ᠵᠠᠯᠠᠨ ᠠᠶᠢᠯ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/10/13
    ᠵᠠᠯᠠᠨ ᠠᠶᠢᠯ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ︵ᠣᠲᠣ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ 2002 ᠣᠨ ᠤ 1 ᠰᠠᠷ᠎ᠠ ᠳᠤ ᠪᠠᠶᠢᠭᠤᠯᠤᠭᠳᠠᠵᠠᠶ᠂ ᠲᠡᠷᠡ ᠪᠣᠯ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠠᠰ ᠪᠣᠯᠤᠨ᠎ᠠ᠃    ᠨᠢᠭᠡ᠂ ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠰᠤᠳᠤᠯᠤᠯ ᠢ‌ᠥᠷᠨᠢᠭᠦᠯᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠣᠷᠣᠨ ᠨᠤᠲᠤᠭ  ᠤᠨ ᠴᠢᠨᠠᠷᠲᠠᠶ ᠬᠠᠤᠯᠢ ᠲᠣᠭᠲᠠᠭᠠᠯ᠂ ᠲᠥᠷᠢᠮ ᠲᠣᠭᠲᠠᠭᠠᠯ  ᠤᠨ ᠲᠥᠰᠦᠯ  ᠢ ᠲᠤᠭᠤᠷᠪᠢᠵᠤ᠂ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠴᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠨ᠎ᠡ᠃    ︵ᠭᠤᠷᠪᠠ︶ ᠪᠥᠬᠦ ᠬᠤᠲᠠ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠲᠥᠷᠪᠡ︶ ᠶᠠᠳᠠᠭᠤ  ᠶᠢ ᠲᠡᠳᠬᠦᠬᠦ ᠲᠥᠷᠥᠯ ᠵᠦᠢᠯ  ᠳᠤ ᠬᠢᠨᠠᠯᠲᠠ ᠲᠠᠯᠪᠢᠵᠤ ᠬᠠᠮᠢᠶᠠᠷᠬᠤ  ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠨ᠎ᠠ᠃    ︵ᠲᠠᠪᠤ︶ ᠬᠤᠯᠪᠣᠭᠳᠠᠯ ᠪᠥᠬᠦᠢ ᠰᠠᠯᠠᠭ᠎ᠠ ᠮᠥᠴᠢᠷ  ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ  ᠤᠨ  ᠨᠢᠭᠡᠴᠢ ᠪᠣᠯᠤᠨ ᠨᠡᠶᠢᠭᠡᠮ  ᠤᠨ ᠡᠯ᠎ᠡ ᠡᠲᠡᠭᠡᠳ ᠤᠨ ᠬᠢᠨ ᠲᠠᠢ ᠬᠠᠮᠵᠢᠯᠴᠠᠨ ᠶᠠᠳᠠᠭᠤ   ᠶᠢ ᠲᠡᠳᠬᠦᠵᠦ ᠨᠡᠭᠡᠭᠡᠨ ᠬᠥᠭᠵᠢᠭᠦᠯᠬᠦ ᠲᠤ ᠣᠷᠣᠯᠴᠠᠵᠤ᠂ ᠶᠠᠳᠠᠭᠤ  ᠶᠢ ᠲᠡᠳᠬᠦᠬᠦ ᠠᠵᠢᠯ ᠤᠨ ᠲᠠᠯ᠎ᠠ ᠪᠠᠷ ᠬᠢ ᠰᠣᠯᠢᠯᠴᠠᠭ᠎ᠠ ᠬᠢᠭᠡᠳ ᠬᠤᠷᠰᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠵᠢᠷᠭᠤᠭ᠎ᠠ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ‌ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ  ᠤᠨ  ᠨᠢᠭᠡᠴᠢ ᠶᠢ ᠵᠣᠬᠢᠶᠠᠨ ᠪᠠᠶᠢᠭᠤᠯᠤᠨ ᠴᠢᠬ ᠲᠣᠭᠲᠠᠭᠠᠨ ᠬᠠᠪᠰᠤᠷᠤᠨ ᠲᠡᠳᠬᠦᠬᠦ ᠠᠵᠢᠯ ᠥᠷᠨᠢᠭᠦᠯᠬᠦ ᠶᠢ ᠬᠠᠷᠢᠭᠤᠴᠠᠨ᠎ᠠ᠃    ︵ᠳᠣᠯᠤᠭ᠎ᠠ︶ ᠶᠠᠳᠠᠭᠤ ᠶᠢ ᠲᠡᠳᠬᠦᠬᠦ ᠲᠥᠷᠥᠯ  ᠵᠦᠢᠯ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠲᠠ ᠶᠢᠨ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠢ ᠰᠢᠯᠭᠠᠨ ᠬᠢᠨᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠪᠥᠬᠦ ᠬᠤᠲᠠ ᠶᠢᠨ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠤᠨ ᠬᠢᠨᠠᠨ ᠬᠠᠷᠭᠤᠭᠤᠯᠬᠤ᠂ ᠲᠠᠨᠢᠯᠴᠠᠭᠤᠯᠬᠤ᠂ ᠭᠤᠶᠤᠴᠢᠯᠠᠨ ᠮᠡᠳᠡᠭᠦᠯᠬᠦ ᠠᠵᠢᠯ ᠢ ᠡᠭᠦᠷᠭᠡᠯᠡᠨ᠎ᠡ᠃ ᠡᠷᠦᠬᠡ ᠳᠤ ᠬᠦᠷᠲᠡᠯ᠎ᠡ ᠶᠠᠳᠠᠭᠤ ᠶᠢ ᠲᠡᠳᠬᠦᠬᠦ ᠳᠠᠮ ᠬᠦᠦ ᠲᠠᠢ ᠵᠢᠭᠡᠯᠡᠯᠭᠡ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢᠨ ᠠᠵᠢᠯ ᠪᠠ ᠪᠦᠬᠦ ᠬᠤᠲᠠ ᠶᠢᠨ ᠬᠥᠲᠥᠴᠢ ᠠᠵᠤ ᠠᠬᠤᠶᠢᠯᠠᠯ ᠤᠨ ᠳᠠᠮ ᠬᠦᠦ ᠲᠠᠢ ᠵᠢᠭᠡᠯᠡᠯᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃     ︵ᠨᠠᠢᠮᠠ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠪᠠᠶᠢᠴᠠᠭᠠᠬᠤ ᠪᠠ ᠬᠢᠨᠠᠨ ᠰᠢᠯᠭᠠᠬᠤ ᠠᠵᠢᠯ ᠢ ᠰᠠᠶᠢᠲᠤᠷ ᠬᠢᠨ᠎ᠠ᠃ ᠶᠠᠳᠠᠭᠤ ᠶᠢ ᠲᠡᠳᠬᠦᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠲᠥᠯᠥᠪᠵᠢᠭᠦᠯᠭᠡ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃    ︵ᠶᠢᠰᠦ︶ ᠬᠤᠪᠢᠰᠬᠠᠯ  ᠤᠨ ᠬᠠᠭᠤᠴᠢᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠠᠵᠢᠯ  ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠣᠭᠤᠳᠬᠤ ᠶᠢ ᠡᠭᠦᠷᠭᠡᠯᠡᠵᠦ᠂ ᠬᠤᠪᠢᠰᠬᠠᠯ  ᠤᠨ ᠬᠠᠭᠤᠴᠢᠨ ᠰᠠᠭᠤᠷᠢᠨ ᠭᠠᠵᠠᠷ  ᠤᠨ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃    ︵ᠠᠷᠪᠠ︶ ᠵᠠᠯᠠᠨ ᠠᠶᠢᠯ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ᠠᠷᠪᠠᠨ ᠨᠢᠭᠡ︶ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠬᠤᠶᠠᠷ᠂ ᠳᠣᠲᠣᠭᠠᠳᠤ ᠪᠠᠶᠢᠭᠤᠯᠤᠮᠵᠢ    ︵ᠨᠢᠭᠡ︶ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ  ᠰᠢᠢᠳᠪᠦᠷᠢᠯᠡᠨ᠂ ᠪᠠᠶᠢᠭᠤᠯᠭ᠎ᠠ ᠬᠢᠭᠡᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠵᠠᠰᠠᠭ ᠤᠨ ᠶᠠᠪᠤᠳᠠᠯ ᠤᠨ ᠬᠠᠷᠢᠴᠠᠭ᠎ᠠ ᠶᠢ ᠵᠣᠬᠢᠴᠠᠭᠤᠯᠵᠤ᠂ ᠳᠠᠭᠠᠭᠠᠨ  ᠰᠢᠢᠳᠪᠦᠷᠢᠯᠡᠬᠦ ᠪᠠᠶᠢᠭᠤᠯᠭ᠎ᠠ ᠶᠢᠨ ᠬᠤᠷᠠᠯ᠂ ᠡᠳ᠋ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠬᠢᠨᠠᠯᠲᠠ ᠲᠠᠯᠪᠢᠬᠤ᠂ ᠨᠠᠮ ᠤᠨ ᠪᠠᠶᠢᠭᠤᠯᠤᠯᠲᠠ᠂ ᠬᠠᠤᠯᠢ ᠤᠬᠠᠭᠤᠯᠭ᠎ᠠ ᠶᠢᠨ ᠠᠵᠢᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ ᠃ ᠠᠯᠪᠠᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠯᠪᠠᠨ ᠪᠠᠶᠢᠭᠤᠯᠭ᠎ᠠ ᠶᠢ ᠬᠠᠷᠢᠭᠤᠴᠠᠬᠤ ᠶᠢᠨ ᠬᠠᠮᠲᠤ ᠰᠢᠭᠤᠳ ᠬᠠᠷᠢᠶ᠎ᠠ ᠨᠢᠭᠡᠴᠢ ᠶᠢᠨ ᠠᠵᠢᠯᠳᠠᠨ ᠤ ᠶᠠᠪᠤᠳᠠᠯ᠂ ᠬᠥᠳᠡᠯᠮᠦᠷᠢ ᠶᠢᠨ ᠴᠠᠯᠢᠩ᠂ ᠨᠡᠶᠢᠭᠡᠮ ᠤᠨ ᠪᠠᠲᠤᠯᠠᠭ᠎ᠠ᠂ ᠪᠠᠶᠢᠭᠤᠯᠤᠮᠵᠢ ᠶᠢᠨ ᠣᠷᠣᠨ ᠲᠤᠭ᠎ᠠ᠂ ᠲᠤᠰᠬᠠᠶ ᠮᠡᠷᠭᠡᠵᠢᠯ ᠤᠨ ᠲᠤᠰᠢᠶᠠᠯ ᠢ ᠲᠣᠭᠲᠠᠭᠠᠵᠤ ᠤᠷᠢᠬᠤ᠂  ᠣᠨ ᠤ  ᠬᠢᠨᠠᠨ ᠰᠢᠯᠭᠠᠬᠤ ᠠᠵᠢᠯ ᠢ ᠵᠢᠯᠣᠭᠤᠳᠤᠨ᠎ᠠ ᠃ ᠪᠠᠶᠢᠭᠤᠯᠭ᠎ᠠ ᠶᠢᠨ ᠬᠡᠷᠡᠭ ᠶᠠᠪᠤᠳᠠᠯ ᠪᠠ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ  ᠶᠢᠨ ᠠᠵᠢᠯ  ᠢ  ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ︵ᠬᠤᠶᠠᠷ︶ ᠵᠦᠢᠯᠡᠰ ᠤᠨ ᠬᠤᠪᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠢ ᠡᠭᠦᠷᠭᠡᠯᠡᠵᠦ᠂ ᠲᠦᠭᠰᠢᠭᠦᠷᠢ ᠶᠢ ᠰᠡᠷᠭᠡᠶᠢᠯᠡᠬᠦ ᠶᠢᠨ ᠬᠡᠷᠡᠭᠵᠢᠭᠦᠯᠬᠦ ᠲᠥᠰᠦᠯ ᠵᠢᠴᠢ ᠠᠵᠢᠯ ᠥᠷᠨᠢᠭᠦᠯᠬᠦ᠂ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠠᠵᠢᠯ᠂ ᠪᠤᠰᠤᠳ ᠬᠤᠯᠪᠣᠭᠳᠠᠯ ᠪᠥᠬᠦᠶ ᠨᠢᠭᠡᠴᠢ ᠲᠠᠢ ᠬᠠᠮᠵᠢᠯᠴᠠᠨ ᠶᠠᠳᠠᠭᠤ ᠶᠢ ᠲᠡᠳᠬᠦᠬᠦ ᠲᠥᠷᠥᠯ  ᠵᠦᠢᠯ᠂ ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠤᠨ ᠲᠥᠰᠦᠯ᠂ ᠲᠥᠷᠥᠯ  ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ᠂ ᠲᠣᠮᠣ ᠳ᠋ᠠᠶᠢᠲ᠋ᠠ ᠶᠢᠨ ᠲᠠᠪᠴᠠᠩ ᠤᠨ ᠬᠠᠮᠢᠶᠠᠷᠤᠯᠲᠠ᠂ ᠱᠠᠲᠤ ᠬᠤᠪᠢᠶᠠᠨ ᠪᠣᠯᠪᠠᠰᠤᠷᠠᠭᠤᠯᠬᠤ᠂ ᠪᠠᠯᠠ ᠣᠷᠣᠭᠤᠯᠤᠯᠲᠠ ᠶᠢ ᠲᠡᠳᠬᠦᠬᠦ ᠺᠣᠮᠫᠠᠨᠢ᠂ ᠡᠯ᠎ᠡ ᠶᠠᠳᠠᠭᠤ ᠶᠢ ᠲᠡᠳᠬᠦᠬᠦ ᠲᠥᠰᠦᠯ ᠢ ᠲᠣᠭᠲᠠᠭᠠᠬᠤ ᠵᠢᠴᠢ ᠠᠵᠢᠯ ᠥᠷᠨᠢᠭᠦᠯᠬᠦ᠂ ᠠᠵᠤ  ᠦᠢᠯᠡᠰ ᠢᠶᠠᠷ ᠶᠠᠳᠠᠭᠤ ᠶᠢ ᠲᠡᠳᠬᠦᠬᠦ ᠲᠥᠰᠦᠯ ᠢ ᠲᠣᠭᠲᠠᠭᠠᠬᠤ ᠪᠠ ᠳ᠋ᠦᠩᠨᠡᠬᠦ ᠶᠢ ᠬᠠᠮᠲᠤᠪᠠᠷ ᠪᠡᠶᠡᠯᠡᠭᠦᠯᠦᠨ᠎ᠡ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ︵ᠭᠤᠷᠪᠠ︶ ᠶᠡᠷᠦᠩᠬᠡᠶᠢᠯᠡᠭᠰᠡᠨ ᠰᠲ᠋ᠣᠺ᠃ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠶ  ᠵᠦᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠡᠷᠡᠭᠵᠢᠭᠦᠯᠬᠦ ᠲᠥᠰᠦᠯ᠂ ᠳ᠋ᠦᠩᠨᠡᠯᠲᠡ᠂ ᠨᠡᠶᠢᠲᠡᠯᠢᠭ ᠮᠠᠲ᠋ᠧᠷᠢᠶᠠᠯ ᠢ ᠲᠤᠭᠤᠷᠪᠢᠨ ᠪᠢᠴᠢᠬᠦ ᠪᠠ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢ ᠵᠣᠯᠭᠠᠭᠤᠯᠬᠤ ᠶᠢ ᠬᠠᠷᠢᠭᠤᠴᠠᠵᠤ᠂ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠵᠠᠯᠠᠨ ᠠᠶᠢᠯ ᠤᠨ ᠬᠤᠲᠠ ᠶᠢᠨ ᠶᠠᠪᠤᠳᠠᠯ ᠤᠨ ᠨᠢᠭᠡᠳᠦᠭᠡᠷ ᠵᠡᠭᠡᠯᠢ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ ᠳᠥᠷᠪᠡᠳᠦᠭᠡᠷ ᠳᠠᠪᠬᠤᠷᠯᠢᠭ ᠤᠨ ᠵᠡᠭᠦᠨᠳᠡᠬᠢ 4014 ᠥᠷᠥᠭᠡ᠃    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠯᠴᠠᠬᠤ ᠬᠡᠯᠪᠡᠷᠢ᠄ 0470 — 3217159    ᠬᠠᠷᠢᠭᠤᠴᠠᠯᠭᠠᠲᠠᠨ ᠤ ᠤᠪᠤᠭ ᠨᠡᠷ᠎ᠡ᠄ ᠯᠢᠦ ᠬᠦᠢ ᠪᠦᠦ     ᠭᠤᠷᠪᠠ᠂ ᠬᠠᠷᠢᠶ᠎ᠠ ᠨᠢᠭᠡᠴᠢ    ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠲᠥᠪ᠂ ᠵᠢᠩᠬᠢᠨᠢ ᠰᠲ᠋ᠣᠺ ᠤᠨ ᠲᠡᠰ᠃    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠬᠥᠭᠵᠢᠯᠲᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠪᠥᠬᠦ ᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠪᠥᠬᠦ ᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ᠂ ᠲᠤᠷᠰᠢᠯᠭ᠎ᠠ ᠰᠣᠯᠢᠯᠴᠠᠬᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠠᠵᠢᠯ ᠢ ᠳᠠᠭᠠᠭᠠᠨ ᠬᠡᠷᠡᠭᠵᠢᠭᠦᠯᠦᠨ᠎ᠡ᠃    ︵ᠭᠤᠷᠪᠠ︶ ᠪᠦᠬᠦ ᠬᠤᠳᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠬᠦ᠂ ᠵᠥᠪᠯᠡᠯᠭᠡ ᠥᠭᠬᠦ ᠠᠵᠢᠯ ᠢ ᠡᠭᠦᠷᠭᠡᠯᠡᠨ᠎ᠡ᠃    ︵ᠳᠥᠷᠪᠡ︶ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠠᠮᠢᠶ᠎ᠠ ᠪᠥᠬᠦᠶ ᠠᠵᠢᠯ᠂ ᠶᠠᠳᠠᠭᠤ ᠶᠢ ᠲᠡᠳᠬᠦᠬᠦ ᠲᠥᠷᠥᠯ  ᠵᠦᠢᠯ ᠤᠨ ᠬᠥᠭᠵᠢᠯᠲᠡ ᠵᠢᠴᠢ ᠲᠦᠭᠰᠢᠭᠦᠷᠢ ᠶᠢ ᠰᠡᠷᠭᠡᠶᠢᠯᠡᠬᠦ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃    ︵ᠲᠠᠪᠤ︶ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠢ ᠦᠨᠡᠮᠰᠢᠬᠦ᠂ ᠶᠠᠳᠠᠭᠤ ᠶᠢ ᠲᠡᠳᠬᠦᠬᠦ  ᠦᠢᠯᠡᠳᠭᠦᠨ ᠢ ᠦᠨᠡᠮᠰᠢᠬᠦ᠂ ᠪᠣᠷᠣᠯᠠᠭᠤᠯᠬᠤ ᠲᠠᠪᠴᠠᠩ ᠪᠠᠶᠢᠭᠤᠯᠬᠤ ᠵᠡᠷᠭᠡ  ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃    ︵ᠵᠢᠷᠭᠤᠭ᠎ᠠ︶ ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠳᠦᠷ ᠲᠤᠲᠤᠮ ᠤᠨ ᠠᠵᠢᠯᠯᠠᠭᠠᠨ ᠳᠤ ᠬᠤᠯᠪᠣᠭᠳᠠᠬᠤ ᠶᠡᠷᠦᠩᠬᠡᠶᠢᠯᠡᠭᠰᠡᠨ ᠦᠢᠯᠡᠴᠢᠯᠡᠭᠡᠨ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    ︵ᠲᠤᠯᠤᠭ᠎ᠠ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃    ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠵᠠᠯᠠᠨ ᠠᠶᠢᠯ ᠤᠨ ᠬᠤᠲᠠ ᠶᠢᠨ ᠶᠠᠪᠤᠳᠠᠯ ᠤᠨ ᠨᠢᠭᠡᠳᠦᠭᠡᠷ ᠵᠡᠭᠡᠯᠢ᠂ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ ᠳᠥᠷᠪᠡᠳᠦᠭᠡᠷ ᠳᠠᠪᠬᠤᠷᠯᠢᠭ ᠤᠨ ᠵᠡᠭᠦᠨᠳᠡᠬᠢ 4015 ᠥᠷᠥᠭᠡ᠃    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠯᠴᠠᠬᠤ ᠬᠡᠯᠪᠡᠷᠢ᠄ 0470 — 3799818    ᠬᠠᠷᠢᠭᠤᠴᠠᠯᠭᠠᠲᠠᠨ ᠤ ᠤᠪᠤᠭ ᠨᠡᠷ᠎ᠡ᠄ ᠯᠢᠦ ᠬᠦᠢ ᠪᠦᠦ`
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ