10 ᠰᠠᠷ᠎ᠠ ᠶᠢᠨ 11 ᠤ ᠡᠳᠦᠷ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠡ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠪᠥᠸᠧ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2023 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ | ᠵᠧᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠦᠨ ᠱᠤᠤ ᠫᠢᠨ ᠱᠦᠵᠢ ᠶᠢᠨ ᠬᠢᠩᠭᠠᠨ ᠠᠶᠢᠮᠠᠭ ᠲᠤ | ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠢᠯᠣᠭᠤᠳᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ | ᠲᠤᠭ᠎ᠠ ᠪᠦᠷᠢᠳᠬᠡᠯ ᠤᠨ ᠲᠤᠪᠴᠢᠶ᠎ᠡ ᠶᠢᠨ 2022 ᠣᠨ ᠳᠤ ᠪᠠᠶᠢᠴᠠᠭᠠᠨ ᠰᠢᠢᠳᠪᠦᠷᠢᠯᠡᠭᠰᠡᠨ 7 ᠴᠢᠬᠤᠯᠠ ᠶᠡᠭᠡ ᠲᠤᠭ᠎ᠠ ᠪᠦᠷᠢᠳᠬᠡᠯ ᠤᠨ ᠬᠠᠤᠯᠢ ᠠᠴᠠ | ᠵᠥᠷᠢᠴᠡᠭᠰᠡᠨ ᠬᠡᠷᠡᠭ ᠢ ᠵᠠᠷᠯᠠᠨ ᠮᠡᠳᠡᠭᠳᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠣᠯᠬᠤ ᠪᠥᠭᠡᠳ ᠪᠠᠰᠠ ᠴᠤ ᠤᠷᠳᠤ ᠬᠤᠭᠤᠴᠠᠭᠠᠨ ᠤ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠬᠦ ᠲᠤᠰᠢᠶᠠᠯ ᠬᠠᠷᠢᠭᠤᠴᠠᠯᠭ᠎ᠠ ᠪᠠᠨ ᠡᠭᠦᠷᠭᠡᠯᠡᠵᠦ᠂ ᠦᠯᠢᠭᠡᠷ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠢ ᠶᠢᠨ ᠫᠢᠩ ᠤ ᠶᠡᠷᠦᠩᠬᠡᠶ | ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠠᠷᠢᠮᠵᠢᠶ᠎ᠠ ᠲᠠᠢ ᠪᠠᠷ ᠨᠠᠶᠢᠳᠠᠪᠤᠷᠢᠵᠢᠭᠤᠯᠤᠨ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ | ᠰᠤᠷᠤᠯᠴᠠᠨ ᠲᠤᠤᠱᠯᠠᠭᠤᠯᠬᠤ ᠶᠢ ᠴᠥᠬᠦᠷᠡᠰᠢ ᠦᠭᠡᠢ ᠰᠠᠶᠢᠲᠤᠷ ᠠᠳᠬᠤᠬᠤ ᠶᠢ ᠲᠦᠯᠬᠢᠨ ᠠᠬᠢᠭᠤᠯᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠦᠵᠡᠯ | ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢᠨ | ᠲᠣᠭᠤᠷᠢᠨ ᠳᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ︽ | ᠦᠨᠡᠨ ᠠᠰᠠᠭᠤᠳᠠᠯ︾ ᠢ ᠬᠠᠷᠠᠭᠠᠯᠠᠨ᠂ ︽ᠦᠨᠡᠨ ᠰᠤᠳᠤᠯᠤᠯ︾ ᠢ ᠰᠠᠶᠢᠲᠤᠷ ᠬᠢᠵᠦ᠂ ︽ᠦᠨᠡᠨ ᠰᠢᠢᠳᠪᠦᠷᠢᠯᠡᠬᠦ︾ ᠶᠢ ᠲᠦᠯᠬᠢᠨ ᠠᠬᠢᠭᠤᠯᠵᠤ᠂ ᠬᠡᠯᠪᠡᠷᠢ ᠶᠢᠨ | ᠦᠵᠡᠯ᠂ ᠨᠣᠶᠠᠨᠴᠢ ᠰᠤᠷᠲᠠᠯ ᠢ ᠡᠷᠡᠰ ᠬᠤᠷᠢᠭᠯᠠᠵᠤ᠂ ᠴᠢᠩᠭ᠎ᠠ ᠪᠣᠳᠠᠲᠠᠶ ᠰᠤᠷᠲᠠᠯ ᠢᠶᠠᠷ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠭᠦᠨᠵᠡᠭᠡᠶ | ᠥᠷᠨᠢᠭᠦᠯᠬᠦ ᠶᠢ ᠪᠠᠲᠤᠯᠠᠬᠤ ᠬᠡᠷᠡᠭᠲᠡᠶ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ | ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠤᠨ ᠡᠯ᠎ᠡ ᠵᠦᠢᠯ ᠤᠨ ᠲᠤᠭ᠎ᠠ ᠪᠦᠷᠢᠳᠬᠡᠯ ᠤᠨ ᠵᠠᠰᠠᠭ ᠤᠨ | ᠵᠠᠷᠯᠢᠭ ᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠤᠯᠤᠰ ᠤᠨ ᠲᠤᠭ᠎ᠠ ᠪᠦᠷᠢᠳᠬᠡᠯ ᠤᠨ ᠲᠦᠷᠢᠮ ᠪᠣᠯᠤᠨ ᠠᠵᠢᠯᠯᠠᠭ᠎ᠠ ᠶᠢᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠯᠠᠭᠠᠨ ᠱᠤᠭᠤᠮ ᠢ ᠰᠠᠶᠢᠲᠤᠷ ᠰᠠᠬᠢᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ | ᠵᠣᠬᠢᠶᠠᠬᠤ ᠶᠢ ᠴᠢᠩᠭ᠎ᠠ ᠰᠡᠷᠭᠡᠶᠢᠯᠡᠵᠦ᠂ ᠲᠤᠭ᠎ᠠ ᠪᠦᠷᠢᠳᠬᠡᠯ ᠤᠨ ᠠᠵᠢᠯ ᠤᠨ ᠳᠦᠷᠢᠮᠵᠢᠯᠲᠡ᠂ ᠵᠢᠷᠤᠮᠵᠢᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ | ᠬᠡᠷᠡᠭᠲᠡᠢ᠃ |