2023 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ︵ᠭᠤᠷᠪᠠ︶
ᠨᠡᠶᠢᠲᠡᠯᠡᠭᠰᠡᠨ ᠴᠠᠭ᠄
2023/10/17
    ᠭᠤᠷᠪᠠ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠪᠠᠶᠢᠭᠤᠯᠤᠨ᠎ᠠ     ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠮᠣᠷᠳᠠᠬᠤ ᠳᠤ᠂ ᠡᠭᠦᠷᠭᠡ ᠬᠠᠷᠢᠭᠤᠴᠠᠯᠭ᠎ᠠ ᠡᠮᠦᠨ᠎ᠡ ᠨᠢ ᠪᠠᠶᠢᠵᠦ᠂ ᠬᠦᠨᠳᠦ ᠡᠭᠦᠷᠭᠡ ᠮᠥᠷᠥᠨ ᠳᠡᠭᠡᠷ᠎ᠡ ᠪᠠᠶᠢᠨ᠎ᠠ᠃ ᠪᠢᠳᠡ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠦᠨ᠎ᠡ᠃     ᠨᠢᠭᠡ ᠳᠤ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ᠂ ᠪᠦᠬᠦ ᠲᠠᠯ᠎ᠠ ᠪᠠᠷ ᠡᠵᠡᠮᠳᠡᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠰᠢ  ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠭᠦᠨᠵᠡᠭᠡᠶ ᠨᠠᠶᠢᠳᠠᠪᠤᠷᠢᠵᠢᠭᠤᠯᠵᠤ᠂ ᠲᠥᠪ ᠤᠨ ᠰᠢᠢᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠬᠤ ᠳᠤ ᠬᠢᠮᠳᠠᠷᠠᠭᠤᠯᠬᠤ ᠥᠬᠡᠶ᠂ ᠬᠤᠪᠢᠷᠠᠭᠤᠯᠬᠤ ᠥᠬᠡᠶ᠂ ᠥᠭᠡᠷᠡᠲᠦᠭᠦᠯᠬᠦ ᠥᠬᠡᠶ ᠪᠠᠶᠢᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ  ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃     ᠬᠤᠶᠠᠷ ᠲᠤ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠵᠤᠵᠠᠭᠠᠳᠬᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠬᠡᠷᠡᠭᠯᠡᠭᠡᠨ ᠤ ᠡᠷᠬᠡ ᠶᠢᠨ ᠲᠥᠯᠥᠭᠡ ᠬᠤᠪᠢ ᠶᠢᠨ ᠠᠰᠢᠭ ᠢ ᠬᠥᠭᠡᠭᠡᠴᠡᠯᠳᠦᠬᠦ ᠦᠭᠡᠢ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ ᠳᠤ ᠳᠤᠷ᠎ᠠ ᠵᠣᠷᠢᠭ ᠢᠶᠠᠷ ᠢᠶᠠᠨ ᠬᠡᠷᠡᠭᠯᠡᠬᠦ ᠦᠭᠡᠢ᠂ ᠢᠯᠡ ᠪᠠᠷ ᠡᠷᠬᠡ ᠪᠠᠨ ᠬᠡᠷᠡᠭᠯᠡᠬᠦ ᠳᠤ ᠳᠤᠷ᠎ᠠ ᠪᠠᠷ ᠨᠢ ᠲᠠᠯᠪᠢᠬᠤ ᠦᠭᠡᠢ᠂ ᠭᠤᠣᠯᠴᠢ ᠪᠠᠷ ᠡᠷᠬᠡ ᠪᠠᠨ ᠬᠡᠷᠡᠭᠯᠡᠬᠦ ᠳᠤ ᠬᠠᠷᠢᠭᠤᠴᠠᠯᠭ᠎ᠠ ᠪᠠᠨ ᠠᠯᠳᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠠᠤᠯᠢ ᠶᠣᠰᠣᠭᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠠᠵᠢᠯ ᠢ ᠨᠡᠩ ᠵᠢᠷᠤᠮᠵᠢᠯ ᠲᠠᠢ ᠂ᠢᠯᠡ ᠲᠣᠳᠣ ᠪᠣᠯᠭᠠᠨ᠎ᠠ᠃    ᠭᠤᠷᠪᠠ ᠳᠤ ᠠᠵᠢᠯ ᠬᠢᠬᠦ ᠰᠤᠷᠲᠠᠯ ᠢᠶᠠᠨ ᠳᠠᠪᠲᠠᠨ ᠪᠣᠯᠪᠠᠰᠤᠷᠠᠭᠤᠯᠤᠨ᠎ᠠ᠃ ︽ᠲᠤᠯᠤᠭ᠎ᠠ ᠶᠢ ᠲᠠᠶᠠᠭᠳᠠᠬᠤ︾ ᠲᠣᠭᠤᠷᠢᠨ ᠳᠤ᠂ ᠬᠥᠭᠵᠢᠯᠲᠡ ᠶᠢ ᠲᠦᠷᠭᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠢ ᠡᠷᠡᠰ ᠠᠷᠢᠯᠭᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠦᠨᠡᠨ ᠪᠣᠳᠠᠲᠠᠶ ᠪᠠᠷ ᠰᠢᠢᠳᠪᠦᠷᠢᠯᠡᠵᠦ᠂ ᠡᠮᠦᠨ᠎ᠡ ᠨᠢ ᠴᠢᠩᠭ᠎ᠠ ᠬᠢᠵᠦ᠂ ᠡᠮᠦᠨ᠎ᠡ ᠨᠢ ᠲᠦᠷᠭᠡᠨ ᠬᠢᠵᠦ᠂ ᠡᠮᠦᠨ᠎ᠡ ᠨᠢ ᠬᠢᠵᠦ᠂ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠭᠤᠣᠯ ᠬᠦᠭ ᠠᠶᠠᠰ ᠪᠣᠯᠭᠠᠨ᠎ᠠ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠰᠢᠢᠳᠪᠦᠷᠢᠯᠡᠬᠦ ᠰᠡᠳᠬᠢᠬᠦᠢ︾ ᠶᠢ ᠴᠢᠩᠭᠠᠳᠬᠠᠵᠤ᠂ ᠡᠮᠦᠨ᠎ᠡ ᠹᠷᠣᠨᠲ ᠤᠨ ᠠᠵᠢᠯ ᠤᠨ ᠠᠷᠭ᠎ᠠ ᠶᠢ ᠪᠠᠷᠢᠮᠲᠠᠯᠠᠵᠤ᠂ ᠤᠴᠢᠷ ᠶᠠᠪᠤᠳᠠᠯ ᠠᠴᠠ ᠵᠠᠶᠢᠯᠠᠵᠤ ᠪᠣᠯᠬᠤ ᠦᠭᠡᠢ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠷᠢᠯᠬᠢᠯᠡᠨ ᠬᠤᠪᠢᠷᠠᠯᠲᠠ ᠶᠢ ᠡᠷᠢᠯᠬᠢᠯᠡᠵᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠲᠦᠷᠦᠭᠦᠯᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠳᠤᠲᠠᠭᠤ ᠶᠠᠷᠢᠵᠤ ᠢᠯᠡᠭᠦᠦ ᠬᠢᠵᠦ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠳᠤᠮᠳᠠ ᠬᠥᠭᠵᠢᠯᠲᠡ ᠶᠢᠨ ᠰᠢᠨ᠎ᠡ ᠣᠷᠣᠨ ᠵᠠᠢ ᠶᠢ ᠴᠢᠷᠮᠠᠶᠢᠨ ᠡᠭᠦᠳᠬᠦ ᠬᠡᠷᠡᠭᠲᠡᠢ᠃    ᠲᠦᠷᠪᠡ ᠳᠤ  ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠭᠤᠷᠢ ᠦᠩᠭᠡ ᠶᠢ ᠪᠠᠲᠤ ᠰᠠᠬᠢᠨ᠎ᠠ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠤᠨ ᠰᠠᠨᠠᠭᠠᠰᠢᠷᠠᠯ ᠢ ᠰᠠᠨᠠᠭᠠᠯᠵᠠᠵᠤ᠂ ᠠᠷᠠᠳ ᠤᠨ ᠬᠦᠰᠡᠯ ᠢ ᠭᠦᠢᠴᠡᠳᠬᠡᠵᠦ᠂ ᠤᠯᠠᠨ ᠲᠦᠮᠡᠨ ᠤ ᠪᠠᠭ᠎ᠠ ᠶᠠᠪᠤᠳᠠᠯ ᠢ ᠶᠡᠭᠡ ᠶᠠᠪᠤᠳᠠᠯ ᠢᠶᠠᠷ ᠦᠵᠡᠵᠦ᠂ ᠤᠯᠠᠨ ᠲᠦᠮᠡᠨ ᠤ ᠪᠠᠴᠢᠮ ᠶᠠᠪᠤᠳᠠᠯ ᠬᠦᠴᠢᠷ ᠶᠠᠪᠤᠳᠠᠯ ᠢ ᠴᠢᠬᠤᠯᠠ ᠶᠠᠪᠤᠳᠠᠯ ᠢᠶᠠᠷ ᠦᠵᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠬᠦᠴᠦᠨ ᠢ ᠨᠢᠭᠲᠠᠷᠠᠭᠤᠯᠵᠤ᠂ ᠠᠷᠠᠳ ᠤᠨ ᠰᠡᠳᠬᠢᠯ ᠢ ᠬᠠᠮᠠᠭᠠᠯᠠᠨ᠎ᠠ᠃ ᠨᠠᠷᠢᠨ ᠨᠢᠮᠪᠠᠶ ᠲᠥᠯᠥᠪᠯᠡᠨ ᠪᠤᠳᠤᠵᠤ ᠭᠠᠮᠨᠠᠨ ᠠᠮᠢᠳᠤᠷᠠᠬᠤ ᠶᠢ ᠪᠠᠷᠢᠮᠲᠠᠯᠠᠨ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤ ᠵᠠᠷᠤᠴᠠᠭᠤᠯᠤᠨ᠎ᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠵᠤ᠂ ᠬᠠᠨᠳᠤᠯᠭᠠᠲᠤ ᠴᠡᠭᠴᠡᠯᠡᠨ ᠵᠠᠰᠠᠯᠲᠠ ᠶᠢ ᠱᠠᠳᠤ ᠱᠠᠳᠤ ᠪᠠᠷ ᠨᠡᠮᠡᠭᠳᠡᠭᠦᠯᠬᠦ᠂ ᠮᠢᠨᠴᠦᠭᠦᠷᠡᠨ ᠰᠤᠯᠠᠷᠠᠬᠤ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠪᠡ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠡᠶ᠎ᠡ ᠪᠠᠨ ᠴᠢᠩᠭ᠎ᠠ ᠱᠠᠭᠠᠷᠳᠠᠨ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠭᠳᠠᠭᠰᠠᠳ ᠢ ᠴᠢᠩᠭ᠎ᠠ ᠬᠠᠮᠢᠶᠠᠷᠴᠤ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠭᠰᠡᠨ ᠠᠷᠢᠭᠤᠨ ᠴᠢᠬᠡᠴᠢ ᠵᠠᠰᠠᠭ ᠤᠨ ᠣᠷᠳᠣᠨ ᠢ ᠯᠠᠪᠳᠠᠭᠤᠨ ᠪᠠᠲᠤᠲᠠᠶ ᠪᠠᠷ ᠪᠠᠶᠢᠭᠤᠯᠤᠨ᠎ᠠ᠃      ᠲᠥᠯᠥᠭᠡᠯᠡᠭᠴᠢᠳ ᠡ᠂ ᠡᠭᠦᠷᠭᠡ ᠬᠠᠷᠢᠭᠤᠴᠠᠯᠭ᠎ᠠ ᠨᠢ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠵᠤ᠂ ᠲᠡᠮᠡᠴᠡᠯ ᠨᠢ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠬᠦᠰᠡᠨ ᠱᠠᠭᠠᠷᠳᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠣᠯᠭ᠎ᠠ ᠳᠣᠣᠷ᠎ᠠ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠡᠶ᠎ᠡ ᠳᠡᠭᠡᠨ ᠢᠲᠡᠭᠡᠯ ᠲᠠᠢ ᠪᠠᠶᠢᠵᠤ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠰᠢᠨ᠎ᠡ ᠬᠠᠷᠠᠯᠲᠠ ᠲᠡᠰᠢ ᠤᠷᠤᠭᠰᠢᠯᠠᠵᠤ᠂ ᠰᠢᠨ᠎ᠡ ᠠᠶᠠᠨ ᠳᠠᠭᠠᠨ ᠭᠠᠪᠢᠶ᠎ᠠ ᠪᠠᠶᠢᠭᠤᠯᠵᠤ᠂ ᠬᠥᠯᠥᠨ ᠪᠤᠶᠢᠷ ᠤᠨ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠬᠤᠳᠠ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠵᠠᠯᠠᠨ ᠠᠶᠢᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ︕     ᠳᠠᠭᠠᠯᠳᠤᠭᠤᠯᠤᠯ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷ᠎ᠡ ᠦᠭᠡᠰ ᠤᠨ ᠲᠠᠶᠢᠯᠪᠤᠷᠢᠯᠠᠯᠲᠠ    ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷ᠎ᠡ ᠦᠭᠡᠰ ᠤᠨ ᠲᠠᠶᠢᠯᠪᠤᠷᠢᠯᠠᠯᠲᠠ    ᠲᠠᠪᠤᠨ ᠶᠡᠭᠡ ᠡᠭᠦᠷᠭᠡ᠄ ᠥᠪᠥᠷ ᠮᠣᠩᠭᠤᠯ  ᠢ ᠮᠠᠨ  ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ  ᠤ ᠬᠠᠯᠬᠠᠪᠴᠢ᠂ ᠡᠭᠡ ᠤᠯᠤᠰ  ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ  ᠤ ᠬᠠᠯᠬᠠᠪᠴᠢ ᠪᠣᠯᠭᠠᠨ ᠪᠥᠳᠥᠭᠡᠨ ᠪᠠᠶᠢᠭᠤᠯᠵᠤ᠂ ᠤᠯᠤᠰ  ᠤᠨ ᠴᠢᠬᠤᠯᠠ ᠡᠨᠧᠷᠭᠢ ᠶᠢᠨ ᠰᠤᠷᠪᠤᠯᠵᠢ  ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ   ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠦᠢᠯᠡᠳᠪᠦᠷᠢᠯᠡᠯ  ᠤᠨ ᠰᠠᠭᠤᠷᠢᠨ ᠭᠠᠵᠠᠷ  ᠢ ᠪᠥᠳᠥᠭᠡᠨ ᠪᠠᠶᠢᠭᠤᠯᠵᠤ᠂ ᠮᠠᠨ   ᠤ ᠤᠯᠤᠰ  ᠤᠨ  ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠲᠡ ᠪᠠᠶᠢᠭᠤᠯᠬᠤ ᠶᠢ ᠵᠢᠭᠠᠵᠤ ᠪᠤᠢ᠂ ᠡᠨᠡ ᠪᠣᠯ ᠰᠢ ᠶᠢᠨ ᠫᠢᠩ  ᠶᠡᠷᠦᠩᠬᠡᠶ ᠱᠦᠵᠢ ᠪᠣᠯᠤᠨ ᠨᠠᠮ   ᠤᠨ ᠲᠥᠪ ᠬᠤᠷᠢᠶ᠎ᠠ ᠠᠴᠠ ᠥᠪᠥᠷ ᠮᠣᠩᠭᠤᠯ  ᠲᠤ  ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ᠎ᠠ᠃     ᠲᠠᠪᠤᠨ ᠶᠡᠭᠡ ᠡᠬᠢᠯᠡᠯᠲᠡ ᠶᠢᠨ ᠰᠠᠭᠤᠷᠢ᠄ ᠳᠠᠷᠤᠶ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠶᠡᠭᠡ ᠡᠬᠢᠯᠡᠯᠲᠡ ᠶᠢᠨ ᠰᠠᠭᠤᠷᠢ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠬᠤ ᠡᠬᠢ ᠪᠠᠶᠠᠯᠢᠭ ᠤᠨ ᠬᠦᠴᠦᠨ ᠵᠦᠢᠯ ᠢ ᠶᠡᠭᠡ ᠡᠬᠢᠯᠡᠯᠲᠡ ᠶᠢᠨ ᠰᠠᠭᠤᠷᠢ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠶᠡᠭᠡ ᠡᠬᠢᠯᠡᠯᠲᠡ ᠶᠢᠨ ᠰᠠᠭᠤᠷᠢ᠂ ︽ᠬᠠᠭᠠᠰ ᠳᠤᠲᠠᠭᠤ︾ ᠢᠨᠵᠧᠨᠧᠷᠢᠩ ᠢ ᠶᠡᠭᠡ ᠡᠬᠢᠯᠡᠯᠲᠡ ᠶᠢᠨ ᠰᠠᠭᠤᠷᠢ ᠪᠠ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ᠂ ᠰᠤᠯᠠ ᠪᠠᠶᠢᠬᠤ ᠭᠠᠵᠠᠷ ᠰᠢᠷᠣᠶ ᠶᠢ ᠶᠡᠭᠡ ᠡᠬᠢᠯᠡᠯᠲᠡ ᠶᠢᠨ ᠰᠠᠭᠤᠷᠢ ᠵᠡᠷᠭᠡ ᠲᠠᠪᠤᠨ ᠲᠠᠯ᠎ᠠ ᠶᠢᠨ ᠶᠡᠭᠡ ᠡᠬᠢᠯᠡᠯᠲᠡ ᠶᠢᠨ ᠰᠠᠭᠤᠷᠢ ᠠᠵᠢᠯᠯᠠᠭ᠎ᠠ ᠪᠣᠯᠤᠨ᠎ᠠ᠃      ᠲᠠᠪᠤᠨ ᠶᠡᠭᠡ ᠠᠵᠢᠯᠯᠠᠭ᠎ᠠ ᠶᠢᠨ ᠲᠥᠯᠥᠪᠯᠡᠭᠡ᠄ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠨᠡᠮᠡᠭᠳᠡᠭᠦᠯᠦᠨ ᠬᠥᠭᠵᠢᠭᠦᠯᠬᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠡᠷᠴᠢᠮᠵᠢᠭᠦᠯᠦᠨ ᠲᠥᠪᠯᠡᠷᠡᠭᠦᠯᠦᠨ ᠬᠥᠭᠵᠢᠭᠦᠯᠬᠦ᠂ ᠠᠮᠢ ᠠᠬᠤᠶ ᠶᠢᠨ ᠠᠵᠤ ᠦᠢᠯᠡᠰ ᠢ ᠴᠠᠭ ᠢ ᠠᠮᠵᠢᠨ ᠪᠠᠶᠢᠳᠠᠯ ᠢ ᠲᠠᠭᠠᠨ ᠬᠥᠭᠵᠢᠭᠦᠯᠬᠦ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠦᠨ ᠬᠥᠭᠵᠢᠭᠦᠯᠬᠦ ᠵᠡᠷᠭᠡ ᠪᠣᠯᠤᠨ᠎ᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠷᠪᠠᠨ ᠡᠷᠡᠰ ᠭᠤᠶᠢᠪᠢᠰᠢ ᠦᠭᠡᠢ᠄ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠦᠭᠡᠢ ᠪᠠᠷ ᠪᠠᠷᠢᠮᠲᠠᠯᠠᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠶᠢ ᠡᠷᠡᠰ ᠭᠤᠶᠢᠪᠢᠰᠢ ᠦᠭᠡᠢ ᠪᠠᠷ ᠨᠠᠶᠢᠳᠠᠪᠤᠷᠢᠵᠢᠭᠤᠯᠵᠤ᠂ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠤᠨ᠎ᠠ᠃     ︽ᠠᠷᠪᠠᠨ ᠬᠤᠶᠠᠷ ᠵᠤᠷᠪᠤᠰ︾  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠤᠯᠢ᠄ ᠬᠥᠯᠥᠨ ᠪᠤᠶᠢᠷ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠭᠡᠳᠬᠡᠬᠦ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠨ ᠨᠠᠶᠢᠳᠠᠪᠤᠷᠢᠵᠢᠭᠤᠯᠬᠤ ᠬᠤᠷᠠᠯ ᠠᠴᠠ ᠳᠤᠷᠠᠳᠤᠭᠰᠠᠨ ᠨᠢ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠲᠠᠲᠠᠬᠤ᠂ ᠪᠠᠯᠠ ᠮᠥᠩᠭᠦ ᠪᠠᠷ ᠪᠠᠯᠠ ᠳᠣᠭᠢᠷᠠᠭᠤᠯᠬᠤ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ᠂ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠠᠩᠭᠠᠯᠭ᠎ᠠ ᠶᠢᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠨᠠᠷᠠᠲᠤ ᠲᠡᠮᠳᠡᠭᠲᠦ ᠪᠠᠷ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢ ᠳᠡᠮᠵᠢᠨ ᠬᠤᠳᠠᠯᠳᠤᠭᠠᠴᠢᠨ ᠤᠷᠢᠬᠤ᠂ ᠲᠥᠯᠥᠪᠵᠢᠭᠦᠯᠭᠡ ᠪᠠᠷ ᠬᠤᠳᠠᠯᠳᠤᠭᠠᠴᠢᠨ ᠤᠷᠢᠬᠤ ᠶᠢ ᠬᠥᠲᠥᠯᠦᠨ ᠳᠠᠭᠠᠭᠤᠯᠬᠤ᠂ ᠢᠵᠢ ᠪᠥᠷᠢᠳᠦᠭᠦᠯᠬᠦ ︽ᠠᠷᠪᠠᠨ ᠬᠤᠶᠠᠷ ᠵᠤᠷᠪᠤᠰ︾ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠷᠭ᠎ᠠ ᠪᠣᠯᠤᠨ᠎ᠠ᠃     ︽ᠶᠢᠰᠦᠨ ᠶᠡᠭᠡ ᠢᠨᠵᠧᠨᠧᠷᠢᠩ︾᠄ ᠡᠨᠡ ᠨᠢ ᠬᠤᠳᠠ ᠶᠢᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ᠂ ᠠᠮᠢ ᠠᠬᠤᠢ ᠶᠢᠨ ᠪᠣᠯᠪᠠᠰᠤᠨ ᠤ ᠪᠣᠬᠢᠷᠲᠤᠯ ᠦᠭᠡᠢ ᠢᠨᠵᠧᠨᠧᠷᠢᠩ᠂ ᠲᠠᠪᠤᠨ ᠶᠡᠭᠡ ᠠᠵᠤ ᠦᠢᠯᠡᠰ ᠢᠶᠠᠷ ᠬᠤᠳᠠ ᠶᠢ ᠬᠦᠴᠦᠷᠬᠡᠭᠵᠢᠭᠦᠯᠬᠦ ᠢᠨᠵᠧᠨᠧᠷᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠢᠨᠵᠧᠨᠧᠷᠢᠩ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠢᠶᠠᠷ ᠬᠤᠳᠠ ᠶᠢ ᠮᠠᠨᠳᠤᠭᠤᠯᠬᠤ ᠢᠨᠵᠧᠨᠧᠷᠢᠩ᠂ ᠰᠣᠶᠣᠯ ᠤᠨ ᠴᠢᠳᠠᠪᠤᠷᠢᠲᠠᠨ ᠢᠶᠠᠷ ᠬᠤᠳᠠ ᠶᠢ ᠮᠠᠨᠳᠤᠭᠤᠯᠬᠤ ᠢᠨᠵᠧᠨᠧᠷᠢᠩ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠣᠯ ᠵᠢᠷᠭᠠᠯ ᠤᠨ ᠢᠨᠵᠧᠨᠧᠷᠢᠩ᠂ ᠣᠷᠣᠨ ᠪᠦᠰᠡ ᠶᠢ ᠲᠣᠭᠲᠠᠪᠤᠷᠢᠵᠢᠭᠤᠯᠵᠤ ᠠᠷᠠᠳ ᠢ ᠠᠮᠤᠷᠵᠢᠭᠤᠯᠤᠨ ᠠᠶᠠᠯᠠᠯ ᠢ ᠬᠠᠮᠠᠭᠠᠯᠠᠬᠤ ᠢᠨᠵᠧᠨᠧᠷᠢᠩ ᠢ ᠵᠢᠭᠠᠵᠤ ᠪᠤᠢ᠃    ︽ᠵᠢᠷᠭᠤᠭᠠᠨ ᠪᠦᠰᠡ ᠭᠤᠷᠪᠠᠨ ᠰᠠᠭᠤᠷᠢᠨ ᠨᠢᠭᠡ ᠬᠡᠷ ᠣᠷᠣᠨ︾᠄ ︽ᠵᠢᠷᠭᠤᠭᠠᠨ ᠪᠦᠰᠡ︾ ᠭᠡᠳᠡᠭ ᠨᠢ ᠬᠢᠯᠢ ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠪᠦᠰᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠤᠤᠰ ᠵᠠᠭᠤᠨ ᠤ ᠵᠢᠱᠢᠶ᠎ᠡ ᠦᠵᠡᠭᠦᠯᠬᠦ ᠪᠦᠰᠡ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠤᠨ ᠦᠨᠳᠦᠰᠦᠨ ᠱᠠᠲᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠪᠦᠰᠡ᠂ ᠣᠷᠣᠨ ᠨᠤᠲᠤᠭ ᠠᠵᠤ ᠠᠬᠤᠶᠢᠯᠠᠯ ᠬᠤᠯᠪᠣᠭᠠᠯᠠᠨ ᠪᠠᠶᠢᠭᠤᠯᠵᠤ ᠬᠠᠮᠲᠤ ᠪᠠᠷ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠪᠦᠰᠡ᠂ ᠵᠢᠭᠤᠯᠴᠢᠯᠠᠯ ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠢᠱᠢᠶ᠎ᠡ ᠦᠵᠡᠭᠦᠯᠬᠦ ᠪᠦᠰᠡ ᠪᠠ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠪᠦᠰᠡ ᠶᠢ ᠵᠢᠭᠠᠵᠤ ᠪᠣᠶ ᠃ ︽ᠭᠤᠷᠪᠠᠨ ᠰᠠᠭᠤᠷᠢᠨ ᠭᠠᠵᠠᠷ︾ ᠭᠡᠳᠡᠭ ᠨᠢ ᠡᠬᠡ ᠤᠯᠤᠰ ᠤᠨ ᠤᠮᠠᠷᠠᠲᠤ ᠬᠢᠯᠢ ᠶᠢ ᠴᠣᠭᠴᠠᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠢ ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠰᠤᠳᠤᠯᠭᠠᠨ ᠤ ᠰᠠᠭᠤᠷᠢᠨ ᠭᠠᠵᠠᠷ ᠢ ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠢ ᠪᠠᠲᠦ ᠴᠤᠭᠴᠠᠯᠠᠨ᠎ᠠ᠃  ︽ᠨᠢᠭᠡ ᠭᠡᠷ ᠣᠷᠣᠨ︾ ᠭᠡᠳᠡᠭ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠰᠠᠨ ᠵᠣᠯ ᠵᠢᠷᠭᠠᠯᠲᠤ ᠡᠶ᠎ᠡ ᠵᠣᠬᠢᠴᠠᠯ ᠲᠠᠢ ᠭᠡᠷ ᠣᠷᠣᠨ ᠢ ᠪᠠᠶᠢᠭᠤᠯᠬᠤ ᠶᠢ ᠵᠢᠭᠠᠵᠤ ᠪᠠᠶᠢᠨ᠎ᠠ᠃     ᠪᠣᠬᠢᠷᠲᠤᠯ ᠥᠬᠡᠶ ᠬᠥᠭᠵᠢᠯᠲᠡ ᠶᠢᠨ ᠭᠦᠢᠴᠡᠳᠭᠡᠯ ᠲᠤᠭ᠎ᠠ᠄ ᠨᠢᠭᠡ ᠭᠠᠵᠠᠷ ᠣᠷᠣᠨ ᠤ ᠠᠮᠢ ᠠᠬᠤᠶ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ ᠶᠠᠰᠤ ᠴᠢᠨᠠᠷ ᠂ ᠡᠬᠢ ᠪᠠᠶᠠᠯᠢᠭ ᠤᠨ ᠠᠰᠢᠭᠯᠠᠯᠲᠠ᠂ ᠣᠷᠴᠢᠨ ᠲᠣᠭᠤᠷᠢᠨ ᠤ ᠵᠠᠰᠠᠯᠲᠠ᠂ ᠨᠡᠮᠡᠭᠳᠡᠯ ᠤᠨ ᠶᠠᠰᠤ ᠴᠢᠨᠠᠷ᠂ ᠪᠣᠬᠢᠷᠲᠤᠯ ᠥᠬᠡᠶ ᠠᠮᠢᠳᠤᠷᠠᠯ ᠵᠡᠷᠭᠡ ᠲᠠᠯ᠎ᠠ ᠶᠢᠨ ᠬᠢᠨᠠᠨ ᠬᠡᠮᠵᠢᠬᠦ ᠭᠦᠢᠴᠡᠳᠭᠡᠯ ᠲᠤᠭ᠎ᠠ ᠶᠢ ᠵᠢᠭᠠᠵᠤ ᠪᠣᠶ᠂ ᠪᠣᠳᠠᠲᠠᠶ ᠪᠠᠷ ᠬᠡᠯᠡᠪᠡᠯ᠄ ᠨᠢᠭᠡᠴᠢ GDP ᠶᠢᠨ ᠡᠨᠧᠷᠭᠢ ᠶᠢᠨ ᠬᠤᠷᠣᠭᠳᠠᠯ ᠤᠨ ᠪᠠᠭᠤᠷᠠᠯᠲᠠ ᠶᠢᠨ ᠨᠣᠷᠮ᠎ᠠ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠶᠡᠷᠦᠩᠬᠡᠶ ᠪᠦᠷᠬᠦᠴᠡ ᠵᠡᠷᠭᠡ ᠣᠯᠠᠨ ᠵᠦᠢᠯ ᠤᠨ ᠭᠦᠢᠴᠡᠳᠭᠡᠯ ᠲᠤᠭ᠎ᠠ ᠶᠢ ᠪᠠᠭᠲᠠᠭᠠᠨ᠎ᠠ᠃     ︽ᠴᠢᠳᠠᠪᠤᠷᠢᠲᠠᠨ ᠤ ᠨᠢᠰᠬᠦ ᠭᠠᠵᠠᠷ︾᠄ ︽ᠨᠢᠰᠬᠦ ᠭᠠᠵᠠᠷ︾ ᠤᠨ ᠤᠬᠠᠭᠳᠠᠬᠤᠨ ᠠᠴᠠ ᠤᠯᠠᠷᠢᠵᠤ ᠢᠷᠡᠭᠰᠡᠨ ᠶᠤᠮ ᠂  ᠬᠥᠬᠡ ᠵᠠᠰᠠᠭ ᠵᠠᠬᠢᠷᠭᠠᠨ  ᠣᠷᠣᠨ   ᠤ ᠬᠥᠬᠡᠭᠴᠢᠨ ᠵᠠᠰᠠᠭ ᠵᠠᠬᠢᠷᠭᠠᠨ ᠤ ᠣᠷᠣᠨ  ᠳᠣᠲᠣᠷᠠᠬᠢ ᠴᠢᠳᠠᠪᠤᠷᠢᠲᠠᠨ ᠡᠯᠰᠡᠵᠦ ᠣᠶᠤᠨ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠥᠷᠥᠯ  ᠵᠦᠢᠯ ᠢ ᠨᠡᠪᠴᠢᠭᠦᠯᠬᠦ ᠵᠡᠷᠭᠡ ᠴᠢᠳᠠᠮᠵᠢ ᠳᠤ ᠬᠡᠷᠡᠭᠯᠡᠬᠦ ᠭᠠᠵᠠᠷ ᠰᠢᠷᠣᠶ ᠶᠢ ᠵᠢᠭᠠᠵᠤ ᠪᠣᠶ᠃     ︽ᠬᠤᠶᠠᠷ ᠲᠡᠷᠢᠭᠦᠨ ᠤ︾ ᠶᠢ ᠬᠢᠨᠠᠨ ᠪᠠᠶᠢᠴᠠᠭᠠᠬᠤ ᠪᠠᠷᠢᠮᠵᠢᠶ᠎ᠠ᠄ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠲᠥᠷᠥᠯ  ᠵᠦᠢᠯ ᠤᠨ ᠤᠷᠠᠨ ᠳᠠᠷᠬ᠎ᠠ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠤᠯᠤᠰ ᠤᠨ ᠳᠣᠲᠣᠭᠠᠳᠤ ᠶᠢᠨ ᠠᠳᠠᠯᠢ ᠠᠵᠢᠯ ᠲᠥᠷᠥᠯ ᠤᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠦᠨ᠎ᠡ︔ ᠡᠨᠧᠷᠭᠢ ᠶᠢᠨ ᠠᠰᠢᠭᠯᠠᠮᠵᠢ ᠶᠢ ᠡᠷᠬᠡᠪᠰᠢ ᠤᠯᠤᠰ ᠤᠨ ᠳᠣᠲᠣᠭᠠᠳᠤ ᠶᠢᠨ ᠠᠳᠠᠯᠢ ᠠᠵᠢᠯ ᠲᠦᠷᠦᠯ ᠤᠨ ᠲᠡᠷᠢᠭᠦᠨ ᠤ ᠬᠢᠷᠢ ᠬᠡᠮᠵᠢᠶ᠎ᠡ ᠪᠤᠶᠤ ᠤᠯᠤᠰ ᠤᠨ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠳᠤ ᠬᠦᠷᠭᠡᠨ᠎ᠡ᠃     ︽  ᠬᠤᠶᠠᠷ ᠦᠨᠳᠦᠷ ᠵᠦᠢᠯᠡᠰ︾ ᠭᠡᠳᠡᠭ ᠨᠢ ᠪᠣᠳᠠᠲᠠᠶ ᠪᠠᠷ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠣᠬᠢᠷᠲᠤᠭᠤᠯᠤᠯ ᠶᠡᠬᠡᠲᠡᠶ ᠵᠦᠢᠯᠡᠰ ᠢ ᠵᠢᠭᠠᠵᠤ ᠪᠠᠶᠢᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠶ᠄ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠭᠡᠳᠡᠭ ᠨᠢ ᠦᠢᠯᠡᠳᠪᠦᠷᠢᠯᠡᠯ ᠤᠨ ᠶᠠᠪᠤᠴᠠ ᠳᠤ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠨᠢ ᠨᠡᠯᠢᠶᠡᠳ ᠶᠡᠭᠡ᠂ ᠬᠤᠷᠣᠭᠳᠠᠭᠤᠯᠤᠭᠰᠠᠨ ᠠᠩᠬᠠᠳᠠᠭᠴᠢ ᠡᠨᠧᠷᠭᠢ ᠶᠢᠨ ᠰᠤᠷᠪᠤᠯᠵᠢ ᠪᠤᠶᠤ ᠬᠤᠶᠠᠳᠠᠬᠢ ᠡᠨᠧᠷᠭᠢ ᠶᠢᠨ ᠰᠤᠷᠪᠤᠯᠵᠢ ᠶᠢᠨ ᠬᠤᠪᠢ ᠶᠢᠨ ᠵᠢᠩ ᠨᠢ ᠨᠡᠯᠢᠶᠡᠳ ᠥᠨᠳᠥᠷ ᠪᠠᠶᠢᠬᠤ ᠶᠢ ᠵᠢᠭᠠᠵᠤ ᠪᠠᠶᠢᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠠᠬᠤᠶᠢᠯᠠᠯ ᠭᠡᠳᠡᠭ ᠨᠢ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠠᠬᠤᠶᠢᠯᠠᠯ ᠢ ᠵᠢᠭᠠᠵᠤ ᠪᠠᠶᠢᠨ᠎ᠠ᠂ ᠲᠡᠭᠦᠨ ᠤ ᠨᠢᠭᠡᠴᠢ ᠡᠨᠧᠷᠭᠢ ᠶᠢᠨ ᠬᠤᠷᠣᠭᠳᠠᠭᠤᠯᠤᠯ ᠪᠠ ᠶᠡᠷᠦᠩᠬᠡᠶ ᠬᠤᠷᠣᠭᠳᠠᠭᠤᠯᠤᠯ ᠨᠢ ᠨᠡᠯᠢᠶᠡᠳ ᠥᠨᠳᠥᠷ ᠪᠠᠶᠢᠳᠠᠭ᠃     ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ᠄ ᠡᠨᠡ ᠨᠢ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ ᠤᠨ ᠶᠡᠷᠦᠩᠬᠡᠶ ᠨᠡᠷᠡᠶᠢᠳᠦᠯ ᠢ ᠵᠢᠭᠠᠵᠤ ᠪᠠᠶᠢᠨ᠎ᠠ᠃     ᠭᠤᠷᠪᠠᠨ ᠱᠤᠭᠤᠮ ᠨᠢᠭᠡ ᠬᠠᠭᠤᠳᠠᠰᠤ᠄ ᠡᠨᠡ ᠨᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ ᠲᠣᠳᠣᠷᠬᠠᠶ ᠬᠠᠭᠤᠳᠠᠰᠤ ᠶᠢ ᠵᠢᠭᠠᠵᠤ ᠪᠠᠶᠢᠨ᠎ᠠ᠂ ᠡᠨᠡ ᠨᠢ ᠠᠮᠢ ᠠᠬᠤᠶ ᠶᠢᠨ ᠣᠷᠴᠢᠨ ᠨᠥᠬᠦᠴᠡᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠥᠯᠭᠢᠨ ᠠᠬᠢᠭᠤᠯᠬᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠣᠷᠴᠢᠨ ᠨᠥᠬᠦᠴᠡᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ᠂ ᠪᠣᠬᠢᠷᠲᠤᠯ ᠥᠬᠡᠶ ᠬᠥᠭᠵᠢᠯᠲᠡ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠨᠢᠭᠡ ᠵᠦᠢᠯ ᠤᠨ ᠴᠢᠬᠤᠯᠠ ᠠᠵᠢᠯ ᠪᠣᠯᠤᠨ᠎ᠠ᠃    ᠭᠤᠷᠪᠠᠨ ᠣᠷᠣᠨ ᠭᠤᠷᠪᠠᠨ ᠱᠤᠭᠤᠮ᠄ ᠡᠨᠡ ᠨᠢ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ  ᠵᠦᠢᠯ ᠤᠨ ᠲᠥᠷᠥᠯ ᠬᠡᠯᠪᠡᠷᠢ ᠶᠢᠨ ᠣᠷᠣᠨ ᠪᠦᠰᠡ ᠶᠢ ᠦᠨᠳᠦᠰᠦᠯᠡᠨ᠂ ᠲᠣᠰ ᠲᠣᠰ ᠬᠤᠪᠢᠶᠠᠷᠢᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠵᠤᠷᠪᠤᠰ ᠡᠵᠡᠮᠳᠡᠬᠦ ᠱᠤᠭᠤᠮ ᠢ ᠵᠢᠭᠠᠵᠤ ᠪᠣᠶ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠭᠤᠷᠪᠠ ᠶᠢ ᠦᠭᠡᠶᠢᠰᠬᠡᠬᠦ︾ ᠠᠵᠢᠯᠯᠠᠭ᠎ᠠ᠄ ᠰᠤᠳᠤᠯᠤᠨ ᠨᠡᠭᠡᠭᠡᠬᠦ ᠣᠷᠣᠭᠤᠯᠤᠯᠲᠠ ᠥᠬᠡᠶ᠂ ᠰᠤᠳᠤᠯᠤᠨ ᠨᠡᠭᠡᠭᠡᠬᠦ ᠪᠠᠶᠢᠭᠤᠯᠤᠮᠵᠢ ᠥᠬᠡᠶ᠂ ᠡᠭᠦᠳᠦᠯᠲᠡ ᠶᠢᠨ ᠲᠤᠰᠬᠠᠶ ᠠᠰᠢᠭ ᠥᠬᠡᠶ ᠠᠵᠤ ᠠᠬᠤᠶᠢᠯᠠᠯ ᠢ ᠬᠠᠪᠰᠤᠷᠤᠨ ᠵᠢᠯᠣᠭᠤᠳᠴᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃  ︽ᠳᠥᠷᠪᠡᠨ ᠳᠤᠷ᠎ᠠ ᠪᠠᠷ ᠢᠶᠠᠨ ᠰᠢᠢᠳᠪᠦᠷᠢᠯᠡᠬᠦ︾ ᠠᠵᠢᠯᠯᠠᠭ᠎ᠠ᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠳᠤ ᠲᠤᠰᠬᠠᠶ ᠵᠦᠢᠯ   ᠢᠶᠠᠷ ᠢᠯᠭᠠᠷᠠᠭᠤᠯᠤᠨ ᠴᠡᠭᠴᠡᠯᠡᠬᠦ ᠠᠵᠢᠯᠯᠠᠭ᠎ᠠ ᠥᠷᠨᠢᠭᠦᠯᠬᠦ ᠶᠢ ᠵᠢᠭᠠᠵᠤ ᠪᠣᠶ᠃     ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠷᠭᠢᠯ ᠲᠤᠯᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠯ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮ᠄ ᠡᠭᠦᠨ ᠳᠤ ︽1︾ ᠭᠡᠳᠡᠭ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠷᠭᠢᠯ ᠲᠤᠯᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠯ  ᠤᠨ ᠠᠵᠢᠯ ᠢ ᠰᠠᠶᠢᠲᠤᠷ ᠬᠢᠬᠦ ᠲᠤᠬᠠᠶ ᠰᠠᠨᠠᠯ︾ ᠢ ᠵᠢᠭᠠᠵᠤ ᠪᠣᠶ ᠃ ︽N︾ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽2030 ᠣᠨ ᠠᠴᠠ ᠡᠮᠦᠨᠡᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠳᠤ ᠬᠦᠷᠭᠡᠬᠦ ᠠᠵᠢᠯᠯᠠᠭ᠎ᠠ ᠶᠢᠨ ᠲᠥᠰᠦᠯ︾ ᠵᠢᠴᠢ ᠪᠤᠰᠤᠳ ᠭᠤᠣᠯᠳᠠᠯᠭ᠎ᠠ ᠲᠠᠢ  ᠬᠦᠷᠢᠶ᠎ᠡ ᠪᠣᠯᠤᠨ ᠠᠵᠢᠯ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠣᠯᠤᠨ ᠠᠵᠢᠯᠯᠠᠭ᠎ᠠ ᠪᠠᠭᠲᠠᠨ᠎ᠠ᠃     ᠲᠤᠯᠤᠭ᠎ᠠ ᠶᠢ ᠲᠠᠶᠠᠭᠳᠠᠬᠤ᠄ ︽ᠪᠢ ᠬᠥᠮᠦᠨ ᠢ ᠬᠦᠷᠬᠦ ᠦᠭᠡᠢ︾ ᠭᠡᠬᠦ ᠪᠤᠳᠤᠯ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠦᠭᠡᠢ︾ ᠭᠡᠬᠦ ᠪᠤᠳᠤᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠭᠡᠬᠦ ᠤᠬᠠᠮᠰᠠᠷ᠂ ︽ᠵᠣᠷ ᠢᠶᠠᠨ ᠭᠠᠷᠭᠠᠭᠰᠠᠨ ᠦᠭᠡᠢ ᠪᠣᠯ ᠡᠮ ᠥᠭᠬᠦ ᠵᠣᠷᠢᠭ ᠦᠭᠡᠢ︾ ᠭᠡᠬᠦ ᠠᠷᠭ᠎ᠠ᠂ ︽ᠨᠢᠳᠤᠨ ᠡᠮᠦᠨᠡᠬᠢ ᠪᠠᠨ ᠬᠠᠷᠠᠬᠤ ᠳᠤ ᠬᠤᠯᠠ ᠶᠢ ᠬᠠᠷᠠᠬᠤ ᠦᠭᠡᠢ︾ ᠭᠡᠬᠦ ᠰᠡᠳᠬᠢᠴᠡ᠂ ︽ᠨᠠᠷᠢᠨ ᠵᠦᠢᠯᠡᠰ ᠢ ᠡᠷᠬᠢᠮᠯᠡᠬᠦ ᠦᠭᠡᠢ ᠪᠣᠯ ᠪᠠᠷᠤᠭ ᠪᠣᠯᠴᠢᠬᠠᠨ᠎ᠠ︾ ᠭᠡᠬᠦ ᠪᠤᠳᠤᠯ ᠰᠡᠳᠬᠢᠯᠭᠡ᠂ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠲᠠᠶᠠᠭᠳᠠᠬᠤ ᠬᠡᠷᠡᠭᠲᠡᠶ᠃     ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ᠄ ︽ᠭᠤᠷᠪᠠᠨ ᠠᠷᠪᠢᠨ︾ ᠭᠡᠳᠡᠭ ᠨᠢ ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ︔ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ︔ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠠᠭᠠᠨ ᠤᠳᠠᠭᠠᠨ᠂ ᠠᠵᠢᠯᠯᠠᠭ᠎ᠠ ᠳᠠᠭᠠᠨ ᠤᠳᠠᠭᠠᠨ᠂ ᠦᠷ᠎ᠡ ᠳ᠋ᠦᠩ ᠳᠡᠭᠡᠨ ᠤᠳᠠᠭᠠᠨ ᠪᠠᠶᠢᠬᠤ ᠶᠢ ᠬᠡᠯᠡᠵᠦ ᠪᠠᠶᠢᠨ᠎ᠠ᠃     ᠬᠤᠲᠠ ᠶᠢᠨ ᠭᠡᠷ ᠤᠨ ᠬᠡᠷᠡᠭᠰᠡᠯ᠄ ᠬᠤᠲᠠ ᠶᠢᠨ ᠳᠣᠲᠣᠷᠠᠬᠢ ᠭᠡᠷ ᠤᠨ ᠭᠠᠳᠠᠨᠠᠬᠢ ᠡᠯ᠎ᠡ ᠵᠦᠢᠯ ᠤᠨ ᠣᠷᠴᠢᠨ ᠲᠣᠭᠤᠷᠢᠨ ᠤ ᠲᠥᠬᠦᠭᠡᠷᠦᠮᠵᠢ ᠶᠢ ᠵᠢᠭᠠᠵᠤ ᠪᠠᠶᠢᠨ᠎ᠠ᠃ ᠪᠣᠳᠠᠲᠠᠶ ᠪᠠᠷ ᠬᠡᠯᠡᠪᠡᠯ᠂ ᠮᠡᠳᠡᠭᠡ ᠵᠠᠩᠭᠢ ᠶᠢᠨ ᠲᠥᠬᠦᠭᠡᠷᠦᠮᠵᠢ ︵ᠵᠠᠮ ᠵᠢᠭᠠᠬᠤ ᠲᠡᠮᠳᠡᠭ᠂ ᠳ᠋ᠢᠶᠠᠩᠬᠤᠸᠠ ᠶᠢᠨ ᠮᠤᠬᠤᠯᠠᠭ᠂ ᠰᠢᠦᠳᠠᠨ ᠤ ᠬᠠᠶᠢᠷᠴᠠᠭ︶᠂ ᠡᠷᠡᠭᠦᠯ ᠬᠠᠮᠠᠭᠠᠯᠠᠯ ᠤᠨ ᠲᠥᠬᠦᠭᠡᠷᠦᠮᠵᠢ ︵ᠨᠡᠶᠢᠲᠡ ᠶᠢᠨ ᠵᠣᠷᠯᠣᠩ᠂ ᠬᠤᠭ ᠨᠣᠪᠰᠢ ᠶᠢᠨ ᠬᠠᠶᠢᠷᠴᠠᠭ᠂ ᠤᠰᠤ ᠤᠮᠳᠠᠭᠠᠨ ᠤ ᠬᠡᠷᠡᠭᠰᠡᠯ︶᠂ ᠵᠠᠮ ᠤᠨ ᠭᠡᠷᠡᠯᠲᠦᠭᠦᠯᠭᠡ ᠂ ᠠᠶᠤᠯᠭᠦᠶ ᠶᠢᠨ ᠲᠥᠬᠦᠭᠡᠷᠦᠮᠵᠢ᠂ ᠵᠤᠭ᠎ᠠ ᠴᠡᠩᠭᠡᠯ ᠤᠨ ᠦᠢᠯᠡᠴᠢᠯᠡᠭᠡᠨ ᠤ ᠲᠥᠬᠦᠭᠡᠷᠦᠮᠵᠢ ︵ᠰᠠᠭᠤᠳᠠᠯ ᠤᠨ ᠬᠡᠷᠡᠭᠰᠡᠯ᠂ ᠰᠢᠷᠡᠭᠡ᠂ ᠵᠤᠭ᠎ᠠ ᠴᠡᠩᠭᠡᠯ ᠤᠨ ᠪᠠᠭᠠᠵᠢ ᠬᠡᠷᠡᠭᠰᠡᠯ᠂ ᠪᠠᠷᠠᠭ᠎ᠠ ᠬᠤᠳᠠᠯᠳᠤᠬᠤ ᠮᠤᠬᠤᠯᠠᠭ︶᠂ ᠵᠠᠮ ᠬᠠᠷᠢᠯᠴᠠᠭᠠᠨ ᠤ ᠲᠥᠬᠦᠭᠡᠷᠦᠮᠵᠢ ︵ᠨᠡᠶᠢᠲᠡ ᠶᠢᠨ ᠮᠠᠰᠢᠨ ᠲᠡᠷᠭᠡᠨ ᠤ ᠦᠷᠳᠡᠭᠡ᠂ ᠲᠡᠷᠭᠡᠨ ᠤ ᠰᠠᠷᠠᠪᠴᠢ︶ ᠵᠢᠴᠢ ᠤᠷᠠᠯᠢᠭ ᠤᠨ ᠦᠵᠡᠮᠵᠢ ᠶᠢᠨ ᠲᠥᠬᠦᠭᠡᠷᠦᠮᠵᠢ ︵ᠱᠤᠭᠤᠮᠠᠯ᠂ ᠤᠷᠠᠯᠢᠭ ᠤᠨ ᠱᠤᠭ ᠵᠦᠴᠦᠭᠡ︶ ᠵᠡᠷᠭᠡ ᠪᠣᠯᠤᠨ᠎ᠠ᠃     ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢᠨ ︽ᠳᠥᠷᠪᠡ ᠶᠢ ᠰᠢᠢᠳᠪᠦᠷᠢᠯᠡᠬᠦ︾ ᠲᠣᠭᠲᠠᠴᠠ᠄ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ ᠠᠩᠬ᠎ᠠ ᠤᠳᠠᠭ᠎ᠠ ᠭᠥᠯᠢᠶᠡᠨ ᠠᠪᠴᠤ ᠠᠩᠬ᠎ᠠ ᠰᠢᠢᠳᠪᠦᠷᠢᠯᠡᠬᠦ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ᠂ ᠰᠢᠭᠤᠳ ᠳᠠᠮᠵᠢᠭᠤᠯᠤᠨ ᠲᠦᠷᠭᠡᠨ  ᠰᠢᠢᠳᠪᠦᠷᠢᠯᠡᠬᠦ᠂ ᠮᠥᠷᠳᠡᠨ ᠰᠢᠪᠠᠳᠠᠨ  ᠰᠢᠢᠳᠪᠦᠷᠢᠯᠡᠬᠦ ᠲᠣᠭᠲᠠᠴᠠ᠃    ᠲᠠᠪᠤᠨ ᠬᠤᠷᠰᠢᠶ᠎ᠠ ᠬᠠᠮᠲᠤᠷᠠᠨ ᠬᠥᠳᠡᠯᠦᠯᠴᠡᠬᠦ᠄ ᠨᠡᠶᠢᠭᠡᠮ ᠲᠣᠭᠤᠷᠢᠭ᠂ ᠨᠡᠶᠢᠭᠡᠮ ‍ᠤᠨ‌ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ᠂ ᠨᠡᠶᠢᠭᠡᠮ  ᠤᠨ ᠡᠬᠢ ᠪᠠᠶᠠᠯᠢᠭ ᠬᠢᠭᠡᠳ ᠨᠡᠶᠢᠭᠡᠮ ᠲᠣᠭᠤᠷᠢᠭ  ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠠᠮᠲᠤᠷᠠᠨ ᠬᠥᠳᠡᠯᠦᠯᠴᠡᠬᠦ ᠶᠢ ᠵᠢᠭᠠᠵᠤ ᠪᠤᠢ᠃   
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠥᠨ