ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ︽ᠬᠤᠤᠰ ᠪᠠᠶᠠᠷ︾ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ᠂ ᠡᠪᠦᠯ ᠤᠨ ᠤᠯᠠᠷᠢᠯ ᠤᠨ ᠳᠤᠯᠠᠭᠠᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/10/16
2.jpg3.jpg1.png   
     ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠡᠳᠦᠷ ᠬᠦᠷᠴᠦ ᠢᠷᠡᠪᠡ᠂ 9 ᠰᠠᠷ᠎ᠠ ᠶᠢᠨ 28 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ  ᠠᠴᠠ ᠡᠮᠦᠨᠡᠬᠢ ᠠᠶᠤᠯᠭᠦᠶ ᠦᠢᠯᠡᠳᠪᠦᠷᠢᠯᠡᠯ᠂ ᠡᠪᠦᠯ ᠤᠨ ᠤᠯᠠᠷᠢᠯ ᠤᠨ ᠳᠤᠯᠠᠭᠠᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ  ᠢ  ᠬᠢᠨᠠᠨ ᠵᠢᠯᠣᠭᠤᠳᠴᠤ᠂ ᠬᠤᠲᠠ ᠶᠢᠨ ᠤᠳᠤᠷᠢᠳᠤᠯᠭ᠎ᠠ ᠦ᠋ ᠴᠧᠨ ᠳ᠋ᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠸᠠᠩ ᠪᠥᠸᠧ ᠤᠷᠢᠳ ᠬᠤᠵᠢᠳ ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ᠂ ᠰᠢᠨ᠎ᠡ ᠬᠤᠲᠠ ᠶᠢᠨ ᠢᠯᠴᠢ ᠶᠢᠨ ᠬᠦᠴᠦᠨ ᠤ ᠺᠣᠮᠫᠠᠨᠢ᠂ ᠬᠤᠸᠠ ᠨᠧᠩ ᠢᠯᠴᠢ ᠶᠢᠨ ᠬᠦᠴᠦᠨ ᠤ ᠺᠣᠮᠫᠠᠨᠢ᠂ ᠰᠢᠦ ᠱᠦᠶ ᠬᠤᠸᠠ ᠮᠧᠶ ᠪᠠᠭ᠎ᠠ ᠲᠣᠭᠤᠷᠢᠭ ᠤᠨ ᠪᠠᠷᠢᠯᠭ᠎ᠠ ᠶᠢᠨ ᠭᠠᠵᠠᠷ᠂ ᠶᠢᠨ ᠳ᠋ᠢ ᠬᠡᠲᠦ ᠳᠡᠯᠭᠡᠭᠦᠷ᠂ ᠯᠢ ᠮᠢᠨ ᠠᠮᠢ ᠠᠬᠤᠶ ᠶᠢᠨ ᠬᠦᠷᠢᠶᠡᠯᠡᠩ ᠤᠨ ᠪᠠᠭᠤᠳᠠᠯ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠢ ᠶᠢ ᠦᠵᠡᠵᠦ᠂ ᠠᠬᠢᠴᠠ ᠶᠢ ᠠᠰᠠᠭᠤᠵᠤ᠂ ᠦᠢᠯᠡᠳᠪᠦᠷᠢ ᠶᠢᠨ ᠲᠠᠰᠤᠭ ᠲᠤ ᠣᠷᠣᠵᠤ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠷᠢᠯᠭ᠎ᠠ ᠶᠢᠨ ᠲᠤᠬᠠᠢ  ᠶᠢᠨ ᠲᠠᠯᠠᠪᠠᠢ᠂ ᠠᠵᠤ  ᠠᠬᠤᠶᠢᠯᠠᠯ  ᠤᠨ  ᠨᠢᠭᠡᠴᠡ  ᠶᠢᠨ   ᠠᠶᠤᠯᠭᠦᠢ ᠦᠢᠯᠡᠳᠪᠦᠷᠢᠯᠡᠯ  ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂  ᠳᠠᠯᠳᠡ‌‍ᠭᠡᠮ  ᠢ ᠪᠠᠶᠢᠴᠠᠭᠠᠨ ᠵᠠᠰᠠᠭᠰᠠᠨ᠂ ᠲᠤᠨᠤᠭ ᠲᠥᠬᠦᠭᠡᠷᠦᠮᠵᠢ ᠶᠢ ᠬᠠᠮᠠᠭᠠᠯᠠᠬᠤ᠂ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠠᠢ ᠳᠤ  ᠱᠠᠭᠠᠷᠳᠡᠨ ᠵᠣᠬᠢᠴᠠᠭᠤᠯᠵᠤ ᠰᠢᠢᠳᠪᠦᠷᠢᠯᠡᠬᠦ ᠬᠡᠷᠡᠭᠲᠡᠢ᠃    ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ᠂ ᠰᠢᠦ ᠱᠦᠶ ᠬᠤᠸᠠ ᠮᠧᠶ ᠵᠡᠷᠭᠡ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠠᠶ ᠳᠤ ᠸᠠᠩ ᠪᠥᠸᠧ ᠢᠯᠡᠷᠬᠡᠶᠢᠯᠡᠬᠦ ᠳᠡᠭᠡᠨ᠂ ︽ᠠᠷᠪᠡᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ‍ᠤᠨ‌ᠡᠪᠥᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠠᠶ᠂ ᠪᠠᠷᠢᠯᠭ᠎ᠠ ᠶᠢᠨ ᠨᠢᠭᠡᠴᠡ ᠪᠠ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠠᠶᠤᠯᠭᠦᠶ  ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠶᠠᠭᠠᠷᠠᠬᠤ ᠶᠢᠨ ᠳᠤᠮᠳᠠ ᠰᠠᠮᠠᠭᠤᠷᠠᠯ ᠭᠠᠷᠭᠠᠵᠤ᠂ ᠶᠠᠭᠠᠷᠠᠬᠤ ᠶᠢᠨ ᠳᠤᠮᠳᠠ ᠠᠯᠳᠠᠭ᠎ᠠ ᠭᠠᠷᠭᠠᠵᠤ ᠶᠠᠭᠠᠬᠢᠭᠰᠠᠨ ᠴᠤ ᠪᠣᠯᠬᠤ ᠥᠬᠡᠶ ᠭᠡᠵᠡᠶ᠃ ᠠᠵᠢᠯᠴᠢᠨ ᠤ ᠠᠵᠢᠯᠯᠠᠬᠤ ᠶᠠᠪᠤᠴᠠ ᠶᠢ ᠵᠢᠷᠤᠮᠵᠢᠭᠤᠯᠵᠤ᠂ ᠠᠮᠤᠷ ᠲᠦᠪᠰᠢᠨ ᠤ ᠪᠠᠶᠢᠴᠠᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠤᠷ ᠲᠦᠪᠰᠢᠨ ᠤ ᠦᠢᠯᠡᠳᠪᠦᠷᠢᠯᠡᠯ ᠤᠨ ᠤᠷᠢᠲᠠᠯ ᠳᠣᠣᠷ᠎ᠠ ᠶᠠᠰᠤ ᠴᠢᠨᠠᠷ ᠢ ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃    ᠰᠢᠨ᠎ᠡ ᠬᠤᠳᠠ ᠶᠢᠨ ᠢᠯᠴᠢ ᠶᠢᠨ ᠬᠦᠴᠦᠨ ᠤ ᠺᠣᠮᠫᠠᠨᠢ᠂ ᠬᠤᠸᠠ ᠨᠧᠩ ᠢᠯᠴᠢ ᠶᠢᠨ ᠬᠦᠴᠦᠨ ᠤ ᠺᠣᠮᠫᠠᠨᠢ ᠳᠤ᠂ ᠸᠠᠩ ᠪᠥᠸᠧ᠂ ᠳᠤᠯᠠᠭᠠᠯᠠᠭ᠎ᠠ ᠶᠢᠨ ᠪᠠᠲᠤᠯᠠᠭ᠎ᠠ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠬᠡᠢ ᠪᠠᠶᠢᠬᠤ ᠵᠠᠷᠴᠢᠮ ᠢ ᠢᠮᠠᠭᠲᠠ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠬᠠᠷᠢᠯᠴᠠᠵᠤ᠂ ᠤᠯᠠᠨ ᠲᠦᠮᠡᠨ ᠤ ᠰᠠᠨᠠᠯ ᠢ ᠳᠠᠷᠤᠤ ᠬᠢᠴᠢᠶᠡᠩᠭᠦᠢ ᠪᠠᠷ ᠬᠦᠯᠢᠶᠡᠨ ᠠᠪᠴᠤ᠂ ᠳᠤᠯᠠᠭᠠᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠮᠤᠷ ᠲᠦᠪᠰᠢᠨ᠂ ᠳᠤᠯᠠᠭᠠᠨ ᠤ  ᠬᠡᠮᠵᠢᠶ᠎ᠡ ᠶᠢᠨ ᠪᠠᠷᠢᠮᠵᠢᠶ᠎ᠠ ᠳᠤ ᠬᠦᠷᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠶᠢᠨ ᠳ᠋ᠢ ᠬᠡᠲᠦ ᠳᠡᠯᠭᠡᠭᠦᠷ᠂ ᠯᠢ ᠮᠢᠨ ᠠᠮᠢ ᠠᠬᠤᠶ ᠶᠢᠨ ᠬᠦᠷᠢᠶᠡᠯᠡᠩ ᠪᠠᠭᠤᠳᠠᠯ ᠵᠡᠷᠭᠡ ᠭᠠᠵᠠᠷ ᠲᠤ᠂ ᠸᠠᠩ ᠪᠥᠸᠧ ᠨᠡᠷ ᠢᠳᠡᠭᠡᠨ ᠤ ᠠᠮᠤᠷ ᠲᠦᠪᠰᠢᠨ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠵᠠᠬ᠎ᠠ ᠳᠡᠯᠭᠡᠭᠦᠷ ᠤᠨ ᠭᠦᠢᠴᠡᠳ ᠬᠠᠩᠭᠠᠯᠭ᠎ᠠ ᠶᠢ ᠦᠨᠡᠨᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠠᠭᠠᠨ ᠤ ᠢᠷᠡᠯᠳᠡ ᠶᠢᠨ ᠵᠣᠬᠢᠶᠠᠨ ᠪᠠᠶᠢᠭᠤᠯᠤᠯᠲᠠ ᠶᠢᠨ ᠠᠷᠭ᠎ᠠ ᠵᠠᠮ ᠢ ᠳᠠᠰᠤᠷᠠᠯᠳᠠ ᠦᠬᠡᠢ ᠥᠷᠭᠡᠳᠬᠡᠵᠦ᠂ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠠᠳᠠᠯᠢ ᠪᠤᠰᠤ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠥᠷᠭᠡᠨ ᠤᠯᠠᠨ ᠬᠤᠳᠠ ᠶᠢᠨ ᠠᠷᠠᠳ ᠲᠦᠮᠡᠨ ᠳᠤ ᠪᠠᠶᠠᠷ ᠬᠦᠷ ᠲᠠᠢ᠂ ᠡᠶ᠎ᠡ ᠨᠠᠶᠢᠷᠠᠮᠳᠠᠭᠤ᠂ ᠠᠮᠤᠷ ᠠᠮᠤᠭᠤᠯᠠᠩ ᠪᠠᠶᠠᠷ ᠤᠨ ᠡᠳᠦᠷ ᠢ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ