10 ᠰᠠᠷ᠎ᠠ ᠶᠢᠨ 16 ᠤ ᠡᠳᠦᠷ᠂ ᠵᠠᠯᠠᠨ ᠠᠶᠢᠯ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠠᠷᠪᠠᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠡ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠰᠢᠤ ᠹᠸᠢ ᠬᠤᠷᠠᠯ ᠡᠷᠭᠢᠯᠡᠵᠦ᠂ ᠳᠡᠳ᠋ ᠡᠷᠬᠢᠯᠡᠭᠴᠢ ᠰᠥᠩ | ᠬᠤᠶ᠂ ᠵᠠᠩ ᠴᠤᠸᠠᠨ ᠹᠦ᠋᠂ ᠴᠧᠨ ᠬᠤᠶ᠂ ᠯᠢᠦ ᠬᠤᠩ ᠪᠢᠨ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ | ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠢᠴᠢ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠬᠤᠷᠠᠯ ᠳᠤ ᠰᠤᠯᠠ | ᠣᠷᠣᠯᠴᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠣᠷᠢᠭ ᠰᠠᠨᠠᠭ᠎ᠠ ᠶᠢ ᠰᠤᠷᠤᠯᠴᠠᠵᠤ᠂ | ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠰᠣᠨᠣᠰᠴᠤ ᠬᠢᠨᠠᠨ ᠵᠥᠪᠯᠡᠭᠡᠳ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠡ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠬᠤᠳᠠ ᠶᠢᠨ ᠠᠷᠪᠠᠳᠤᠭᠠᠷ ᠬᠤᠭᠤᠴᠠᠭᠠᠨ ᠤ ᠣᠨᠴᠠ ᠵᠠᠷᠢᠮ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ 2022 ᠣᠨ ᠤ ︿︿ᠬᠥᠳᠡᠭᠡ | ᠲᠣᠰᠬᠤᠨ ᠢ ᠮᠠᠨᠳᠤᠭᠤᠯᠬᠤ ᠶᠢ ᠠᠬᠢᠭᠤᠯᠬᠤ ᠬᠠᠤᠯᠢ﹀﹀ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ᠂ ᠬᠤᠳᠠ ᠶᠢᠨ ᠵᠠᠰᠠᠭ ᠤᠨ ᠣᠷᠳᠣᠨ ᠤ 2022 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ | ︵ᠲᠥᠰᠦᠯ︶ ᠤᠨ ᠮᠡᠳᠡᠭᠦᠯᠦᠯᠲᠡ᠂ ᠬᠤᠳᠠ ᠶᠢᠨ ᠵᠠᠰᠠᠭ ᠤᠨ ᠣᠷᠳᠣᠨ ᠤ 2022 ᠣᠨ ᠤ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠳᠠ ᠶᠢᠨ ᠠᠵᠢᠯ ᠤᠨ ᠮᠡᠳᠡᠭᠦᠯᠦᠯᠲᠡ ᠬᠢᠭᠰᠡᠨ ᠮᠦᠷᠲᠡᠬᠡᠨ ᠲᠤᠰᠢᠶᠠᠯ ᠳᠤ ᠲᠣᠮᠢᠯᠠᠵᠤ | ᠲᠤᠰᠢᠶᠠᠯ ᠠᠴᠠ ᠨᠢ ᠪᠠᠭᠤᠯᠭᠠᠪᠠ᠃ | ᠬᠤᠷᠠᠯ ᠠᠴᠠ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠨᠥᠬᠦᠳ ᠰᠢᠨ᠎ᠡ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ | ᠭᠦᠢᠴᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ | ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ |