ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ  ᠠᠴᠠ ︽ᠠᠨᠠᠷ ᠤᠨ ᠦᠷ᠎ᠡ︾ ᠰᠠᠶᠢᠨ ᠳᠤᠷ᠎ᠠ ᠶᠢᠨ  ᠦᠢᠯᠡᠴᠢᠯᠡᠭᠡᠨ ᠤ ᠠᠩᠭᠢ ᠨᠠᠮᠤᠷ ᠤᠨ ᠤᠯᠠᠷᠢᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2023/10/17
    ᠬᠠᠷᠢᠶᠠᠲᠤ ᠣᠷᠣᠨ ᠤ ᠪᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠠᠷᠢᠭᠤᠨ ᠴᠡᠪᠡᠷ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 13      ᠤ ᠡᠳᠦᠷ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ  ᠠᠴᠠ︽ᠠᠨᠠᠷ ᠤᠨ ᠦᠷ᠎ᠡ︾ ᠰᠠᠶᠢᠨ ᠳᠤᠷ᠎ᠠ ᠶᠢᠨ  ᠦᠢᠯᠡᠴᠢᠯᠡᠭᠡᠨ ᠤ ᠠᠩᠭᠢ ᠰᠢᠬᠢᠷ ᠤᠨ  ᠦᠢᠯᠡᠳᠪᠦᠷᠢ ᠶᠢᠨ ᠨᠡᠶᠢᠭᠡᠮ ᠲᠣᠭᠤᠷᠢᠭ ᠤᠨ ᠬᠢᠩᠭᠠᠨ ᠬᠥᠭᠦᠷᠭᠡ ᠶᠢᠨ ᠡᠮᠦᠨ᠎ᠡ ᠲᠠᠯ᠎ᠠ ᠳᠤ ᠬᠦᠷᠴᠦ ᠨᠠᠮᠤᠷ ᠤᠨ ᠤᠯᠠᠷᠢᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠪᠡ᠃      ᠪᠦᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠬᠦᠴᠢᠷ ᠠᠴᠠ ᠠᠶᠤᠬᠤ ᠦᠭᠡᠶ᠂ ᠪᠤᠵᠠᠷ ᠪᠤᠷᠲᠠᠭ ᠠᠴᠠ ᠠᠶᠤᠬᠤ ᠦᠭᠡᠶ᠂ ᠶᠠᠳᠠᠷᠠᠬᠤ ᠠᠴᠠ ᠠᠶᠤᠬᠤ ᠦᠭᠡᠶ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠭᠠᠷ ᠲᠠᠭᠠᠨ ᠬᠤᠭ ᠨᠣᠪᠰᠢ ᠶᠢᠨ ᠤᠭᠤᠲᠠ᠂ ᠱᠦᠭᠦᠷ᠂ ᠲᠡᠮᠦᠷ ᠬᠦᠷᠵᠡ ᠵᠡᠷᠭᠡ ᠠᠷᠢᠭᠤᠨ ᠴᠡᠪᠡᠷ ᠤᠨ ᠪᠠᠭᠠᠵᠢ ᠬᠡᠷᠡᠭᠰᠡᠯ ᠢ ᠠᠳᠬᠤᠵᠤ᠂ ᠣᠷᠴᠢᠨ ᠲᠣᠭᠤᠷᠢᠨ ᠢ ᠪᠣᠬᠢᠷᠲᠤᠭᠤᠯᠬᠤ ᠪᠠ ᠬᠤᠬᠢᠷᠠᠭᠤᠯᠬᠤ ᠶᠠᠮᠠᠷᠪᠠ ᠴᠠᠭᠠᠨ ᠥᠩᠭᠡ ᠶᠢᠨ ᠬᠤᠭ ᠨᠣᠪᠰᠢ ᠶᠢ ᠲᠠᠯᠪᠢᠵᠤ ᠶᠠᠪᠤᠭᠤᠯᠬᠤ ᠥᠬᠡᠶ ᠪᠠᠶᠢᠵᠤ᠂ ᠬᠠᠷᠢᠶᠠᠲᠤ ᠣᠷᠣᠨ ᠤ ᠳᠣᠲᠣᠷᠠᠬᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠠᠷᠢᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠰᠠᠶᠢᠵᠢᠷᠠᠭᠤᠯᠵᠤ᠂ ᠪᠥᠬᠦ ᠠᠷᠠᠳ ᠢᠶᠠᠷ ᠢᠶᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠬᠦ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠨ᠎ᠠ᠃      ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ  ᠠᠴᠠ ︽ᠠᠨᠠᠷ ᠤᠨ ᠦᠷ᠎ᠡ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠤᠷᠠᠨ ᠰᠠᠶᠢᠬᠠᠨ ᠤ ᠲᠣᠭᠯᠠᠯᠲᠠ᠂ ᠡᠷᠡᠭᠦᠯ ᠮᠡᠨᠳᠦ ᠡᠷᠡᠭᠦᠯ ᠬᠠᠮᠠᠭᠠᠯᠠᠯ ᠤᠨ ᠤᠬᠠᠭᠤᠯᠭ᠎ᠠ ᠲᠠᠶᠢᠯᠪᠤᠷᠢᠯᠠᠯᠲᠠ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠬᠠᠭᠤᠯᠭ᠎ᠠ ᠬᠥᠮᠦᠵᠢᠯ ᠤᠨ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠪᠠᠭᠤᠷᠠᠶ ᠭᠤᠭᠴᠤᠭ᠎ᠠ ᠶᠢᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠴᠢᠷᠮᠠᠶᠢᠨ ᠰᠠᠶᠢᠵᠢᠷᠠᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠤᠲᠠᠭᠳᠠᠯ ᠢ ᠨᠥᠬᠦᠪᠥᠷᠢᠯᠡᠬᠦ ᠶᠢᠨ ᠬᠠᠮᠲᠤ ᠮᠠᠨ ᠤ ᠬᠤᠲᠠ ᠶᠢᠨ ᠰᠠᠭᠤᠭᠠᠯᠢ ᠠᠷᠠᠳ ᠢ ᠥᠷᠭᠡᠨ ᠢᠶᠠᠷ ᠳᠠᠶᠢᠴᠢᠯᠠᠵᠤ᠂ ︽ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠬᠢᠵᠦ︾᠂ ᠠᠷᠢᠭᠤᠨ ᠴᠡᠪᠡᠷ᠂  ᠡᠮᠬᠢ ᠲᠢᠭᠯᠢᠮ᠂ ᠡᠮᠬᠢ ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ