ᠤᠯᠤᠰ ᠤᠨ ᠲᠤᠭ ᠬᠠᠮᠲᠤ ᠪᠠᠷ ᠮᠠᠨᠳᠤᠭᠤᠯᠵᠤ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠨ᠎ᠠ ᠵᠠᠯᠠᠨ ᠠᠶᠢᠯ ᠬᠤᠲᠠ ᠶᠢᠨ ᠬᠢᠨ ︽ᠠᠷᠪᠠᠨ ᠰᠠᠷ᠎ᠠ ᠶᠢᠨ ᠨᠢᠭᠡᠨ︾ ᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠦᠪᠡᠳᠡᠭᠰᠢ ᠶᠡᠬᠡᠪᠡᠷ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/10/16
    ᠠᠯᠲᠠᠨ ᠨᠠᠮᠤᠷ ᠤᠨ ᠵᠠᠯᠠᠨ ᠤ ᠡᠬᠡ ᠭᠠᠵᠠᠷ ᠲᠤ ᠭᠠᠵᠠᠷ ᠪᠣᠯᠭᠠᠨ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ 74 ᠵᠢᠯ ᠤᠨ ᠤᠢ ᠪᠣᠯᠬᠤ ᠭᠡᠵᠦ ᠪᠠᠶᠢᠭ᠎ᠠ ᠲᠠᠰᠢᠷᠠᠮ ᠢᠶᠠᠷ᠂ 9 ᠰᠠᠷ᠎ᠠ ᠶᠢᠨ 28      ᠤ ᠡᠳᠦᠷ᠂ ᠵᠠᠯᠠᠨ ᠠᠶᠢᠯ ᠬᠤᠳᠠ ᠶᠢᠨ ᠬᠢᠨ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠦᠪᠡᠳᠡᠭᠰᠢ ᠶᠡᠬᠡᠪᠡᠷ ᠶᠠᠪᠤᠭᠳᠠᠭᠤᠯᠵᠤ᠂ ᠰᠢᠨ᠎ᠡ ᠳᠤᠮᠳᠠᠳᠤ ᠤᠯᠤᠰ ᠢ ᠮᠠᠭᠲᠠᠨ ᠰᠠᠶᠢᠰᠢᠶᠠᠬᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠭᠤᠣᠯ ᠬᠦᠭ ᠠᠶᠠᠰ ᠢ ᠬᠠᠮᠲᠤᠪᠠᠷ ᠴᠤᠤᠷᠢᠶᠠᠲᠤᠭᠤᠯᠵᠤ᠂ ᠪᠦᠬᠦ ᠬᠤᠳᠠ ᠶᠢᠨ ᠨᠠᠮ ᠤᠨ ᠭᠡᠰᠢᠭᠦᠨ ᠺᠠᠲᠡᠷᠴᠦᠳ ᠤᠨ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠬᠤᠳᠠ ᠶᠢ ᠪᠦᠳᠦᠭᠡᠨ ᠪᠠᠶᠢᠭᠤᠯᠬᠤ ᠲᠡᠮᠡᠴᠡᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠵᠣᠷᠢᠭᠵᠢᠭᠤᠯᠵᠤ᠂ ᠪᠦᠬᠦ ᠬᠤᠳᠠ ᠶᠢᠨ ᠠᠷᠠᠳ ᠲᠦᠮᠡᠨ ᠢ ᠰᠢᠨ᠎ᠡ ᠲᠡᠮᠡᠴᠡᠬᠦ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠶᠣᠰᠣᠯᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠲᠤᠭ ᠮᠠᠨᠳᠤᠭᠤᠯᠬᠤ ᠶᠣᠰᠣᠯᠠᠯ ᠢ ᠡᠷᠭᠢᠯᠡᠪᠡ᠃ ᠢᠦᠢ ᠫᠢᠩ᠂ ᠵᠠᠩ ᠯᠢ ᠵᠢᠶᠦ᠋ᠨ ᠵᠡᠷᠭᠡ ᠭᠡᠷ ᠲᠡᠭᠡᠨ ᠪᠠᠶᠢᠭ᠎ᠠ ᠬᠤᠳᠠ ᠶᠢᠨ ᠲᠦᠷᠪᠡᠨ ᠶᠡᠭᠡ ᠪᠠᠭ ᠤᠨ ᠤᠳᠤᠷᠢᠳᠤᠯᠭ᠎ᠠ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠺᠠᠲᠡᠷ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠲᠡᠷ ᠴᠠᠭᠳᠠᠭ᠎ᠠ ᠶᠢᠨ ᠲᠥᠯᠥᠭᠡᠯᠡᠭᠴᠢ ᠵᠡᠷᠭᠡ 500 ᠭᠠᠷᠤᠢ ᠬᠥᠮᠦᠨ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠪᠠ᠃ 
2.jpg1.jpg
     ᠠᠯᠳᠠᠨ ᠨᠠᠮᠤᠷ ᠤᠯᠤᠰ ᠤᠨ ᠲᠤᠭ ᠢᠶᠠᠨ ᠪᠥᠵᠢᠭᠯᠡᠵᠦ᠂ ᠦᠦᠷ ᠤᠨ ᠲᠤᠶᠠᠭ᠎ᠠ ᠳᠤᠮᠳᠠᠳᠤ ᠶᠢᠨ ᠮᠡᠨᠳᠦᠯᠡᠭᠰᠡᠨ ᠡᠳᠦᠷ ᠢ ᠪᠡᠯᠭᠡᠯᠡᠨ᠎ᠡ᠃ ᠦᠳᠡ ᠶᠢᠨ ᠡᠮᠦᠨᠡᠬᠢ 8 ᠴᠠᠭ 20 ᠮᠢᠨᠦ᠋ᠲ ᠲᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠵᠢᠩᠬᠢᠨᠢ ᠪᠠᠷ ᠡᠬᠢᠯᠡᠪᠡ᠃ ᠲᠠᠪᠤᠨ ᠣᠳᠣᠲᠤ ᠤᠯᠠᠭᠠᠨ ᠲᠤᠭ ᠢ ᠬᠠᠮᠠᠭᠠᠯᠠᠬᠤ ᠠᠩᠬᠢ ᠢᠳᠡᠷᠡᠭᠦᠨ ᠠᠯᠬᠤᠭ᠎ᠠ ᠪᠠᠷ ᠤᠯᠤᠰ ᠤᠨ ᠲᠤᠭ ᠢ ᠬᠠᠮᠠᠭᠠᠯᠠᠨ ᠲᠤᠭ ᠮᠠᠨᠳᠤᠭᠤᠯᠬᠤ ᠲᠠᠶᠢᠰᠠᠨ ᠳᠤ ᠬᠦᠷᠭᠡᠨ᠎ᠡ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠲᠤᠭᠴᠢ ᠭᠠᠷ ᠢᠶᠠᠨ ᠡᠷᠭᠦᠨ ᠤᠯᠤᠰ ᠤᠨ ᠲᠤᠭ ᠢᠶᠠᠨ ᠡᠷᠭᠦᠵᠦ᠂ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠳᠡᠯᠭᠡᠭᠳᠡᠨ ᠠᠭᠠᠵᠢᠮ ᠢᠶᠠᠷ ᠳᠡᠭᠡᠭᠰᠢᠯᠡᠨ ᠥᠨᠳᠥᠷ ᠲᠤ ᠮᠠᠨᠳᠤᠨ᠎ᠠ᠃ ᠪᠦᠬᠦ ᠬᠥᠮᠦᠰ ᠴᠤᠭ ᠵᠢᠪᠬᠤᠭ᠎ᠠ ᠪᠠᠷ ᠪᠢᠯᠬᠠᠵᠤ᠂ ᠲᠥᠪ ᠬᠢᠴᠢᠶᠡᠩᠭᠦᠢ ᠪᠠᠷ ᠵᠣᠭᠰᠣᠵᠤ᠂ ᠲᠠᠪᠤᠨ ᠣᠳᠣᠲᠤ ᠤᠯᠠᠭᠠᠨ ᠲᠤᠭ ᠲᠤ ᠰᠢᠷᠳᠡᠬᠦ ᠶᠣᠰᠣ ᠬᠢᠵᠦ᠂ ᠡᠬᠡ ᠤᠯᠤᠰ ᠲᠠᠭᠠᠨ ᠴᠢᠩ ᠦᠨᠡᠨᠴᠢ ᠰᠡᠳᠬᠢᠯ ᠪᠣᠯᠤᠨ ᠰᠠᠶᠢᠨ ᠰᠠᠶᠢᠬᠠᠨ ᠢᠷᠥᠭᠡᠯ ᠵᠥᠩᠨᠡᠯ ᠢᠶᠠᠨ ᠳᠡᠪᠰᠢᠭᠦᠯᠪᠡ᠃
3.jpg
4.png
       ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠪᠠᠶᠠᠷ ᠤᠨ ᠦᠭᠡ ᠬᠡᠯᠡᠬᠦ ᠳᠡᠭᠡᠨ ᠪᠥᠬᠦ ᠬᠤᠲᠠ ᠶᠢᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠪᠠᠶᠠᠷ ᠤᠨ ᠡᠳᠦᠷ ᠤᠨ ᠢᠷᠥᠭᠡᠯ ᠳᠡᠪᠰᠢᠭᠦᠯᠵᠡᠶ᠂ ᠲᠡᠷᠡ ᠬᠡᠯᠡᠬᠦ ᠳᠡᠭᠡᠨ᠂ ᠵᠠᠯᠠᠨ ᠠᠶᠢᠯ ᠪᠣᠯ ᠮᠠᠨ ᠤ ᠬᠥᠮᠦᠨ ᠨᠢᠭᠡᠪᠦᠷᠢ ᠶᠢᠨ ᠲᠥᠷᠥᠭᠰᠡᠨ ᠨᠤᠲᠤᠭ ᠮᠥᠨ᠂ ᠵᠠᠯᠠᠨ ᠠᠶᠢᠯ ᠤᠨ ᠬᠥᠭᠵᠢᠯᠲᠡ ᠳᠤ ᠬᠥᠮᠦᠨ ᠨᠢᠭᠡᠪᠦᠷᠢ ᠶᠢᠨ ᠬᠦᠴᠦᠨ ᠴᠢᠳᠠᠯ ᠱᠠᠭᠠᠷᠳᠠᠭᠳᠠᠨ᠎ᠠ ᠭᠡᠵᠡᠶ᠃ ᠣᠳᠣᠬᠠᠨ ᠳᠤ ᠵᠠᠯᠠᠨ ᠠᠶᠢᠯ ᠬᠤᠳᠠ ᠶᠠᠭ ᠴᠢᠨᠠᠷ ᠰᠠᠶᠢᠲᠠᠢ ᠬᠥᠭᠵᠢᠯᠲᠡ ᠶᠢᠨ ᠳᠡᠭᠡᠭᠰᠢᠯᠡᠯᠲᠡ ᠶᠢᠨ ᠬᠤᠭᠤᠴᠠᠭ᠎ᠠ᠂ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠰᠢᠨ᠎ᠡ ᠠᠶᠠᠨ ᠳᠤ ᠲᠦᠳᠡ ᠵᠠᠮ ᠭᠡᠵᠦ ᠪᠠᠶᠢᠬᠤ ᠦᠭᠡᠢ᠂ ᠪᠣᠳᠠᠲᠠᠢ ᠠᠵᠢᠯᠯᠠᠵᠤ ᠲᠡᠮᠡᠴᠡᠬᠦ ᠯᠡ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ  ᠺᠠᠲᠡᠷᠴᠦᠳ ︽ᠵᠠᠯᠠᠨ ᠠᠶᠢᠯ ᠢ ᠪᠦᠳᠦᠭᠡᠨ ᠪᠠᠶᠢᠭᠤᠯᠬᠤ᠂ ᠵᠠᠯᠠᠨ ᠠᠶᠢᠯ ᠢ ᠬᠥᠭᠵᠢᠭᠦᠯᠬᠦ᠂ ᠵᠠᠯᠠᠨ ᠠᠶᠢᠯ ᠢ ᠬᠥᠭᠵᠢᠭᠦᠯᠦᠨ ᠮᠠᠨᠳᠤᠭᠤᠯᠬᠤ︾ ᠶᠢ ᠪᠢᠳᠡᠨ ᠤ ᠡᠷᠬᠡᠪᠰᠢ ᠡᠭᠦᠷᠭᠡᠯᠡᠬᠦ ᠬᠠᠷᠢᠭᠤᠴᠠᠯᠭ᠎ᠠ ᠡᠭᠦᠷᠭᠡᠯᠡᠯ ᠢᠶᠠᠨ ᠪᠣᠯᠭᠠᠵᠤ᠂ ᠰᠠᠯᠬᠢ ᠪᠣᠷᠣᠭᠠᠨ ᠠᠴᠠ ᠠᠶᠤᠬᠤ ᠦᠭᠡᠢ ᠪᠠᠷ ᠥᠷᠢᠰᠥᠯᠳᠦᠭᠡᠨ ᠳᠤ ᠰᠢᠭᠤᠳ ᠬᠠᠨᠳᠤᠵᠤ᠂ ᠯᠠᠪᠳᠠᠭᠤᠨ ᠪᠠᠲᠤᠲᠠᠢ ᠪᠠᠷ ᠡᠷᠡᠯᠬᠡᠭᠯᠡᠨ ᠤᠷᠤᠭᠰᠢᠯᠠᠵᠤ᠂ ᠨᠡᠩ ᠴᠤᠭ ᠪᠠᠳᠠᠷᠠᠩᠭᠤᠢ ᠲᠦᠷᠢ ᠲᠥᠷᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠬᠤᠳᠠ ᠶᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠵᠤ᠂ ᠣᠳᠣᠬᠢᠴᠢᠯᠠᠭᠰᠠᠨ ᠵᠠᠯᠠᠨ ᠠᠶᠢᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠨᠡᠩ ᠵᠤᠵᠠᠭᠠᠨ᠂ ᠨᠡᠩ ᠬᠦᠨᠳᠦᠲᠡᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
5.jpg   
     ᠶᠣᠰᠣᠯᠠᠯ ᠳᠡᠭᠡᠷ᠎ᠡ᠂ ᠪᠦᠬᠦ ᠬᠥᠮᠦᠰ ᠬᠠᠮᠲᠤᠪᠠᠷ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠬᠠᠩᠭᠢᠨᠠᠭᠤᠯᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ