ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ 2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ ᠰᠢᠶᠠᠨ ᠢ ᠡᠭᠦᠳᠦᠨ ᠪᠠᠶᠢᠭᠤᠯᠬᠤ ᠵᠢᠴᠢ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/17
    ᠮᠠᠨ ᠤ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠰᠢᠶᠠᠨ ᠢ ᠡᠭᠦᠳᠦᠨ ᠪᠠᠶᠢᠭᠤᠯᠬᠤ ᠠᠵᠢᠯ ᠢ ᠨᠠᠩ ᠰᠠᠶᠢᠨ ᠳᠥᠯᠭᠢᠨ ᠠᠬᠢᠭᠤᠯᠬᠤ ᠶᠢᠨ ᠬᠠᠮᠲᠤ 2023 ᠣᠨ ᠤ ᠰᠤᠷᠭᠠᠨ ᠬᠥᠮᠦᠵᠢᠯ ᠤᠨ ᠦᠢᠯᠡᠰ ᠤᠨ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠬᠠᠮᠢᠶ᠎ᠠ ᠪᠥᠬᠦᠶ ᠰᠲ᠋ᠣᠺ ᠤᠨ ᠲᠠᠰᠤᠭ ᠢ ᠨᠢᠭᠡᠳᠦᠯᠲᠡᠶ ᠵᠣᠬᠢᠴᠠᠭᠤᠯᠬᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠡᠭᠦᠷᠭᠡ ᠬᠠᠷᠢᠭᠤᠴᠠᠯᠭ᠎ᠠ ᠲᠣᠳᠣᠷᠬᠠᠶ᠂ ᠴᠤᠭ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠶᠡᠷᠦᠩᠬᠡᠶᠢᠯᠡᠨ   ᠵᠠᠬᠢᠷᠡᠨ᠂ 2023 ᠣᠨ ᠤ 10 ᠰᠠᠷ᠎ᠠ ᠶᠢᠨ 11      ᠤ ᠡᠳᠦᠷ᠂ 12      ᠤᠨ ᠡᠳᠦᠷ ᠲᠣᠰ ᠲᠣᠰ ᠰᠤᠷᠭᠠᠨ ᠬᠥᠮᠦᠵᠢᠯ ᠤᠨ ᠲᠣᠪᠴᠢᠶ᠎ᠠ᠂ ᠰᠤᠷᠭᠠᠭᠤᠯᠢ ᠬᠤᠶᠠᠷ ᠲᠠᠯ᠎ᠠ ᠠᠴᠠ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠲᠤᠰᠬᠠᠶ ᠠᠩᠭᠢ ᠶᠢᠨ ᠳᠤᠭᠤᠶᠢᠯᠠᠩ ᠤᠨ ᠪᠦᠷᠢᠯᠳᠦᠬᠦᠨ᠂ ᠡᠯ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠵᠠᠬᠢᠷᠤᠯ᠂ ᠰᠤᠷᠭᠠᠨ ᠬᠥᠮᠦᠵᠢᠯ ᠤᠨ ᠲᠤᠭ᠎ᠠ ᠪᠦᠷᠢᠳᠬᠡᠯ ᠪᠠ ᠰᠢᠶᠠᠨ ᠤ ᠠᠵᠢᠯ ᠢ ᠲᠡᠩᠴᠡᠭᠦᠯᠬᠦ ᠶᠢ  ᠬᠠᠮᠢᠶᠠᠷᠴᠤ ᠪᠠᠶᠢᠭ᠎ᠠ ᠳᠡᠳ᠋ ᠵᠠᠬᠢᠷᠤᠯ ᠵᠢᠴᠢ ᠰᠤᠷᠭᠠᠭᠤᠯᠢ ᠶᠢᠨ ᠪᠠᠭᠰᠢ᠂ ᠲᠦᠭᠡᠮᠡᠯᠵᠢᠭᠰᠡᠨ ᠬᠡᠮᠵᠢᠶ᠎ᠡ᠂ ᠰᠤᠷᠭᠠᠭᠤᠯᠢ ᠡᠷᠭᠢᠯᠡᠬᠦ ᠨᠥᠬᠦᠴᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠨ᠎ᠠ᠃ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ᠂ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠣᠣ ᠳ᠋ᠠᠨ ᠬᠤᠷᠠᠯ ᠡᠷᠭᠢᠯᠡᠪᠡ᠃    ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠵᠢᠯᠣᠭᠤᠳᠬᠤ ᠲᠠᠰᠤᠭ ᠤᠨ ᠳᠡᠳ᠋ ᠡᠷᠬᠢᠯᠡᠭᠴᠢ ᠶᠠᠩ ᠫᠢᠩ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠠᠰᠤᠭ ᠤᠨ ᠳᠡᠳ᠋ ᠡᠷᠬᠢᠯᠡᠭᠴᠢ ᠮᠢᠶᠣᠣ ᠯᠢ ᠵᠢᠤᠸᠠᠨ ᠬᠤᠷᠠᠯ ᠳᠤ ᠣᠷᠣᠯᠴᠠᠭᠰᠠᠳ ᠲᠤ ᠤᠷᠢᠳ ᠬᠤᠵᠢᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠰᠢᠶᠠᠨ ᠢ ᠡᠭᠦᠳᠦᠨ ᠪᠠᠶᠢᠭᠤᠯᠬᠤ ᠪᠣᠯᠪᠠᠰᠤᠷᠠᠭᠤᠯᠤᠯ ᠪᠠ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠭᠤᠯᠤᠯ ᠬᠢᠵᠦ᠂ ᠬᠤᠯᠪᠣᠭᠳᠠᠯ ᠪᠥᠬᠦᠶ ᠲᠦᠷᠢᠮ ᠤᠨ  ᠵᠦᠢᠯᠡᠰ ᠲᠤ ᠨᠠᠷᠢᠨ ᠲᠠᠶᠢᠯᠤᠮᠵᠢ ᠬᠢᠭᠰᠡᠨ ᠪᠥᠭᠡᠳ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃    ᠵᠣᠣ ᠳ᠋ᠠᠨ ᠲᠣᠪᠴᠢᠶᠠᠨ ᠳᠠᠷᠤᠭ᠎ᠠ ᠳ᠋ᠦᠩᠨᠡᠯᠲᠡ ᠶᠢᠨ ᠶᠠᠷᠢᠶ᠎ᠠ ᠲᠠᠯᠪᠢᠬᠤ ᠳᠠᠭᠠᠨ ᠢᠯᠡᠷᠬᠡᠶᠢᠯᠡᠭᠰᠡᠨ ᠨᠢ᠂ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠪᠣᠯ ᠰᠤᠷᠭᠠᠨ ᠬᠥᠮᠦᠵᠢᠯ ᠤᠨ ᠬᠠᠤᠯᠢ ᠪᠠᠷ ᠲᠣᠭᠲᠠᠭᠠᠭᠰᠠᠨ ᠲᠤᠭ᠎ᠠ ᠪᠠᠷᠢᠮᠲᠠ ᠮᠥᠨ᠂ ᠪᠠᠰᠠ ᠴᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠲᠤᠭ᠎ᠠ ᠪᠠᠷᠢᠮᠲᠠ ᠶᠢᠨ ᠲᠤᠯᠭᠠᠭᠤᠷᠢᠯᠠᠯ ᠮᠥᠨ᠂ ᠡᠯ᠎ᠡ ᠰᠤᠷᠭᠠᠭᠤᠯᠢ ᠨᠤᠭᠤᠳ ᠲᠡᠭᠦᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠤᠰᠬᠠᠶ ᠮᠡᠷᠭᠡᠵᠢᠯ ᠤᠨ ᠲᠠᠨᠢᠯᠲᠠ ᠪᠠᠨ ᠳᠡᠭᠡᠭᠰᠢᠯᠡᠭᠦᠯᠦᠨ᠂ ᠬᠠᠷᠢᠴᠠᠩᠭᠤᠶ ᠪᠠᠷ ᠲᠣᠭᠲᠠᠪᠤᠷᠢᠲᠠᠶ ᠲᠠᠭᠯᠠᠨ ᠮᠡᠳᠡᠭᠦᠯᠬᠦ ᠡᠩᠨᠡᠭᠡ ᠶᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠷᠬᠡᠪᠰᠢ ᠦᠨᠡᠨ ᠠᠴᠠ ᠵᠥᠪ ᠢ ᠡᠷᠢᠵᠦ᠂ ᠲᠤᠭ᠎ᠠ ᠪᠠᠷᠢᠮᠲᠠ ᠶᠢ ᠨᠠᠷᠢᠯᠢᠭ ᠣᠨᠣᠴᠠᠲᠠᠶ ᠪᠠᠶᠢᠯᠭᠠᠵᠤ᠂ ᠮᠡᠳᠡᠭᠦᠯᠬᠦ ᠬᠦᠰᠦᠨᠦᠭᠲᠦ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠶ᠃    ᠲᠡᠷᠡ ᠵᠢᠭᠠᠵᠤ ᠭᠠᠷᠭᠠᠭᠰᠠᠨ ᠨᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ ᠦᠨᠡᠯᠡᠨ ᠵᠢᠱᠢᠬᠦ ᠳᠤ ᠭᠤᠷᠪᠠᠨ ᠵᠦᠢᠯ ᠤᠨ ᠵᠠᠷᠴᠢᠮ ᠢ ᠪᠠᠷᠢᠮᠲᠠᠯᠠᠨ᠎ᠠ᠄ ᠬᠠᠲᠠᠭᠤ ᠲᠣᠨᠤᠭ ᠢ ᠴᠢᠬᠤᠯᠠᠴᠢᠯᠠᠪᠠᠯ ᠵᠥᠭᠡᠯᠡᠨ ᠲᠣᠨᠤᠭ ᠢ ᠨᠠᠩ ᠢᠯᠡᠭᠦᠤ ᠴᠢᠬᠤᠯᠠᠴᠢᠯᠠᠵᠤ᠂  ᠭᠦᠢᠴᠡᠳᠭᠡᠬᠦ ᠲᠤᠭ᠎ᠠ ᠶᠢᠨ ᠬᠢᠷᠢ ᠲᠡᠩᠴᠡᠬᠦ ᠶᠢ ᠴᠢᠬᠤᠯᠠᠴᠢᠯᠠᠪᠠᠯ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠠᠩ ᠢᠯᠡᠭᠦᠤ ᠴᠢᠬᠤᠯᠠᠴᠢᠯᠠᠵᠤ᠂ ᠲᠤᠭ᠎ᠠ ᠬᠡᠮᠵᠢᠶ᠎ᠡ ᠶᠢ ᠴᠢᠬᠤᠯᠠᠴᠢᠯᠠᠪᠠᠯ ᠶᠠᠰᠤ ᠴᠢᠨᠠᠷ ᠢ ᠨᠠᠩ ᠢᠯᠡᠭᠦᠤ  ᠴᠢᠬᠤᠯᠠᠴᠢᠯᠠᠬᠤ ᠬᠡᠷᠡᠭᠲᠡᠢ᠃ ᠡᠯ᠎ᠡ‌‍ᠰᠤᠷᠭᠠᠭᠤᠯᠢ  ᠢᠳᠡᠪᠬᠢᠲᠡᠶ ᠪᠠᠷ ᠵᠥᠷᠢᠶ᠎ᠡ ᠪᠠᠨ ᠡᠷᠢᠵᠦ᠂  ᠳᠤᠲᠠᠭᠳᠠᠯ ᠢᠶᠠᠨ ᠨᠥᠬᠦᠪᠥᠷᠢᠯᠡᠵᠦ᠂ ᠪᠠᠭᠰᠢ ᠠᠵᠢᠯᠲᠠᠨ ᠤ ᠬᠠᠮᠢᠶᠠᠷᠤᠯᠲᠠ ᠪᠠᠨ ᠴᠢᠩᠭᠠᠳᠬᠠᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠨ ᠵᠢᠱᠢᠬᠦ ᠡᠯ᠎ᠡ  ᠵᠦᠢᠯ ᠤᠨ  ᠭᠦᠢᠴᠡᠳᠭᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠱᠠᠲᠤ ᠦᠶ᠎ᠡ ᠶᠢᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠵᠦ᠂ ᠠᠷᠠᠳ ᠤᠨ ᠬᠡᠷ ᠤᠨ ᠡᠭᠦᠳᠡᠨ ᠳᠠᠬᠢ ᠰᠤᠷᠭᠠᠭᠤᠯᠢ ᠨᠢᠭᠡᠪᠦᠷᠢ ᠶᠢ ᠰᠠᠶᠢᠲᠤᠷ ᠡᠷᠭᠢᠯᠡᠵᠦ᠂ ᠬᠡᠤᠬᠡᠳ ᠨᠢᠭᠡᠪᠦᠷᠢ ᠳᠤ  ᠰᠢᠯᠢᠳᠡᠭ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠶ᠃      ᠲᠣᠰ ᠤᠳᠠᠭᠠᠨ ᠤ ᠪᠣᠯᠪᠠᠰᠤᠷᠠᠭᠤᠯᠤᠯ ᠳᠤ᠂ ᠡᠭᠦᠳᠦᠨ ᠪᠠᠶᠢᠭᠤᠯᠬᠤ ᠠᠵᠢᠯ ᠤᠨ ᠡᠭᠦᠰᠦᠯᠲᠡ᠂ ᠵᠣᠭᠰᠣᠴᠠ᠂ ᠴᠢᠷᠮᠠᠶᠢᠬᠤ ᠴᠢᠭᠯᠡᠯ ᠢ ᠲᠣᠳᠣᠷᠬᠠᠶ ᠪᠣᠯᠭᠠᠵᠤ᠂ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠰᠡᠨ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ  ᠦᠢᠯᠡᠰ ᠤᠨ ᠲᠤᠭ᠎ᠠ ᠪᠦᠷᠢᠳᠬᠡᠯ ᠤᠨ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠰᠡᠨ ᠰᠢᠶᠠᠨ ᠢ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ