ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠳᠤᠭᠤᠶᠢᠯᠠᠩ ᠵᠠᠯᠠᠨ ᠠᠶᠢᠯ ᠬᠤᠳᠠ ᠳᠤ ᠭᠦᠨᠵᠡᠭᠡᠶᠢᠷᠡᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠡ ᠶᠢᠨ 2023 ᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠰᠬᠠᠢ ᠵᠦᠢᠯ ᠤᠨ  ᠬᠢᠨᠠᠨ ᠪᠠᠶᠢᠴᠠᠭᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2023/10/16
2.jpg1.jpg   
     9 ᠰᠠᠷ᠎ᠠ ᠶᠢᠨ 25      ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠤᠸᠠᠢ ᠰᠥᠩ ᠪᠦᠯᠬᠦᠮ ᠳᠠᠭᠠᠭᠤᠯᠤᠨ ᠵᠠᠯᠠᠨ ᠠᠶᠢᠯ ᠬᠤᠲᠠ ᠳᠤ ᠬᠦᠷᠴᠦ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ 2023 ᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ  ᠬᠢᠨᠠᠨ ᠪᠠᠶᠢᠴᠠᠭᠠᠬᠤ ᠠᠵᠢᠯ ᠥᠷᠨᠢᠭᠦᠯᠵᠦ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠯᠢ ᠵᠢᠶᠦ᠋ᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᡁᠢ ᠯᠢ ᠵᠢᠴᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂  ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠬᠤᠷᠠᠯ ᠳᠤ ᠣᠷᠣᠯᠴᠠᠭᠰᠠᠳ ᠲᠠᠢ ᠭᠦᠨᠵᠡᠭᠡᠶ ᠶᠠᠷᠢᠯᠴᠠᠨ ᠰᠣᠯᠢᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ 2023 ᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠢᠴᠡᠳ ᠨᠤᠲᠠᠯᠠᠵᠤ᠂ ᠵᠠᠯᠠᠨ ᠠᠶᠢᠯ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠡᠬᠢ ᠪᠠᠶᠠᠯᠢᠭ ᠲᠤ ᠰᠠᠭᠤᠷᠢᠯᠠᠵᠤ᠂ ᠠᠵᠤ ᠦᠢᠯᠡᠰ ᠤᠨ  ᠬᠡᠯᠬᠢᠶ᠎ᠡ ᠪᠠᠨ ᠤᠷᠲᠤᠳᠬᠠᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠳᠤ ᠵᠠᠯᠠᠨ ᠠᠶᠢᠯ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠬᠢᠨᠠᠨ ᠪᠠᠶᠢᠴᠠᠭᠠᠬᠤ ᠬᠤᠭᠤᠴᠠᠭᠠᠨ ᠳᠤ᠂  ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ  ᠳᠤᠨᠢ ᠰᠤᠷᠪᠤᠯᠵᠢᠯᠠᠬᠤ ᠵᠡᠷᠭᠡ ᠬᠡᠯᠪᠡᠷᠢ ᠪᠠᠷ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠤᠯᠠᠮ ᠴᠢᠨᠠᠭᠰᠢᠳᠠ ᠣᠶᠢᠯᠠᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ