2023 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ︵ᠬᠤᠶᠠᠷ ︶
ᠨᠡᠶᠢᠲᠡᠯᠡᠭᠰᠡᠨ ᠴᠠᠭ᠄
2023/10/17
    ᠬᠤᠶᠠᠷ᠂ 2023 ᠣᠨ ᠤ ᠭᠤᠣᠯ ᠠᠵᠢᠯ    2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︽ᠬᠥᠭᠵᠢᠯᠲᠡ ᠶᠢ ᠲᠦᠷᠭᠡᠳᠬᠡᠵᠦ᠂ ᠬᠥᠭᠵᠢᠯᠲᠡ ᠶᠢ ᠶᠡᠬᠡᠪᠡᠷ ᠠᠳᠬᠤᠬᠤ︾ ᠤᠷᠤᠭᠰᠢᠯᠠᠯᠲᠠ ᠶᠢᠨ ᠵᠢᠯ ᠮᠥᠨ᠂ ᠨᠠᠩ ᠴᠤ ᠢᠯᠠᠯᠲᠠ ᠶᠢᠨ ᠡᠷᠴᠢᠨ ᠳᠡᠭᠡᠷ᠎ᠡ ᠪᠠᠨ ᠵᠠᠯᠠᠨ ᠠᠶᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠶ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠪᠣᠬᠢᠷᠲᠤᠯ ᠦᠭᠡᠶ ᠪᠠᠷ ᠬᠥᠭᠵᠢᠨ ᠮᠠᠨᠳᠤᠬᠤ᠂ ᠠᠷᠠᠳ ᠢ ᠪᠠᠶᠠᠵᠢᠭᠤᠯᠤᠨ ᠬᠤᠲᠠ ᠶᠢ ᠬᠦᠴᠦᠷᠬᠡᠭᠵᠢᠭᠦᠯᠬᠦ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠬᠦ︾ ᠶᠢ ᠪᠠᠷᠢᠮᠲᠠᠯᠠᠵᠤ᠂ ︽ᠬᠥᠯᠥᠨ ᠪᠤᠶᠢᠷ ᠤᠨ ᠴᠢᠨᠠᠷ ᠰᠠᠶᠢᠲᠠᠶ ᠬᠥᠭᠵᠢᠯᠲᠡ ᠶᠢᠨ ᠦᠯᠢᠭᠡᠷ ᠳᠠᠭᠤᠷᠢᠶᠠᠯ ᠬᠤᠲᠠ ᠶᠢ ᠪᠦᠲᠦᠭᠡᠨ ᠪᠠᠶᠢᠭᠤᠯᠬᠤ︾ ᠪᠠᠷ ᠬᠠᠷᠠᠯᠲᠠ‌‍ᠪᠣᠯᠭᠠᠵᠤ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠥᠭᠡᠷᠡᠴᠢᠯᠡᠯᠲᠡ  ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠬᠡᠪᠡᠷ ᠬᠥᠪᠴᠢᠯᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠵᠠᠬ᠎ᠠ  ᠲᠡᠯᠭᠡᠭᠦᠷ ᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠠᠵᠢᠯ ᠢ ᠲᠣᠪᠤᠶᠢᠮ᠎ᠠ ᠰᠠᠶᠢᠲᠤᠷ ᠬᠢᠵᠦ᠂ ︽ᠶᠢᠰᠦᠨ ᠶᠡᠭᠡ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠦᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠭᠰᠠᠨ ᠰᠠᠭᠤᠷᠢᠨ ᠳᠡᠭᠡᠷ᠎ᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭ ᠤᠷᠤᠭᠰᠢᠯᠠᠭᠤᠯᠵᠤ᠂ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠢᠶᠠᠷ ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 15%᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠲᠣᠭᠲᠠᠭᠤᠨ   ᠢᠶᠠᠷ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ ᠡᠭᠦᠷᠭᠡ ᠶᠢᠨ ᠭᠦᠢᠴᠡᠳᠬᠡᠬᠦ ᠲᠤᠭ᠎ᠠ ᠶᠢᠨ ᠳᠣᠲᠣᠷ᠎ᠠ ᠪᠣᠬᠢᠷᠲᠤᠯ ᠥᠬᠡᠶ ᠬᠥᠭᠵᠢᠯᠲᠡ ᠶᠢᠨ ᠭᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠦᠢᠴᠡᠳᠭᠡᠯ ᠲᠤᠭ᠎ᠠ ᠶᠢ ᠬᠥᠯᠥᠨ ᠪᠤᠶᠢᠷ ᠬᠤᠲᠠ ᠶᠢᠨ ᠪᠠᠭᠤᠯᠭᠠᠭᠰᠠᠨ ᠡᠭᠦᠷᠭᠡ ᠶᠢ ᠪᠡᠶᠡᠯᠡᠭᠦᠯᠵᠦ᠂ ᠪᠣᠳᠠᠲᠠᠶ ᠠᠵᠢᠯ ᠤᠨ ᠳᠤᠮᠳᠠ ᠪᠠᠨ ᠨᠠᠩ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠨ᠎ᠠ᠃    ᠳᠡᠭᠡᠷ᠎ᠡ ᠳᠤᠷᠠᠳᠤᠭᠰᠠᠨ ᠬᠠᠷᠠᠯᠲᠠ ᠨᠢ ᠴᠢᠨᠠᠷ ᠰᠠᠶᠢᠲᠠᠢ ᠬᠥᠭᠵᠢᠯᠲᠡ ᠶᠢᠨ ᠠᠭᠤᠯᠤᠭᠳᠠᠬᠤᠨ ᠪᠠ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠢᠷᠡᠭᠡᠳᠦᠢ ᠶᠢᠨ ᠬᠥᠭᠵᠢᠯᠲᠡ ᠶᠢᠨ ᠲᠤᠯᠭᠠᠭᠤᠷᠢᠯᠠᠬᠤ ᠨᠥᠬᠦᠴᠡᠯ᠂ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠪᠠ ᠬᠥᠭᠵᠢᠯᠲᠡ ᠶᠢᠨ ᠲᠠᠯᠳᠠ ᠬᠦᠴᠦᠨ ᠢ ᠭᠦᠢᠴᠡᠳ ᠪᠣᠳᠣᠯᠬᠢᠯᠠᠵᠤ᠂ ᠲᠤᠯᠭᠠᠷᠠᠵᠤ ᠮᠡᠳᠡᠬᠦ ᠠᠰᠠᠭᠤᠳᠠᠯ ᠪᠠ ᠬᠦᠴᠢᠷᠳᠡᠯ ᠢ ᠭᠦᠢᠴᠡᠳ ᠤᠷᠢᠳᠴᠢᠯᠠᠨ ᠵᠢᠱᠢᠵᠡᠢ᠃ ᠪᠦᠬᠦ ᠬᠤᠲᠠ ᠪᠠᠷ ᠢᠶᠠᠨ ᠨᠠᠮ ᠤᠨ ᠲᠥᠪ ᠬᠤᠷᠢᠶᠠᠨ ᠤ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠪᠠ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠶ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠠᠬᠢ ᠮᠠᠨ ᠤ ᠬᠤᠲᠠ ᠶᠢᠨ ᠬᠤᠪᠢ ᠶᠢᠨ ᠵᠢᠩ ᠪᠠ ᠪᠠᠶᠢᠷᠢ ᠶᠢᠨ ᠳᠠᠷᠠᠭᠠᠯᠠᠯ ᠢ ᠴᠢᠷᠮᠠᠶᠢᠨ ᠳᠡᠭᠡᠭᠰᠢᠯᠡᠭᠦᠯᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠪᠠ ᠴᠠᠭ ᠪᠢᠳᠡᠨ ᠢ ᠬᠦᠯᠢᠶᠡᠬᠦ ᠥᠬᠡᠶ ᠬᠠᠷᠢᠭᠤᠴᠠᠯᠭᠠᠲᠤ ᠤᠬᠠᠮᠰᠠᠷ ᠢᠶᠠᠷ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠥᠷᠯᠥᠭᠡ ᠦᠳᠡᠰᠢ ᠶᠢ ᠲᠡᠮᠡᠴᠡᠨ ᠠᠬᠢᠭᠤᠯᠵᠤ᠂ ᠬᠥᠯᠥᠨ ᠪᠤᠶᠢᠷ ᠤᠨ ᠴᠢᠨᠠᠷ ᠰᠠᠶᠢᠲᠠᠶ ᠬᠥᠭᠵᠢᠯᠲᠡ ᠶᠢᠨ ᠥᠯᠢᠭᠡᠷ ᠳᠠᠭᠤᠷᠢᠶᠠᠯ ᠬᠤᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠥᠲᠥᠭᠡᠨ ᠪᠠᠶᠢᠭᠤᠯᠤᠨ᠎ᠠ᠃    ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃    ︵ᠨᠢᠭᠡ︶ ᠲᠣᠭᠲᠠᠭᠤᠨ ᠢᠶᠠᠷ ᠠᠬᠢᠭᠤᠯᠵᠤ᠂ ᠤᠷᠤᠭᠰᠢᠯᠠᠯᠲᠠ ᠪᠠᠷ ᠲᠣᠭᠲᠠᠭᠤᠨ ᠢ ᠲᠣᠭᠲᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠬᠦᠴᠦᠯᠡᠨ ᠪᠤᠵᠠᠭᠠᠶᠢᠷᠠᠭᠤᠯᠤᠨ᠎ᠠ᠃ ︽ᠬᠥᠭᠵᠢᠯᠲᠡ ᠶᠢ ᠲᠦᠷᠭᠡᠳᠬᠡᠵᠦ᠂ ᠬᠥᠭᠵᠢᠯᠲᠡ ᠶᠢ ᠶᠡᠬᠡᠪᠡᠷ ᠠᠳᠬᠤᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ ᠠᠷᠠᠯᠵᠢᠶᠠᠴᠢᠨ ᠤᠷᠢᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠲᠥᠷᠥᠯ  ᠵᠦᠢᠯ ᠢ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠳᠬᠤᠵᠤ᠂ ᠠᠵᠤ ᠠᠬᠤᠶ ᠶᠢᠨ ᠴᠢᠨᠠᠷ ᠴᠢᠨᠰᠠᠭ᠎ᠠ ᠦᠷ᠎ᠡ ᠠᠰᠢᠭ ᠢ ᠵᠡᠷᠭᠡᠪᠡᠷ ᠨᠡᠮᠡᠭᠳᠡᠭᠦᠯᠬᠦ᠂ ᠯᠠᠪᠳᠠᠭᠤᠨ ᠢᠶᠠᠷ ᠬᠤᠯᠠ ᠠᠶᠠᠯᠠᠬᠤ ᠶᠢ ᠴᠢᠷᠮᠠᠶᠢᠨ ᠪᠡᠶᠡᠯᠡᠭᠦᠯᠦᠨ᠎ᠡ᠃    ᠨᠢᠭᠡ ᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠳᠦᠷᠰᠦ ᠪᠠᠶᠢᠳᠠᠯ ᠲᠠᠢ ᠪᠣᠯᠪᠠ᠃ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠠᠷᠢᠮᠲᠠᠯᠠᠵᠤ᠂ ᠪᠥᠬᠦ ᠴᠠᠭ ᠬᠤᠭᠤᠴᠠᠭ᠎ᠠ ᠪᠥᠬᠦ ᠦᠶᠡᠯᠡᠯ ᠤᠨ ᠬᠤᠭᠤᠴᠠᠭᠠᠨ ᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠠᠳᠬᠤᠵᠤ᠂ ᠭᠡᠷ᠎ᠡ ᠲᠣᠭᠲᠠᠬᠤ ᠨᠣᠷᠮ᠎ᠠ᠂ ᠠᠵᠢᠯ ᠡᠬᠢᠯᠡᠬᠦ ᠨᠣᠷᠮ᠎ᠠ᠂ ᠨᠠᠶᠢᠳᠠᠪᠤᠷᠢᠵᠢᠭᠤᠯᠬᠤ ᠨᠣᠷᠮ᠎ᠠ᠂ ᠠᠵᠢᠯ ᠳᠠᠭᠤᠰᠬᠠᠬᠤ ᠨᠣᠷᠮ᠎ᠠ ᠶᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠲᠥᠷᠥᠯ ᠵᠦᠢᠯ ᠢ ᠴᠢᠨᠠᠷ ᠰᠠᠶᠢᠲᠠᠶ ᠲᠥᠯᠥᠪᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ᠂ ᠲᠥᠷᠥᠯ ᠵᠦᠢᠯ ᠤᠨ ᠬᠥᠮᠥᠷᠭᠡ ᠶᠢ ᠪᠣᠳᠠᠲᠠᠶᠢᠵᠢᠭᠤᠯᠤᠨ ᠰᠢᠯᠢᠳᠡᠭᠵᠢᠭᠦᠯᠵᠦ ᠨᠠᠷᠢᠯᠢᠭ ᠬᠢᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠣᠲᠣ ᠦᠶ᠎ᠡ ᠶᠢᠨ  ᠦᠢᠯᠡᠴᠢᠯᠡᠭᠡᠨ‌‍ᠤ  ᠦᠢᠯᠡᠰ᠂ ᠰᠢᠨ᠎ᠡ ᠡᠨᠧᠷᠭᠢ ᠵᠡᠷᠭᠡ ᠠᠵᠤ ᠦᠢᠯᠡᠰ ᠤᠨ ᠲᠥᠷᠥᠯ ᠵᠦᠢᠯ ᠢ ᠭᠤᠤᠯᠳᠠᠯᠭ᠎ᠠ ᠲᠠᠢ ᠰᠦᠪᠡᠭᠴᠢᠯᠡᠵᠦ᠂ ᠨᠠᠩ ᠣᠯᠠᠨ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠮᠣ ᠬᠡᠪᠴᠢᠶᠡᠨ ᠳᠤ ᠣᠷᠣᠭᠤᠯᠵᠤ᠂ ᠠᠵᠤ ᠠᠬᠤᠶ ᠶᠢᠨ ᠬᠥᠭᠵᠢᠯᠲᠡ ᠳᠤ ᠨᠠᠩ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠨ᠎ᠡ᠃ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠶᠢ ᠬᠠᠷᠠᠭᠠᠯᠠᠨ᠂ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠤᠰᠬᠠᠶᠢᠵᠢᠭᠤᠯᠬᠤ᠂ ᠲᠥᠷᠥᠯ ᠵᠦᠢᠯᠵᠢᠭᠦᠯᠬᠦ᠂ ᠨᠠᠷᠢᠨ ᠳᠠᠩᠰᠠᠵᠢᠭᠤᠯᠬᠤ᠂ ᠬᠠᠷᠢᠭᠤᠴᠠᠯᠭᠠᠵᠢᠭᠤᠯᠬᠤ᠂ ᠬᠠᠷᠠᠯᠲᠠᠵᠢᠭᠤᠯᠬᠤ ︽ᠲᠠᠪᠤᠵᠢᠭᠤᠯᠬᠤ︾ ᠠᠵᠢᠯ ᠤᠨ ᠠᠷᠭ᠎ᠠ ᠶᠢ ᠬᠡᠷᠡᠭᠵᠢᠭᠦᠯᠦᠨ᠎ᠡ ᠃ ᠲᠥᠯᠥᠪᠯᠡᠭᠡ ᠶᠢᠨ ᠬᠦᠰᠦᠨᠦᠭᠲᠦ᠂ ᠡᠭᠦᠷᠭᠡ ᠶᠢᠨ ᠬᠦᠰᠦᠨᠦᠭᠲᠦ᠂ ᠴᠠᠭ ᠤᠨ ᠬᠦᠰᠦᠨᠦᠭᠲᠦ᠂ ᠬᠠᠷᠢᠭᠤᠴᠠᠯᠭ᠎ᠠ ᠶᠢᠨ ᠬᠦᠰᠦᠨᠦᠭᠲᠦ ᠶᠢ ᠴᠢᠩᠭ᠎ᠠ ᠠᠩᠬᠠᠷᠴᠤ᠂ ᠠᠷᠪᠠ ᠠᠷᠪᠠ ᠪᠠᠷ ᠠᠬᠢᠭᠤᠯᠵᠤ᠂ ᠨᠢᠭᠡ ᠭᠠᠷᠠᠭ ᠢᠶᠠᠷ ᠰᠢᠪᠠᠳᠠᠨ ᠰᠢᠢᠳᠪᠦᠷᠢᠯᠡᠭᠦᠯᠵᠦ᠂ ᠨᠢᠭᠡ ᠡᠳᠦᠷ ᠢᠶᠠᠷ ᠪᠣᠳᠠᠲᠠᠶ ᠪᠠᠷ ᠠᠵᠢᠯᠯᠠᠭᠤᠯᠤᠨ᠂ 42 ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠹᠦ᠋ ᠹᠤᠩ ᠤᠨ ᠭᠤᠷᠪᠠᠳᠤᠭᠠᠷ ᠬᠤᠭᠤᠴᠠᠭᠠᠨ ᠤ᠂ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠳ᠋ᠦᠩᠰᠢᠭᠤᠷ ᠭᠠᠷᠤᠶ ᠲᠥᠭᠦᠷᠢᠭ ᠤᠨ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡ ᠠᠵᠢᠯ ᠡᠬᠢᠯᠡᠭᠦᠯᠵᠦ᠂ ᠡᠷᠲᠡ ᠠᠵᠢᠯ ᠳᠠᠭᠤᠰᠬᠠᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠲᠦᠷᠭᠡᠨ ᠬᠤᠷᠳᠤᠴᠠ ᠪᠠᠷ ᠲᠦᠷᠭᠡᠨ ᠭᠦᠶᠦᠬᠦ︾ ᠪᠠᠷ ᠠᠵᠤ ᠠᠬᠤᠶ ᠶᠢᠨ ᠬᠥᠭᠵᠢᠯᠲᠡ ᠶᠢᠨ ︽ᠨᠡᠮᠡᠭᠳᠡᠯ ᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ︾ ᠶᠢ ᠠᠬᠢᠭᠤᠯᠬᠤ ᠬᠡᠷᠡᠭᠲᠡᠶ᠃    ᠬᠤᠶᠠᠷ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠰᠢᠨ᠎ᠡ ᠳᠠᠪᠠᠯᠲᠠ ᠶᠢ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠵᠤ ᠠᠬᠤᠶ ᠶᠢᠨ ᠠᠵᠢᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠵᠤ᠂ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠣᠨ︾ ᠤ ᠠᠵᠢᠯᠯᠠᠭ᠎ᠠ ᠶᠢ ᠬᠡᠷᠡᠭᠵᠢᠭᠦᠯᠵᠦ᠂ ᠪᠥᠬᠦ ᠭᠠᠵᠠᠷ ᠣᠷᠣᠨ ᠪᠥᠬᠦ ᠠᠵᠢᠯ ᠲᠥᠷᠥᠯ ᠢᠶᠠᠷ ᠢᠶᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠭᠡᠳᠬᠡᠨ᠎ᠡ᠃ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠣᠷᠣᠭᠤᠯᠤᠯᠲᠠ ᠶᠢᠨ ᠴᠢᠭᠯᠡᠯ ᠢ ᠴᠢᠩᠭ᠎ᠠ ᠳᠠᠭᠠᠵᠤ᠂ ᠳᠠᠪᠠᠭᠤᠯᠢᠭ ᠤᠨᠴᠠᠯᠢᠭᠳᠤ ᠡᠬᠢ ᠪᠠᠶᠠᠯᠢᠭ ᠤᠨ ᠳᠠᠪᠠᠭᠤᠯᠢᠭ ᠢᠶᠠᠷ ᠭᠤᠤᠯᠯᠠᠭᠤᠯᠤᠨ᠂ ᠬᠤᠲᠠ ᠶᠢᠨ ᠱᠠᠲᠤᠨ ᠤ ᠤᠳᠤᠷᠢᠳᠤᠯᠭ᠎ᠠ ᠲᠦᠷᠦᠭᠦᠯᠡᠬᠦ ᠶᠢ ᠪᠠᠷᠢᠮᠲᠠᠯᠠᠵᠤ᠂ ᠲᠤᠰᠬᠠᠶ ᠮᠡᠷᠭᠡᠵᠢᠯ ᠤᠨ ᠡᠩᠨᠡᠭᠡ ᠶᠢ ᠳᠣᠭᠢᠷᠠᠭᠤᠯᠤᠨ᠂ ᠲᠤᠰᠬᠠᠶ ᠵᠦᠢᠯ ᠤᠨ ᠵᠠᠷᠤᠳᠠᠯ ᠢ ᠨᠡᠮᠡᠨ ᠵᠢᠭᠰᠠᠭᠠᠵᠤ᠂ ᠬᠦᠴᠦᠲᠡᠶ ᠲᠠᠭᠠᠷᠢᠯᠲᠠ ᠶᠢ ᠥᠷᠨᠢᠭᠦᠯᠦᠨ᠂ ᠪᠥᠬᠦ ᠬᠤᠲᠠ ᠳᠤ ︽ᠪᠥᠬᠦ ᠣᠷᠣᠨ ᠪᠦᠰᠡ ᠪᠠᠷ ᠢᠶᠠᠨ ᠬᠤᠳᠠᠯᠳᠤᠭᠠᠴᠢᠨ ᠤᠷᠢᠬᠤ ᠶᠢ ᠠᠳᠬᠤᠬᠤ᠂ ᠪᠥᠬᠦ ᠠᠵᠢᠯᠲᠠᠨ ᠢᠶᠠᠷ ᠢᠶᠠᠨ ᠬᠤᠳᠠᠯᠳᠤᠭᠠᠴᠢᠨ ᠤᠷᠢᠬᠤ ᠶᠢ ᠠᠳᠬᠤᠬᠤ᠂ ᠮᠥᠷᠦ᠋ᠢᠴᠡᠵᠦ ᠪᠠᠶᠢᠭᠠᠳ ᠬᠤᠳᠠᠯᠳᠤᠭᠠᠴᠢᠨ ᠤᠷᠢᠬᠤ ᠶᠢ ᠠᠳᠬᠤᠬᠤ︾ ᠬᠠᠯᠠᠭᠤᠨ ᠥᠷᠨᠢᠯᠲᠡ ᠭᠠᠷᠭᠠᠪᠠ᠃ ᠪᠡᠭᠡᠵᠢᠩ ᠲᠢᠶᠠᠨᠵᠢᠨ ᠾᠤᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠬᠥᠭᠵᠢᠭᠰᠡᠨ ᠭᠠᠵᠠᠷ ᠣᠷᠣᠨ ᠢ ᠴᠢᠩᠭ᠎ᠠ ᠠᠩᠬᠠᠷᠴᠤ᠂ ︽ᠠᠷᠪᠠᠨ ᠬᠤᠶᠠᠷ ᠵᠤᠷᠪᠤᠰ︾ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠠᠷᠭ᠎ᠠ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠨ᠂ ᠨᠠᠩ ᠣᠯᠠᠨ ᠬᠥᠲᠥᠴᠢ ᠠᠵᠤ ᠠᠬᠤᠶᠢᠯᠠᠯ᠂ ᠮᠠᠩᠯᠠᠶ ᠠᠵᠤ ᠠᠬᠤᠶᠢᠯᠠᠯ ᠢ ᠵᠠᠯᠠᠨ ᠠᠶᠢᠯ ᠳᠤ ᠡᠷᠦᠬᠡ ᠠᠮᠠ ᠣᠷᠣᠭᠤᠯᠬᠤ ᠪᠠᠷ ᠴᠢᠷᠮᠠᠶᠢᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ 30 ᠳ᠋ᠦᠩᠰᠢᠭᠤᠷ ᠲᠥᠭᠦᠷᠢᠭ ᠢ ᠳᠠᠪᠠᠭ᠋ᠤ ᠶᠢ ᠦᠨᠡᠨ ᠬᠦ ᠪᠠᠲᠤᠯᠠᠨ᠎ᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠡᠷᠡᠰ ᠰᠠᠶᠢᠨ ᠬᠢᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠢ ᠳᠣᠲᠣᠨᠣᠴᠢᠯᠠᠬᠤ ᠬᠠᠷᠢᠴᠠᠭ᠎ᠠ ᠶᠢ ᠪᠠᠶᠢᠭᠤᠯᠵᠤ᠂ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠵᠢᠯ ᠶᠠᠪᠤᠳᠠᠯ ᠭᠦᠢᠴᠡᠳᠭᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠲᠥᠯᠥᠭᠡ ᠪᠡᠶ᠎ᠡ ᠪᠠᠷ ᠢᠶᠠᠨ ᠪᠣᠳᠣᠯᠬᠢᠯᠠᠵᠤ᠂ ᠦᠨᠡᠨ ᠰᠡᠳᠬᠢᠯ ᠠᠴᠠ ᠪᠠᠨ ᠬᠦᠴᠢᠷ ᠵᠣᠪᠠᠭᠤᠷᠢ ᠶᠢ  ᠰᠢᠢᠳᠪᠦᠷᠢᠯᠡᠨ᠂ ᠨᠠᠩ ᠡᠷᠴᠢᠮ ᠲᠠᠢ᠂ ᠨᠠᠩ ᠬᠤᠷᠳᠤᠴᠠ ᠲᠠᠢ᠂ ᠨᠠᠩ ᠬᠠᠯᠠᠭᠤᠨ ᠳᠤᠯᠠᠭᠠᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠵᠠᠯᠠᠨ ᠠᠶᠢᠯ ᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠣᠷᠢᠭᠲᠠᠶ ᠠᠵᠢᠯᠯᠠᠬᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠵᠣᠷᠢᠭᠲᠠᠶ ᠬᠢᠬᠦ᠂ ᠭᠠᠳᠠᠭᠠᠳᠤ ᠶᠢᠨ ᠠᠵᠤ ᠠᠬᠤᠶᠢᠯᠠᠯ ᠤᠨ ᠵᠣᠷᠢᠭᠲᠠᠶ ᠪᠠᠯᠠ ᠣᠷᠣᠭᠤᠯᠬᠤ ᠬᠥᠭᠵᠢᠯᠲᠡ ᠶᠢᠨ ᠥᠨᠳᠦᠷᠯᠢᠭ ᠭᠠᠵᠠᠷ ᠪᠣᠯᠭᠠᠨ᠎ᠠ᠃    ᠭᠤᠷᠪᠠ ᠳᠤ ᠬᠡᠷᠡᠭᠯᠡᠭᠡ ᠶᠢ ᠥᠷᠭᠡᠳᠬᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠴᠢᠨᠠᠷᠲᠠᠶ ᠲᠤᠰᠬᠠᠶ ᠵᠠᠬ᠎ᠠ ᠳᠡᠯᠭᠡᠭᠦᠷ ᠢ ᠪᠤᠶᠢᠵᠢᠭᠤᠯᠵᠤ᠂ ᠲᠡᠭᠦᠰᠬᠡᠯ ᠦᠵᠦᠭᠦᠷ ᠤᠨ ᠳᠣᠭᠢᠷᠠᠭᠤᠯᠤᠨ ᠬᠦᠷᠭᠡᠬᠦ ᠲᠣᠤᠷ ᠰᠦᠯᠵᠢᠶ᠎ᠡ ᠶᠢ ᠰᠢᠯᠢᠳᠡᠭᠵᠢᠭᠦᠯᠦᠨ᠂ ᠬᠡᠷᠡᠭᠯᠡᠭᠡ ᠶᠢᠨ ᠬᠠᠩᠭᠠᠯᠭ᠎ᠠ ᠶᠢᠨ ︽ᠪᠢᠴᠢᠯ ᠣᠷᠴᠢᠯ︾ ᠢ ᠠᠬᠢᠭᠤᠯᠵᠤ᠂ ︽ᠨᠢᠭᠡ ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ︾ ᠶᠢ ᠢᠳᠡᠪᠬᠢᠲᠡᠶ ᠪᠠᠶᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠡᠷᠡᠭᠯᠡᠭᠡ ᠶᠢᠨ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ︽ᠵᠠᠯᠠᠨ ᠠᠶᠢᠯ · ᠬᠡᠷᠡᠭᠯᠡᠭᠡ ᠶᠢ ᠠᠬᠢᠭᠤᠯᠬᠤ ᠤᠯᠠᠷᠢᠯ ᠢ ᠰᠢᠭᠤᠳ ᠨᠡᠪᠲᠡᠷᠡᠭᠦᠯᠬᠦ︾ ᠪᠣᠷᠣᠯᠠᠭᠤᠯᠭ᠎ᠠ ᠶᠢ ᠠᠬᠢᠭᠤᠯᠬᠤ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠪᠣᠬᠢᠷᠲᠤᠯ ᠥᠬᠡᠶ ᠤᠶᠤᠨᠲᠤ ᠬᠡᠷ ᠤᠨ ᠴᠠᠬᠢᠯᠭᠠᠨ ᠬᠡᠷᠡᠭᠰᠡᠯ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠡᠷᠡᠭᠯᠡᠭᠡ ᠶᠢᠨ ᠳᠠᠯᠳᠠ ᠬᠦᠴᠦᠨ ᠢ ᠬᠥᠭᠵᠢᠭᠡᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠣᠷᠣᠨ ᠰᠠᠭᠤᠴᠠ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠬᠡᠷᠡᠭᠯᠡᠭᠡ ᠶᠢᠨ ᠬᠡᠪ ᠤᠨ ᠪᠠᠶᠢᠳᠠᠯ ᠢ ᠰᠡᠷᠭᠦᠭᠡᠬᠦ ᠶᠢ ᠠᠬᠢᠭᠤᠯᠤᠨ᠎ᠠ᠃ ᠥᠷᠯᠥᠭᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ᠂ ᠪᠡᠯᠡᠳᠬᠡᠯ ᠠᠪᠳᠠᠷ᠎ᠠ ᠶᠢᠨ ᠴᠤᠭᠯᠠᠭ᠎ᠠ ᠮᠠᠶᠢᠮᠠᠶ᠂ ᠬᠥᠳᠡᠭᠡ ᠲᠣᠰᠬᠤᠨ ᠤ ᠲᠣᠮᠣ ᠴᠤᠭᠯᠠᠭ᠎ᠠ ᠮᠠᠶᠢᠮᠠᠶ ᠵᠡᠷᠭᠡ ᠵᠠᠬ᠎ᠠ ᠳᠡᠯᠭᠡᠭᠦᠷ ᠤᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠰᠥᠨᠢ ᠶᠢᠨ ᠠᠵᠤ ᠠᠬᠤᠶ ᠶᠢ ᠰᠠᠶᠢᠲᠤᠷ ᠬᠥᠭᠵᠢᠭᠦᠯᠵᠦ᠂ ᠡᠷᠡᠭᠦᠯᠵᠢᠯ ᠤᠨ ᠬᠡᠷᠡᠭᠯᠡᠭᠡ᠂ ᠨᠠᠰᠤᠵᠢᠯ ᠤᠨ ᠠᠰᠠᠷᠠᠮᠵᠢ᠂ ᠠᠮᠠᠷᠠᠯᠲᠠ ᠶᠢᠨ ᠡᠳᠦᠷ ᠤᠨ ᠬᠡᠷᠡᠭᠯᠡᠭᠡ ᠵᠡᠷᠭᠡ ᠬᠡᠷᠡᠭᠯᠡᠭᠡᠨ ᠤ ᠬᠠᠯᠠᠮᠰᠢᠯ ᠴᠡᠭ ᠢ ᠪᠤᠶᠢᠵᠢᠭᠤᠯᠤᠨ᠂ ᠬᠡᠷᠡᠭᠯᠡᠭᠡᠨ ᠤ ᠲᠠᠰ ᠳᠡᠪᠰᠢᠬᠦ ᠶᠢ ᠲᠦᠷᠭᠡᠳᠬᠡᠬᠦ ᠳᠤ ᠬᠦᠴᠦ ᠨᠡᠮᠡᠷᠢᠯᠡᠵᠦ᠂ ᠣᠯᠠᠨ ᠲᠦᠮᠡᠨ ᠳᠤ ᠴᠢᠨᠠᠷ ᠰᠠᠶᠢᠲᠠᠶ ᠬᠡᠷᠡᠭᠯᠡᠭᠡ ᠶᠢ ᠬᠠᠮᠲᠤᠪᠠᠷ ᠡᠳ᠋ᠯᠡᠭᠦᠯᠵᠦ᠂ ᠬᠤᠲᠠ ᠬᠥᠳᠡᠭᠡ ᠶᠢᠨ ᠠᠭᠤᠷ ᠠᠮᠢᠰᠬᠤᠯ ᠢ ᠬᠥᠭᠵᠢᠭᠡᠨ ᠲᠠᠢ ᠪᠣᠯᠭᠠᠨ᠎ᠠ     ᠲᠦᠷᠪᠡ ᠳᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠡᠷᠢᠯᠬᠢᠯᠡᠨ᠎ᠡ᠃ ᠭᠠᠶᠢᠯᠢ ᠶᠢ ᠪᠠᠭᠤᠷᠠᠭᠤᠯᠬᠤ ᠪᠠ ᠬᠥᠩᠭᠡᠷᠡᠭᠦᠯᠬᠦ ᠪᠠ ᠬᠡᠯᠲᠦᠷᠢᠭᠦᠯᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠭᠠᠶᠢᠯᠢ ᠰᠦᠢᠳᠬᠡᠯ ᠤᠨ ᠲᠦᠷᠦ ᠶᠢᠨ ᠪᠤᠳᠤᠯᠭ᠎ᠠ ᠶᠢᠨ ︽ᠬᠠᠮ ᠠᠷᠭ᠎ᠠ ᠪᠠᠷᠢᠯ︾ ᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ︽ᠳᠠᠭᠠᠷᠠᠭᠰᠠᠨ ᠬᠥᠮᠦᠨ ᠳᠤ ᠳᠠᠬᠤ ᠬᠦᠷᠭᠡᠵᠦ︾᠂ ᠵᠠᠬ᠎ᠠ ᠳᠡᠯᠭᠡᠭᠦᠷ ᠤᠨ ︽ᠬᠦᠯᠢᠶᠡᠰᠦ ᠶᠢ ᠠᠯᠳᠠᠷᠠᠭᠠᠵᠤ︾᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠭᠡ ᠪᠠᠷ ᠨᠡᠮᠡᠭᠳᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠡᠷᠡᠭᠯᠡᠬᠦ᠂ ᠠᠬᠢᠭᠤᠯᠬᠤ᠂ ᠬᠠᠮᠠᠭᠠᠯᠠᠬᠤ᠂ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ᠶᠢ ᠬᠡᠷᠡᠭᠵᠢᠭᠦᠯᠦᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠷᠨᠢᠩᠭᠦᠶ ᠬᠥᠭᠵᠢᠬᠦ ᠶᠢ ᠬᠠᠤᠯᠢ ᠶᠣᠰᠣᠭᠠᠷ ᠬᠠᠮᠠᠭᠠᠯᠠᠵᠤ᠂ ᠨᠠᠩ ᠰᠠᠶᠢᠲᠤᠷ ᠳᠡᠮᠵᠢᠨ᠎ᠡ᠃ ᠵᠠᠰᠠᠭ ᠤᠨ ᠣᠷᠳᠣᠨ ᠪᠠ ᠮᠥᠩᠭᠦ ᠠᠵᠤ ᠠᠬᠤᠶᠢᠯᠠᠯ ᠢ ᠵᠣᠯᠭᠠᠭᠤᠯᠬᠤ ᠠᠵᠢᠯ ᠢ ᠨᠠᠷᠢᠯᠢᠭ ᠣᠨᠣᠴᠠᠲᠠᠶ ᠪᠠᠷ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠴᠤ ᠪᠠᠶᠢᠭᠠᠳ ᠪᠡᠯᠡ ᠮᠥᠩᠭᠦᠨ ᠤ ᠪᠣᠭᠤᠮᠢ ᠶᠢ ᠨᠢ ᠲᠠᠶᠢᠯᠤᠨ᠎ᠠ᠃     ︵ᠬᠤᠶᠠᠷ︶ ᠭᠦᠨ ᠬᠠᠭᠠᠯᠪᠤᠷᠢᠯᠠᠬᠤ ᠠᠵᠤ ᠦᠢᠯᠡᠰ᠂ ᠠᠭᠤᠰᠤᠯᠴᠠᠭᠤᠯᠤᠨ ᠬᠥᠭᠵᠢᠭᠦᠯᠵᠦ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ︽ᠲᠠᠪᠤᠨ ᠶᠡᠭᠡ ᠠᠵᠤ ᠦᠢᠯᠡᠰ ᠢᠶᠠᠷ ᠬᠤᠲᠠ ᠪᠠᠨ ᠬᠦᠴᠦᠷᠬᠡᠭᠵᠢᠭᠦᠯᠬᠦ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠬᠥᠯᠥᠨ ᠪᠤᠶᠢᠷ ᠤᠨ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃    ᠨᠢᠭᠡ ᠳᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ ᠠᠵᠤ ᠦᠶᠢᠯᠡᠰᠵᠢᠯᠲᠡ ᠶᠢᠨ ᠣᠨᠣᠯᠵᠢᠬᠤᠨ᠂ ᠠᠵᠤ ᠦᠢᠯᠡᠳᠪᠦᠷᠢᠵᠢᠯᠲᠡ ᠶᠢᠨ ᠰᠡᠳᠬᠢᠬᠦᠶ᠂ ᠵᠠᠬ᠎ᠠ ᠳᠡᠯᠭᠡᠭᠦᠷᠴᠢᠯᠡᠯᠲᠡ ᠶᠢᠨ ᠤᠳᠤᠷᠢᠳᠤᠮᠵᠢ ᠶᠢᠨ ᠶᠣᠰᠣᠭᠠᠷ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ ᠠᠵᠢᠯ ᠢ ᠬᠦᠴᠦᠯᠡᠨ ᠰᠠᠶᠢᠲᠤᠷ ᠬᠢᠵᠦ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ 15 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 10 ᠲᠦᠮᠡᠨ ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ ᠤᠨ ᠰᠢᠨ᠎ᠡ ᠲᠦᠷᠦᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠠᠮᠤ ᠪᠤᠳᠠᠭᠠᠨ ᠤ ᠤᠨᠠᠯᠲᠠ ᠶᠢᠨ ᠬᠡᠮᠵᠢᠶ᠎ᠡ ︽20 ᠵᠢᠯ ᠳᠠᠷᠠᠭᠠᠯᠠᠨ ᠡᠯᠪᠡᠭ ᠬᠤᠷᠢᠶᠠᠯᠲᠠ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠰᠢᠯᠢᠳᠡᠭᠵᠢᠭᠦᠯᠵᠦ᠂ ᠮᠠᠯ ᠤᠨᠤᠭ᠎ᠠ ᠶᠢ 150 ᠲᠦᠮᠡᠨ ᠲᠣᠯᠣᠭᠠᠶ ︵ᠲᠣᠯᠣᠭᠠᠶ︶ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠡᠪᠴᠢᠶᠡᠵᠢᠭᠰᠡᠨ᠂ ᠠᠵᠤ ᠦᠶᠢᠯᠡᠰᠵᠢᠭᠰᠡᠨ᠂ ᠨᠠᠷᠠᠲᠤ ᠲᠡᠮᠳᠡᠭᠵᠢᠭᠰᠡᠨ ᠬᠥᠭᠵᠢᠯᠲᠡ ᠶᠢ ᠪᠠᠷᠢᠮᠲᠠᠯᠠᠵᠤ᠂ ᠪᠣᠬᠢᠷᠲᠤᠯ ᠥᠬᠡᠶ ᠥᠪᠡᠷᠮᠢᠴᠡ ᠣᠨᠴᠠᠯᠢᠭ ᠲᠠᠢ᠂ ᠤᠰᠤ ᠠᠷᠪᠢᠯᠠᠬᠤ ᠥᠨᠳᠥᠷ ᠪᠦᠲᠦᠮᠵᠢᠲᠡᠶ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠡᠷᠡᠭᠵᠢᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ᠂ ᠠᠯᠠᠰᠢᠨ ᠦᠬᠡᠷ᠂ ᠠᠯᠠᠰᠢᠨ ᠬᠤᠨᠢ᠂ ᠭᠠᠭ᠋ᠠᠶ᠂ ᠬᠠᠷ᠎ᠠ ᠳᠡᠯᠳᠡᠦ᠂ ᠬᠢᠲᠠᠳ ᠡᠪᠡᠰᠦᠨ ᠡᠮ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ︔ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ᠂ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠤᠵᠠᠭᠠᠶᠢᠷᠠᠭᠤᠯᠤᠨ᠂ ︽ᠵᠠᠯᠠᠨ ᠠᠶᠢᠯ ᠤᠨ ᠰᠢᠷ᠎ᠠ ᠪᠤᠷᠴᠠᠭ︾ ︽ᠵᠠᠯᠠᠨ ᠠᠶᠢᠯ ᠤᠨ ᠬᠠᠷ᠎ᠠ ᠳᠡᠯᠳᠡᠦ︾ ᠵᠡᠷᠭᠡ ᠨᠢᠭᠡ ᠪᠦᠯᠦᠭ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠵᠤ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠨᠥᠯᠥᠭᠡᠯᠡᠬᠦ ᠬᠦᠴᠦᠨ ᠢ ᠴᠢᠩᠭᠠᠷᠠᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠢᠯᠬᠠᠮ᠎ᠠ ᠥᠷᠲᠡᠭ ᠢ ᠳᠡᠭᠡᠭᠰᠢᠯᠡᠭᠦᠯᠦᠨ᠎ᠡ᠃ ᠮᠠᠨ ᠤ ᠬᠤᠲᠠ ᠶᠢᠨ ᠰᠢᠷ᠎ᠠ ᠪᠤᠷᠴᠠᠭ ᠤᠨ ︽ᠪᠣᠬᠢᠷᠲᠤᠯ ᠥᠬᠡᠶ ᠢᠳᠡᠭᠡᠨ︾ ᠤ ᠭᠡᠷᠡᠴᠢᠯᠡᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠬᠡᠷᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ ᠬᠤᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃    ᠬᠤᠶᠠᠷ ᠲᠤ ᠣᠷᠴᠢᠯ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠵᠠᠮ ᠢ ᠤᠷᠤᠭᠰᠢᠯᠠᠭᠤᠯᠤᠨ᠎ᠠ᠃ ᠠᠵᠤ ᠦᠢᠯᠡᠳᠪᠦᠷᠢ ᠪᠠᠷ ᠬᠤᠲᠠ ᠪᠠᠨ ᠬᠦᠴᠦᠷᠬᠡᠭᠵᠢᠭᠦᠯᠬᠦ ᠬᠠᠷᠠᠯᠲᠠ ᠶᠢᠨ ᠲᠣᠭᠤᠷᠢᠨ ᠳᠤ᠂ ︽ᠳᠡᠭᠡᠳᠦ ᠳᠡᠰ ᠤᠨ ᠪᠣᠯᠭᠠᠬᠤ᠂ ᠤᠶᠤᠨᠴᠢᠯᠠᠬᠤ᠂ ᠪᠣᠬᠢᠷᠲᠤᠯ ᠦᠭᠡᠶ ᠪᠣᠯᠭᠠᠬᠤ᠂ ᠦᠢᠯᠡᠴᠢᠯᠡᠭᠦᠯᠬᠦ︾ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ᠂ ᠭᠤᠣᠯᠳᠠᠯᠭ᠎ᠠ ᠲᠠᠢ ᠠᠵᠤ ᠠᠬᠤᠶᠢᠯᠠᠯ ᠢ ᠪᠤᠶᠢᠵᠢᠭᠤᠯᠬᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠥᠭᠡᠷᠡᠴᠢᠯᠡᠬᠦ᠂ ᠤᠨᠴᠠᠯᠢᠭᠳᠤ ᠬᠦᠷᠢᠶᠡᠯᠡᠩ ᠲᠣᠭᠤᠷᠢᠭ ᠤᠨ ᠰᠦᠷᠦᠭᠵᠢᠯ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠬᠦᠴᠦᠨ ᠵᠦᠢᠯ ᠢ ᠬᠤᠷᠠᠮᠳᠤᠭᠤᠯᠵᠤ᠂ ᠨᠢᠭᠡ ᠪᠦᠯᠦᠭ ᠰᠠᠭᠤᠷᠢ ᠪᠠᠷ ᠰᠠᠶᠢᠨ᠂ ᠳᠠᠯᠳᠠ ᠬᠦᠴᠦᠨ ᠢᠶᠠᠷ ᠭᠦᠢᠴᠡᠳ ᠠᠵᠤ ᠠᠬᠤᠶᠢᠯᠠᠯ ᠤᠨ ᠭᠤᠤᠯ ᠠᠵᠢᠯ ᠢᠶᠠᠨ ᠭᠦᠨ ᠬᠠᠭᠠᠯᠪᠤᠷᠢᠯᠠᠬᠤ ᠶᠢ ᠶᠡᠬᠡᠪᠡᠷ ᠲᠡᠳᠬᠦᠨ ᠳᠡᠮᠵᠢᠵᠦ᠂ ᠬᠥᠷᠥᠩᠭᠡ ᠪᠠᠨ ᠨᠡᠮᠡᠭᠳᠡᠭᠦᠯᠦᠨ ᠭᠠᠷᠤᠯᠲᠠ ᠪᠠᠨ ᠥᠷᠭᠡᠳᠬᠡᠵᠦ᠂ ᠨᠢᠭᠡ ᠪᠦᠯᠦᠭ ᠭᠤᠤᠯᠯᠠᠭᠴᠢ ᠠᠵᠤ ᠠᠬᠤᠶᠢᠯᠠᠯ ᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠭᠤᠤᠯ ᠬᠦᠴᠦᠨ ᠪᠣᠯᠭᠠᠵᠤ᠂ ᠹᠦ᠋ ᠹᠤᠩ ᠺᠣᠮᠫᠠᠨᠢ᠂ ᠭᠦᠸᠧ ᠰᠤᠨ ᠠᠭᠤᠷᠬᠠᠶ ᠶᠢᠨ ᠦᠢᠯᠡᠰ᠂ ᠵᠢᠶ ᠠᠨ ᠬᠢᠮᠢ ᠶᠢᠨ ᠠᠵᠤ ᠦᠢᠯᠡᠳᠪᠦᠷᠢ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠴᠢᠳᠠᠪᠤᠷᠢ ᠪᠠᠨ ᠥᠷᠭᠡᠳᠬᠡᠨ ᠥᠭᠡᠷᠡᠴᠢᠯᠡᠬᠦ ᠶᠢ ᠳᠡᠮᠵᠢᠵᠦ᠂ ᠴᠠᠭᠠᠰᠤ ᠴᠠᠷᠳᠠᠬᠤ ᠺᠣᠮᠫᠠᠨᠢ ᠶᠢᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ᠎ᠡ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠲᠡᠵᠢᠭᠡᠯ ᠪᠣᠷᠳᠤᠭ᠎ᠠ ᠡᠳ᠋ᠰᠢᠭᠦᠯᠬᠦ᠂ ᠰᠢᠷ᠎ᠠ ᠪᠤᠷᠴᠠᠭ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠪᠤᠶᠢᠵᠢᠭᠤᠯᠤᠨ᠂ ᠡᠷᠳᠡᠨᠢ ᠰᠢᠰᠢ᠂ ᠰᠢᠷ᠎ᠠ ᠪᠤᠷᠴᠠᠭ ᠤᠨ ᠠᠵᠤ ᠦᠢᠯᠡᠰ ᠤᠨ ︽ᠪᠥᠬᠦ ᠰᠠᠭᠤᠷᠢ ᠶᠢ ᠨᠡᠭᠡᠭᠡᠨ ᠬᠥᠭᠵᠢᠭᠦᠯᠬᠦ︾ ᠶᠢ ᠠᠬᠢᠭᠤᠯᠵᠤ᠂ ᠪᠥᠬᠦ ᠬᠡᠯᠬᠢᠶᠡᠵᠢᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠦᠷᠦᠭᠵᠢᠯ ᠢ ᠪᠠᠶᠢᠭᠤᠯᠤᠨ᠎ᠠ᠃ ᠬᠥᠯᠥᠨ ᠪᠤᠶᠢᠷ ᠤᠨ ᠳᠠᠪᠠᠭ᠎ᠠ ᠶᠢᠨ ᠵᠡᠭᠦᠨᠳᠡᠬᠢ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠴᠢᠳᠠᠮᠵᠢ ᠶᠢ ᠲᠡᠭᠦᠯᠳᠡᠷᠵᠢᠭᠦᠯᠵᠦ᠂ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠠᠰᠢᠭᠯᠠᠨ᠂ ᠠᠵᠤ  ᠦᠢᠯᠡᠰ᠂ ᠬᠦᠷᠢᠶᠡᠯᠡᠩ ᠲᠣᠭᠤᠷᠢᠭ᠂ ᠬᠤᠲᠠ ᠶᠢᠨ ᠬᠤᠭᠤᠷᠣᠨᠳᠣᠬᠢ ᠣᠷᠣᠨ ᠵᠠᠶ ᠶᠢ ᠡᠮᠬᠢᠯᠡᠨ ᠨᠡᠶᠢᠯᠡᠭᠦᠯᠬᠦ ᠪᠠ ᠴᠢᠳᠠᠮᠵᠢ ᠶᠢ ᠠᠭᠤᠰᠤᠯᠴᠠᠭᠤᠯᠬᠤ ᠶᠢ ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠦᠷᠭᠦᠯᠵᠢᠯᠡᠬᠦ ᠴᠢᠨᠠᠷ ᠰᠠᠶᠢᠲᠠᠶ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠤᠨ᠎ᠠ᠃   ᠭᠤᠷᠪᠠ ᠳᠤ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ ︽ᠬᠥᠯᠥᠨ ᠪᠤᠶᠢᠷ ᠬᠤᠲᠠ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠪᠦᠬᠦ ᠴᠠᠷᠠᠭᠠᠨ ᠤ ᠪᠦᠬᠦ ᠤᠯᠠᠷᠢᠯ ᠤᠨ ᠪᠦᠬᠦ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ᠂ ᠥᠪᠥᠷ ᠮᠣᠩᠭᠤᠯ ᠤᠨ ᠵᠡᠭᠦᠨ ᠬᠡᠰᠡᠭ ᠤᠨ ᠠᠮᠠᠷᠠᠯᠲᠠ ᠰᠡᠯᠡᠭᠦᠴᠡᠯ ᠵᠤᠭᠠᠴᠠᠯ ᠤᠨ ᠴᠢᠬᠤᠯᠠ ᠵᠣᠷᠢᠭᠰᠠᠨ ᠭᠠᠵᠠᠷ︾ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ︾ ᠶᠢ ᠪᠠᠷᠢᠮᠲᠠᠯᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ︽ᠭᠤᠷᠪᠠᠨ ᠲᠥᠷᠥᠯ ᠢ ᠠᠭᠤᠰᠤᠯᠴᠠᠭᠤᠯᠬᠤ︾ ᠣᠨᠣᠯᠵᠢᠬᠤᠨ ᠶᠣᠰᠣᠭᠠᠷ᠂ ᠨᠢᠭᠡ ᠴᠤᠭᠴᠠᠵᠢᠭᠤᠯᠤᠨ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠪᠥᠲᠥᠭᠡᠨ ᠪᠠᠶᠢᠭᠤᠯᠵᠤ᠂ ᠨᠢᠭᠡ ᠴᠤᠭᠴᠠᠵᠢᠭᠤᠯᠤᠨ ᠬᠥᠭᠵᠢᠭᠦᠯᠵᠦ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠬᠤ᠂ ᠵᠢᠭᠤᠯᠴᠢᠯᠠᠭᠴᠢᠳ ᠤᠨ ᠭᠤᠤᠯ ᠲᠣᠭᠯᠠᠭᠴᠢ ᠶᠢᠨ ᠦᠢᠯᠡᠳᠦᠯ ᠢ ᠪᠠᠳᠠᠷᠠᠭᠤᠯᠤᠨ᠂ ᠬᠠᠩᠭᠠᠯᠭ᠎ᠠ ᠶᠢᠨ ᠲᠠᠯ᠎ᠠ ᠠᠴᠠ ᠶᠠᠰᠤ ᠴᠢᠨᠠᠷ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠠᠴᠠ ᠳᠦᠷᠢ ᠲᠥᠷᠬᠦ᠂ ᠨᠠᠷᠠᠲᠤ ᠲᠥᠷᠥᠯ ᠲᠡᠮᠳᠡᠭᠲᠦ ᠶᠢ ᠭᠠᠷᠭᠠᠵᠤ᠂ ᠪᠥᠬᠦ ᠴᠠᠷᠠᠭ᠎ᠠ ᠪᠥᠬᠦ ᠤᠯᠠᠷᠢᠯ ᠤᠨ ᠪᠥᠬᠦ ᠠᠵᠢᠯ ᠲᠥᠷᠥᠯ ᠤᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠨ᠎ᠠ᠃ ︽ᠤᠯᠠᠭᠠᠨᠴᠠᠪ ᠠᠶᠢᠮᠠᠭ︾ ᠤᠨ ᠨᠢᠭᠡ ᠴᠤᠭᠴᠠᠵᠢᠯᠳᠠ ᠳᠤ ᠢᠳᠡᠪᠬᠢᠲᠡᠢ ᠠᠭᠤᠰᠤᠯᠴᠠᠵᠤ᠂ ᠬᠢᠩᠭᠠᠨ ᠠᠶᠢᠮᠠᠭ᠂ ᠾᠧᠢ ᠵᠢᠶ ᠯᠢᠶᠣᠤ  ᠵᠡᠷᠭᠡ ᠭᠠᠵᠠᠷ ᠯᠤᠭ᠎ᠠ ᠶᠢᠨ ᠵᠤᠭᠠᠴᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠮᠢ ᠠᠬᠤᠢ᠂ ᠰᠣᠶᠣᠯ᠂ ᠬᠥᠳᠡᠭᠡ ᠲᠣᠰᠬᠤᠨ᠂ ᠮᠥᠰᠥ ᠴᠠᠰᠤ᠂ ᠡᠷᠡᠭᠦᠯ ᠡᠩᠬᠡ ᠵᠡᠷᠭᠡ ︽ᠲᠠᠪᠤᠨ ᠤᠨᠴᠠᠯᠢᠬᠳᠤ ᠫᠠᠶᠢᠰᠠ︾ ᠶᠢ ᠰᠠᠶᠢᠲᠤᠷ ᠴᠣᠭᠴᠠᠯᠠᠨ᠎ᠠ︔ ︽ᠳᠥᠷᠪᠡᠨ ᠠᠭᠤᠯᠠ ᠨᠢᠭᠡ ᠭᠤᠤᠯ︾᠂ ᠬᠤᠶᠠᠷ ᠲᠡᠤᠬᠡ ᠰᠣᠶᠣᠯ ᠤᠨ ᠵᠡᠭᠡᠯᠢ ᠲᠣᠭᠤᠷᠢᠭ᠂ ᠰᠢᠤᠱᠦ᠋ᠢ ᠤᠯᠤᠰ ᠤᠨ ᠨᠤᠭᠤ ᠭᠠᠵᠠᠷ ᠤᠨ ᠴᠡᠴᠡᠷᠯᠢᠭ᠂ ᠳᠡᠭᠦᠵᠢᠩ ᠬᠥᠭᠦᠷᠭᠡ ᠶᠢᠨ ᠴᠡᠴᠡᠷᠯᠢᠭ ᠵᠡᠷᠭᠡ ᠰᠣᠶᠣᠯ ᠵᠢᠭᠤᠯᠴᠢᠯᠠᠯ ᠤᠨ ᠰᠢᠯᠢᠳᠡᠭ ᠡᠬᠢ ᠪᠠᠶᠠᠯᠢᠭ ᠢ ᠨᠡᠭᠡᠭᠡᠨ ᠠᠰᠢᠭᠯᠠᠵᠤ᠂ ᠰᠠᠭᠤᠷᠢ ᠪᠡᠯᠡᠳᠬᠡᠮᠵᠢ ᠪᠠ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠦᠵᠡᠮᠵᠢ ᠶᠢᠨ ᠣᠷᠣᠨ ᠦᠵᠡᠮᠵᠢ ᠶᠢᠨ ᠣᠷᠣᠨ ᠤ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠥᠬᠦᠭᠡ ᠴᠡᠴᠡᠭ ᠰᠣᠨᠢᠷᠬᠠᠬᠤ ᠤᠯᠠᠷᠢᠯ᠂ ᠶᠠᠯᠦ ᠭᠤᠤᠯ ᠤᠨ ᠬᠥᠪᠬᠦ ᠤᠯᠠᠷᠢᠯ᠂ ᠠᠯᠲᠠᠨ ᠨᠠᠮᠤᠷ ᠤᠨ ᠲᠡᠭᠦᠬᠦ ᠤᠯᠠᠷᠢᠯ ᠪᠠ ᠶᠢᠨ ᠯᠦᠩ ᠱᠠᠨ ᠤ ᠮᠥᠰᠥ ᠴᠠᠰᠤᠨ ᠤ ᠤᠯᠠᠷᠢᠯ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠤᠮᠠᠷᠠᠲᠤ ᠣᠷᠣᠨ ᠤ ᠵᠢᠶᠠᠩᠨᠠᠨ ᠣᠷᠣᠨ᠂ ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ︾ ᠶᠢᠨ ᠠᠯᠲᠠᠨ ᠦᠰᠦᠭᠲᠦ ᠫᠠᠶᠢᠰᠠ ᠶᠢ ᠠᠷᠴᠢᠵᠤ᠂ ᠪᠥᠬᠦ ᠵᠢᠯ ᠳᠤ 240 ᠲᠦᠮᠡᠨ ᠬᠥᠮᠦᠨ ᠤᠳᠠᠭ᠎ᠠ ᠠᠴᠠ ᠳᠡᠭᠡᠭᠰᠢ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠤᠷᠤᠯᠳᠤᠭᠠᠨ︾  ᠤ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠰᠠᠶᠢᠲᠤᠷ ᠬᠢᠵᠦ᠂ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠢᠳᠡᠪᠬᠢᠲᠡᠶ ᠳᠠᠭᠠᠭᠠᠨ ᠡᠷᠭᠢᠯᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠦᠢᠯᠡᠳᠭᠦᠨ ᠢ ᠨᠡᠭᠡᠭᠡᠨ ᠬᠥᠭᠵᠢᠭᠦᠯᠵᠦ᠂ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠤᠨ ᠴᠢᠳᠠᠮᠵᠢ ᠶᠢ ᠲᠡᠭᠦᠯᠳᠡᠷᠵᠢᠭᠦᠯᠦᠨ᠂ ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠶᠢᠨ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠴᠦ᠂ ᠵᠠᠯᠠᠨ ᠠᠶᠢᠯ ᠢ ᠳᠤᠯᠠᠭᠠᠨ ᠤ ᠬᠡᠮᠵᠢᠶ᠎ᠡ ᠲᠠᠢ᠂ ᠴᠢᠨᠠᠷ ᠴᠢᠨᠰᠠᠭ᠎ᠠ ᠲᠠᠢ ᠮᠥᠰᠥ ᠴᠠᠰᠤᠨ ᠤ ᠲᠠᠮᠢᠷ ᠤᠨ ᠬᠤᠲᠠ ᠪᠣᠯᠭᠠᠨ ᠪᠥᠲᠥᠭᠡᠨ ᠪᠠᠶᠢᠭᠤᠯᠤᠨ᠎ᠠ᠃    ᠲᠦᠷᠪᠡ ᠳᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠰᠢᠨ᠎ᠡ ᠠᠮᠢᠵᠢᠷᠠᠯ ᠶᠢᠨ ᠬᠦᠴᠦᠨ ᠢ ᠪᠤᠢ ᠪᠤᠯᠭᠠᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠥᠪᠥᠷ ᠮᠣᠩᠭᠤᠯ ᠤᠨ ᠵᠡᠭᠦᠨ ᠬᠡᠰᠡᠭ ᠤᠨ ᠮᠠᠯ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠢ ᠬᠦᠴᠦᠷᠬᠡᠭᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠲᠠᠷᠢᠶᠠᠯᠠᠩ ᠤᠨ ᠮᠠᠰᠢᠨ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ᠂ ᠵᠢᠩᠬᠢᠨᠢ ᠬᠢᠲᠠᠳ ᠡᠪᠡᠰᠦᠨ ᠡᠮ ᠵᠡᠷᠭᠡ ᠲᠤᠰᠬᠠᠶ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠤᠰᠬᠠᠶᠢᠵᠢᠭᠰᠠᠨ᠂ ᠨᠥᠯᠥᠭᠡᠯᠡᠬᠦ ᠬᠡᠪᠴᠢᠶ᠎ᠡ ᠪᠠᠷ ᠥᠷᠭᠡᠨ᠂ ᠬᠠᠷᠢᠯᠴᠠᠨ ᠢᠵᠢ ᠪᠥᠷᠢᠳᠦᠭᠰᠡᠨ᠂ ᠬᠠᠷᠢᠴᠠᠩᠭᠤᠶ ᠪᠠᠷ ᠲᠥᠪᠯᠡᠷᠡᠭᠰᠡᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠠᠶᠢᠭᠤᠯᠤᠨ᠎ᠠ᠃ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ᠂ ᠪᠠᠢ ᠰᠢᠩ ᠬᠤᠳᠠᠯᠳᠤᠭᠠᠨ ᠤ ᠲᠠᠯᠠᠪᠠᠢ᠂ ᠰᠢᠩ ᠰᠢᠩ ᠠᠭᠤᠳᠠᠮ ᠲᠠᠯᠠᠪᠠᠢ᠂ ᠭᠧ ᠭᠧᠨ ᠵᠡᠭᠡᠯᠢ᠂ ᠶᠠᠪᠠᠭᠠᠨ ᠵᠡᠭᠡᠯᠢ ᠵᠡᠷᠭᠡ ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠤᠨ ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ ᠴᠢᠳᠠᠪᠬᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠤᠳᠠᠯᠳᠤᠭᠠᠨ ᠤ ᠲᠣᠭᠤᠷᠢᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠪᠠᠷᠠᠭᠠᠨ ᠤ  ᠭᠦᠢᠯᠭᠡᠭᠡᠨ ᠤ ᠨᠠᠷᠠᠲᠤ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠯᠢᠩ ᠳ᠋ᠦᠩ ᠤᠨ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ᠂ ᠲᠣᠰᠬᠤᠨ ᠤ ᠲᠠᠰ ᠤᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠤᠷ ᠴᠢᠬ ᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠬᠠᠭᠤᠷᠠᠶ ᠲᠡᠮᠦᠷ ᠵᠠᠮ ᠠᠭᠠᠷ᠂ ᠠᠶᠠᠨᠴᠢᠨ ᠪᠠᠷᠠᠭ᠎ᠠ ᠰᠢᠤᠳᠠᠨ᠂ ᠬᠤᠲᠠ ᠬᠥᠳᠡᠭᠡ ᠲᠣᠰᠬᠤᠨ ᠢ ᠨᠢᠭᠡ ᠴᠣᠠᠠᠴᠠᠵᠢᠭᠤᠯᠥᠠᠠᠰᠠᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ᠃  ᠳᠠᠪᠠᠭ᠎ᠠ ᠶᠢᠨ ᠵᠡᠭᠦᠨ ᠬᠡᠰᠡᠭ ᠤᠨ ᠭᠠᠵᠠᠷ ᠣᠷᠣᠨ ᠯᠤᠭ᠎ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠠᠵᠤ ᠦᠢᠯᠡᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠳᠠᠪᠠᠭ᠎ᠠ ᠶᠢᠨ ᠳᠡᠭᠡᠷ᠎ᠡ᠂ ᠳᠠᠪᠠᠭ᠎ᠠ ᠶᠢᠨ ᠪᠠᠷᠠᠭᠤᠨ ᠬᠡᠰᠡᠭ ᠤᠨ ᠭᠠᠵᠠᠷ ᠣᠷᠣᠨ ᠯᠤᠭ᠎ᠠ ᠶᠢᠨ ᠴᠢᠬᠤᠯᠠ ᠬᠦᠴᠦᠨ ᠵᠦᠢᠯ ᠤᠨ ᠰᠢᠯᠵᠢᠯᠲᠡ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠷᠣᠨ ᠪᠦᠰᠡ ᠶᠢᠨ ᠠᠷᠠᠯᠵᠢᠶ᠎ᠠ ᠬᠤᠳᠠᠯᠳᠤᠭᠠᠨ ᠤ ᠲᠥᠪ ᠪᠣᠯᠬᠤ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃    ᠲᠠᠪᠤ ᠳᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠢᠷᠤᠭ ᠲᠥᠰᠦᠪ ᠢ ᠵᠢᠷᠤᠭᠯᠠᠨ᠎ᠠ᠃ ᠵᠠᠭᠤᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠬᠤᠸᠠ ᠨᠧᠩ ᠵᠠᠯᠠᠨ ᠠᠶᠢᠯ ᠤᠨ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠳᠤᠮᠳᠠ ᠴᠥᠮ᠎ᠡ ᠶᠢᠨ ᠵᠠᠯᠠᠨ ᠠᠶᠢᠯ ᠤᠨ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠮᠠᠨ ᠤ ᠬᠤᠲᠠ ᠶᠢᠨ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠣᠲᠣ ᠦᠶ᠎ᠡ ᠶᠢᠨ ᠡᠨᠧᠷᠭᠢ ᠶᠢᠨ ᠰᠢᠰᠲ᠋ᠧᠮᠵᠢ ᠶᠢ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠠᠭᠠᠷ ᠤᠨ ᠠᠶᠠᠯᠠᠯ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠴᠠᠢ ᠾᠧ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ᠂ ᠵᠢᠶᠤᠫᠰᠤᠨ ᠣᠯᠠᠨ ᠤᠯᠤᠰ ᠤᠨ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠠᠭᠠᠷ ᠤᠨ ᠠᠶᠠᠯᠠᠯ ᠤᠨ ᠪᠣᠯᠪᠠᠰᠤᠷᠠᠭᠤᠯᠤᠯ᠂ ᠵᠢᠭᠤᠯᠴᠢᠯᠠᠯ᠂ ᠪᠠᠷᠠᠭᠠᠨ ᠤ ᠭᠦᠢᠯᠭᠡᠭᠡᠨ᠂ ᠵᠢᠯᠣᠭᠤᠴᠢ ᠥᠬᠡᠶ ᠨᠢᠰᠬᠡᠯ ᠵᠡᠷᠭᠡ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠦᠪᠡᠭᠴᠢᠯᠡᠨ ᠬᠥᠭᠵᠢᠭᠦᠯᠵᠦ᠂ ᠥᠪᠥᠷ ᠮᠣᠩᠭᠤᠯ ᠤᠨ ᠠᠭᠠᠷ ᠤᠨ ᠠᠶᠠᠯᠠᠯ ᠤᠨ ᠠᠵᠤ ᠠᠬᠤᠶ ᠶᠢᠨ ᠬᠥᠭᠵᠢᠯᠲᠡ ᠶᠢᠨ ᠬᠤᠰᠢᠭᠤᠴᠢ ᠣᠷᠣᠨ᠂ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠥᠲᠥᠭᠡᠨ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ᠦᠢᠯᠡᠴᠢᠯᠡᠭᠡᠨ ᠤ ᠬᠡᠯᠬᠢᠶ᠎ᠡ ᠶᠢ ᠲᠡᠭᠦᠯᠳᠡᠷᠵᠢᠭᠦᠯᠦᠨ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠰᠢᠭᠤᠳ ᠨᠡᠪᠲᠡᠷᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠨᠢᠭᠡ ᠪᠦᠯᠦᠭ ᠣᠷᠣᠨ ᠨᠤᠲᠤᠭ ᠤᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠪᠤᠶᠢᠵᠢᠭᠤᠯᠤᠨ ᠨᠡᠪᠴᠢᠭᠦᠯᠵᠦ᠂ ᠰᠦᠯᠵᠢᠶᠡᠨ ᠤ ᠬᠤᠩ ᠳ᠋ᠠ ᠷᠧᠨ᠂ ᠡᠯᠧᠺᠲᠷᠣᠨ ᠬᠤᠳᠠᠯᠳᠤᠭᠠᠨ ᠤ ᠲᠣᠰᠬᠤᠨ ᠪᠠ ᠤᠨᠴᠠᠯᠢᠭᠳᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠤᠨ᠂ ᠵᠢᠯ ᠤᠨ ᠠᠷᠠᠯᠵᠢᠶᠠᠨ ᠤ ᠲᠤᠭ᠎ᠠ ᠶᠢ 16.6 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 18% ᠪᠠᠷ ᠨᠡᠮᠡᠭᠳᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠭᠰᠢ ᠠᠷᠠᠯᠵᠢᠶᠠᠯᠠᠬᠤ ᠲᠤᠭ᠎ᠠ ᠶᠢ 1.83 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠭᠦᠯᠦᠨ᠎ᠡ᠃     ︵ᠭᠤᠷᠪᠠ︶ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠵᠤ᠂ ᠥᠭᠡᠷᠡᠴᠢᠯᠡᠯᠲᠡ ᠪᠠᠷ ᠴᠢᠳᠠᠪᠤᠷᠢ ᠣᠯᠭᠤᠵᠤ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠤ ᠬᠥᠳᠡᠯᠭᠡᠭᠦᠷ ᠢ ᠬᠥᠭᠵᠢᠭᠡᠨ᠎ᠡ᠃ ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠤᠯᠬᠤ᠂ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠤᠯᠬᠤ᠂ ᠨᠡᠭᠡᠭᠡᠯᠳᠡ ᠠᠴᠠ ᠠᠰᠢᠭ ᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠲᠥᠪᠯᠡᠷᠡᠭᠦᠯᠦᠨ᠎ᠡ᠃    ᠨᠢᠭᠡ ᠳᠤ ᠰᠢᠨ᠎ᠡ ᠶᠢ ᠡᠭᠦᠳᠬᠦ ᠶᠢ ᠨᠡᠩ ᠶᠡᠭᠡ ᠪᠠᠷ ᠲᠦᠯᠬᠢᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠲᠠ ᠪᠠᠨ ᠮᠠᠨᠳᠤᠭᠤᠯᠬᠤ︾ ᠠᠵᠢᠯᠯᠠᠭ᠎ᠠ ᠶᠢ ᠪᠠᠷᠢᠮᠲᠠᠯᠠᠨ ᠬᠡᠷᠡᠭᠵᠢᠭᠦᠯᠵᠦ᠂ ᠵᠠᠯᠠᠨ ᠠᠶᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠲᠥᠷᠥᠯ ᠵᠦᠢᠯ ᠢ ᠢᠳᠡᠪᠬᠢᠲᠡᠶ ᠪᠠᠷ ᠰᠦᠪᠡᠭᠴᠢᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠱᠠᠲᠤ ᠱᠠᠲᠤ ᠪᠠᠷ ᠪᠤᠶᠢᠵᠢᠭᠤᠯᠤᠨ ᠨᠥᠭᠡᠴᠡᠯᠡᠬᠦ ᠬᠥᠮᠥᠷᠭᠡ ᠶᠢ ᠪᠠᠶᠢᠭᠤᠯᠵᠤ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠭᠤᠷᠪᠠ ᠶᠢ ᠦᠭᠡᠶᠢᠰᠬᠡᠬᠦ︾ ᠠᠵᠢᠯᠯᠠᠭ᠎ᠠ ᠶᠢ ᠥᠷᠨᠢᠭᠦᠯᠦᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 1 ᠭᠡᠷ᠂ ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 3  ᠭᠡᠷ‌‍ᠶᠢ ᠰᠢᠨ᠎ᠡ ᠪᠠᠷ ᠨᠡᠮᠡᠭᠳᠡᠭᠦᠯᠵᠦ᠂ ︽ᠴᠢᠳᠠᠪᠤᠷᠢᠲᠠᠨ ᠤ ᠨᠢᠰᠬᠦ ᠭᠠᠵᠠᠷ︾ ︽ᠰᠤᠳᠤᠯᠤᠨ ᠨᠡᠭᠡᠭᠡᠬᠦ ᠨᠢᠰᠬᠦ ᠭᠠᠵᠠᠷ︾ ᠤᠨ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠤᠨ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠨ᠎ᠡ᠃ ᠤᠨᠴᠠᠯᠢᠬᠳᠤ ᠳᠠᠪᠠᠭᠤᠯᠢᠭ ᠠᠵᠤ ᠦᠢᠯᠡᠰ᠂ ︽ᠬᠤᠣᠰ ᠨᠡᠭᠦᠷᠡᠰᠦᠲᠥ᠋ᠷᠥᠭᠴᠢ︾ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ 2 ᠠᠴᠠ ᠳᠡᠭᠡᠭᠰᠢ ᠰᠢᠢᠳᠪᠦᠷᠢᠯᠡᠪᠡ᠃ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢᠨ ᠪᠡᠯᠡ ᠮᠥᠩᠭᠦ ᠶᠢᠨ ᠬᠡᠯᠬᠢᠶ᠎ᠡ ᠶᠢᠨ ᠴᠢᠳᠠᠪᠤᠷᠢᠲᠠᠨ ᠤ ᠬᠡᠯᠬᠢᠶ᠎ᠡ ᠶᠢᠨ ᠭᠦᠨ ᠠᠭᠤᠰᠤᠯᠴᠠᠯ ᠢ ᠠᠬᠢᠭᠤᠯᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠳᠠᠯᠳᠠ ᠴᠢᠳᠠᠪᠤᠷᠢ  ᠶᠢᠨ ᠠᠷᠭ᠎ᠠ ᠵᠠᠮ ᠢᠶᠠᠨ ᠥᠷᠭᠡᠳᠬᠡᠨ ᠭᠠᠳᠠᠨ᠎ᠠ ᠠᠴᠠ ᠢᠷᠡᠭᠰᠡᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠦᠨᠡᠨ ᠰᠡᠳᠬᠢᠯ ᠠᠴᠠ ᠪᠠᠨ ᠰᠢᠯᠢᠳᠡᠭ ᠴᠢᠳᠠᠪᠤᠷᠢᠲᠠᠨ ᠤ ᠣᠷᠴᠢᠨ ᠲᠣᠭᠤᠷᠢᠨ ᠢ ᠡᠭᠦᠳᠴᠦ᠂ ᠨᠡᠩ ᠤᠯᠠᠨ ᠪᠣᠳᠠᠲᠠᠢ ᠠᠷᠭ᠎ᠠ ᠬᠡᠮᠵᠢᠶ᠎ᠡ ᠠᠪᠴᠤ᠂ ᠡᠯ᠎ᠡ ᠲᠦᠷᠦᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠦᠯᠡᠳᠡᠭᠡᠨ ᠠᠪᠴᠤ᠂ ᠰᠠᠶᠢᠲᠤᠷ ᠬᠥᠭᠵᠢᠭᠦᠯᠵᠦ᠂ ᠵᠠᠯᠠᠨ ᠠᠶᠢᠯ ᠤᠨ ᠡᠨᠡᠬᠦ ᠰᠢᠨ᠎ᠡ ᠶᠢ ᠡᠭᠦᠳᠬᠦ ᠦᠢᠯᠡᠰ ᠪᠤᠰᠬᠠᠬᠤ ᠬᠠᠯᠠᠭᠤᠨ ᠬᠥᠷᠥᠰᠥᠨ ᠳᠤ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ᠃    ᠬᠤᠶᠠᠷ ᠲᠤ ᠨᠡᠩ ᠪᠣᠳᠠᠲᠠᠶ ᠠᠷᠭ᠎ᠠ ᠬᠡᠮᠵᠢᠶ᠎ᠡ ᠠᠪᠴᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠤᠨ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠵᠤ᠂ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠨᠢᠭᠡ ᠯᠡ ᠤᠳᠠᠭ᠎ᠠ ᠳᠤ ᠭᠦᠢᠴᠡᠳᠭᠡᠬᠦ ᠪᠠ ᠮᠤᠵᠢ ᠠᠯᠤᠰᠯᠠᠨ ᠨᠡᠶᠢᠳᠡᠮ  ᠭᠦᠢᠴᠡᠳᠭᠡᠬᠦ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠴᠢᠩᠭᠠᠳᠬᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠭᠤᠷᠪᠠᠨ ᠵᠦᠢᠯ ᠤᠨ ᠲᠦᠷᠢᠮ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠵᠡᠷᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠠᠨ ᠬᠦᠷᠢᠶ᠎ᠡ᠂ ᠭᠦᠨ ᠳᠠᠪᠬᠤᠷᠭ᠎ᠠ ᠶᠢᠨ ᠠᠵᠤ ᠠᠬᠤᠶ ᠨᠡᠶᠢᠭᠡᠮ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠶᠢ ᠲᠡᠮᠵᠢᠨ᠎ᠡ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠶᠢ ᠬᠠᠥᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠥᠷᠨᠢᠭᠦᠯᠦᠨ᠎ᠡ᠃    ᠭᠤᠷᠪᠠ ᠳᠤ ᠨᠡᠭᠡᠭᠡᠯᠳᠡ ᠶᠢ ᠨᠡᠩ ᠥᠨᠳᠥᠷ ᠲᠦᠪᠰᠢᠨ ᠢᠶᠠᠷ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠦᠸᠧᠬᠠᠶ ᠲᠠᠩᠭᠢᠰ ᠤᠨ ᠡᠷᠬᠢᠨ ᠲᠣᠭᠤᠷᠢᠨ ᠤ ᠠᠵᠤ ᠠᠬᠤᠶ ᠶᠢᠨ ᠲᠣᠭᠤᠷᠢᠭ ᠲᠤ ᠭᠦᠨᠵᠡᠭᠡᠶ ᠠᠭᠤᠰᠤᠯᠴᠠᠨ᠂ ᠪᠡᠭᠡᠵᠢᠩ ᠲᠢᠶᠠᠨᠵᠢᠨ ᠾᠤᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠢ ᠠᠩᠬᠠᠷᠴᠤ᠂ ᠠᠵᠤ ᠦᠢᠯᠡᠰ ᠤᠨ ᠰᠢᠯᠵᠢᠯᠲᠡ ᠶᠢ ᠶᠡᠬᠡᠪᠡᠷ ᠵᠠᠯᠭᠠᠨ ᠠᠪᠴᠤ᠂ ᠨᠠᠩ ᠥᠷᠭᠡᠨ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠡᠷᠬᠢᠯᠳᠡᠳᠦ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠠᠭᠤᠰᠤᠯᠴᠠᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠠᠵᠤ ᠦᠢᠯᠡᠰ ᠤᠨ ᠬᠠᠮᠵᠢᠯᠴᠠᠭ᠎ᠠ ᠶᠢ ᠪᠣᠳᠠᠲᠠᠶ ᠶᠢ ᠡᠷᠬᠢᠮᠯᠡᠨ ᠥᠷᠨᠢᠭᠦᠯᠵᠦ᠂ ᠣᠷᠣᠰ ᠮᠣᠩᠭᠤᠯ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠢᠯᠢ ᠶᠢᠨ ᠭᠠᠳᠠᠨᠠᠬᠢ ᠦᠵᠡᠰᠬᠦᠯᠡᠩ ᠤᠨ ᠴᠤᠭᠯᠠᠭᠠᠨ ᠥᠷᠨᠢᠭᠦᠯᠬᠦ ᠶᠢ ᠵᠣᠷᠢᠭᠵᠢᠭᠤᠯᠵᠤ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠵᠦ᠂ ᠵᠠᠬᠢᠶᠠᠯᠠᠭ᠎ᠠ ᠶᠢᠨ ᠬᠠᠭᠤᠳᠠᠰᠤ ᠠᠪᠤᠭᠤᠯᠵᠤ᠂ ᠠᠵᠤ ᠠᠬᠤᠶᠢᠯᠠᠯ ᠤᠨ ᠵᠣᠷᠢᠭᠲᠠᠶ ᠪᠠᠷ ᠭᠠᠳᠠᠭᠰᠢ ᠭᠠᠷᠬᠤ ᠶᠢ ᠳᠠᠶᠢᠴᠢᠯᠠᠨ᠂ ᠹᠦᠹᠤᠩ ᠺᠣᠮᠫᠠᠨᠢ᠂ ᠲᠦᠩᠳᠤ ᠮᠣᠳᠣᠨ ᠤ ᠦᠢᠯᠡᠰ᠂ ᠰᠢᠨ ᠨᠠᠨ ᠺᠣᠮᠫᠠᠨᠢ ᠶᠢᠨ ᠭᠠᠳᠠᠭᠠᠳᠤ ᠳᠤ ᠭᠠᠷᠭᠠᠬᠤ ᠶᠢ ᠭᠤᠤᠯᠳᠠᠯᠭ᠎ᠠ ᠲᠠᠢ ᠳᠡᠮᠵᠢᠵᠦ᠂ ᠨᠠᠩ ᠣᠯᠠᠨ ᠨᠡᠭᠡᠭᠡᠯᠲᠡ ᠬᠢᠵᠦ ᠬᠠᠮᠲᠤᠷᠠᠯᠴᠠᠬᠤ ᠲᠤᠯᠬᠤ ᠴᠡᠭ ᠢ ᠡᠭᠦᠳᠬᠦ ᠬᠡᠷᠡᠭᠲᠡᠶ᠃     ︵ᠳᠥᠷᠪᠡ︶ ᠨᠢᠭᠡ ᠴᠤᠭᠴᠠᠵᠢᠭᠤᠯᠤᠨ ᠬᠠᠮᠠᠭᠠᠯᠠᠵᠤ᠂ ᠰᠢᠰᠲ᠋ᠧᠮ ᠲᠠᠢ ᠪᠠᠷ ᠵᠠᠰᠠᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ᠃ ︽ᠬᠤᠶᠠᠷ ᠠᠭᠤᠯᠠ︾ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠣᠬᠢᠷᠲᠤᠯ ᠥᠬᠡᠶ ᠢᠨᠵᠧᠨᠧᠷᠢᠩ ᠢ ᠬᠡᠷᠡᠭᠵᠢᠭᠦᠯᠦᠨ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠂ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠂ ᠦᠵᠡᠰᠬᠦᠯᠡᠩᠲᠦ ᠰᠠᠶᠢᠬᠠᠨ ᠵᠠᠯᠠᠨ ᠢ ᠪᠥᠲᠥᠭᠡᠨ ᠪᠠᠶᠢᠭᠤᠯᠤᠨ᠎ᠠ᠃    ᠨᠢᠭᠡ ᠳᠤ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢᠨ ᠬᠠᠮᠠᠭᠠᠯᠠᠯᠲᠠ  ᠶᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠂ ᠠᠮᠢ ᠠᠬᠤᠶ ᠶᠢᠨ ᠣᠷᠴᠢᠨ ᠨᠥᠬᠦᠴᠡᠯ ᠤᠨ ᠬᠢᠨᠠᠨ ᠬᠡᠮᠵᠢᠬᠦ ᠰᠢᠰᠲ᠋ᠧᠮ ᠢ ︽ᠭᠤᠷᠪᠠᠨ ᠣᠷᠣᠨ ᠭᠤᠷᠪᠠᠨ ᠱᠤᠭᠤᠮ︾ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠶ ᠰᠢᠭᠤᠶ ᠡᠪᠡᠰᠦ ᠪᠡᠯᠴᠢᠭᠡᠷ ᠤᠨ ᠣᠷᠳᠣ ᠬᠤᠭᠤᠴᠠᠭᠠᠨ ᠤ ᠲᠦᠷᠢᠮ᠂ ᠭᠤᠤᠯ ᠮᠥᠷᠡᠨ ᠨᠠᠭᠤᠷ ᠴᠥᠭᠦᠷᠥᠮ ᠤᠨ ᠣᠷᠳᠣ ᠬᠤᠭᠤᠴᠠᠭᠠᠨ ᠤ ᠲᠦᠷᠢᠮ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠶᠢ ᠬᠡᠷᠡᠭᠵᠢᠭᠦᠯᠦᠨ᠂ ᠣᠶ ᠰᠢᠭᠤᠶ ᠡᠪᠡᠰᠦ ᠪᠡᠯᠴᠢᠭᠡᠷ ᠢ ᠲᠤᠰᠬᠠᠶᠢᠯᠠᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 654.3 ᠲᠦᠮᠡᠨ ᠮᠥ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ᠂ 3 ᠲᠦᠮᠡᠨ ᠮᠥ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ᠂ 1 ᠲᠦᠮᠡᠨ ᠮᠥ ᠬᠥᠮᠦᠨ ᠤ ᠬᠦᠴᠦ ᠪᠠᠷ ᠣᠶᠢᠵᠢᠭᠤᠯᠬᠤ ᠶᠢ ᠨᠠᠶᠢᠳᠠᠪᠤᠷᠢᠵᠢᠭᠤᠯᠤᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠤᠰ ᠤᠨ ᠠᠯᠳᠠᠷᠲᠤ ᠦᠵᠡᠮᠵᠢ ᠶᠢᠨ ᠣᠷᠣᠨ ᠪᠠ ᠰᠢᠤᠱᠦ᠋ᠢ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠂ ᠶᠠᠯᠦ ᠭᠤᠤᠯ᠂ ᠬᠤᠴᠢ ᠭᠤᠤᠯ᠂ ᠶᠢᠨ ᠾᠧ ᠭᠤᠤᠯ᠂ ᠵᠢᠴᠢᠨ ᠭᠤᠤᠯ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠤᠨ ᠵᠠᠰᠠᠯᠲᠠ ᠶᠢ ᠰᠠᠶᠢᠲᠤᠷ ᠠᠳᠬᠤᠵᠤ᠂ ᠭᠤᠤᠯ ᠮᠥᠷᠡᠨ ᠨᠠᠭᠤᠷ ᠴᠥᠭᠦᠷᠥᠮ ᠳᠤ ︽ᠳᠥᠷᠪᠡᠨ ᠵᠦᠢᠯ ᠢ ᠰᠠᠮᠠᠭᠤᠷᠠᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠡᠷᠭᠢ ᠨᠢ ᠨᠣᠭᠤᠭᠠᠨ ᠦᠵᠡᠮᠵᠢ ᠨᠢ ᠭᠤᠶᠣ᠂ ᠭᠤᠤᠯ ᠨᠢ ᠰᠢᠯᠤᠭᠤᠨ ᠤᠰᠤ ᠨᠢ ᠲᠤᠩᠭᠠᠯᠠᠭ︾ ᠪᠠᠶᠢᠬᠤ ᠶᠢ ᠬᠡᠪ ᠤᠨ ᠪᠠᠶᠢᠳᠠᠯ ᠪᠣᠯᠭᠠᠨ᠎ᠠ᠃    ᠬᠤᠶᠠᠷ ᠲᠤ ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠨᠢᠭᠡ ᠠᠴᠠ ᠨᠦᠬᠦᠭᠡ ᠶᠢ ᠵᠦᠢᠴᠢᠯᠡᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠳᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠨ᠎ᠡ᠃ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠬᠤᠳᠠ ᠬᠥᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠢ ᠨᠥᠬᠦᠪᠥᠷᠢᠯᠡᠵᠦ᠂ ᠴᠡᠪᠡᠷ ᠳᠤᠯᠠᠭᠠᠯᠠᠭ᠎ᠠ ᠶᠢ ᠣᠷᠣᠯᠠᠭᠤᠯᠬᠤ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠣᠯᠤᠨ ᠠᠽᠣᠲ ᠤᠨ ᠢᠰᠦᠮᠡᠭ ᠤᠨ ᠭᠠᠳᠠᠭᠰᠢᠯᠠᠭᠤᠯᠤᠯᠲᠠ ᠶᠢ ᠪᠠᠭᠠᠰᠬᠠᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 98% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ︔ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠢᠩᠭ᠎ᠠ ᠬᠠᠮᠢᠶᠠᠷᠤᠨ ᠴᠢᠩᠭ᠎ᠠ ᠡᠵᠡᠮᠳᠡᠵᠦ᠂ ᠭᠠᠵᠠᠷ ᠳᠣᠤᠷᠠᠬᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠶᠢ ᠲᠡᠭᠦᠯᠳᠡᠷᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠪᠣᠬᠢᠷ ᠤᠰᠤ᠂ ᠠᠮᠢᠳᠤᠷᠠᠯ ᠤᠨ ᠬᠤᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠩᠭᠢᠰ ᠬᠠᠭᠠᠨ ᠵᠡᠷᠭᠡ ᠰᠢᠶᠠᠩ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠦᠨ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠴᠢᠩᠭᠠᠷᠠᠭᠤᠯᠵᠤ᠂ ᠵᠠᠯᠠᠨ ᠠᠶᠢᠯ ᠤᠨ ᠲᠩᠷᠢ ᠶᠢ ᠨᠠᠩ ᠴᠡᠯᠮᠡᠭ᠂ ᠠᠭᠤᠯᠠ ᠶᠢ ᠨᠠᠩ ᠨᠣᠭᠤᠭᠠᠨ᠂ ᠤᠰᠤ ᠶᠢ ᠨᠠᠩ ᠲᠤᠩᠭᠠᠯᠠᠭ᠂ ᠣᠷᠴᠢᠨ ᠲᠣᠭᠤᠷᠢᠨ ᠢ ᠨᠠᠩ ᠭᠤᠶᠢᠳᠠ ᠰᠠᠶᠢᠬᠠᠨ ᠪᠣᠯᠭᠠᠨ᠎ᠠ᠃    ᠭᠤᠷᠪᠠ ᠳᠤ ᠪᠦᠬᠦ ᠲᠠᠯ᠎ᠠ ᠪᠠᠷ ᠠᠷᠪᠢᠯᠠᠨ ᠭᠠᠮᠨᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠡᠷᠴᠢᠮᠵᠢᠭᠦᠯᠦᠨ ᠠᠷᠪᠢᠯᠠᠵᠤ ᠠᠰᠢᠭᠯᠠᠬᠤ ᠶᠢ ᠪᠠᠷᠢᠮᠲᠠᠯᠠᠵᠤ᠂ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ᠂ ᠠᠭᠤᠷᠬᠠᠶ ᠵᠡᠷᠭᠡ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠡᠨᠧᠷᠭᠢ ᠶᠢᠨ ᠰᠤᠷᠪᠤᠯᠵᠢ᠂ ᠤᠰᠤ᠂ ᠠᠮᠤ ᠪᠤᠳᠠᠭ᠎ᠠ᠂ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠲᠦᠭᠦᠬᠡᠶ ᠮᠠᠲ᠋ᠧᠷᠢᠶᠠᠯ ᠵᠡᠷᠭᠡ ᠶᠢ ᠪᠦᠬᠦ ᠲᠠᠯ᠎ᠠ ᠪᠠᠷ ᠪᠦᠬᠦ ᠶᠠᠪᠤᠴᠠ ᠪᠠᠷ ᠠᠷᠪᠢᠯᠠᠬᠤ ᠶᠢ ᠠᠬᠢᠭᠤᠯᠤᠨ᠎ᠠ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ᠭᠠᠵᠠᠷ ᠰᠢᠷᠣᠶ ᠶᠢ ᠡᠵᠡᠩᠨᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠂ ︽ᠲᠠᠷᠢᠶᠠᠨ ᠭᠠᠵᠠᠷ︾ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠴᠢᠩᠳᠠᠯᠠᠵᠤ᠂ ᠭᠠᠵᠠᠷ ᠰᠢᠷᠣᠶ ᠶᠢ ᠠᠮᠢᠳᠤᠯᠢᠭ ᠢᠶᠠᠷ ᠠᠰᠢᠭᠯᠠᠬᠤ ᠶᠢ ᠴᠢᠩᠭᠠᠳᠬᠠᠵᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠦᠨ᠎ᠡ᠃    ᠲᠦᠷᠪᠡ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠥᠷᠬᠦ ᠪᠠ ︽1+N︾ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠶᠢᠨ ᠰᠤᠷᠪᠤᠯᠵᠢ ᠶᠢᠨ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠠᠮᠢ ᠠᠬᠤᠶ ᠶᠢᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ᠂ ᠠᠮᠢᠳᠤᠷᠠᠯ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠰᠢᠰᠲ᠋ᠧᠮ ᠲᠠᠢ ᠪᠠᠷ ᠳᠥᠯᠭᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶᠠᠨ ᠤ ᠲᠥᠷᠥᠯ ᠵᠦᠢᠯ ᠢ ᠢᠳᠡᠪᠬᠢᠲᠡᠶ ᠲᠡᠮᠡᠴᠡᠨ ᠣᠯᠵᠤ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠵᠤ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠨ᠎ᠠ᠃ ᠰᠢᠨ᠎ᠡ ᠪᠠᠷ ᠪᠠᠶᠢᠭᠤᠯᠬᠤ ᠵᠦᠢᠯᠡᠰ ᠤᠨ ︽ᠬᠤᠶᠠᠷ ᠲᠡᠷᠢᠭᠦᠨ ᠤ ᠬᠢ︾ ᠶᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠳᠣᠣᠷ᠎ᠠ ᠲᠡᠰ ᠤᠨ ᠦᠷ᠎ᠡ ᠠᠰᠢᠭ ᠢᠶᠠᠷ ᠳᠣᠣᠷ᠎ᠠ ᠦᠢᠯᠡᠳᠪᠦᠷᠢᠯᠡᠬᠦ ᠴᠢᠳᠠᠪᠤᠷᠢ ᠶᠢ ᠲᠦᠷᠭᠡᠪᠴᠢᠯᠡᠨ ᠥᠭᠡᠷᠡᠴᠢᠯᠡᠵᠦ᠂ ︽ᠬᠤᠶᠠᠷ ᠥᠨᠳᠥᠷ︾ ᠤᠨ ᠵᠦᠢᠯᠡᠰ ᠢ ᠡᠬᠢᠯᠡᠭᠦᠯᠬᠦ ᠶᠢ ᠡᠷᠡᠰ ᠬᠤᠷᠢᠭᠯᠠᠨ᠎ᠠ᠃ ᠤᠯᠤᠰ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠰᠠᠬᠢᠵᠤ᠂ ᠨᠡᠭᠦᠷᠡᠰᠦᠨ ᠤ ᠪᠤᠰᠤ ᠠᠭᠤᠷᠬᠠᠶ ᠶᠢᠨ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠴᠢᠩᠭᠠᠳᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ︽ᠲᠠᠷᠠᠬᠠᠶ ᠪᠤᠲᠠᠷᠬᠠᠶ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ︾᠂ ︽ᠲᠤᠰᠤ ᠪᠠᠷ ᠴᠠᠬᠢᠯᠭᠠᠨ ᠰᠣᠯᠢᠬᠤ︾ ᠶᠢ ᠲᠦᠯᠬᠢᠨ ᠠᠬᠢᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ ᠬᠤᠳᠠ ᠶᠢ ᠪᠦᠬᠦ ᠲᠠᠯ᠎ᠠ ᠪᠠᠷ ᠡᠭᠦᠳᠦᠨ ᠪᠠᠶᠢᠭᠤᠯᠤᠨ᠎ᠠ᠃    ︵ᠲᠠᠪᠤ︶ ᠬᠤᠲᠠ ᠬᠥᠳᠡᠭᠡ ᠶᠢ ᠠᠭᠤᠰᠤᠯᠴᠠᠭᠤᠯᠤᠨ᠂ ᠵᠣᠬᠢᠴᠠᠩᠭᠤᠶ ᠪᠠᠷ ᠬᠥᠭᠵᠢᠭᠦᠯᠵᠦ᠂ ᠣᠷᠣᠨ ᠪᠦᠰᠡ ᠶᠢᠨ ᠲᠥᠪ ᠪᠣᠯᠬᠤ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠥᠮᠦᠨ ᠢᠶᠠᠷ ᠭᠤᠤᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠶᠢ ᠲᠦᠷᠭᠡᠳᠬᠡᠨ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠥᠲᠥᠭᠡᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃    ᠨᠢᠭᠡ ᠳᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠤᠭᠤᠯᠠᠩ ᠣᠷᠣᠨ ᠰᠠᠭᠤᠴᠠ ᠶᠢ ᠬᠤᠳᠠ ᠶᠢᠨ ᠬᠥᠭᠵᠢᠯᠲᠡ ᠶᠢᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠠᠶᠢᠷᠢᠯᠠᠭᠤᠯᠤᠯᠲᠠ ᠨᠢ ᠨᠡᠩ ᠰᠢᠨᠵᠢᠯᠡᠬᠦ ᠤᠬᠠᠭᠠᠨᠴᠢ᠂ ᠶᠠᠰᠤ ᠴᠢᠨᠠᠷ ᠨᠢ ᠨᠡᠩ ᠳᠡᠭᠡᠳᠦ ᠲᠡᠰ ᠤᠨ᠂ ᠴᠢᠳᠠᠮᠵᠢ ᠨᠢ ᠨᠡᠩ ᠪᠦᠷᠢᠨ ᠲᠡᠭᠦᠯᠳᠡᠷ᠂ ᠰᠠᠭᠤᠷᠢ ᠨᠢ ᠨᠡᠩ ᠭᠦᠨ ᠵᠤᠵᠠᠭᠠᠨ ᠠᠷᠠᠳ ᠤᠨ ᠬᠤᠳᠠ ᠶᠢ ᠪᠦᠳᠦᠭᠡᠨ ᠪᠠᠶᠢᠭᠤᠯᠤᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ 30 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ ᠰᠢᠩ ᠰᠢᠩ ᠵᠠᠮ᠂ ᠴᠢᠩᠭᠢᠰ ᠬᠠᠭᠠᠨ ᠵᠠᠮ ᠵᠡᠷᠭᠡ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠤᠨ᠂ ᠬᠤᠲᠠ ᠶᠢᠨ ᠤᠰᠤ ᠵᠠᠯᠠᠵᠤ ᠤᠰᠤᠲᠤᠯ ᠢ ᠰᠡᠷᠭᠡᠶᠢᠯᠡᠬᠦ᠂ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠢ ᠥᠭᠡᠷᠡᠴᠢᠯᠡᠬᠦ᠂ ᠢᠯᠴᠢ ᠬᠠᠩᠭᠠᠬᠤ ᠰᠢᠲᠠᠮᠠᠬᠠᠶ ᠬᠡᠶ ᠶᠢᠨ ᠬᠤᠭᠤᠯᠠᠶ ᠳᠡᠪᠢᠰᠬᠦ ᠲᠥᠷᠥᠯ ᠵᠦᠢᠯ ᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠤᠨ ᠡᠵᠡᠩᠨᠡᠵᠦ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠦᠨᠡᠨᠬᠦ ᠨᠡᠮᠡᠭᠳᠡᠭᠦᠯᠦᠨ᠎ᠡ᠃ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠵᠦ᠂ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠤᠶᠤᠨᠲᠤ ᠬᠤᠳᠠ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠡᠷᠭᠡ ᠵᠣᠭᠰᠣᠭᠠᠬᠤ ᠶᠢ ᠵᠠᠰᠠᠬᠤ᠂ ᠨᠡᠶᠢᠲᠡ ᠶᠢᠨ ᠵᠣᠷᠯᠣᠩ ᠤᠨ ᠦᠢᠯᠡᠴᠢᠯᠡᠭᠡ᠂ ᠬᠤᠭ ᠨᠣᠪᠰᠢ ᠶᠢ ᠲᠦᠷᠦᠯ ᠬᠤᠪᠢᠶᠠᠬᠤ᠂ ᠠᠳᠠᠯ ᠠᠬᠤᠢ ᠶᠢᠨ ᠬᠠᠮᠢᠶᠠᠷᠤᠯᠲᠠ ᠶᠢ ᠨᠠᠷᠢᠯᠢᠭ ᠪᠥᠭᠡᠳ ᠰᠢᠯᠢᠳᠡᠭᠵᠢᠭᠦᠯᠵᠦ᠂ ᠲᠦᠷᠢᠮ ᠠᠴᠠ ᠵᠥᠷᠢᠴᠡᠭᠰᠡᠨ ᠪᠠᠷᠢᠯᠭ᠎ᠠ᠂ ᠵᠠᠮ ᠬᠠᠷᠢᠯᠴᠠᠭᠠᠨ ᠤ ᠲᠦᠭᠵᠢᠷᠡᠯ᠂ ᠱᠤᠤᠭᠢᠶᠠᠨ ᠢᠶᠠᠷ ᠠᠷᠠᠳ ᠢ ᠦᠢᠮᠡᠭᠦᠯᠬᠦ᠂ ᠨᠢᠰᠬᠦ ᠤᠲᠠᠰᠤ ᠪᠠᠷ ᠴᠠᠬᠢᠯᠭᠠᠨ ᠴᠡᠨᠡᠭᠯᠡᠬᠦ᠂ ᠪᠣᠯᠪᠠᠰᠤᠨ ᠪᠤᠰᠤ ᠪᠠᠷ ᠨᠣᠬᠠᠶ ᠲᠣᠭᠤᠷᠢᠬᠤ ᠵᠡᠷᠭᠡ ᠬᠤᠳᠠ ᠶᠢᠨ ᠠᠷᠬᠠᠭ ᠭᠡᠮ ᠢ ᠶᠡᠬᠡᠪᠡᠷ ᠴᠡᠭᠴᠡᠯᠡᠨ ᠵᠠᠰᠠᠵᠤ᠂ ᠵᠠᠮ᠂ ᠨᠣᠭᠤᠭᠠᠷᠠᠭᠤᠯᠤᠯᠲᠠ᠂ ᠬᠤᠳᠠ ᠶᠢᠨ ᠭᠡᠷ ᠤᠨ ᠬᠡᠷᠡᠭᠰᠡᠯ ᠢ ︽ᠨᠢᠭᠡ ᠯᠡ ᠱᠦᠭᠦᠷ ᠢᠶᠠᠷ ᠡᠴᠦᠰ ᠲᠤᠨᠢ ᠲᠤᠯᠲᠠᠯ᠎ᠠ ᠱᠦᠭᠦᠷᠳᠡᠬᠦ︾ ᠶᠢ ᠠᠬᠢᠭᠤᠯᠵᠤ᠂ ︽ᠬᠤᠳᠠ ᠶᠢ ᠪᠡᠶᠡᠯᠡᠭᠦᠯᠵᠦ᠂ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ︾ ᠶᠢ ᠪᠡᠶᠡᠯᠡᠭᠦᠯᠦᠨ᠎ᠡ᠃    ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢᠨ ᠬᠤᠷᠳᠤᠴᠠ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠨ᠎ᠠ᠃ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ᠂ ᠪᠣᠳᠠᠲᠠᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ᠂ ᠦᠨᠳᠦᠰᠦᠨ ᠵᠦᠢᠯ ᠢ ᠪᠠᠲᠤᠯᠠᠬᠤ ᠵᠡᠷᠭᠡ 19 ᠲᠦᠷᠦᠯ ᠵᠦᠢᠯ ᠢ ᠬᠡᠷᠡᠭᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠪᠠ᠃ ᠬᠥᠳᠡᠭᠡ ᠲᠣᠰᠬᠤᠨ ᠤ ᠠᠵᠤ ᠦᠢᠯᠡᠰ ᠢ ᠬᠦᠴᠦᠯᠡᠨ ᠬᠥᠭᠵᠢᠭᠦᠯᠵᠦ ᠂ ᠲᠠᠭᠠᠭᠤᠯᠤᠭᠴᠢ ᠶᠢ ᠬᠦᠴᠦᠷᠬᠡᠭᠵᠢᠭᠦᠯᠬᠦ᠂ ᠬᠡᠯᠬᠢᠶ᠎ᠡ ᠶᠢ ᠨᠥᠬᠦᠪᠥᠷᠢᠯᠡᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ᠂ ᠨᠡᠷᠡᠳᠦ ᠲᠡᠮᠳᠡᠭ ᠢ ᠪᠤᠢ ᠪᠣᠯᠭᠠᠬᠤ ᠶᠢ ᠪᠠᠷᠢᠮᠲᠠᠯᠠᠵᠤ᠂ ︽ᠨᠤᠲᠤᠭ ᠤᠨ ᠣᠨᠴᠠ ᠭᠠᠷᠤᠯᠲᠠ︾ ᠶᠢ ᠰᠠᠶᠢᠲᠤᠷ ᠪᠦᠲᠦᠭᠡᠵᠦ᠂ ︽ᠲᠠᠷᠢᠶᠠᠯᠠᠩ ᠮᠠᠯ ᠠᠵᠤ ᠠᠬᠤᠢ +︾ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ 168 ᠺᠢᠯᠣᠮᠧᠲᠷ ᠳᠡᠰ ᠳᠡᠪᠰᠢᠭᠦᠯᠵᠦ᠂ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ 7 ᠪᠠᠶᠢᠭᠤᠯᠵᠤ᠂ 551 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠥᠳᠡᠯᠦᠩᠭᠦᠶ ᠪᠠᠷ ᠦᠭᠡᠢ ᠪᠣᠯᠭᠠᠬᠤ ᠶᠢ ᠪᠠᠲᠤᠯᠠᠪᠠ︔ ᠬᠥᠳᠡᠭᠡ ᠲᠣᠰᠬᠤᠨ ᠢ ᠵᠠᠰᠠᠬᠤ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠵᠡᠷᠭᠡ ᠠᠵᠢᠯ ᠢ ᠲᠦᠷᠭᠡᠨ ᠠᠬᠢᠭᠤᠯᠵᠤ᠂ ᠬᠥᠳᠡᠭᠡ ᠲᠣᠰᠬᠤᠨ ᠢ ᠨᠡᠩ ᠢᠯᠡᠭᠦᠦ ︽ᠰᠦᠷ ᠵᠢᠪᠬᠤᠭ᠎ᠠ︾ ᠲᠠᠢ ᠪᠣᠯᠭᠠᠨ᠎ᠠ᠃    ᠭᠤᠷᠪᠠ ᠳᠤ᠂ ᠰᠠᠭᠤᠷᠢ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠨ᠎ᠠ᠃ ᠳᠡᠭᠡᠳᠦ ᠱᠠᠲᠤᠨ ᠤ ᠵᠦᠢᠯᠡᠰ ᠤᠨ ᠪᠡᠯᠡ ᠮᠥᠩᠭᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠨᠡᠶᠢᠭᠡᠮ ᠤᠨ ᠬᠦᠷᠦᠩᠭᠡ ᠶᠢ ᠴᠢᠷᠮᠠᠶᠢᠨ ᠣᠷᠣᠭᠤᠯᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠽᠢ ᠭᠧᠤ — ᠳ᠋ᠠ ᠰᠢᠩ ᠵᠡᠷᠭᠡ ᠵᠠᠰᠠᠮᠠᠯ ᠵᠠᠮ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠠᠪᠠᠭᠠᠨ ᠤ ᠠᠷᠤ ᠲᠠᠯ᠎ᠠ ᠶᠢᠨ ᠳᠥᠷᠪᠡᠳᠦᠭᠡᠷ ᠠᠩᠭᠢ ᠶᠢᠨ ᠬᠠᠷᠢᠯᠴᠠᠨ ᠨᠡᠪᠲᠡᠷᠡᠯᠴᠡᠬᠦ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠨ᠂ S308 ᠮᠥᠭᠦ ᠶᠢᠨ ᠵᠠᠮ ᠱᠤᠭᠤᠮ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠴᠢᠷᠮᠠᠶᠢᠨ ᠣᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠪᠠ ᠨᠤᠷᠠᠬᠤ ᠠᠶᠤᠯᠲᠠᠶ ᠬᠥᠭᠦᠷᠭᠡ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢ ᠰᠠᠭᠠᠳ ᠥᠬᠡᠶ ᠨᠡᠪᠲᠡᠷᠡᠭᠦᠯᠵᠦ᠂ ᠳᠣᠲᠣᠭᠠᠳᠤ ᠭᠠᠳᠠᠭᠠᠳᠤ ᠶᠢ ᠰᠠᠭᠠᠳ ᠥᠬᠡᠶ ᠨᠡᠪᠲᠡᠷᠡᠭᠦᠯᠬᠦ᠂ ᠣᠷᠣᠨ ᠪᠦᠰᠡ ᠶᠢ ᠬᠤᠯᠪᠣᠯᠳᠤᠭᠤᠯᠤᠨ ᠨᠡᠪᠲᠡᠷᠡᠭᠦᠯᠬᠦ᠂ ᠬᠤᠲᠠ ᠬᠥᠳᠡᠭᠡ ᠶᠢ ᠠᠭᠤᠰᠤᠯᠴᠠᠭᠤᠯᠤᠨ ᠨᠡᠪᠲᠡᠷᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠰᠢᠨ᠎ᠡ ᠠᠶᠠᠯᠠᠯ ᠤᠨ ᠱᠤᠭᠤᠮ ᠢ ᠰᠦᠪᠡᠭᠴᠢᠯᠡᠨ ᠨᠡᠭᠡᠭᠡᠵᠦ᠂ ᠠᠭᠠᠷ ᠤᠨ ᠠᠶᠠᠯᠠᠯ ᠤᠨ ᠡᠵᠡᠩᠨᠡᠯᠲᠡ ᠶᠢᠨ ᠲᠣᠤᠷ ᠰᠦᠯᠵᠢᠶ᠎ᠡ ᠶᠢ ᠰᠢᠯᠢᠳᠡᠭᠵᠢᠭᠦᠯᠦᠨ ᠪᠠᠶᠠᠯᠢᠭᠵᠢᠭᠤᠯᠤᠨ᠎ᠠ︔ ︽ᠴᠢ ᠬᠠᠶ  ᠮᠠᠨ︾ ᠳᠡᠭᠡᠲᠦ ᠬᠤᠷᠳᠤᠴᠠᠲᠤ ᠳᠡᠮᠤᠷ ᠵᠠᠮ  ᠤᠨ ᠳᠦᠷᠦᠯ ᠵᠦᠢᠯ ‍ᠤᠨ‌‍ᠪᠦ᠋ᠳᠦᠬᠡᠨ ᠪᠠᠶᠢᠭᠤᠯᠤᠯᠲᠠ  ᠶᠢ ᠢᠳᠡᠪᠬᠢᠲᠡᠶ ᠪᠠᠷ ᠳᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ  ᠤ  ᠰᠢᠰᠲ᠋ᠧᠮ  ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢ ᠬᠠᠮᠤᠷᠤᠭᠰᠠᠨ 5G ᠶᠢᠨ ᠰᠦᠯᠵᠢᠶ᠎ᠡ ᠶᠢ ᠪᠠᠶᠢᠭᠤᠯᠵᠤ᠂ 5G ᠶᠢᠨ ᠰᠠᠭᠤᠷᠢ ᠥᠷᠲᠡᠭᠡ ᠶᠢ 238 ᠨᠡᠮᠡᠨ ᠪᠠᠶᠢᠭᠤᠯᠵᠤ᠂ 5G ᠶᠢᠨ ᠰᠦᠯᠵᠢᠶ᠎ᠡ  ᠶᠢ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠳᠠᠰᠢ ᠤᠷᠲᠤᠳᠬᠠᠬᠤ ᠶᠢ ᠲᠦᠷᠭᠡᠳᠬᠡᠵᠦ᠂ ᠬᠡᠰᠡᠭ ᠭᠠᠵᠠᠷ ᠣᠷᠣᠨ ᠤ ᠮᠡᠳᠡᠭᠡ ᠬᠤᠯᠪᠣᠭᠠᠨ ᠤ ᠳᠣᠬᠢᠶ᠎ᠠ ᠶᠢᠨ ᠪᠠᠭᠤᠷᠠᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ     ︵ᠵᠢᠷᠭᠤᠭ᠎ᠠ︶ ᠲᠡᠩᠴᠡᠭᠦᠷᠢ ᠲᠠᠢ ᠪᠠᠶᠢᠯᠭᠠᠵᠤ᠂ ᠲᠣᠣᠷ ᠤᠨ ᠢᠷᠣᠭᠠᠷ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠣᠯ ᠵᠢᠷᠭᠠᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠨᠡᠩ ᠭᠦᠨ ᠬᠠᠶᠢᠷ᠎ᠠ ᠰᠡᠳᠬᠢᠯᠭᠡ ᠪᠠᠷ ᠠᠷᠠᠳ ᠲᠦᠮᠡᠨ ᠳᠤ ᠦᠢᠯᠡᠴᠢᠯᠡᠵᠦ᠂ ᠨᠡᠩ ᠶᠡᠭᠡ ᠡᠷᠴᠢᠮ ᠢᠶᠠᠷ ᠠᠷᠠᠳ ᠲᠦᠮᠡᠨ ᠤ ᠲᠥᠯᠥᠭᠡ ᠠᠵᠢᠯᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠷᠠᠳ ᠲᠦᠮᠡᠨ ᠳᠤ ᠠᠰᠢᠭ ᠣᠯᠭᠤᠵᠤ᠂ ᠬᠥᠭᠵᠢᠯᠲᠡ ᠶᠢ ᠨᠡᠩ ᠳᠤᠯᠠᠭᠠᠨ᠂ ᠵᠣᠯ ᠵᠢᠷᠭᠠᠯ ᠢ ᠨᠡᠩ ᠶᠠᠰᠤ ᠴᠢᠨᠠᠷ ᠤᠨ ᠲᠦᠷᠦᠭᠳᠡᠯ ᠲᠠᠢ ᠪᠣᠯᠭᠠᠬᠤ ᠬᠡᠷᠡᠭᠲᠡᠢ᠃    ᠨᠢᠭᠡ ᠳᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠨᠠᠷᠢᠯᠢᠭ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠳᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠪᠣᠯᠪᠠᠰᠤᠷᠠᠭᠤᠯᠤᠯ ᠤᠨ ᠬᠤᠯᠪᠣᠭ᠎ᠠ ᠶᠢ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠵᠦᠢᠯᠡᠰ ᠢ ᠲᠠᠨᠢᠯᠴᠠᠭᠤᠯᠬᠤ ᠦᠵᠡᠭᠦᠯᠦᠯᠭᠡ ᠶᠢᠨ ᠴᠤᠭᠯᠠᠭᠠᠨ ᠢ ᠡᠷᠬᠢᠯᠡᠵᠤ᠂ ︽ᠡᠳᠦᠷ ᠤᠨ ᠬᠦᠴᠦᠨ ᠤ ᠵᠠᠬ᠎ᠠ ᠳᠡᠯᠭᠡᠭᠦᠷ︾ ᠭᠠᠷᠭᠠᠬᠤ ᠶᠢ ᠲᠡᠮᠵᠢᠵᠤ᠂ ᠬᠥᠳᠡᠯᠮᠦᠷᠢ ᠦᠢᠯᠡᠴᠢᠯᠡᠭᠡᠨ ᠤ ᠨᠡᠷᠡᠳᠤ ᠲᠡᠮᠳᠡᠭᠲᠦ ᠶᠢ ᠪᠤᠶᠢᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠤᠯᠬᠤ ᠶᠢ ᠠᠬᠢᠭᠤᠯᠵᠤ᠂ ᠬᠤᠳᠠ ᠪᠠᠯᠭᠠᠰᠤᠨ ᠤ 1500 ᠬᠥᠮᠦᠨ ᠳᠤ ᠰᠢᠨ᠎ᠡ ᠪᠠᠷ ᠠᠵᠢᠯ ᠣᠯᠭᠤᠵᠤ᠂ 25000 ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠨᠢᠭᠡ ᠴᠦ ᠬᠥᠮᠦᠨ ᠠᠵᠢᠯ ᠣᠯᠤᠭᠰᠠᠨ ᠦᠭᠡᠢ ᠭᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠬᠦ ᠶᠢ ᠪᠠᠲᠤᠯᠠᠪᠠ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 800 ᠲᠦᠮᠡᠨ ᠲᠥᠭᠦᠷᠢᠭ ᠠᠴᠠ ᠳᠡᠭᠡᠭᠰᠢ ᠲᠠᠯᠪᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠢᠨᠠᠷᠲᠠᠶ ᠣᠷᠣᠯᠭ᠎ᠠ᠂ ᠰᠢᠯᠵᠢᠯᠲᠡ ᠶᠢᠨ ᠴᠢᠨᠠᠷᠲᠠᠶ ᠣᠷᠣᠯᠭ᠎ᠠ ᠪᠠ ᠡᠳ᠋ ᠬᠦᠷᠦᠩᠭᠡ ᠶᠢᠨ ᠴᠢᠨᠠᠷᠲᠠᠶ ᠣᠷᠣᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠥᠯᠥᠰᠥᠨ ᠠᠵᠢᠯᠴᠢᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃    ᠬᠤᠶᠠᠷ ᠲᠤ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠡᠷᠡᠰ ᠢᠶᠠᠷ ᠰᠠᠶᠢᠲᠤᠷ ᠡᠷᠬᠢᠯᠡᠬᠦ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠪᠠ ᠬᠤᠲᠠ ᠬᠥᠳᠡᠭᠡ ᠶᠢ ᠨᠢᠭᠡ ᠴᠣᠠᠠᠴᠠᠵᠢᠭᠤᠯᠬᠤ ᠠᠬᠢᠴᠠ ᠶᠢ ᠲᠦᠷᠭᠡᠳᠬᠡᠵᠦ᠂ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ ᠵᠢᠴᠢ 4 ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠠᠷᠭᠦᠨ᠋ᠴᠦ᠋ ᠰᠤᠷᠭᠠᠭᠤᠯᠢ ᠶᠢᠨ ᠥᠭᠡᠷᠡᠴᠢᠯᠡᠯᠲᠡ ᠶᠢᠨ ᠲᠥᠷᠥᠯ ᠵᠦᠶ᠋ᠯ ᠢ ᠡᠬᠢᠯᠡᠨ ᠬᠡᠷᠡᠭᠵᠢᠭᠦᠯᠵᠦ᠂ ᠬᠤᠲᠠ ᠬᠥᠳᠡᠭᠡ ᠶᠢᠨ ᠵᠢᠭᠠᠨ ᠰᠤᠷᠭᠠᠯᠲᠠ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠠᠭᠠᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠥᠭᠵᠢᠯᠲᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠬᠤᠶᠠᠷ ᠡᠩᠨᠡᠭᠡ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠡᠷᠴᠢ ᠵᠣᠷᠢᠭ ᠢᠶᠠᠨ ᠬᠥᠪᠴᠢᠯᠡᠵᠦ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠠᠬᠢᠨ ᠰᠢᠨ᠎ᠡ ᠳᠡᠭᠲᠡᠷ ᠲᠤ ᠭᠠᠷᠭᠠᠵᠤ᠂ ᠵᠠᠯᠠᠨ ᠠᠶᠢᠯ ᠤᠨ ᠬᠡᠤᠬᠡᠳ ᠲᠤ ᠨᠠᠩ ᠰᠢᠯᠢᠳᠡᠭ᠂ ᠨᠠᠩ ᠥᠨᠳᠥᠷ ᠪᠦᠲᠦᠮᠵᠢᠲᠡᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠦᠨ᠎ᠡ᠃ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠢᠳᠡᠪᠬᠢᠲᠡᠶ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ᠂ ᠴᠢᠨᠠᠷ ᠰᠠᠶᠢᠲᠠᠶ ᠬᠥᠭᠵᠢᠯᠲᠡ ᠯᠦᠭᠡ ᠵᠡᠷᠭᠡᠪᠡᠷ ᠬᠥᠭᠵᠢᠬᠦ ᠶᠢ ᠪᠡᠶᠡᠯᠡᠭᠦᠯᠦᠨ᠎ᠡ᠃    ᠭᠤᠷᠪᠠ ᠳᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃ ᠰᠣᠶᠣᠯ ᠤᠨ ᠴᠢᠳᠠᠪᠤᠷᠢ ᠶᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ︽ᠢᠲᠡᠭᠡᠯ ᠪᠢᠰᠢᠷᠡᠯ ᠤᠨ ᠵᠠᠯᠠᠨ︾ ︽ᠢᠳᠡᠪᠬᠢ ᠬᠦᠴᠦᠨ ᠤ ᠵᠠᠯᠠᠨ︾ ︽ᠪᠣᠯᠪᠠᠰᠤᠨ ᠵᠠᠯᠠᠨ︾ ︽ᠰᠣᠶᠣᠯ ᠤᠨ ᠵᠠᠯᠠᠨ︾ ︽ᠢᠲᠡᠭᠡᠯ ᠤᠨ ᠵᠠᠯᠠᠨ︾ ᠭᠡᠬᠦ ᠲᠠᠪᠤᠨ ᠨᠡᠷ᠎ᠡ ᠶᠢᠨ ᠬᠠᠭᠤᠳᠠᠰᠤ ᠶᠢ ᠦᠨᠡᠨ ᠰᠡᠳᠬᠢᠯ ᠠᠴᠠ ᠪᠠᠨ ᠬᠦᠴᠦᠯᠡᠨ ᠴᠣᠭᠴᠠᠯᠠᠨ᠎ᠠ᠃ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠴᠢᠩᠭᠠᠳᠬᠠᠵᠤ᠂ ᠤᠯᠠᠭᠠᠨᠮᠥ᠋ᠴᠢᠷ ᠤᠨ ︽ᠡᠷᠳᠡᠮ ᠮᠡᠳᠡᠯᠭᠡ · ᠡᠭᠦᠳᠦᠨ ᠪᠦᠲᠦᠭᠡᠯᠲᠡ · ᠲᠣᠭᠯᠠᠯᠲᠠ︾ ᠶᠢᠨ ᠠᠵᠢᠯ ᠢ ᠰᠠᠶᠢᠲᠤᠷ ᠠᠳᠬᠤᠵᠤ᠂ ᠶᠠᠯᠦ ᠭᠤᠤᠯ ᠤᠨ ᠣᠯᠠᠨ ᠲᠦᠮᠡᠨ ᠤ ᠰᠣᠶᠣᠯ ᠤᠷᠠᠯᠢᠭ ᠤᠨ ᠪᠠᠶᠠᠷ ᠤᠨ ᠨᠠᠷᠠᠲᠤ ᠲᠡᠮᠳᠡᠭᠲᠦ ᠶᠢ ᠬᠦᠴᠦᠷᠬᠡᠭᠵᠢᠭᠦᠯᠦᠨ᠂ ᠰᠢᠯᠦᠭ᠂ ᠤᠷᠠᠨ ᠪᠢᠴᠢᠯᠭᠡ᠂ ᠵᠢᠷᠤᠭ᠂ ᠰᠡᠭᠦᠳᠡᠷ ᠪᠠ ᠦᠨᠳᠦᠰᠦᠨ ᠤ ᠤᠷᠠᠯᠢᠭ᠂ ᠴᠠᠭᠠᠰᠤᠨ ᠬᠠᠶᠢᠴᠢᠯᠠᠮᠠᠯ ᠵᠡᠷᠭᠡ ᠠᠷᠠᠳ ᠤᠨ ᠤᠷᠠᠯᠢᠭ ᠢ ᠭᠦᠨᠵᠡᠭᠡᠶ ᠬᠥᠭᠵᠢᠭᠦᠯᠵᠦ᠂ ᠰᠣᠶᠣᠯ ᠤᠨ ᠴᠡᠴᠡᠭᠯᠡᠯᠲᠡ ᠶᠢ ᠠᠬᠢᠭᠤᠯᠤᠨ᠂ ᠡᠯᠪᠡᠭ ᠪᠠᠶᠠᠯᠢᠭ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ︽ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ︾ ᠶᠢᠨ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠬᠥᠭᠵᠢᠯᠲᠡ ᠶᠢᠨ ᠠᠭᠤᠯᠤᠭᠳᠠᠬᠤᠨ ᠢ ᠪᠣᠯᠪᠠᠰᠤᠷᠠᠭᠤᠯᠤᠨ᠂ ᠵᠠᠯᠠᠨ ᠠᠶᠢᠯ ᠤᠨ ᠥᠯᠢᠭᠡᠷ ᠢ ᠰᠠᠶᠢᠲᠤᠷ ᠶᠠᠷᠢᠵᠤ᠂ ᠵᠠᠯᠠᠨ ᠠᠶᠢᠯ ᠤᠨ ᠲᠠᠭᠤᠨ ᠢ ᠤᠯᠠᠮᠵᠢᠯᠠᠨ᠂ ᠬᠤᠲᠠ ᠶᠢᠨ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠶᠢ ᠢᠳᠡᠪᠬᠢᠲᠡᠶ ᠥᠷᠨᠢᠭᠦᠯᠵᠦ᠂ ︽ᠨᠠᠶᠢᠵᠠ ᠶᠢᠨ ᠬᠦᠷᠢᠶ᠎ᠡ︾ ᠶᠢ ᠪᠤᠵᠠᠭᠠᠶᠢᠷᠠᠭᠤᠯᠤᠨ᠂ ︽ᠲᠣᠮᠣ ᠲᠠᠪᠴᠠᠩ︾ ᠢ ᠪᠠᠶᠢᠭᠤᠯᠵᠤ᠂ ︽ᠰᠠᠶᠢᠨ ᠳᠦᠷᠢ ᠲᠥᠷᠬᠦ︾ ᠶᠢ ᠳᠡᠯᠭᠡᠨ ᠦᠵᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠶ ᠬᠠᠮᠠᠭᠠᠯᠠᠯᠲᠠ ᠶᠢ ᠴᠢᠩᠭᠠᠳᠬᠠᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠬᠡᠯ ᠤᠨ ᠭᠠᠵᠠᠷ᠂ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠰᠣᠶᠣᠯ ᠦᠵᠡᠰᠬᠦᠯᠡᠩ ᠤᠨ ᠵᠠᠩ ᠦᠢᠯᠡ ᠶᠢᠨ ᠵᠢᠵᠢᠭ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠲᠡᠦᠬᠡ ᠰᠣᠶᠣᠯ ᠤᠨ ᠨᠡᠷᠡᠳᠤ ᠬᠤᠳᠠ ᠶᠢ ᠴᠢᠷᠮᠠᠶᠢᠨ ᠪᠠᠶᠢᠭᠤᠯᠤᠨ᠎ᠠ᠃ ᠪᠥᠬᠦ ᠠᠷᠠᠳ ᠢᠶᠠᠷ ᠢᠶᠠᠨ ᠨᠣᠮ ᠤᠩᠰᠢᠬᠤ ᠶᠢ ᠰᠠᠨᠠᠭᠠᠴᠢᠯᠠᠵᠤ᠂ ︽ᠪᠢᠴᠢᠭ ᠤᠨ ᠰᠤᠷᠪᠤᠯᠵᠢᠲᠤ ᠵᠠᠯᠠᠨ︾ ᠢ ᠪᠠᠶᠢᠭᠤᠯᠤᠨ᠂ ᠰᠢᠯᠢᠳᠡᠭ ᠰᠣᠶᠣᠯ ᠢᠶᠠᠷ ᠬᠤᠲᠠ ᠶᠢᠨ ᠪᠣᠯᠪᠠᠰᠤᠨ ᠢ ᠬᠠᠳᠠᠭᠠᠯᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠪᠤᠨ ᠵᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠾᠧ ᠰᠢ ᠪᠡᠶ᠎ᠡ ᠶᠢᠨ ᠲᠠᠮᠢᠷ ᠤᠨ ᠴᠡᠴᠡᠷᠯᠢᠭ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠢᠦᠶ ᠳ᠋ᠠᠶ ᠾᠧ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠲᠥᠷᠥᠯ  ᠵᠦᠢᠯ ᠢ ᠢᠳᠡᠪᠬᠢᠲᠡᠶ ᠰᠦᠪᠡᠭᠴᠢᠯᠡᠵᠦ᠂ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃    ᠳᠥᠷᠪᠡ ᠳᠤ᠂ ᠡᠷᠡᠭᠦᠯ ᠮᠡᠨᠳᠦ ᠵᠠᠯᠠᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠲᠢᠲᠢᠮ ᠤᠨ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ ᠲᠥᠷᠥᠯ ᠤᠨ ᠬᠠᠮᠢᠶᠠᠷᠤᠯᠲᠠ︾ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠵᠦ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠲᠡᠨ ᠤ ᠥᠷᠥᠭᠡ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠡᠬᠢ ᠪᠠᠶᠠᠯᠢᠭ ᠤᠨ ᠪᠡᠯᠡᠳᠬᠡᠯ ᠪᠠ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠥᠮᠦᠰ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠨ᠂ ᠨᠠᠰᠤᠲᠠᠶᠢᠴᠤᠳ᠂ ᠬᠡᠤᠬᠡᠳ ᠵᠡᠷᠭᠡ ᠭᠤᠤᠯᠳᠠᠯᠭ᠎ᠠ ᠲᠠᠢ ᠬᠥᠮᠦᠰ ᠢ ᠰᠡᠷᠭᠡᠶᠢᠯᠡᠨ ᠬᠠᠮᠠᠭᠠᠯᠠᠵᠤ ᠠᠪᠤᠷᠠᠨ ᠵᠠᠰᠠᠬᠤ ᠠᠵᠢᠯ ᠢ ᠰᠠᠶᠢᠲᠤᠷ ᠬᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ᠱᠠᠳᠤ ᠬᠤᠪᠢᠶᠠᠨ ᠣᠨᠣᠰᠢᠯᠠᠨ ᠡᠮᠨᠡᠬᠦ ᠪᠠ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠲᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ ᠶᠢ 52% ᠲᠤ ᠬᠦᠷᠭᠡᠨ᠎ᠡ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠢᠯᠢᠳᠡᠭᠵᠢᠭᠦᠯᠵᠦ᠂ ᠦᠷᠡᠵᠢᠯ ᠢ ᠳᠡᠮᠵᠢᠬᠦ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︽ᠨᠢᠭᠡ ᠨᠠᠰᠤᠲᠠᠨ ᠨᠢᠭᠡ ᠪᠠᠭ᠎ᠠ︾ ᠶᠢᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠶᠢᠨ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠶᠢᠨ ᠲᠣᠬᠢᠷᠠᠭᠤᠯᠤᠯᠲᠠ ᠶᠢᠨ ᠬᠠᠷᠢᠴᠠᠯ ᠢ 60% ᠳᠤ ᠬᠦᠷᠦᠭᠦᠯᠵᠦ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠤᠨ ᠪᠠᠶᠢᠷᠢ ᠨᠠᠶᠢᠳᠠᠯᠭ᠎ᠠ ᠶᠢ 670 ᠠᠴᠠ ᠳᠡᠭᠡᠭᠰᠢ ᠳᠤ ᠬᠦᠷᠦᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠠᠷᠠᠳ ᠤᠯᠠᠨ ᠳᠤ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃    ᠲᠠᠪᠤ ᠳᠤ ᠦᠨᠳᠦᠰᠦᠨ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠬᠦᠴᠢᠷᠳᠡᠯ ᠲᠠᠢ ᠤᠯᠠᠨ ᠲᠦᠮᠡᠨ ᠪᠠ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠡᠷᠭᠡ ᠣᠨᠴᠠᠭᠠᠶ ᠬᠠᠮᠲᠤᠯᠢᠭ ᠤᠨ ᠦᠨᠳᠦᠰᠦᠨ ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠨ᠎ᠠ᠃ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠬᠡᠷᠡᠭᠯᠡᠯᠲᠡ ᠶᠢ ᠲᠦᠷᠭᠡᠳᠬᠡᠵᠦ ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠤᠨ᠂ ᠣᠯᠠᠨ ᠲᠦᠮᠡᠨ ᠳᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠬᠦᠷᠲᠡᠭᠡᠬᠦ ᠠᠴᠠ ᠭᠦᠢᠴᠡᠳ ᠥᠬᠡᠶ ᠪᠣᠯᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠰ ᠳᠡᠪᠰᠢᠭᠰᠡᠨ ᠬᠡᠪ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ︾ ᠤ ᠡᠭᠦᠳᠡᠨ ᠡᠮᠨᠡᠯᠭᠡ ᠶᠢᠨ ᠬᠡᠷᠡᠭᠯᠡᠬᠦ ᠡᠮ ᠤᠨ ᠪᠠᠲᠤᠯᠠᠭ᠎ᠠ ᠶᠢᠨ ᠵᠢᠱᠢᠶ᠎ᠡ ᠦᠵᠡᠭᠦᠯᠬᠦ ᠡᠮᠡᠭᠲᠡᠶᠢᠴᠦᠳ ᠬᠡᠦᠬᠡᠳ ᠤᠨ ︽ᠬᠤᠶᠠᠷ ᠲᠥᠯᠥᠪᠵᠢᠭᠦᠯᠭᠡ︾ ᠶᠢᠨ ᠬᠠᠷᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠲᠥᠪ ᠲᠤ ᠣᠷᠣᠭᠤᠯᠤᠨ ᠡᠵᠡᠩᠨᠡᠵᠦ᠂ ᠰᠢᠶᠠᠩ ᠪᠠᠯᠭᠠᠰᠤᠨ ᠤ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠨᠢᠭᠡ ᠪᠦᠯᠦᠭ ᠠᠵᠢᠯ ᠤᠨ ᠦᠷᠳᠡᠭᠡ ᠶᠢ ᠪᠠᠶᠢᠭᠤᠯᠤᠨ᠎ᠠ᠃ ︽ᠣᠷᠣᠨ ᠰᠠᠭᠤᠴᠠ ᠶᠢ ᠰᠠᠷᠢᠭᠠᠯᠠᠬᠤ ᠦᠭᠡᠢ︾ ᠣᠷᠣᠨ ᠪᠠᠶᠢᠷᠢ ᠶᠢᠨ ᠲᠣᠭᠲᠠᠭᠠᠯᠲᠠ ᠶᠢ ᠪᠠᠷᠢᠮᠲᠠᠯᠠᠵᠤ᠂ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠶᠢ ᠲᠡᠮᠵᠢᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠡᠮᠬᠢ ᠵᠢᠷᠤᠮ ᠲᠠᠢ ᠪᠠᠷ ᠨᠡᠮᠡᠭᠳᠡᠭᠦᠯᠦᠨ᠎ᠡ᠃ ᠠᠷᠠᠳ ᠤᠨ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠂ ᠠᠷᠠᠳ ᠤᠯᠠᠨ ᠳᠤ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠴᠢᠷᠮᠠᠶᠢᠨ ᠴᠣᠭᠴᠠᠯᠠᠨ᠎ᠠ᠃     ︵ᠳᠣᠯᠤᠭ᠎ᠠ︶ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠨᠠᠩ ᠥᠨᠳᠥᠷ ᠬᠢᠷᠢ ᠲᠦᠪᠰᠢᠨ ᠪᠥᠬᠦᠶ ︽ᠠᠮᠤᠷ ᠠᠮᠤᠭᠤᠯᠠᠩ ᠵᠠᠯᠠᠨ︾ ᠢ ᠪᠥᠲᠥᠭᠡᠨ ᠪᠠᠶᠢᠭᠤᠯᠤᠨ᠎ᠠ᠃ ᠣᠷᠣᠨ ᠪᠦᠰᠡ ᠶᠢ ᠲᠣᠭᠲᠠᠪᠤᠷᠢᠵᠢᠭᠤᠯᠤᠨ ᠠᠷᠠᠳ ᠢ ᠠᠮᠤᠷᠵᠢᠭᠤᠯᠤᠨ ᠠᠶᠠᠯᠠᠯ ᠢ ᠬᠠᠮᠠᠭᠠᠯᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠨᠥᠬᠦᠴᠡᠯᠳᠦᠯ ᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠰᠠᠬᠢᠨ ᠬᠠᠮᠠᠭᠠᠯᠠᠨ᠎ᠠ᠃    ᠨᠢᠭᠡ ᠳᠤ ᠤᠯᠠᠨ ᠨᠡᠶᠢᠲᠡ ᠶᠢᠨ ᠠᠮᠤᠷ ᠲᠦᠪᠰᠢᠨ ᠤ ᠬᠢᠷᠢ ᠲᠦᠪᠰᠢᠨ  ᠶᠢ ᠳᠡᠭᠡᠭᠰᠢᠭᠦᠯᠦᠨ᠎ᠡ᠃ ᠠᠶᠥᠯᠭᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ ᠤᠨ ᠭᠠᠵᠠᠷ᠂ ᠬᠤᠲᠠ ᠪᠠᠯᠭᠠᠰᠤ ᠶᠢᠨ ᠰᠢᠲᠠᠮᠠᠬᠠᠶ ᠬᠡᠶ᠂ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠬᠡᠷ ᠪᠠᠷᠢᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠪᠦᠯ ᠤᠨ ᠤᠯᠠᠷᠢᠯ ᠤᠨ ᠬᠤᠲᠠ ᠪᠠᠯᠭᠠᠰᠤ ᠶᠢᠨ ᠭᠠᠯ ᠤᠨᠲᠠᠷᠠᠭᠠᠬᠤ ᠭᠠᠯ ᠠᠯᠳᠠᠭᠰᠠᠨ᠂ ᠵᠣᠨ ᠤ ᠤᠯᠠᠷᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠰᠤᠨ ᠳᠤ ᠵᠢᠪᠬᠦ ᠵᠡᠷᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠢᠳᠡᠭᠡᠨ ᠪᠠ ᠡᠮ ᠤᠨ ᠵᠦᠢᠯ ᠤᠨ ᠪᠥᠬᠦ ᠬᠡᠯᠬᠢᠶᠡᠰᠦ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠰᠡᠷᠭᠡᠶᠢᠯᠡᠬᠦ ᠡᠰᠡᠷᠭᠦᠴᠡᠬᠦ ᠠᠪᠤᠷᠠᠬᠤ︾ ᠶᠢ ᠨᠢᠭᠡ ᠴᠤᠭᠴᠠᠵᠢᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠶᠤᠯᠭᠦᠶ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃    ᠬᠤᠶᠠᠷ ᠲᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠤᠨ᠂ ︽ᠲᠣᠤᠷᠵᠢᠭᠤᠯᠤᠯᠲᠠ + ᠲᠣᠮᠣ ᠳ᠋ᠠᠶᠢᠲ᠋ᠠ + ᠲᠡᠮᠦᠷ ᠭᠢᠰᠬᠢᠭᠦᠷ︾ ᠤᠨ ᠵᠠᠭᠪᠤᠷ ᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠬᠦᠴᠦᠨ ᠢ ᠲᠡᠭᠦᠯᠳᠡᠷᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠦᠨᠳᠦᠰᠦ ᠠᠴᠠ ᠨᠢ ᠵᠠᠰᠠᠵᠤ ᠡᠬᠢ ᠰᠤᠷᠪᠤᠯᠵᠢ ᠶᠢ ᠨᠢ ᠡᠵᠡᠮᠳᠡᠬᠦ ᠠᠵᠢᠯᠯᠠᠭ᠎ᠠ ᠶᠢ ᠥᠷᠨᠢᠭᠦᠯᠵᠦ᠂ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢᠨ ︽ᠲᠦᠷᠪᠡ ᠶᠢ ᠰᠢᠢᠳᠪᠦᠷᠢᠯᠡᠬᠦ︾ ᠲᠣᠭᠲᠠᠴᠠ ᠶᠢ ᠪᠠᠶᠢᠭᠤᠯᠵᠤ᠂ ᠭᠤᠷᠪᠠᠨ ᠱᠠᠲᠤᠨ ᠤ ︽ᠨᠢᠭᠡ ᠦᠷᠲᠡᠭᠡᠨ ᠤ ᠮᠠᠶᠠᠭ︾ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠵᠢᠷᠤᠮᠵᠢᠭᠤᠯᠤᠨ ᠠᠵᠢᠯᠯᠠᠭᠤᠯᠬᠤ ᠶᠢ ᠲᠦᠷᠭᠡᠪᠴᠢᠯᠡᠨ ᠠᠬᠢᠭᠤᠯᠵᠤ᠂ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠰᠢᠯᠢᠳᠡᠭ ᠲᠥᠰᠦᠯ ᠢᠶᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠎ᠡ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠠᠮᠤᠷ ᠠᠮᠤᠭᠤᠯᠠᠩ ᠵᠠᠯᠠᠨ︾ ᠤ ᠴᠢᠨᠠᠷ ᠴᠢᠨᠰᠠᠭ᠎ᠠ ᠶᠢ ᠨᠠᠩ ᠰᠠᠶᠢᠨ᠂ ᠰᠠᠭᠤᠷᠢ ᠥᠩᠭᠡ ᠶᠢ ᠨᠠᠩ ᠰᠠᠶᠢᠨ ᠪᠣᠯᠭᠠᠨ᠎ᠠ᠃ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠷᠠᠳᠢᠣ᠋ ᠨᠡᠪᠲᠡᠷᠡᠭᠦᠯᠭᠡ ᠲᠧᠯᠸᠢᠰ᠂ ᠲᠡᠦᠬᠡ ᠣᠶᠢᠯᠠᠯᠭ᠎ᠠ ᠶᠢᠨ ᠳᠠᠩᠰᠠ ᠡᠪᠬᠡᠮᠡᠯ᠂ ᠭᠠᠵᠠᠷ ᠬᠥᠳᠡᠯᠦᠯᠲᠡ᠂ ᠴᠠᠭ ᠠᠭᠤᠷ᠂ ᠬᠠᠩᠭᠠᠨ ᠪᠣᠷᠣᠯᠠᠭᠤᠯᠭ᠎ᠠ᠂ ᠰᠢᠦᠳᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠶᠢᠨ ᠠᠵᠢᠯ ᠢ ᠨᠡᠩ ᠶᠡᠭᠡ ᠡᠷᠴᠢᠮ ᠲᠠᠢ ᠪᠠᠷ ᠳᠡᠮᠵᠢᠵᠤ᠂ ᠨᠠᠰᠤᠲᠠᠶᠢᠴᠤᠳ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠠᠵᠢᠯᠴᠢᠨ ᠤ ᠡᠪᠯᠡᠯ᠂ ᠨᠢᠭᠦᠯᠡᠰᠦᠩᠭᠦᠶ᠂ ᠤᠯᠠᠭᠠᠨ ᠵᠠᠭᠠᠯᠮᠠᠶᠢᠳᠠᠨ᠂ ᠰᠠᠶᠢᠨ ᠳᠤᠷ᠎ᠠ ᠶᠢᠨ ᠦᠢᠯᠡᠴᠢᠯᠡᠭᠡ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠤᠨ᠎ᠠ᠃     ᠭᠤᠷᠪᠠ ᠳᠤ ᠪᠦᠯᠬᠦᠮᠳᠡᠯ ᠲᠠᠢ ᠡᠶ᠎ᠡ ᠵᠣᠬᠢᠴᠠᠯ ᠲᠠᠢ ᠪᠠᠶᠢᠬᠤ ᠶᠡᠭᠡ ᠲᠠᠯ᠎ᠠ ᠶᠢ ᠪᠠᠬᠢᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠤᠯᠭᠠᠵᠦ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ ᠶᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢᠨ ᠦᠨᠳᠦᠰᠦᠨ ᠴᠢᠨᠠᠷᠲᠠᠶ ᠡᠭᠦᠷᠭᠡ ᠪᠣᠯᠭᠠᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠪᠦᠬᠦ ᠬᠥᠯᠥᠨ ᠪᠤᠶᠢᠷ ᠬᠤᠲᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ︽ᠡᠬᠡ ᠤᠯᠤᠰ ᠤᠨ ᠤᠮᠠᠷᠠᠲᠤ ᠬᠢᠯᠢ ᠪᠠᠨ ᠰᠠᠬᠢᠨ ᠪᠠᠷᠠᠯᠠᠵᠤ᠂ ᠥᠩᠭᠡ ᠢᠯᠭᠠᠷᠠᠭᠰᠠᠨ ᠬᠥᠯᠥᠨ ᠪᠤᠶᠢᠷ ᠢ ᠬᠠᠮᠲᠤ ᠪᠠᠷ ᠵᠢᠷᠤᠭᠯᠠᠬᠤ︾ ᠭᠤᠣᠯ ᠰᠡᠳᠦᠪᠲᠦ ᠰᠢᠷᠢᠰ ᠠᠵᠢᠯᠯᠠᠭ᠎ᠠ ᠪᠠ ᠦᠨᠳᠦᠰᠦᠲᠡᠨ ᠤ ᠪᠦᠯᠬᠦᠮᠳᠡᠯ ᠤᠨ ︽ᠵᠢᠷᠭᠤᠭᠠᠨ ᠪᠦᠰᠡ ᠭᠤᠷᠪᠠᠨ ᠰᠠᠭᠤᠷᠢᠨ ᠭᠠᠵᠠᠷ ᠨᠢᠭᠡ ᠭᠡᠷ ᠣᠷᠣᠨ︾ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠂ ᠨᠢᠭᠡ ᠪᠦᠯᠦᠭ ᠲᠠᠰ ᠳᠡᠪᠰᠢᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠵᠠᠯᠠᠨ ᠠᠶᠢᠯ ᠳᠤ ᠬᠤᠪᠢ ᠨᠡᠮᠡᠷᠢ ᠪᠠᠨ ᠦᠵᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠠᠵᠢᠯ ᠢ ᠳᠡᠮᠵᠢᠵᠦ᠂ ᠤᠯᠤᠰ ᠤᠨ ᠠᠮᠤᠷ ᠲᠦᠪᠰᠢᠨ ᠤ ᠬᠥᠮᠦᠵᠢᠯ ᠪᠠ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠡᠯ᠎ᠡ ᠬᠦᠷᠢᠶ᠎ᠡ ᠡᠯ᠎ᠡ ᠳᠡᠰ ᠳᠠᠪᠬᠤᠷᠭ᠎ᠠ ᠶᠢ ᠬᠠᠮᠤᠷᠤᠭᠰᠠᠨ᠂ ᠬᠤᠷᠴᠠ ᠰᠡᠷᠭᠡᠭ ᠵᠣᠬᠢᠴᠠᠩᠭᠤᠶ ᠥᠨᠳᠥᠷ ᠪᠦᠲᠦᠮᠵᠢᠲᠡᠶ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠣᠷ ᠢ ᠲᠦᠷᠭᠡᠪᠴᠢᠯᠡᠨ ᠪᠠᠶᠢᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠤᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ