ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ᠴᠠᠢ ᠾᠧ ᠶᠢᠨ ︽ᠭᠤᠷᠪᠠᠨ ᠣᠳᠣᠨ ᠲᠠᠰ︾ ᠤᠨ ᠭᠠᠵᠠᠷ ᠰᠢᠨᠵᠢᠯᠡᠭᠡᠨ ᠤ ᠰᠣᠶᠣᠯ ᠤᠨ ᠪᠠᠯᠭᠠᠰᠤᠨ ᠳᠤ ᠫᠠᠶᠢᠰᠠ ᠣᠯᠭᠤᠬᠤ ᠶᠣᠰᠣᠯᠠᠯ ᠵᠠᠯᠠᠨ ᠠᠶᠢᠯ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/10/18
    10 ᠳ᠋ᠤᠭᠠᠷ ᠰᠠᠷ᠎ᠠ ᠶᠢᠨ 13      ᠤ ᠡᠳᠦᠷ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ᠴᠠᠢ ᠾᠧ ᠶᠢᠨ ︽ᠭᠤᠷᠪᠠᠨ ᠣᠳᠣᠨ ᠲᠠᠰ ︾ ᠤᠨ ᠭᠠᠵᠠᠷ ᠰᠢᠨᠵᠢᠯᠡᠭᠡᠨ ᠤ ᠰᠣᠶᠣᠯ ᠤᠨ ᠪᠠᠯᠭᠠᠰᠤᠨ ᠳᠤ ᠫᠠᠶᠢᠰᠠ ᠣᠯᠭᠤᠬᠤ ᠶᠣᠰᠣᠯᠠᠯ ᠵᠠᠯᠠᠨ ᠠᠶᠢᠯ ᠬᠤᠲᠠ ᠳᠤ ᠶᠠᠪᠤᠭᠳᠠᠵᠤ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ᠪᠠᠶᠢᠩᠭᠤ ᠶᠢᠨ ᠨᠠᠷᠢᠨ ᠪᠢᠴᠢᠭ ᠤᠨ ᠳᠠᠷᠤᠭ᠎ᠠ ᠵᠧᠦ  ᠯᠢ ᠰᠢᠨ᠂ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠤᠨ ᠨᠠᠮ ᠤᠨ  ᠬᠤᠷᠢᠶᠠᠨ ᠤ ᠭᠡᠰᠢᠭᠦᠨ᠂ ᠳᠡᠳ᠋ ᠬᠤᠷᠢᠶᠠᠨ ᠳᠠᠷᠤᠭ᠎ᠠ ᠭᠤᠤ ᠵᠧᠩ ᠰᠢ᠂ ᠬᠥᠯᠥᠨ ᠪᠤᠶᠢᠷ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ ᠶᠢᠨ ᠪᠥᠸᠧ᠂ ᠵᠠᠯᠠᠨ ᠠᠶᠢᠯ ᠬᠤᠲᠠ ᠶᠢᠨ ᠳᠡᠳ᠋ ᠳᠠᠷᠤᠭ᠎ᠠ ᠸᠠᠩ ᠪᠠᠶ ᠺᠦᠶ ᠵᠢᠴᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠨᠢᠭᠡᠴᠡ ᠶᠣᠰᠣᠯᠠᠯ ᠳᠤ ᠣᠷᠣᠯᠴᠠᠪᠠ᠃    ᠴᠠᠢ ᠾᠧ ᠶᠢᠨ ᠭᠠᠵᠠᠷ ᠰᠢᠨᠵᠢᠯᠡᠭᠡᠨ ᠤ ᠰᠣᠶᠣᠯ ᠤᠨ ᠪᠠᠯᠭᠠᠰᠤ ᠨᠢ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ᠬᠢᠨᠠᠨ ᠬᠠᠷᠭᠤᠭᠤᠯᠤᠯᠲᠠ ᠶᠢ ᠠᠮᠵᠢᠯᠲᠠ ᠲᠠᠢ ᠥᠩᠭᠡᠷᠡᠭᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠭᠤᠷᠪᠠᠨ ᠤᠳᠤᠨ ᠲᠡᠰ︾ ᠤᠨ ᠭᠠᠵᠠᠷ ᠰᠢᠨᠵᠢᠯᠡᠭᠡᠨ ᠤ ᠰᠣᠶᠣᠯ ᠤᠨ ᠪᠠᠯᠭᠠᠰᠤ ᠪᠠᠶᠢᠵᠤ᠂ ᠵᠠᠯᠠᠨ ᠠᠶᠢᠯ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠠᠶᠢᠨ ᠰᠠᠭᠤᠷᠢ ᠲᠠᠯᠪᠢᠵᠠᠢ᠃    ᠬᠤᠶᠢᠰᠢᠳᠠ ᠶᠢᠨ ᠠᠵᠢᠯ ᠤᠨ ᠳᠤᠮᠳᠠ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠷᠭᠦᠯᠵᠢᠯᠡᠨ ᠭᠠᠵᠠᠷ ᠰᠢᠨᠵᠢᠯᠡᠭᠡᠨ ᠤ ᠰᠣᠶᠣᠯ ᠤᠨ ᠰᠢᠨ᠎ᠡ ᠶᠢ ᠡᠭᠦᠳᠦᠨ ᠬᠥᠭᠵᠢᠬᠦ ᠪᠠ ᠪᠦᠲᠦᠭᠡᠯᠴᠢ ᠴᠢᠨᠠᠷᠲᠠᠶ ᠪᠠᠷ ᠤᠯᠠᠷᠢᠭᠤᠯᠬᠤ ᠶᠢ ᠳᠥᠯᠭᠢᠨ ᠠᠬᠢᠭᠤᠯᠬᠤ ᠪᠠᠷ ᠴᠢᠷᠮᠠᠶᠢᠵᠤ᠂ ᠭᠠᠵᠠᠷ ᠰᠢᠨᠵᠢᠯᠡᠭᠡᠨ ᠤ ᠰᠣᠶᠣᠯ ᠤᠨ ᠵᠢᠭᠤᠯᠴᠢᠯᠠᠯ ᠤᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠴᠠᠢ ᠾᠧ ᠪᠠᠯᠭᠠᠰᠤ ᠶᠢᠨ ᠭᠠᠵᠠᠷ ᠰᠢᠨᠵᠢᠯᠡᠭᠡᠨ ᠤ ᠰᠣᠶᠣᠯ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠢᠳᠡᠪᠬᠢᠲᠡᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂  ᠴᠡᠭᠬᠡᠭ ᠤᠰᠤ ᠴᠡᠯᠡᠭᠡᠷ  ᠠᠭᠤᠯᠠ‌‍ᠢ ᠣᠷᠣᠨ ᠪᠦᠰᠡ ᠶᠢᠨ ᠬᠥᠭᠵᠢᠯᠲᠡ ᠳᠤ ᠠᠭᠤᠰᠤᠯᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠳᠡᠭᠡᠭᠰᠢᠯᠡᠭᠦᠯᠵᠦ᠂ ᠣᠷᠣᠨ ᠨᠤᠲᠤᠭ ᠤᠨ ᠠᠷᠠᠳ ᠤᠯᠠᠨ ᠳᠤ ᠪᠤᠶᠠᠨ ᠦᠢᠯᠡᠳᠴᠦ᠂ ᠵᠠᠯᠠᠨ ᠠᠶᠢᠯ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ