠷᠢᠴᠠᠭ᠎ᠠ ᠪᠠᠨ ᠵᠣᠬᠢᠴᠠᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠡᠯ᠎ᠡ ᠵᠦᠢᠯ ᠤᠨ ᠠᠵᠢᠯ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃    ︵ᠨᠠᠢᠮᠠ︶ ᠳᠡᠭᠡᠳᠦ ᠱᠠᠲᠤᠨ ᠤ ᠵᠠᠰᠠᠭ ᠤᠨ ᠣᠷᠳᠣᠨ᠂ ᠠᠳᠠᠯᠢ ᠱᠠᠲᠤᠨ ᠤ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠠᠵᠢᠯ ᠤᠳ ᠢ ᠭᠦᠢᠴᠡᠳᠬᠡᠨ᠎ᠡ᠃     ᠬᠤᠶᠠᠷ᠂ ᠳᠣᠲᠣᠭᠠᠳᠤ ᠪᠠᠶᠢᠭᠤᠯᠤᠮᠵᠢ    ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ  ᠠᠵᠢᠯ  ᠢ  ᠬᠠᠷᠢᠭᠤᠴᠠᠨ᠎ᠠ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠰᠢᠢᠳᠪᠦᠷᠢᠲᠦ ᠪᠣᠳᠣᠯᠭ᠎ᠠ ᠶᠢᠨ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ᠃ ᠵᠠᠰᠠᠭ ᠤᠨ ᠶᠠᠪᠤᠳᠠᠯ ᠢ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ ᠢ ᠬᠠᠮᠢᠶᠠᠷᠬᠤ ᠠᠵᠢᠯ ᠢ ᠬᠠᠷᠢᠭᠤᠴᠠᠨ᠎ᠠ︔ ᠠᠵᠢᠯ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃    ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ  ᠬᠠᠷᠢᠭᠤᠴᠠᠨ᠎ᠠ᠃ ᠰᠤᠷᠲᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃     ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠢ‌ᠬᠠᠷᠢᠭᠤᠴᠠᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ᠂ ᠠᠵᠤ  ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ᠂  ᠦᠢᠯᠡᠴᠢᠯᠡᠭᠡᠨ ᠤ  ᠦᠢᠯᠡᠰ ᠵᠡᠷᠭᠡ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃     ︵ᠳᠥᠷᠪᠡ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠲᠥᠯᠥᠪᠯᠡᠭᠡᠲᠦ ᠦᠷᠡᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ ᠤᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃      ︵ᠲᠠᠪᠤ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ ᠤᠨ ᠵᠡᠪᠰᠡᠭᠲᠦ ᠬᠦᠴᠦᠨ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ᠃ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ᠃ ᠠᠮᠦᠷ ᠲᠠᠶᠢᠪᠤᠩ ᠢ ᠡᠭᠦᠳᠦᠨ ᠪᠠᠶᠢᠭᠤᠯᠬᠤ᠂ ᠲᠣᠤᠷᠵᠢᠭᠤᠯᠤᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃     ︵ᠵᠢᠷᠭᠤᠭ᠎ᠠ︶ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ᠃ ᠬᠠᠷᠢᠶᠠᠲᠤ ᠣᠷᠣᠨ ᠤ ᠳᠣᠲᠣᠷᠠᠬᠢ ᠪᠠᠯᠭᠠᠰᠤᠨ ᠤ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠢᠵᠢᠭ ᠲᠣᠭᠤᠷᠢᠭ ᠤᠨ ᠠᠳᠠᠯ ᠠᠬᠤᠶ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ ︔ ᠰᠢᠶᠠᠩ ᠪᠠᠯᠭᠠᠰᠤᠨ ᠤ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠢ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠶᠠᠲᠤ ᠣᠷᠣᠨ ᠤ ᠪᠠᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠪᠠ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠥᠬᠦᠶ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠬᠠᠷᠢᠶᠠᠲᠤ ᠣᠷᠣᠨ ᠤ ᠳᠣᠲᠣᠷᠠᠬᠢ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ ᠪᠠ ᠬᠠᠷᠢᠶᠠᠲᠤ ᠣᠷᠣᠨ ᠤ ᠳᠣᠲᠣᠷᠠᠬᠢ ᠪᠠᠷᠢᠯᠭ᠎ᠠ ᠶᠢᠨ ᠲᠥᠷᠥᠯ  ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ︔ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠵᠢᠵᠢᠭ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃     ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠲᠥᠪ ᠵᠡᠭᠡᠯᠢ    ᠰᠢᠦᠳᠠᠨ ᠳ᠋ᠤᠭᠠᠷ᠄ 162677    ᠰᠦᠯᠵᠢᠶᠡᠨ ᠤ ᠬᠠᠶ᠋ᠢᠭ᠄ https://www.zhalantun.gov.cn/    ᠠᠵᠢᠯ ᠤᠨ ᠤᠲᠠᠰᠤ᠄ 0470 — 3858106    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠶᠢᠨ ᠬᠤᠤ ᠴᠢᠶᠠᠩ     ᠭᠤᠷᠪᠠ᠂ ᠬᠠᠷᠢᠶ᠎ᠠ ᠪᠠᠶᠢᠭᠤᠯᠤᠮᠵᠢ    ︵ᠨᠢᠭᠡ︶ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ    1᠂  ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠣᠯ ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠰᠠᠯᠠᠭᠠᠨ ᠤ ᠳᠡᠰ ᠤᠨ ᠠᠵᠢᠯ ᠦᠢᠯᠡᠰ ᠤᠨ  ᠨᠢᠭᠡᠴᠢ ᠳᠤ ᠬᠠᠷᠢᠶᠠᠯᠠᠭᠳᠠᠨ᠎ᠠ᠃     2᠂ ᠭᠤᠣᠯ ᠡᠭᠦᠷᠭᠡ ᠬᠠᠷᠢᠭᠤᠴᠠᠯᠭ᠎ᠠ    ︵1︶ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠵᠦᠢᠯᠡᠰ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂  ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ ᠃    ︵2︶ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ ᠪᠠ ᠲᠡᠭᠦᠨ ᠳᠤ ᠦᠢᠯᠡᠴᠢᠯᠡᠬᠦ ᠶᠢ ᠬᠠᠷᠢᠭᠤᠴᠠᠨ᠎ᠠ ᠃    ︵3︶ ᠨᠠᠮ ᠪᠠ ᠤᠯᠠᠨ ᠲᠦᠮᠡᠨ ᠤ ᠡᠯ᠎ᠡ ᠲᠦᠷᠦᠯ ᠤᠨ ᠠᠵᠢᠯᠯᠠᠭᠠᠨ ᠤ ᠲᠠᠯᠠᠪᠤᠷ ᠲᠤ ᠦᠢᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ  ᠃    ︵4︶ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ ᠃    ︵5︶ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    ︵6︶ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ ᠃    ︵7︶ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃    ︵8︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃     ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠲᠥᠪ ᠵᠡᠭᠡᠯᠢ    ᠰᠢᠦᠳᠠᠨ ᠳ᠋ᠤᠭᠠᠷ᠄ 162677    ᠰᠦᠯᠵᠢᠶᠡᠨ ᠤ ᠬᠠᠶ᠋ᠢᠭ᠄ https://www.zhalantun.gov.cn/    ᠠᠵᠢᠯ ᠤᠨ ᠤᠲᠠᠰᠤ᠄ 0470 — 3858106    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠶᠠᠩ ᠬᠥ᠋ ᠹᠸᠡᠭ    ︵ᠬᠤᠶᠠᠷ︶ ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠳᠡᠯᠭᠡᠷᠡᠭᠦᠯᠬᠦ ᠲᠥᠪ    1᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠪᠣᠯ ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠰᠠᠯᠠᠭᠠᠨ ᠤ ᠳᠡᠰ ᠲᠠᠢ ᠲᠡᠩᠴᠡᠬᠦ ᠠᠵᠢᠯ ᠦᠢᠯᠡᠰ ᠤᠨ  ᠨᠢᠭᠡᠴᠢ ᠳᠤ ᠬᠠᠷᠢᠶᠠᠯᠠᠭᠳᠠᠨ᠎ᠠ᠃     2᠂ ᠭᠤᠣᠯ ᠡᠭᠦᠷᠭᠡ ᠬᠠᠷᠢᠭᠤᠴᠠᠯᠭ᠎ᠠ    ︵1︶ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠬᠤ ᠶᠢ ᠬᠠᠷᠢᠭᠤᠴᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠲᠠᠷᠢᠶᠠᠯᠠᠩ᠂ ᠣᠶ ᠰᠢᠭᠤᠶ᠂ ᠡᠪᠡᠰᠦ ᠪᠡᠯᠴᠢᠭᠡᠷ᠂ ᠮᠠᠯ ᠠᠵᠤ ᠠᠬᠤᠶ᠂ ᠤᠰᠤ ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠤᠯᠢ ᠶᠣᠰᠣᠭᠠᠷ ᠬᠢᠨ᠎ᠠ︔    ︵2︶ ᠪᠣᠬᠢᠷᠲᠤᠯ ᠥᠬᠡᠶ᠂ ᠣᠷᠭᠠᠨᠢᠭ᠂ ᠨᠡᠶᠢᠲᠡ ᠶᠢᠨ ᠬᠥᠨᠥᠭᠡᠯ ᠥᠬᠡᠶ᠂ ᠭᠠᠵᠠᠷ ᠵᠦᠶ ᠶᠢᠨ ᠲᠡᠮᠳᠡᠭ ᠵᠡᠷᠭᠡ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠰᠠᠭᠤᠷᠢᠨ ᠭᠠᠵᠠᠷ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ᠂ ᠪᠣᠯᠪᠠᠰᠤᠷᠠᠭᠤᠯᠬᠤ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔    ︵3︶ ᠮᠠᠯᠴᠢᠨ ᠲᠠᠷᠢᠶᠠᠴᠢᠨ ᠳᠤ ᠠᠵᠤ  ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠰᠠᠭᠤᠭᠠᠯᠢ ᠠᠷᠠᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ ᠂ ᠦᠢᠯᠡᠳᠪᠦᠷᠢᠯᠡᠯ ᠤᠨ ᠳᠠᠷᠠᠭᠠᠬᠢ ᠡᠵᠡᠩᠨᠡᠯᠲᠡ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ᠎ᠠ︔ ᠲᠣᠰᠬᠤᠨ ᠤ ᠳᠡᠰ ᠤᠨ ᠡᠯ᠎ᠡ ᠲᠥᠷᠥᠯ ᠤᠨ ᠠᠵᠤ ᠠᠬᠤᠶ ᠶᠢ ᠵᠢᠯᠤᠭᠤᠳᠬᠤ  ᠶᠢ  ᠬᠠᠷᠢᠭᠤᠴᠠᠨ᠎ᠠ᠃    ᠬᠤᠷᠰᠢᠶᠠᠯᠠᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠡᠯ᠎ᠡ ᠵᠦᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠬᠦ ᠪᠠ ᠡᠵᠡᠩᠨᠡᠯᠲᠡ ᠶᠢᠨ ᠲᠥᠯᠥᠪᠯᠡᠭᠡ ᠲᠣᠭᠲᠠᠭᠠᠬᠤ ᠳᠤᠨᠢ ᠬᠠᠪᠰᠤᠷᠤᠨ᠎ᠠ︔ ᠰᠠᠭᠤᠭᠠᠯᠢ ᠠᠷᠠᠳ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠥᠪᠡᠷ ᠤᠨ ᠦᠷᠳᠡᠭ ᠤᠨ ᠬᠤᠪᠢᠷᠠᠯᠲᠠ ᠶᠢᠨ ᠪᠠᠶᠢᠳᠠᠯ ᠢ ᠪᠠᠶᠢᠴᠠᠭᠠᠨ ᠪᠦᠷᠢᠳᠬᠡᠵᠦ᠂ ᠠᠵᠤ ᠠᠬᠤᠶ ᠶᠢᠨ  ᠦᠷ᠎ᠡ  ᠠᠰᠢᠭ  ᠲᠤ  ᠦᠨᠡᠯᠡᠯᠲᠡ  ᠬᠢᠨ᠎ᠡ᠃    ︵4︶ ᠭᠡᠷ᠎ᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠭᠡᠷ᠎ᠡ ᠶᠢ ᠲᠣᠭᠲᠠᠭᠠᠬᠤ᠂ ᠭᠦᠢᠴᠡᠳᠬᠡᠬᠦ ᠶᠢ ᠵᠢᠯᠣᠭᠤᠳᠴᠤ᠂ ᠭᠡᠷ᠎ᠡ ᠶᠢ ᠰᠢᠯᠭᠠᠨ ᠭᠡᠷᠡᠴᠢᠯᠡᠬᠦ ᠪᠠ ᠵᠠᠭᠤᠷᠠᠯᠳᠤᠭᠠᠨ ᠢ ᠡᠶᠡᠳᠡᠭᠦᠯᠬᠦ ᠵᠢᠴᠢ ᠳᠠᠩᠰᠠ ᠡᠪᠬᠡᠮᠡᠯ ᠢ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃    ︵5︶ ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠬᠠᠷᠢᠭᠤᠴᠠᠵᠤ᠂ ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ ᠵᠡᠷᠭᠡ ᠲᠠᠯ᠎ᠠ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠬᠥᠳᠡᠭᠡ ᠲᠣᠰᠬᠤᠨ ᠤ ᠰᠢᠨ᠎ᠡ ᠡᠨᠧᠷᠭᠢ ᠶᠢᠨ ᠠᠰᠢᠭᠯᠠᠯᠲᠠ ᠵᠡᠷᠭᠡ ᠠᠵᠢᠯ ᠢ ᠬᠠᠷᠢᠭᠤᠴᠠᠨ᠎ᠠ ᠃    ︵6︶ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠦᠷᠢᠳᠬᠡᠬᠦ ᠪᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢᠨ ᠵᠢᠯᠣᠭᠤᠳᠣᠯᠭ᠎ᠠ ᠪᠠ  ᠦᠢᠯᠡᠴᠢᠯᠡᠭᠡ ᠶᠢ ᠬᠠᠷᠢᠭᠤᠴᠠᠨ᠎ᠠ︔ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠂ ᠬᠢᠵᠠᠭᠠᠷᠯᠠᠬᠤ ᠪᠠ ᠤᠰᠠᠳᠬᠠᠬᠤ ᠶᠢ ᠬᠠᠷᠢᠭᠤᠴᠠᠨ᠎ᠠ︔ ᠠᠮᠢᠳᠡᠠ ᠵᠢᠴᠢ ᠠᠮᠢᠳᠡᠠ ᠤ ᠤᠢᠢᠯᠡᠦᠡᠭᠡᠬᠦᠠ ᠤ ᠬᠢᠵᠢᠭ ᠢ ᠪᠠᠶᠢᠴᠠᠭᠠᠬᠤ ᠪᠠ ᠠᠮᠢᠳᠡᠠ ᠤ ᠬᠢᠵᠢᠭ ᠢ ᠰᠡᠷᠭᠡᠶᠢᠯᠡᠬᠦ ᠵᠡᠷᠭᠡ ᠪᠤᠰᠤᠳ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔    ︵7︶ ᠬᠠᠷᠢᠶ᠎ᠠ ᠣᠷᠣᠨ ᠤ ᠳᠣᠲᠣᠷᠠᠬᠢ ᠭᠤᠤᠯ ᠤᠨ ᠳᠠᠷᠤᠭ᠎ᠠ ᠶᠢᠨ ᠲᠦᠷᠢᠮ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠪᠠ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠠᠵᠢᠯᠯᠠᠭᠠᠨ ᠤ ᠬᠠᠮᠠᠭᠠᠯᠠᠯᠲᠠ ᠵᠢᠴᠢ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠵᠢᠯ ᠢ ᠬᠠᠷᠢᠭᠤᠴᠠᠨ᠎ᠠ︔    ︵8︶ ᠤᠢ ᠰᠢᠭᠤᠶ ᠶᠢᠨ ᠭᠠᠯ ᠰᠡᠷᠭᠡᠶᠢᠯᠡᠬᠦ᠂ ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠤᠢ ᠶᠢ ᠬᠠᠮᠠᠭᠠᠯᠠᠬᠤ᠂ ᠬᠠᠮᠲᠤ ᠶᠢᠨ ᠤᠢ ᠮᠣᠳᠣᠨ ᠤ ᠡᠷᠬᠡ ᠵᠡᠷᠭᠡ ᠤᠢ ᠰᠢᠭᠤᠶ ᠶᠢᠨ ᠶᠠᠪᠤᠳᠠᠯ ᠤᠢ ᠮᠣᠳᠣᠨ ᠤ ᠡᠷᠬᠡ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠣᠶ ᠰᠢᠭᠤᠶ ᠡᠪᠡᠰᠦᠨ ᠤ ᠠᠵᠤ  ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠠᠵᠢᠯ ᠢ ᠥᠷᠨᠢᠭᠦᠯᠬᠦ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠤᠢ ᠰᠢᠭᠤᠶ᠂ ᠤᠢ ᠮᠣᠳᠣ᠂ ᠰᠢᠭᠤᠶᠢᠲᠤ ᠭᠠᠵᠠᠷ᠂ ᠡᠪᠡᠰᠦᠲᠦ ᠭᠠᠵᠠᠷ᠂ ᠲᠠᠷᠢᠶᠠᠨ ᠭᠠᠵᠠᠷ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠲᠤᠬᠠᠶ ᠮᠠᠷᠭᠤᠯᠳᠤᠭᠠᠨ ᠵᠡᠷᠭᠡ ᠠᠵᠢᠯ ᠢ  ᠰᠢᠢᠳᠪᠦᠷᠢᠯᠡᠨ᠎ᠡ︔    ︵9︶ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠲᠥᠪ ᠵᠡᠭᠡᠯᠢ    ᠰᠢᠦᠳᠠᠨ ᠳ᠋ᠤᠭᠠᠷ᠄ 162677    ᠰᠦᠯᠵᠢᠶᠡᠨ ᠤ ᠬᠠᠶ᠋ᠢᠭ᠄ https://www.zhalantun.gov.cn/    ᠠᠵᠢᠯ ᠤᠨ ᠤᠲᠠᠰᠤ᠄ 0470 — 3858106    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠰᠢ ᠲᠧᠩ ᠹᠸᠢ     ︵ᠭᠤᠷᠪᠠ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ    1᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠳᠡᠳ᠋ ᠰᠠᠯᠠᠭᠠᠨ ᠤ ᠳᠡᠰ ᠤᠨ ᠠᠵᠢᠯ ᠦᠢᠯᠡᠰ ᠤᠨ  ᠨᠢᠭᠡᠴᠢ ᠪᠣᠯᠤᠨ᠎ᠠ᠃    2᠂ ᠭᠤᠣᠯ ᠡᠭᠦᠷᠭᠡ ᠬᠠᠷᠢᠭᠤᠴᠠᠯᠭ᠎ᠠ     ︵1︶ ᠳᠡᠭᠡᠳᠦ ᠱᠠᠲᠤᠨ ᠤ ᠬᠤᠯᠪᠣᠭᠳᠠᠯ ᠪᠦᠬᠦᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠤᠨ ᠲᠤᠤᠱᠯᠠᠭᠤᠯᠤᠨ᠎ᠠ︔ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ︵2︶ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠩ ᠪᠠᠯᠭᠠᠰᠤ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃    ︵3︶ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠠᠶᠢᠳᠠᠯᠭ᠎ᠠ ᠶᠢ ᠬᠦᠯᠢᠶᠡᠵᠦ᠂ ᠬᠠᠷᠢᠶ᠎ᠠ ᠣᠷᠣᠨ ᠤ ᠬᠡᠪᠴᠢᠶᠡᠨ ᠳᠠᠬᠢ ᠨᠠᠶᠢᠳᠠᠯᠭ᠎ᠠ ᠬᠦᠯᠢᠶᠡᠭᠰᠡᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠡᠭᠦᠷᠭᠡᠯᠡᠨ᠎ᠡ᠃    ︵4︶ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠲᠥᠪ ᠵᠡᠭᠡᠯᠢ    ᠰᠢᠦᠳᠠᠨ ᠳ᠋ᠤᠭᠠᠷ᠄ 162677    ᠰᠦᠯᠵᠢᠶᠡᠨ ᠤ ᠬᠠᠶ᠋ᠢᠭ᠄ https://www.zhalantun.gov.cn/    ᠠᠵᠢᠯ ᠤᠨ ᠤᠲᠠᠰᠤ᠄ 0470 — 3858106    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠶᠠᠩ ᠬᠥ᠋ ᠹᠸᠡᠭ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ