2023 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠨᠢᠭᠡ︶
ᠨᠡᠶᠢᠲᠡᠯᠡᠭᠰᠡᠨ ᠴᠠᠭ᠄
2023/10/16
    ᠵᠠᠯᠠᠨ ᠠᠶᠢᠯ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ     ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠠᠷᠪᠡᠨ  ᠭᠤᠷᠪᠡ︶    2023 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ     2023 ᠣᠨ ᠤ 2 ᠰᠠᠷ᠎ᠠ ᠶᠢᠨ 27      ᠤ ᠡᠳᠦᠷ  ᠤ ᠵᠠᠯᠠᠨ ᠠᠶᠢᠯ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ     ᠬᠤᠶᠠᠳᠤᠭᠠᠷ ᠬᠤᠷᠠᠯᠳᠤᠭᠠᠨ ᠤ ᠠᠩᠬᠠᠳᠤᠭᠠᠷ ᠪᠥᠬᠦᠳᠡ ᠬᠤᠷᠠᠯ ᠳᠡᠭᠡᠷ᠎ᠡ    ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠸᠠᠩ ᠪᠥᠸᠧ ᠲᠥᠯᠥᠭᠡᠯᠡᠭᠴᠢᠳ ᠡ᠄     ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠨᠥᠬᠦᠳ ᠴᠦ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2022 ᠣᠨ ᠤ ᠠᠵᠢᠯ ᠤᠨ ᠡᠷᠭᠢᠴᠡᠭᠦᠯᠦᠯ     ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠤᠯᠤᠰ ᠲᠥᠷᠥ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ  ᠰᠢᠢᠳᠪᠦᠷᠢᠲᠦ  ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠳᠠᠷᠤᠯᠲᠠ ᠦᠵᠡᠭᠦᠯᠦᠨ ᠡᠷᠡᠯᠬᠡᠭᠯᠡᠨ ᠤᠷᠤᠭᠰᠢᠯᠠᠵᠤ᠂ ᠬᠡᠪ ᠳᠠᠭᠤᠷᠢᠶᠠᠯ ᠢ ᠥᠨᠳᠥᠷ ᠪᠣᠯᠭᠠᠨ᠂ ᠪᠥᠬᠦ ᠵᠢᠯ ᠤᠨ ᠬᠠᠷᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠥᠯᠢᠭᠡᠷ ᠳᠠᠭᠤᠷᠢᠶᠠᠯ ᠬᠤᠲᠠ ᠶᠢᠨ ᠰᠢᠨ᠎ᠡ ᠠᠬᠢᠴᠠ ᠲᠠᠢ ᠪᠣᠯᠬᠤ ᠶᠢ ᠡᠷᠡᠰ ᠭᠤᠶᠢᠪᠢᠰᠢ ᠥᠬᠡᠶ ᠪᠠᠷ ᠠᠬᠢᠭᠤᠯᠤᠨ᠂ ᠣᠳᠣᠬᠢᠴᠢᠯᠠᠭᠰᠠᠨ ᠵᠠᠯᠠᠨ ᠠᠶᠢᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠴᠤᠭ ᠵᠢᠪᠬᠤᠭ᠎ᠠ ᠲᠠᠢ ᠪᠠᠷ ᠮᠣᠷᠳᠠᠪᠠ᠃    ᠪᠢᠳᠡ ᠳᠠᠷᠤᠯᠲᠠ ᠶᠢ ᠲᠤᠯᠵᠤ᠂ ᠬᠦᠴᠢᠷ ᠢ ᠰᠦᠷᠦᠨ ᠤᠷᠤᠭᠰᠢᠯᠠᠵᠤ᠂ ᠠᠵᠤ ᠠᠬᠤᠶ ᠶᠢᠨ ᠠᠵᠢᠯᠯᠠᠭᠠᠨ ᠲᠣᠭᠲᠠᠭᠤᠨ ᠢᠶᠠᠷ ᠰᠠᠶᠢᠵᠢᠷᠠᠪᠠ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠵᠤ᠂ ᠪᠦᠬᠦ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠠᠩᠬ᠎ᠠ ᠤᠳᠠᠭ᠎ᠠ 200 ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠶᠡᠷᠦᠩᠬᠡᠢ ᠬᠡᠮᠵᠢᠶ᠎ᠡ ᠬᠥᠯᠥᠨ ᠪᠤᠶᠢᠷ ᠬᠤᠳᠠ ᠶᠢᠨ ᠬᠤᠶᠠᠳᠤᠭᠠᠷ ᠲᠤ ᠣᠷᠣᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 28 ᠳ᠋ᠦᠩᠰᠢᠭᠤᠷ ᠲᠥᠭᠦᠷᠢᠭ ᠪᠡᠶᠡᠯᠡᠭᠦᠯᠵᠦ᠂ 48.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠬᠥᠯᠥᠨ ᠪᠤᠶᠢᠷ ᠬᠤᠲᠠ ᠳᠤ ᠬᠤᠶᠠᠳᠤᠭᠠᠷ ᠲᠤ ᠣᠷᠣᠪᠠ᠃ ᠲᠣᠭᠲᠠᠭᠠᠭᠰᠠᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 140 ᠳ᠋ᠦᠩᠰᠢᠭᠤᠷ ᠲᠥᠭᠦᠷᠢᠭ ᠢ ᠳᠠᠪᠠᠵᠤ᠂ 20% ᠢᠶᠠᠷ ᠨᠡᠮᠡᠭᠳᠡᠵᠦ᠂ ᠶᠡᠷᠦᠩᠬᠡᠢ  ᠬᠡᠮᠵᠢᠶ᠎ᠡ ᠨᠢ ᠬᠥᠯᠥᠨ ᠪᠤᠶᠢᠷ ᠬᠤᠳᠠ ᠳᠤ ᠭᠤᠷᠪᠠᠳᠤᠭᠠᠷ ᠲᠤ ᠣᠷᠣᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 28.78 ᠳ᠋ᠦᠩᠰᠢᠭᠤᠷ ᠲᠥᠭᠦᠷᠢᠭ ᠲᠤ ᠬᠦᠷᠴᠦ᠂ 1.5% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠬᠥᠯᠥᠨ ᠪᠤᠶᠢᠷ ᠬᠤᠲᠠ ᠳᠤ ᠳᠥᠷᠪᠡᠳᠦᠭᠡᠷ ᠲᠤ ᠣᠷᠣᠪᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠡᠷ᠎ᠡ ᠲᠣᠭᠲᠠᠭᠰᠠᠨ ᠵᠣᠭᠤᠰ ᠤᠨ ᠲᠤᠭ᠎ᠠ 30.2 ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠠᠶᠢᠵᠢᠭᠤᠯᠤᠭᠰᠠᠨ ᠪᠠᠯᠠ ᠮᠥᠩᠭᠦ 17.25 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶ ᠬᠡᠮᠵᠢᠶ᠎ᠡ ᠨᠢ ᠬᠥᠯᠥᠨ ᠪᠤᠶᠢᠷ ᠬᠤᠲᠠ ᠳᠤ ᠬᠤᠶᠠᠳᠤᠭᠠᠷ ᠲᠤ ᠣᠷᠣᠪᠠ᠃ ᠶᠡᠷᠦᠩᠬᠡᠶᠢᠯᠡᠭᠰᠡᠨ ᠪᠣᠳᠠᠲᠤ ᠬᠦᠴᠦᠨ ᠬᠥᠯᠥᠨ ᠪᠤᠶᠢᠷ ᠬᠤᠳᠠ ᠶᠢᠨ ᠨᠢᠭᠡᠳᠦᠭᠡᠷ ᠵᠢᠭᠰᠠᠭᠠᠯ ᠤᠨ ᠡᠩᠨᠡᠭᠡᠨ ᠳᠤ ᠯᠠᠪᠳᠠᠭᠤᠨ ᠢᠶᠠᠷ ᠣᠷᠣᠰᠢᠨ᠎ᠠ᠃    ᠪᠢᠳᠡ ᠳᠠᠪᠠᠭᠤᠯᠢᠭ ᠲᠠᠭᠠᠨ ᠰᠠᠭᠤᠷᠢᠯᠠᠨ᠂ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠲᠡᠰ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ᠂ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠨᠡᠮᠡᠭᠳᠡᠭᠦᠯᠵᠦ᠂ ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠵᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠶᠢ ᠪᠠᠷᠢᠮᠲᠠᠯᠠᠨ᠂ ᠠᠮᠤ ᠪᠤᠳᠠᠭ᠎ᠠ ᠳᠠᠷᠢᠬᠤ ᠲᠠᠯᠠᠪᠠᠶ ᠶᠢ 387.3 ᠲᠦᠮᠡᠨ ᠮᠥ ᠳᠤ ᠬᠦᠷᠭᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 17 ᠲᠦᠮᠡᠨ ᠮᠥ ᠳᠤ ᠪᠥᠲᠥᠭᠡᠨ ᠪᠠᠶᠢᠭᠤᠯᠵᠤ᠂ ᠰᠢᠷ᠎ᠠ ᠪᠤᠷᠴᠠᠭ ᠳᠠᠷᠢᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ ᠶᠢᠨ ᠬᠡᠮᠵᠢᠶ᠎ᠡ ᠶᠢ  ︽  ᠠᠷᠪᠠ  ᠶᠢᠰᠤᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ︾ ᠶᠢ ᠪᠡᠶᠡᠯᠡᠭᠦᠯᠪᠡ︔ ᠮᠠᠯ ᠠᠵᠤ ᠠᠬᠤᠶ ᠶᠢᠨ ᠬᠡᠪᠴᠢᠶᠡᠲᠦ ᠬᠥᠭᠵᠢᠯᠲᠡ ᠶᠢ ᠲᠣᠭᠲᠠᠭᠤᠨ ᠢᠶᠠᠷ ᠠᠬᠢᠭᠤᠯᠵᠤ᠂ ᠪᠥᠬᠦ ᠬᠤᠲᠠ ᠶᠢᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ 1436 ᠪᠣᠯᠵᠣ ᠨᠡᠮᠡᠭᠳᠡᠪᠡ︔ ᠬᠢᠲᠠᠳ ᠡᠪᠡᠰᠦᠨ ᠡᠮ᠂ ᠬᠠᠷ᠎ᠠ ᠳᠡᠯᠳᠡᠦ ᠵᠡᠷᠭᠡ ᠤᠨᠴᠠᠯᠢᠬᠳᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠬᠥᠯᠥᠨ ᠪᠤᠶᠢᠷ ᠬᠤᠲᠠ ᠶᠢᠨ ᠲᠡᠷᠢᠭᠦᠨ ᠳᠤ ᠣᠷᠣᠵᠤ᠂ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠤᠶᠢᠯᠡᠰ ᠤᠨ ᠬᠦᠷᠢᠶᠡᠯᠡᠩ ᠢ ᠵᠥᠪᠰᠢᠶᠡᠷᠡᠬᠦ ᠶᠢᠨ ᠬᠠᠮᠲᠤ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠪᠠ᠃ ᠤᠯᠠᠮᠵᠢᠯᠠᠯᠲᠤ ᠠᠵᠤ  ᠦᠢᠯᠡᠰ ᠤᠨ ᠲᠠᠰ ᠳᠡᠪᠰᠢᠬᠦ ᠶᠢ ᠲᠦᠷᠭᠡᠳᠬᠡᠵᠦ᠂ ᠹᠦᠹᠤᠩ ᠺᠣᠮᠫᠠᠨᠢ ᠶᠢᠨ ᠥᠨᠳᠥᠷ ᠦᠷ᠎ᠡ ᠠᠰᠢᠭᠲᠤ ᠪᠠᠺᠲ᠋ᠧᠷᠢ ᠶᠢᠨ ᠦᠷ᠎ᠡ ᠶᠢ ᠨᠡᠭᠡᠭᠡᠨ ᠬᠥᠭᠵᠢᠭᠦᠯᠬᠦ᠂ ᠭᠦᠸᠧ ᠰᠤᠨ ᠺᠣᠮᠫᠠᠨᠢ ᠶᠢᠨ ᠢᠰᠦᠯᠳᠦᠭᠦᠯᠦᠭᠰᠡᠨ ᠠᠭᠤᠷᠬᠠᠶ᠂ ᠰᠥᠩ ᠯᠦ ᠡᠮ ᠤᠨ ᠪᠢᠯᠢᠭ ᠢ ᠲᠡᠵᠢᠭᠡᠵᠦ ᠠᠭᠤᠰᠬᠢ ᠶᠢ ᠴᠡᠪᠡᠷᠯᠡᠬᠦ ᠤᠤᠭᠤᠬᠤ ᠰᠢᠩᠭᠡᠨ ᠵᠡᠷᠭᠡ ᠪᠠᠯᠠ ᠮᠥᠩᠭᠦ ᠶᠢ ᠨᠡᠮᠡᠭᠳᠡᠭᠦᠯᠦᠨ ᠦᠢᠯᠡᠳᠪᠦᠷᠢᠯᠡᠯ ᠢ ᠥᠷᠭᠡᠳᠬᠡᠬᠦ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ    ᠵᠦᠢᠯ ᠢ ᠬᠡᠷᠡᠭᠵᠢᠭᠦᠯᠦᠨ᠂ ᠠᠵᠤ ᠠᠬᠤᠶᠢᠯᠠᠯ ᠤᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠵᠦ᠂ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 31.97 ᠳ᠋ᠦᠩᠰᠢᠭᠤᠷ ᠲᠥᠭᠦᠷᠢᠭ ᠲᠤ ᠬᠦᠷᠴᠦ᠂ 88.2% ᠢᠶᠠᠷ ᠨᠡᠮᠡᠭᠳᠡᠨ᠂ 2 ᠠᠵᠤ ᠠᠬᠤᠶᠢᠯᠠᠯ ᠳᠠᠬᠢᠨᠲᠠ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠣᠷᠣᠪᠠ︔ ᠨᠡᠭᠡᠭᠡᠨ ᠬᠥᠭᠵᠢᠭᠦᠯᠬᠦ ᠣᠷᠣᠨ ᠤ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠢᠨᠠᠷ ᠰᠠᠶᠢᠲᠠᠶ ᠠᠵᠤ  ᠦᠢᠯᠡᠰ ᠦᠢᠵᠦ ᠤᠨ ᠬᠦᠷᠢᠶᠡᠯᠡᠩ ᠲᠣᠭᠤᠷᠢᠭ ᠦᠢᠯᠡᠰ ᠢ ᠲᠦᠷᠭᠡᠳᠬᠡᠨ ᠪᠠᠶᠢᠭᠤᠯᠤᠨ᠎ᠠ︔ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠳᠤ ᠠᠮᠵᠢᠯᠲᠠ ᠲᠠᠢ ᠪᠠᠷ ᠭᠡᠷ᠎ᠡ ᠲᠣᠭᠲᠠᠵᠤ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠲᠦᠷᠦᠭᠦᠤ ᠪᠦᠯᠦᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠬ ᠪᠣᠯᠤᠭᠰᠠᠨ ᠪᠠᠶᠢᠨ᠎ᠠ᠃ ᠰᠣᠶᠣᠯ ᠤᠨ ᠵᠢᠭᠤᠯᠴᠢᠯᠠᠯ ᠤᠨ ᠠᠵᠤ ᠦᠢᠯᠡᠰ  ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠲᠦᠷᠦᠭᠦᠤ ᠪᠦᠯᠦᠭ ᠤᠨ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢᠶᠠᠷ ᠦᠨᠡᠯᠡᠭᠳᠡᠵᠦ᠂ ᠳᠡᠭᠦᠵᠢᠩ ᠬᠥᠭᠦᠷᠭᠡ ᠶᠢᠨ ᠴᠡᠴᠡᠷᠯᠢᠭ ᠢ ᠥᠪᠥᠷ ᠮᠣᠩᠭᠤᠯ ᠤᠨ ᠬᠠᠮᠤᠭ ᠤᠨ ᠭᠤᠶᠣ ᠴᠡᠴᠡᠷᠯᠢᠭ ᠢᠶᠠᠷ ᠨᠡᠷᠡᠶᠢᠳᠴᠦ᠂ ᠶᠠᠯᠦ ᠭᠤᠤᠯ ᠤᠨ ᠵᠣᠨ ᠤ ᠤᠯᠠᠷᠢᠯ ᠤᠨ ᠬᠥᠪᠦᠮᠡᠯ ᠤᠯᠠᠷᠢᠯ᠂ ᠮᠥᠰᠥ ᠴᠠᠰᠤᠨ ᠤ ᠰᠠᠶᠢᠬᠠᠨ ᠵᠢᠯ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠡᠬᠢᠯᠡᠭᠦᠯᠵᠦ᠂ ᠪᠥᠬᠦ ᠵᠢᠯ ᠤᠨ ᠵᠢᠭᠤᠯᠴᠢᠯᠠᠯ ᠤᠨ ᠬᠥᠮᠦᠨ ᠤ ᠲᠤᠭ᠎ᠠ ᠪᠠ ᠣᠷᠣᠯᠭ᠎ᠠ ᠶᠢ ᠲᠣᠰ ᠲᠣᠰ 10%᠂ 8.5% ᠪᠠᠷ ᠨᠡᠮᠡᠭᠳᠡᠭᠦᠯᠪᠡ᠃ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠢ ᠰᠡᠳᠦᠪ ᠠᠴᠠ ᠨᠢ ᠰᠠᠯᠭᠠᠨ ᠬᠥᠭᠵᠢᠭᠦᠯᠵᠦ᠂ 5 ᠰᠠᠯᠬᠢᠨ ᠬᠦᠴᠦᠨ ᠤ ᠴᠠᠬᠢᠯᠭᠠᠨ ᠤ ᠲᠥᠷᠥᠯ  ᠵᠦᠢᠯ ᠢ ᠬᠡᠷᠡᠭᠵᠢᠭᠦᠯᠦᠨ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 60 ᠲᠦᠮᠡᠨ ᠺᠢᠯᠣᠸᠠᠲ ᠲᠤ ᠬᠦᠷᠴᠦ᠂ 15.4  ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠳᠤᠮᠳᠠ ᠵᠡᠷᠭᠡ ᠶᠢᠨ ᠴᠥᠮ᠎ᠡ ᠶᠢᠨ ᠨᠢᠭᠡᠳᠦᠭᠡᠷ ᠬᠤᠭᠤᠴᠠᠭᠠᠨ ᠤ 10 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠢᠨᠵᠧᠨᠧᠷᠢᠩ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠠᠩᠬ᠎ᠠ ᠠᠯᠬᠤᠮ ᠬᠡᠪᠴᠢᠶᠡᠵᠢᠭᠦᠯᠪᠡ︔ ᠠᠭᠠᠷ ᠤᠨ ᠠᠶᠠᠯᠠᠯ ᠤᠨ ᠠᠵᠤ  ᠦᠢᠯᠡᠰ ᠢ ᠲᠣᠭᠲᠠᠭᠤᠨ ᠢᠶᠠᠷ ᠠᠬᠢᠭᠤᠯᠵᠤ᠂ ᠠᠵᠤ  ᠦᠢᠯᠡᠰ ᠤᠨ ᠬᠦᠷᠢᠶᠡᠯᠡᠩ ᠲᠣᠭᠤᠷᠢᠭ ᠤᠨ ᠪᠡᠯᠡᠳᠬᠡᠮᠵᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠤᠨ ᠬᠡᠪᠴᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠴᠠᠢ ᠾᠧ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠥᠬᠦ ᠣᠷᠣᠨ ᠡᠯᠧᠺᠲᠷᠣᠨ  ᠬᠤᠳᠠᠯᠳᠤᠭᠠᠨ ᠤ ᠶᠠᠪᠤᠳᠠᠯ ᠬᠥᠭᠵᠢᠶᠡᠨ ᠲᠠᠢ ᠶᠠᠪᠤᠭᠳᠠᠵᠤ᠂ ᠠᠷᠠᠯᠵᠢᠶᠠᠨ ᠤ ᠲᠤᠭ᠎ᠠ 14 ᠳ᠋ᠦᠩᠰᠢᠭᠤᠷ ᠲᠥᠭᠦᠷᠢᠭ ᠢ ᠳᠠᠪᠠᠵᠤ᠂ 17.6% ᠪᠠᠷ ᠨᠡᠮᠡᠭᠳᠡᠪᠡ︔ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠭᠰᠢ ᠠᠷᠠᠯᠵᠢᠶᠠᠯᠠᠭᠰᠠᠨ ᠲᠤᠭ᠎ᠠ 157 ᠳ᠋ᠦᠩᠰᠢᠭᠤᠷ ᠲᠥᠭᠦᠷᠢᠭ ᠲᠤ ᠬᠦᠷᠴᠦ᠂ 46 % ᠪᠠᠷ ᠨᠡᠮᠡᠭᠳᠡᠪᠡ᠃ ᠠᠮᠢ ᠠᠬᠤᠶ ᠶᠢᠨ ᠠᠵᠤ ᠦᠢᠯᠡᠰ ᠴᠠᠭ ᠤᠨ ᠪᠠᠶᠢᠳᠠᠯ ᠢ ᠠᠮᠵᠢᠨ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠮᠢ ᠠᠬᠤᠶ ᠶᠢᠨ ᠡᠬᠢ ᠪᠠᠶᠠᠯᠢᠭ ᠤᠨ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠰᠦᠪᠡᠭᠴᠢᠯᠡᠨ᠂ ᠳᠥᠷᠪᠡᠨ ᠭᠤᠤᠯᠳᠠᠯᠭ᠎ᠠ ᠲᠠᠢ ᠨᠢᠭᠡᠴᠡ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠤᠭ᠎ᠠ ᠪᠠᠷᠢᠮᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠠᠮᠢ ᠠᠬᠤᠶ ᠶᠢᠨ ᠠᠵᠤ ᠦᠢᠯᠡᠰ  ᠤᠨ ᠬᠥᠭᠵᠢᠯᠲᠡ ᠶᠢᠨ ᠣᠷᠭᠠᠨᠢᠭ ᠤᠶᠠᠯᠳᠤᠯ ᠢ ᠴᠢᠷᠮᠠᠶᠢᠨ ᠠᠬᠢᠭᠤᠯᠤᠨ᠎ᠠ᠃    ᠪᠢᠳᠡ ᠶᠠᠰᠤ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠨ ᠬᠦᠴᠦᠯᠡᠵᠦ᠂ ᠬᠤᠳᠠ ᠬᠥᠳᠡᠭᠡ ᠶᠢᠨ ᠳᠦᠷᠰᠦ ᠪᠠᠶᠢᠳᠠᠯ ᠨᠡᠩ ᠥᠨᠳᠥᠷ ᠪᠣᠯᠪᠠ᠃ ᠬᠤᠳᠠ ᠶᠢᠨ ᠲᠣᠭᠤᠷᠢᠭ ᠤᠨ ᠵᠠᠮ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ᠂ ᠬᠤᠳᠠ ᠶᠢᠨ ᠨᠣᠭᠤᠭᠠᠷᠠᠭᠤᠯᠤᠯᠲᠠ ᠵᠡᠷᠭᠡ ᠬᠤᠳᠠ ᠶᠢᠨ ᠶᠠᠪᠤᠳᠠᠯ ᠤᠨ 20 ᠭᠠᠷᠤᠢ ᠲᠦᠷᠦᠯ ᠵᠦᠢᠯ ᠢ ᠬᠡᠷᠡᠭᠵᠢᠭᠦᠯᠵᠦ᠂ 11 ᠺᠢᠯᠥᠮᠧᠲᠡᠷ ᠤᠰᠤ ᠬᠠᠩᠭᠠᠬᠤ ᠬᠤᠭᠤᠯᠠᠢ ᠶᠢᠨ ᠲᠣᠣᠷ ᠢ ᠰᠢᠨ᠎ᠡ ᠪᠠᠷ ᠪᠠᠶᠢᠭᠤᠯᠵᠤ᠂ 17 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠬᠤᠳᠠ ᠶᠢᠨ ᠴᠢᠳᠠᠪᠬᠢ ᠡᠳᠦᠷ ᠢᠷᠡᠬᠦᠶ᠎ᠡ ᠲᠡᠭᠦᠯᠳᠡᠷᠵᠢᠪᠡ︔ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ︽ᠪᠡᠷᠬᠡ ᠰᠡᠳᠦᠪ ᠢ  ᠰᠢᠢᠳᠪᠦᠷᠢᠯᠡᠬᠦ ᠠᠵᠢᠯᠯᠠᠭ᠎ᠠ︾ ᠡᠯᠪᠡᠭ ᠳᠡᠯᠪᠡᠭ ᠦᠷ᠎ᠡ ᠪᠦᠲᠦᠭᠡᠯ ᠣᠯᠵᠤ᠂ 12 ᠲᠦᠮᠡᠨ ᠲᠣᠨ ᠬᠤᠭ ᠨᠣᠪᠰᠢ ᠶᠢ ᠴᠡᠪᠡᠷᠯᠡᠨ ᠠᠷᠢᠯᠭᠠᠵᠤ᠂ 16 ᠲᠦᠮᠡᠨ ᠲᠡᠭᠰᠢ ᠳᠥᠷᠪᠡᠯᠵᠢᠨ ᠮᠧᠲᠷ ᠬᠠᠤᠯᠢ ᠪᠤᠰᠤ ᠦᠢᠯᠡ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠵᠤ᠂ 3300 ᠭᠠᠷᠤᠶ ᠵᠠᠮ ᠤᠨ ᠳ᠋ᠧᠩ ᠢ ᠥᠭᠡᠷᠡᠴᠢᠯᠡᠨ ᠲᠡᠰ ᠳᠡᠪᠰᠢᠭᠦᠯᠵᠦ᠂ 20 ᠲᠦᠮᠡᠨ ᠲᠡᠭᠰᠢ ᠳᠥᠷᠪᠡᠯᠵᠢᠨ ᠮᠧᠲᠷ ᠤᠯᠠᠨ ᠨᠡᠶᠢᠲᠡ ᠶᠢᠨ ᠣᠷᠣᠨ ᠵᠠᠶ ᠶᠢ ᠲᠡᠭᠰᠢᠯᠡᠵᠦ᠂ ᠬᠤᠳᠠ ᠶᠢᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠬᠦ ᠳᠤ 1.5 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ 94 ᠨᠥᠬᠦᠪᠥᠷᠢ ᠲᠡᠳᠬᠦᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ 130 ᠲᠣᠰᠬᠤᠨ ᠤ ᠬᠠᠮᠲᠤ ᠶᠢᠨ ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠶᠡᠷᠦᠩᠬᠡᠶ ᠲᠤᠭ᠎ᠠ ᠨᠢ 2500 ᠲᠦᠮᠡᠨ ᠲᠥᠭᠦᠷᠢᠭ ᠢ ᠳᠠᠪᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ︔ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ 114 ᠲᠥᠪᠯᠡᠷᠡᠭᠰᠡᠨ ᠮᠠᠶ᠋ᠢᠭ ᠤᠨ ᠤᠰᠤ ᠤᠮᠳᠠ ᠶᠢᠨ ᠢᠨᠵᠧᠨᠧᠷᠢᠩ ᠢ ᠰᠡᠯᠪᠢᠨ ᠵᠠᠰᠠᠵᠤ᠂ ᠬᠥᠳᠡᠭᠡ ᠲᠣᠰᠬᠤᠨ ᠤ 79 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ 1818 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ   ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ 54% ᠬᠦᠷᠴᠦ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 30% ᠳᠤ ᠬᠦᠷᠴᠦ᠂ ᠳᠠᠭᠤᠷ ᠦᠨᠳᠦᠰᠦᠲᠡᠨ ᠤ ᠰᠢᠶᠠᠩ ᠤᠨ ᠮᠠᠨᠳᠤ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠲᠤᠷᠰᠢᠯᠭ᠎ᠠ ᠬᠥᠯᠥᠨ ᠪᠤᠶᠢᠷ ᠬᠤᠲᠠ ᠳᠤ ᠮᠡᠳᠡᠷᠡᠭᠳᠡᠵᠦ᠂ ᠮᠥᠭᠦᠴᠢ ᠪᠠᠯᠭᠠᠰᠤᠨ ᠤ ᠶᠧ ᠮᠠ ᠾᠧ ᠲᠣᠰᠬᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠬ ᠪᠣᠯᠪᠠ᠃ ᠰᠠᠭᠤᠷᠢ ᠪᠡᠯᠡᠳᠬᠡᠮᠵᠢ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ᠠᡁᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠹᠦᠹᠤᠩ ᠬᠡᠰᠡᠭ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠳᠠᠪᠠᠭ᠎ᠠ ᠶᠢᠨ ᠠᠷᠤ ᠲᠠᠯ᠎ᠠ ᠶᠢᠨ ᠳᠥᠷᠪᠡᠨ ᠠᠩᠭᠢ ᠬᠠᠷᠢᠯᠴᠠᠨ ᠨᠡᠪᠲᠡᠷᠡᠯᠴᠡᠬᠦ᠂ ᠬᠥᠳᠡᠭᠡ ᠲᠣᠰᠬᠤᠨ ᠤ ᠵᠠᠮ ᠵᠡᠷᠭᠡ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠲᠥᠷᠥᠯ  ᠵᠦᠢᠯ ᠤᠨ ᠠᠬᠢᠴᠠ ᠤᠷᠤᠭᠰᠢᠲᠠᠶ ᠪᠠᠶᠢᠵᠤ᠂ ᠨᠡᠯᠢᠶᠡᠳ ᠶᠡᠭᠡ ᠠᠶᠢᠯ ᠲᠣᠰᠬᠤᠨ ᠤ ᠰᠠᠭᠠᠳ ᠥᠬᠡᠶ ᠨᠡᠪᠲᠡᠷᠡᠭᠰᠡᠨ ᠨᠣᠷᠮ᠎ᠠ 94.4% ᠬᠦᠷᠴᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠢᠭᠰᠠᠭᠠᠨ ᠠᠷᠠᠴᠢᠯᠠᠬᠤ ᠨᠣᠷᠮ᠎ᠠ 100% ᠬᠥᠷᠪᠡ᠃    ᠪᠢᠳᠡ ᠬᠤᠷᠢᠭ᠎ᠠ ᠱᠤᠭᠤᠮ ᠢ ᠪᠠᠲᠤ ᠰᠠᠬᠢᠵᠤ᠂ ᠰᠢᠨᠵᠢᠯᠡᠬᠦ ᠤᠬᠠᠭᠠᠨᠴᠢ ᠪᠠᠷ ᠬᠠᠮᠠᠭᠠᠯᠠᠭᠰᠠᠨ ᠠᠴᠠ ᠪᠣᠬᠢᠷᠲᠤᠯ ᠦᠭᠡᠢ ᠰᠠᠭᠤᠷᠢ ᠤᠯᠠᠮ ᠭᠦᠨ ᠵᠤᠵᠠᠭᠠᠨ ᠪᠣᠯᠵᠠᠢ ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠬᠥᠭᠵᠢᠯᠲᠡ ᠶᠢᠨ ᠡᠮᠦᠨ᠎ᠡ ᠲᠠᠯᠪᠢᠵᠤ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢᠨ ᠭᠠᠵᠠᠷ ᠪᠣᠯᠤᠨ ᠴᠢᠭᠢᠭᠯᠢᠭ ᠭᠠᠵᠠᠷ ᠤᠨ ᠬᠠᠮᠠᠭᠠᠯᠠᠯᠲᠠ ᠶᠢ ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 250 ᠢᠳᠡᠭᠳᠡᠯ ᠤᠨ ᠭᠤᠤ ᠶᠢ ᠵᠠᠰᠠᠵᠤ᠂ 1.3 ᠲᠦᠮᠡᠨ ᠮᠥ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 1 ᠲᠦᠮᠡᠨ ᠮᠥ ᠨᠤᠲᠤᠭ ᠪᠡᠯᠴᠢᠭᠡᠷ ᠲᠤ ᠮᠠᠯᠵᠢᠬᠤ ᠶᠢ ᠴᠠᠭᠠᠵᠠᠯᠠᠵᠤ᠂ 12.7 ᠲᠦᠮᠡᠨ ᠮᠥ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 80% ᠳᠤ ᠬᠦᠷᠴᠦ᠂ 24 ᠵᠢᠯ ᠳᠠᠷᠠᠭᠠᠯᠠᠨ ᠬᠦᠨᠳᠦ ᠶᠡᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠥᠬᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠶ ᠶᠢᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ︽ᠳᠤᠮᠳᠠᠳᠤ ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠤᠨ ᠳᠠᠬᠢᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠦᠯᠪᠡ᠃ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 99.2% ᠲᠤ ᠬᠦᠷᠴᠦ᠂ ᠶᠠᠯᠦ ᠭᠤᠣᠯ ᠤᠨ ᠣᠭᠲᠣᠯᠤᠭᠠᠰᠤ ᠶᠢ Ⅱ ᠲᠦᠷᠦᠯ ᠤᠨ ᠤᠰᠤᠨ ᠴᠣᠭᠴᠠ ᠶᠢᠨ ᠪᠠᠷᠢᠮᠵᠢᠶ᠎ᠠ ᠳᠤ ᠲᠣᠭᠲᠠᠪᠤᠷᠢᠵᠢᠭᠤᠯᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠰᠠᠶᠢᠨ ᠪᠠᠶᠢᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ 47 ᠬᠤᠪᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠪᠠᠷᠢᠮᠲᠠᠯᠠᠵᠤ᠂ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ 3278 ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠢᠯᠭᠠᠷᠠᠭᠤᠯᠤᠨ ᠲᠤᠰᠢᠶᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ 561 ᠮᠥ ᠭᠠᠵᠠᠷ ᠰᠢᠷᠣᠶ ᠶᠢ  ᠰᠢᠢᠳᠪᠦᠷᠢᠯᠡᠨ᠂ 567 ᠮᠥ ᠭᠠᠵᠠᠷ ᠰᠢᠷᠣᠶ ᠶᠢ ᠰᠢᠩᠭᠡᠭᠡᠵᠦ ᠠᠮᠢᠯᠠᠭᠤᠯᠤᠨ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠨᠡᠭᠡᠭᠡᠯᠲᠡ ᠶᠢᠨ ᠲᠣᠭᠤᠷᠢᠭ ᠤᠨ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ  ᠤᠨ ᠦᠨᠳᠦᠰᠦᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ︽ᠬᠤᠤᠰ ᠨᠡᠭᠦᠷᠡᠰᠦᠲᠥ᠋ᠷᠥᠭᠴᠢ︾ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠲᠥᠷᠥᠯ  ᠵᠦᠢᠯ ᠳᠤ ᠵᠥᠪᠰᠢᠶᠡᠷᠡᠨ ᠣᠷᠣᠭᠤᠯᠬᠤ ᠶᠢ ᠡᠬᠢ ᠡᠭᠦᠰᠦᠯ ᠠᠴᠠ ᠨᠢ ᠡᠵᠡᠮᠳᠡᠵᠦ᠂ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ ᠢᠶᠠᠷ ᠬᠥᠯᠥᠨ ᠪᠤᠶᠢᠷ ᠬᠤᠲᠠ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃    ᠪᠢᠳᠡ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠪᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 5 ᠵᠦᠢᠯ ᠤᠨ ᠠᠵᠤ ᠠᠬᠤᠶ ᠶᠢᠨ ᠠᠮᠢ ᠠᠬᠤᠶ ᠶᠢᠨ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ︽ᠪᠠᠭᠤᠯᠭᠠᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ  ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ ᠨᠡᠶᠢᠲᠡᠯᠡᠵᠦ᠂ ︽ᠨᠢᠭᠡ ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠳᠡᠭᠡᠷ᠎ᠡ ᠪᠠᠨ  ᠭᠦᠢᠴᠡᠳᠭᠡᠬᠦ᠂ ᠨᠢᠭᠡ ᠤᠳᠠᠭ᠎ᠠ ᠳᠤ ᠭᠦᠢᠴᠡᠳᠭᠡᠬᠦ᠂ ᠲᠠᠨ ᠢ ᠬᠠᠪᠰᠤᠷᠤᠨ ᠭᠦᠢᠴᠡᠳᠭᠡᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠢᠨᠵᠧᠨᠧᠷᠢᠩ ᠤᠨ ᠲᠥᠷᠥᠯ  ᠵᠦᠢᠯ ᠢ ᠬᠢᠨᠠᠨ ᠵᠥᠪᠰᠢᠶᠡᠷᠡᠬᠦ᠂ ᠦᠨᠡᠮᠯᠡᠯ ᠭᠡᠷᠡᠴᠢ ᠶᠢ ᠰᠠᠯᠭᠠᠬᠤ ᠥᠭᠡᠷᠡᠴᠢᠯᠡᠯᠲᠡ ᠰᠢᠨ᠎ᠡ ᠦᠷ᠎ᠡ ᠪᠦᠲᠦᠮᠵᠢ ᠤᠯᠪᠠ᠃ ᠠᠵᠤ ᠠᠬᠤᠶᠢᠯᠠᠯ ᠢ ᠳᠡᠮᠵᠢᠨ ᠬᠦᠴᠢᠷᠳᠡᠯ ᠢ   ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ︽ᠬᠠᠮ ᠬᠡᠯᠪᠡᠷᠢ︾ ᠶᠢᠨ ᠭᠠᠶᠢᠯᠢ ᠰᠦᠢᠳᠭᠡᠯ ᠬᠢᠭᠡᠳ ᠮᠥᠩᠭᠦᠨ  ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠷᠤᠭᠠᠰᠤ ᠶᠢ 2.36 ᠳ᠋ᠦᠩᠰᠢᠭᠤᠷ ᠲᠥᠭᠦᠷᠢᠭ ᠬᠥᠩᠭᠡᠯᠡᠵᠦ᠂ ᠠᠵᠤ ᠠᠬᠤᠶᠢᠯᠠᠯ ᠢ ᠳᠡᠮᠵᠢᠨ ᠲᠤᠰᠠᠯᠠᠬᠤ ᠵᠢᠭᠡᠯᠡᠯᠭᠡ ᠶᠢ 9.06 ᠳ᠋ᠦᠩᠰᠢᠭᠤᠷ ᠲᠥᠭᠦᠷᠢᠭ ᠲᠠᠯᠪᠢᠵᠤ᠂ ᠪᠥᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ 9581 ᠡᠷᠦᠬᠡ ᠴᠡᠪᠡᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 28.5% ᠨᠡᠮᠡᠭᠳᠡᠵᠦ᠂ 43194 ᠡᠷᠦᠬᠡ ᠳᠤ ᠬᠥᠷᠪᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠ ᠶᠢ ᠬᠥᠭᠵᠢᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠴᠢᠩᠭᠠᠷᠠᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠤᠷᠤᠭᠰᠢᠲᠠᠶ ᠳᠠᠭᠤᠰᠴᠤ᠂ ᠠᠵᠤ ᠠᠬᠤᠶᠢᠯᠠᠯ ᠤᠨ ᠬᠠᠮᠢᠶᠠᠷᠤᠯᠲᠠ ᠡᠵᠡᠩᠨᠡᠯᠲᠡ ᠠᠯᠬᠤᠮ ᠠᠯᠬᠤᠮ ᠢᠶᠠᠷ ᠵᠢᠷᠤᠮᠵᠢᠪᠠ᠃ ᠭᠠᠳᠠᠭᠠᠳᠤ ᠠᠷᠠᠯᠵᠢᠶᠠᠨ ᠤ ᠠᠵᠤ ᠠᠬᠤᠶ ᠶᠢᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠹᠦ᠋ ᠹᠧᠩ ᠺᠣᠮᠫᠠᠨᠢ᠂ ᠲᠦᠩ ᠳ᠋ᠧ ᠮᠣᠳᠣᠨ ᠤ  ᠦᠢᠯᠡᠰ᠂ ᠱᠢ ᠪᠧᠨ ᠢᠮᠠᠭᠠᠨ ᠨᠣᠯᠤᠤᠷ᠂ ᠰᠢᠨ ᠨᠠᠨ ᠺᠣᠮᠫᠠᠨᠢ ᠶᠢᠨ  ᠦᠢᠯᠡᠳᠭᠦᠨ ᠤ ᠭᠠᠳᠠᠭᠠᠳᠤ ᠭᠠᠷᠭᠠᠯᠲᠠ ᠪᠠᠨ ᠥᠷᠭᠡᠳᠬᠡᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠲᠤᠭ᠎ᠠ 4 ᠳ᠋ᠦᠩᠰᠢᠭᠤᠷ ᠳ᠋ᠣᠯᠯᠠᠷ ᠲᠤ ᠬᠦᠷᠴᠦ᠂ 10% ᠪᠠᠷ ᠨᠡᠮᠡᠭᠳᠡᠪᠡ᠃     ᠪᠢᠳᠡ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠵᠦ᠂ ᠤᠯᠠᠨ ᠲᠦᠮᠡᠨ ᠤ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠪᠥᠬᠦ ᠬᠤᠲᠠ ᠶᠢᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 80% ᠶᠢ ᠡᠵᠡᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 4.5% ᠪᠠ 7.4% ᠨᠡᠮᠡᠭᠳᠡᠵᠦ᠂ 41778 ᠲᠥᠭᠦᠷᠢᠭ᠂ 23543 ᠲᠥᠭᠦᠷᠢᠭ ᠲᠤ ᠬᠥᠷᠪᠡ︔ 239 ᠬᠢᠨᠠᠨ ᠬᠡᠮᠵᠢᠭᠳᠡᠬᠦ ᠡᠲᠡᠭᠡᠳ ᠤᠨ ᠲᠠᠬᠢᠨ ᠶᠠᠳᠠᠭᠤᠷᠠᠬᠤ ᠲᠦᠭᠰᠢᠭᠦᠷᠢ ᠶᠢ ᠬᠥᠳᠡᠯᠦᠩᠭᠦᠢ ᠪᠠᠷ ᠠᠷᠢᠯᠭᠠᠪᠠ᠃ ᠠᠷᠠᠳ ᠤᠨ ᠠᠮᠢᠳᠤᠷᠠᠯ ᠤᠨ ᠪᠣᠳᠠᠲᠠᠶ ᠵᠦᠢᠯᠡᠰ ᠢ 7 ᠬᠡᠷᠡᠭᠵᠢᠭᠦᠯᠵᠦ᠂ ᠬᠤᠳᠠ ᠪᠠᠯᠭᠠᠰᠤᠨ ᠤ 1503 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 25640 ᠬᠥᠮᠦᠨ ᠳᠤ ᠰᠢᠯᠵᠢᠭᠦᠯᠦᠨ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 41% ᠶᠢᠨ ᠳᠣᠲᠣᠷ᠎ᠠ ᠬᠢᠵᠠᠭᠠᠷᠯᠠᠪᠠ᠃ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠲᠣᠰ ᠲᠣᠰ 5%᠂ 1.37% ᠪᠠ 12.49% ᠨᠡᠮᠡᠭᠳᠡᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ᠂ ᠵᠡᠮᠳᠡᠭᠴᠦᠳ᠂ ᠥᠨᠥᠴᠢᠨ ᠬᠡᠤᠬᠡᠳ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠦᠨ ᠂ ᠮᠠᠨ ᠤ ᠬᠤᠲᠠ ᠬᠥᠯᠥᠨ ᠪᠤᠶᠢᠷ ᠬᠤᠲᠠ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠵᠤ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠲᠤᠷᠰᠢᠯᠲᠠ ᠶᠢᠨ ᠭᠠᠵᠠᠷ ᠣᠷᠣᠨ ᠪᠣᠯᠪᠠ᠃ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠲᠥᠪ᠂ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠰᠡᠷᠭᠡᠶᠢᠯᠡᠨ ᠤᠨᠲᠠᠷᠠᠭᠠᠬᠤ ᠥᠭᠡᠷᠡᠴᠢᠯᠡᠯᠲᠡ ᠶᠢᠨ ᠵᠦᠢᠯᠡᠰ ᠢ ᠤᠷᠤᠭᠰᠢᠲᠠᠶ ᠪᠡᠶᠡᠯᠡᠭᠦᠯᠵᠦ᠂ ᠦᠨᠳᠦᠰᠦᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 31 ᠪᠣᠯᠭᠠᠨ ᠥᠭᠡᠷᠡᠴᠢᠯᠡᠵᠦ ᠥᠷᠭᠡᠳᠬᠡᠨ ᠪᠠᠶᠢᠭᠤᠯᠤᠭᠠᠳ᠂ ︽ᠨᠢᠭᠡ ᠨᠠᠰᠤᠲᠠᠨ ᠨᠢᠭᠡ ᠪᠠᠭᠠᠴᠤᠳ︾ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠪᠠ᠃ ᠨᠡᠶᠢᠭᠡᠮ ᠤᠨ ᠠᠵᠢᠯ  ᠦᠢᠯᠡᠰ ᠪᠥᠬᠦ ᠲᠠᠯ᠎ᠠ ᠪᠠᠷ ᠲᠡᠪᠰᠢᠵᠦ᠂ 1 ᠪᠠᠭ᠎ᠠ ᠰᠤᠷᠭᠠᠭᠤᠯᠢ᠂ 4 ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠡᠷᠳᠡᠮ ᠤᠨ ᠴᠣᠯᠠ ᠶᠢ 1440 ᠨᠡᠮᠡᠭᠳᠡᠭᠦᠯᠵᠦ᠂ ᠪᠠᠭᠰᠢ ᠠᠵᠢᠯᠲᠠᠨ 320 ᠡᠯᠰᠡᠵᠦ᠂ ᠰᠦᠯᠵᠢᠶᠡᠨ ᠭᠠᠳᠠᠨᠠᠬᠢ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠰᠤᠭᠰᠠᠨ ᠨᠣᠷᠮ᠎ᠠ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ  ᠦᠢᠯᠡᠴᠢᠯᠡᠭᠡ ᠳᠤ ᠣᠷᠣᠯᠴᠠᠭᠰᠠᠨ ᠨᠣᠷᠮ᠎ᠠ ᠴᠥᠮ 100% ᠳᠤ ᠬᠦᠷᠴᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 88.2% ᠲᠤ ᠬᠦᠷᠴᠦ᠂ ᠥᠨᠳᠥᠷ ᠳᠤᠮᠳᠠᠳᠤ ᠶᠢᠨ ᠰᠢᠯᠭᠠᠯᠲᠠ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢᠨ ᠬᠤᠤᠰ ᠰᠢᠪᠲᠤᠯᠤᠯᠲᠠ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠬᠢᠷᠢ ᠲᠦᠪᠰᠢᠨ ᠶᠡᠭᠡ ᠬᠡᠮᠵᠢᠶ᠎ᠡ ᠪᠠᠷ ᠳᠡᠭᠡᠭᠰᠢᠯᠡᠪᠡ︔ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠦᠨᠳᠦᠰᠦᠨ ᠱᠠᠲᠤᠨ ᠤ ᠬᠢᠲᠠᠳ ᠡᠮᠨᠡᠯᠭᠡ ᠶᠢᠨ ᠣᠷᠳᠣᠨ ᠪᠠ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠡᠮ ᠡᠮᠨᠡᠯᠭᠡ ᠶᠢᠨ ᠪᠠᠲᠤᠯᠠᠭ᠎ᠠ ᠶᠢᠨ  ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ  ᠦᠨᠳᠦᠰᠦᠨ ᠱᠠᠲᠤᠨ ᠤ ᠤᠷᠠᠨ ᠰᠠᠶᠢᠬᠠᠨ ᠤ ᠲᠣᠭᠯᠠᠯᠲᠠ ᠶᠢ 144 ᠲᠠᠯᠠᠪᠠᠢ ᠥᠷᠨᠢᠭᠦᠯᠵᠦ᠂ 50 ᠤᠳᠠᠭ᠎ᠠ ᠶᠢᠨ ᠰᠣᠶᠣᠯ ᠤᠨ ᠶᠡᠭᠡ ᠴᠤᠭᠯᠠᠭᠠᠨ᠂ 16 ᠤᠳᠠᠭ᠎ᠠ ᠶᠢᠨ ᠤᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠣᠬᠢᠶᠠᠨ ᠪᠠᠶᠢᠭᠤᠯᠵᠤ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾᠂ ︽ᠪᠢᠴᠢᠭ ᠤᠨ ᠰᠤᠷᠪᠤᠯᠵᠢᠲᠤ ᠳᠤᠮᠳᠠᠳᠤ ᠤᠯᠤᠰ︾ ᠵᠡᠷᠭᠡ ᠭᠤᠣᠯ ᠰᠡᠳᠦᠪᠲᠦ ᠦᠵᠡᠰᠬᠦᠯᠡᠩ ᠢ 87 ᠤᠳᠠᠭ᠎ᠠ ᠡᠷᠬᠢᠯᠡᠪᠡ᠃ ᠠᠮᠤᠷ ᠠᠮᠤᠭᠤᠯᠠᠩ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤᠳᠬᠠᠨ᠂ ᠦᠨᠳᠦᠰᠦᠲᠡᠨ ᠤ ᠪᠦᠯᠬᠦᠮᠳᠡᠯ ᠢ ᠲᠠᠰᠤᠷᠠᠯᠲᠠ ᠥᠬᠡᠶ ᠪᠠᠬᠢᠵᠢᠭᠦᠯᠦᠨ ᠴᠢᠩᠭᠠᠳᠬᠠᠵᠤ᠂ ᠤᠯᠠᠭᠠᠨᠮᠥ᠋ᠴᠢᠷ ᠢ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾ ᠪᠠᠷ ᠦᠨᠡᠯᠡᠪᠡ︔ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠢᠯᠡᠳᠲᠡ ᠠᠮᠵᠢᠯᠲᠠ ᠣᠯᠵᠤ᠂ ᠵᠥᠷᠢᠴᠡᠯ ᠢ ᠪᠠᠶᠢᠴᠠᠭᠠᠨ  ᠰᠢᠢᠳᠪᠦᠷᠢᠯᠡᠬᠦ ᠠᠵᠢᠯ ᠯᠠᠪᠳᠠᠭᠤᠨ ᠪᠥᠭᠡᠳ ᠬᠦᠴᠦᠲᠡᠶ ᠶᠠᠪᠤᠭᠳᠠᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠲᠤᠯᠠᠪᠠ᠃ ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠠᠴᠠ ᠬᠠᠯᠠᠭᠳᠠᠭᠰᠠᠳ ᠤᠨ ᠠᠵᠢᠯ ᠯᠠᠪᠳᠠᠭᠤᠨ ᠪᠠᠲᠤᠲᠠᠶ ᠶᠠᠪᠤᠭᠳᠠᠵᠤ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠷᠠᠳᠢᠣ᠋ ᠲᠧᠯᠸᠢᠰ᠂ ᠲᠡᠦᠬᠡ ᠣᠶᠢᠯᠠᠯᠭ᠎ᠠ ᠶᠢᠨ ᠳᠠᠩᠰᠠ ᠡᠪᠬᠡᠮᠡᠯ᠂ ᠭᠠᠵᠠᠷ ᠬᠥᠳᠡᠯᠦᠯᠲᠡ᠂ ᠬᠠᠩᠭᠠᠨ ᠪᠣᠷᠣᠯᠠᠭᠤᠯᠬᠤ᠂ ᠰᠢᠦᠳᠠᠨ ᠵᠡᠷᠭᠡ ᠠᠵᠢᠯ ᠰᠢᠨ᠎ᠡ ᠳᠠᠪᠰᠢᠯᠲᠠ ᠲᠠᠢ ᠪᠣᠯᠵᠤ᠂ ᠨᠠᠰᠤᠲᠠᠶᠢᠴᠤᠳ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠠᠵᠢᠯᠴᠢᠨ ᠤ ᠡᠪᠯᠡᠯ᠂ ᠨᠢᠭᠦᠯᠡᠰᠦᠩᠭᠦᠶ ᠶᠢᠨ ᠦᠢᠯᠡᠰ᠂ ᠬᠤᠶᠢᠴᠢ ᠦᠶ᠎ᠡ ᠪᠠᠨ ᠬᠠᠯᠠᠮᠵᠢᠯᠠᠬᠤ ᠦᠢᠯᠡᠰ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠦᠢᠯᠡᠰ ᠰᠢᠨ᠎ᠡ ᠬᠥᠭᠵᠢᠯᠲᠡ ᠲᠠᠢ ᠪᠣᠯᠵᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠪᠢᠴᠢᠬᠠᠨ ᠵᠦᠷᠵᠢ ᠶᠢᠨ ᠳ᠋ᠧᠩ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ︽ᠪᠦᠬᠦ ᠤᠯᠤᠰ ᠤᠨ ᠤᠯᠠᠭᠠᠨ ᠵᠠᠭᠠᠯᠮᠠᠶᠢᠲᠠᠨ ᠤ ᠵᠢᠱᠢᠶᠡᠴᠢ ᠨᠢᠭᠡᠴᠡ︾ ᠪᠠᠷ ᠦᠨᠡᠯᠡᠭᠳᠡᠵᠦ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ︽2022 ᠣᠨ ᠳᠤ ᠲᠤᠪᠤᠶᠢᠮ᠎ᠠ ᠢᠯᠡᠷᠡᠯ ᠲᠠᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠤᠮᠳᠠᠳᠤ ᠤᠯᠤᠰ ᠤᠨ ᠮᠡᠳᠡᠭᠡ ᠵᠠᠩᠭᠢᠴᠢᠳ ᠤᠨ ᠵᠣᠬᠢᠶᠠᠨ ᠪᠠᠶᠢᠭᠤᠯᠬᠤ ᠨᠢᠭᠡᠴᠡ︾ ᠪᠠᠷ ᠦᠨᠡᠯᠡᠭᠳᠡᠵᠦ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠪᠦᠬᠦ ᠤᠯᠤᠰ ᠤᠨ ︽ᠲᠠᠪᠤᠨ ᠰᠠᠶᠢᠨ︾ ᠤ ᠳᠠᠭᠤᠷᠢᠶᠠᠯ ᠪᠣᠯᠬᠤ ᠰᠢᠶᠠᠨ ᠤ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠴᠣᠯᠠ ᠶᠢ ᠬᠦᠷᠳᠡᠵᠤ᠂ ᠬᠤᠳᠠ ᠶᠢᠨ ᠠᠵᠤ ᠠᠬᠤᠶᠢᠯᠠᠯᠲᠠᠨ ᠤ ᠬᠤᠳᠠᠯᠳᠤᠭᠠᠨ ᠤ ᠡᠪᠯᠡᠯ ᠨᠢ ᠪᠦᠬᠦ ᠤᠯᠤᠰ ᠤᠨ ︽ᠲᠦᠷᠪᠡᠨ ᠰᠠᠶᠢᠨ︾ ᠬᠤᠳᠠᠯᠳᠤᠭᠠᠨ ᠤ ᠡᠪᠯᠡᠯ ᠢᠶᠠᠷ ᠦᠨᠡᠯᠡᠭᠳᠡᠵᠦ᠂ ᠵᠠᠯᠠᠨ ᠠᠶᠢᠯ ᠤᠨ ᠤᠯᠤᠰ ᠤᠨ ᠦᠨᠳᠦᠰᠦᠨ ᠴᠠᠭ ᠠᠭᠤᠷ ᠤᠨ ᠦᠷᠳᠡᠭᠡ ᠨᠢ ᠳᠤᠮᠳᠠᠳᠤ ᠤᠯᠤᠰ ᠤᠨ ᠵᠠᠭᠤᠨ ᠵᠢᠯ ᠤᠨ ᠴᠠᠭ ᠠᠭᠤᠷ ᠤᠨ ᠦᠷᠳᠡᠭᠡ ᠶᠢᠨ ᠨᠡᠷᠡᠰ ᠲᠤ ᠵᠢᠭᠰᠠᠭᠠᠭᠳᠠᠪᠠ᠃      ᠪᠢᠳᠡ ᠬᠠᠷᠰᠢ ᠰᠠᠭᠠᠳ ᠢ ᠢᠯᠠᠨ ᠳᠠᠪᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠦᠴᠦᠲᠡᠢ ᠪᠥᠭᠡᠳ ᠪᠦᠲᠦᠮᠵᠢᠲᠡᠢ ᠬᠢᠵᠦ ᠪᠠᠶᠢᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ︽ᠭᠤᠷᠪᠠᠨ ᠭᠤᠶᠢᠪᠢᠰᠢ ᠥᠬᠡᠶ ᠪᠠᠶᠢᠬᠤ︾ ᠶᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠶᠢᠰᠦᠳᠦᠭᠡᠷ ᠨᠢᠭᠤᠷ ᠤᠨ ᠰᠡᠷᠭᠡᠶᠢᠯᠡᠨ ᠡᠵᠡᠮᠳᠡᠬᠦ ᠲᠥᠰᠦᠯ᠂ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠪᠠ ︽ᠰᠢᠨ᠎ᠡ ᠠᠷᠪᠠᠨ ᠵᠤᠷᠪᠤᠰ︾ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠡᠷᠡᠰ ᠰᠢᠭᠤᠷᠬᠠᠶ ᠪᠠᠷ ᠰᠢᠢᠳᠪᠦᠷᠢᠯᠡᠵᠦ᠂ ︽ᠬᠠᠯᠳᠠᠪᠤᠷᠢᠯᠠᠯ ᠢ ᠰᠡᠷᠭᠡᠶᠢᠯᠡᠬᠦ︾ ᠠᠴᠠ ︽ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ︾ ᠳᠠᠰᠢ ᠬᠤᠪᠢᠷᠠᠭᠤᠯᠬᠤ ᠶᠢ ᠲᠦᠷᠭᠡᠳᠬᠡᠨ᠂ ᠬᠢᠵᠢᠭ ᠤᠨ ᠳᠡᠯᠭᠡᠷᠡᠬᠦ ᠣᠷᠭᠢᠯ ᠤᠨ ᠬᠤᠭᠤᠴᠠᠭ᠎ᠠ ᠶᠢ ᠲᠣᠭᠲᠠᠭᠤᠨ ᠢᠶᠠᠷ ᠥᠩᠭᠡᠷᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ᠃ ᠬᠢᠵᠢᠭ ᠤᠨ ᠪᠠᠶᠢᠳᠠᠯ ᠢ ᠡᠰᠡᠷᠭᠦᠴᠡᠬᠦ ᠶᠠᠪᠤᠴᠠ ᠳᠤ᠂ ᠡᠯ᠎ᠡ ᠰᠠᠯᠠᠭ᠎ᠠ ᠮᠥᠴᠢᠷ ᠤᠨ ᠬᠢᠨ ᠥᠨᠳᠥᠷ ᠪᠦᠲᠦᠮᠵᠢᠲᠡᠶ ᠪᠠᠷ ᠬᠤᠯᠪᠣᠭᠠᠯᠠᠨ ᠬᠥᠳᠡᠯᠦᠯᠴᠡᠵᠦ᠂ ᠠᠯᠢ ᠴᠢᠳᠠᠬᠤ ᠪᠠᠷ ᠭᠠᠪᠰᠢᠭᠠᠶᠢᠯᠠᠨ᠂ ᠡᠯ᠎ᠡ ᠭᠠᠵᠠᠷ ᠣᠷᠣᠨ ᠤ ᠬᠢᠨ ᠬᠠᠮᠵᠢᠯᠴᠠᠨ ᠪᠠᠶᠢᠯᠳᠤᠵᠤ᠂ ᠨᠢᠭᠲᠠ ᠬᠠᠮᠵᠢᠯᠴᠠᠨ᠂ ᠥᠷᠭᠡᠨ ᠣᠯᠠᠨ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ  ᠺᠠᠲᠡᠷ ᠴᠠᠭᠳᠠᠭ᠎ᠠ᠂ ᠨᠠᠮ ᠤᠨ ᠭᠡᠰᠢᠭᠦᠨ  ᠺᠠᠲᠡᠷ᠂ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠰᠠᠳ ᠶᠠᠳᠠᠷᠠᠯ ᠵᠦᠳᠡᠷᠡᠯ ᠢ ᠬᠠᠶᠢᠬᠤᠷᠤᠯ ᠥᠬᠡᠶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠡᠶᠢᠨ ᠤ ᠢᠯᠠᠯᠲᠠ ᠶᠢ ᠪᠥᠬᠦ ᠲᠠᠯ᠎ᠠ ᠪᠠᠷ ᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃     ᠪᠢᠳᠡ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠪᠡ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ 83 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠨ᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠣᠪᠴᠢ ︵2021 - 2025︶︾ ᠶᠢ ᠭᠦᠨᠵᠡᠭᠡᠶ ᠲᠤᠤᠱᠯᠠᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠦᠨ᠂ ᠵᠠᠰᠠᠭ ᠤᠨ ᠣᠷᠳᠣᠨ ᠤ ᠠᠵᠢᠯ ᠤᠨ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠤᠷᠮ᠎ᠠ ᠶᠢ 100% ᠳᠤ ᠬᠦᠷᠭᠡᠨ᠎ᠡ᠃ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠭᠰᠡᠨ 53 ᠠᠰᠠᠭᠤᠳᠠᠯ ᠢ ᠪᠠᠶᠢᠴᠠᠭᠠᠨ  ᠰᠢᠢᠳᠪᠦᠷᠢᠯᠡᠵᠦ᠂ ᠵᠢᠷᠤᠮᠵᠢᠯ ᠥᠬᠡᠶ 36 ᠠᠰᠠᠭᠤᠳᠠᠯ ᠢ ᠵᠠᠯᠠᠷᠠᠭᠤᠯᠤᠨ᠂ 848 ᠲᠦᠮᠡᠨ ᠲᠥᠭᠦᠷᠢᠭ ᠤᠨ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠶᠢ ᠠᠬᠢᠭᠤᠯᠪᠠ᠃ ︽ᠠᠷᠪᠢᠯᠠᠨ ᠭᠠᠮᠨᠠᠵᠤ ᠠᠮᠢᠳᠤᠷᠠᠬᠤ ︾ ᠦᠵᠡᠯ ᠰᠠᠨᠠᠭ᠎ᠠ ᠶᠢ ᠪᠤᠢ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠵᠦᠢ ᠵᠣᠬᠢᠰᠲᠠᠶ ᠪᠠᠷ ᠪᠠᠭᠠᠰᠬᠠᠨ᠎ᠠ᠃ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠤᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠵᠤ᠂ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ 36 ᠳ᠋ᠦᠩᠰᠢᠭᠤᠷ ᠲᠥᠭᠦᠷᠢᠭ ᠠᠷᠢᠯᠭᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠦᠭᠡᠢ ᠲᠠᠩᠰᠠᠨ ᠤ ᠵᠣᠭᠤᠰ ᠢ 8000 ᠲᠦᠮᠡᠨ ᠲᠥᠭᠦᠷᠢᠭ ᠴᠡᠪᠡᠷᠯᠡᠵᠦ᠂ ᠤᠯᠠᠨ ᠵᠢᠯ ᠦᠯᠡᠳᠡᠭᠳᠡᠵᠦ ᠢᠷᠡᠭᠰᠡᠨ ᠠᠵᠢᠯᠳᠠᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠪᠠ ᠰᠢᠶᠠᠩ ᠪᠠᠯᠭᠠᠰᠤᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠥᠪ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠠᠰᠠᠭᠤᠳᠠᠯ ᠢ   ᠰᠢᠢᠳᠪᠦᠷᠢᠯᠡᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠣᠷᠴᠢᠨ ᠠᠬᠤᠶ ᠶᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ᠂ ᠲᠦᠷᠢ ᠲᠥᠷᠬᠦ ᠶᠢ ᠪᠤᠢ ᠪᠣᠯᠭᠠᠬᠤ︾ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠡᠷᠭᠡ ᠠᠵᠢᠯ ᠳᠤ ᠢᠯᠡᠳᠲᠡ ᠦᠷ᠎ᠡ ᠪᠦᠲᠦᠮᠵᠢ ᠤᠯᠪᠠ᠃      ᠲᠥᠯᠥᠭᠡᠯᠡᠭᠴᠢᠳ ᠡ᠂ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠪᠡᠷᠬᠡ ᠶᠢ ᠮᠡᠳᠡᠬᠦ ᠦᠭᠡᠢ᠂ ᠪᠦᠲᠦᠭᠡᠬᠦ ᠳᠤ ᠬᠢᠯᠪᠡᠷ ᠪᠣᠯᠪᠠᠴᠤ ᠬᠦᠴᠢᠷ ᠪᠡᠷᠬᠡᠰᠢᠶᠡᠯ ᠲᠠᠢ ᠪᠠᠶᠢᠳᠠᠭ᠃ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠪᠢᠳᠡ ᠰᠡᠳᠬᠢᠯ ᠨᠢᠭᠡᠳᠦᠨ ᠬᠢᠵᠢᠭ ᠤᠨ ᠪᠠᠶᠢᠳᠠᠯ ᠳᠤ ᠣᠷᠣᠵᠤ᠂ ᠪᠦᠬᠦ ᠬᠦᠴᠦᠨ ᠢᠶᠠᠷ ᠢᠶᠠᠨ ᠶᠡᠭᠡ ᠪᠠᠶᠢᠳᠠᠯ ᠢ ᠲᠣᠭᠲᠠᠪᠤᠷᠢᠵᠢᠭᠤᠯᠵᠤ᠂ ᠶᠡᠭᠡ ᠲᠠᠶᠢᠨ ᠤ ᠶᠡᠭᠡ ᠰᠢᠯᠭᠠᠯᠲᠠ ᠳᠤ ᠳᠠᠷᠤᠯᠲᠠ ᠶᠢ ᠲᠤᠯᠵᠤ᠂ ᠬᠥᠭᠵᠢᠯᠲᠡ ᠶᠢ ᠲᠡᠮᠡᠴᠡᠨ ᠤᠯᠪᠠ᠃ ᠰᠢ  ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠪᠣᠯ ᠪᠢᠳᠡᠨ ᠢ ᠬᠦᠳᠦᠯᠦᠨ ᠳᠠᠭᠠᠭᠤᠯᠵᠤ ᠢᠯᠠᠯᠲᠠ ᠳᠤ ᠬᠦᠷᠬᠦ ᠲᠦᠰᠢᠭ ᠲᠤᠯᠭᠠᠭᠤᠷᠢ ᠮᠥᠨ︔ ᠪᠦᠬᠦ ᠬᠤᠳᠠ ᠶᠢᠨ ᠦᠨᠳᠦᠰᠦᠲᠡᠨ ᠨᠦᠭᠦᠳ ᠤᠨ  ᠺᠠᠲᠡᠷ ᠤᠯᠠᠨ ᠲᠦᠮᠡᠨ ᠤ ᠪᠦᠯᠬᠦᠮᠳᠡᠨ ᠲᠡᠮᠡᠴᠡᠬᠦ ᠶᠠᠪᠤᠳᠠᠯ ᠪᠣᠯ ᠪᠢᠳᠡᠨ ᠤ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠶᠢᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠮᠥᠨ᠃ ᠡ᠊ᠨᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠰᠠᠭᠤᠭ᠎ᠠ ᠨᠢᠭᠡᠴᠢ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ᠂ ᠵᠠᠯᠠᠨ ᠠᠶᠢᠯ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠳᠤ ᠣᠷᠣᠯᠴᠠᠬᠤ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠲᠥᠯᠥᠭᠡᠯᠡᠭᠴᠢᠳ ᠡ᠂ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠪᠠᠰᠠ ᠣᠳᠣᠬᠢᠴᠢᠯᠠᠭᠰᠠᠨ ᠵᠠᠯᠠᠨ ᠠᠶᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠮᠣᠷᠳᠠᠬᠤ ᠳᠤ ᠪᠠᠰᠠ ᠴᠥᠭᠡᠨ ᠪᠤᠰᠤ ᠬᠦᠴᠢᠷᠳᠡᠯ᠂ ᠠᠰᠠᠭᠤᠳᠠᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠵᠢᠱᠢᠶᠡᠯᠡᠪᠡᠯ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠨᠢ ᠨᠡᠯᠢᠶᠡᠳ ᠤᠳᠠᠭᠠᠰᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠳᠤᠲᠠᠭᠤᠳᠠᠯ ᠢᠯᠡᠷᠬᠡᠶ ᠪᠠᠶᠢᠨ᠎ᠠ︔ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠬᠦᠴᠦᠨ ᠮᠡᠬᠦᠰᠳᠡᠵᠦ᠂ ᠬᠡᠷᠡᠭᠯᠡᠭᠡᠨ ᠤ ᠪᠦᠲᠦᠴᠡ ᠰᠢᠯᠢᠳᠡᠭ ᠪᠢᠰᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠨ᠎ᠠ︔ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ︽ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ  ᠶᠡᠭᠡ ᠬᠦᠴᠦ ᠣᠷᠣᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠠᠷᠤᠯᠲᠠ ᠶᠢ ᠪᠠᠭᠠᠰᠬᠠᠬᠤ ᠦᠭᠡᠢ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ ᠤ ᠱᠠᠭᠠᠷᠳᠠᠯᠭ᠎ᠠ ᠨᠡᠩ ᠥᠨᠳᠥᠷ᠂ ᠬᠦᠴᠢᠷᠳᠡᠯ ᠨᠡᠩ ᠶᠡᠭᠡ︔ ᠵᠠᠰᠠᠭ ᠤᠨ ᠣᠷᠳᠣᠨ ᠤ ᠠᠵᠢᠯ ᠳᠤ ᠪᠠᠰᠠ ᠴᠢᠩᠭᠠᠳᠬᠠᠬᠤ ᠪᠠ ᠰᠠᠶᠢᠵᠢᠷᠠᠭᠤᠯᠬᠤ ᠴᠢᠬᠤᠯᠠᠲᠠᠶ ᠭᠠᠵᠠᠷ ᠴᠥᠭᠡᠨ ᠪᠤᠰᠤ ᠪᠠᠶᠢᠨ᠎ᠠ᠂ ᠵᠠᠷᠢᠮ ᠠᠵᠢᠯᠳᠠᠨ ᠤ ᠦᠵᠡᠯ ᠰᠠᠨᠠᠭᠠᠨ ᠤ ᠲᠠᠯ᠎ᠠ ᠪᠠᠷ ᠬᠦᠷᠦᠯᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠷ ᠴᠢᠩᠭ᠎ᠠ ᠪᠢᠰᠢ᠂ ᠭᠠᠪᠰᠢᠭᠠᠶᠢᠯᠠᠬᠤ ᠡᠷᠴᠢ ᠵᠣᠷᠢᠭ ᠢᠶᠠᠷ ᠬᠦᠷᠦᠯᠴᠡᠬᠦ ᠦᠭᠡᠢ᠂ ᠠᠵᠢᠯ ᠳᠠᠭᠠᠨ ᠵᠠᠯᠬᠠᠭᠤ᠂ ᠰᠤᠯᠠ ᠵᠠᠳᠠᠭᠠᠶ᠂ ᠤᠳᠠᠭᠠᠰᠢᠷᠠᠭᠤᠯᠬᠤ᠂ ᠢᠯᠠᠩᠭᠤᠶ᠎ᠠ ᠤᠳᠠᠭᠠᠨ ᠪᠠᠶᠢᠬᠤ ᠠᠰᠠᠭᠤᠳᠠᠯ ᠮᠥᠨ ᠯᠡ ᠨᠡᠯᠢᠶᠡᠳ ᠲᠤᠪᠤᠶᠢᠮ᠎ᠠ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠨᠢᠭᠤᠵᠤ ᠳᠠᠯᠳᠠᠯᠠᠬᠤ ᠦᠭᠡᠢ᠂ ᠵᠠᠶᠢᠯᠠᠬᠤ ᠦᠭᠡᠢ ᠪᠠᠷ ᠠᠷᠭ᠎ᠠ ᠪᠤᠳᠤᠯᠭ᠎ᠠ ᠶᠢ  ᠨᠢᠭᠡ ᠨᠢᠭᠡ ᠪᠠᠷ ᠰᠤᠳᠤᠯᠵᠤ᠂ ᠨᠡᠩ ᠶᠡᠭᠡ ᠡᠷᠴᠢᠮ᠂ ᠨᠡᠩ ᠴᠢᠩᠭ᠎ᠠ ᠠᠷᠭ᠎ᠠ ᠬᠡᠮᠵᠢᠶ᠎ᠡ ᠪᠠᠷ  ᠰᠢᠢᠳᠪᠦᠷᠢᠯᠡᠵᠦ᠂ ᠪᠦᠬᠦ ᠬᠤᠳᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ᠃        
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ