ᠵᠠᠯᠠᠨ ᠠᠶᠢᠯ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠪᠠᠶᠢᠭᠤᠯᠭ᠎ᠠ ᠶᠢᠨ ᠲᠣᠪᠴᠢ  ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/10/18
    ᠵᠠᠯᠠᠨ ᠠᠶᠢᠯ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ︵ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠪᠣᠯᠤᠨ᠎ᠠ᠃    ᠨᠢᠭᠡ᠂ ᠭᠤᠤᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠣᠷᠣᠨ ᠤ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃     ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠨᠢᠭᠡᠳᠦᠯᠲᠡᠶ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ  ᠭᠦᠢᠴᠡᠳᠭᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ  ᠬᠢᠬᠦ  ᠠᠷᠭ᠎ᠠ ᠮᠠᠶ᠋ᠢᠭ  ᠤᠨ ᠦᠭᠡᠷᠡᠴᠢᠯᠡᠯᠲᠡ  ᠶᠢ  ᠠᠬᠢᠭᠤᠯᠤᠨ᠎ᠠ᠃    ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠦᠩᠭᠦᠶ ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢᠨ ᠲᠡᠩᠴᠡᠭᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠣᠯᠭᠤᠮᠵᠢ ᠶᠢᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ  ᠪᠠᠶᠢᠭᠤᠯᠤᠨ  ᠬᠡᠷᠡᠭᠵᠢᠭᠦᠯᠦᠨ᠎ᠡ᠃    ︵ᠳᠥᠷᠪᠡ︶ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ  ᠦᠢᠯᠡᠴᠢᠯᠡᠭᠡᠨ ᠤ ᠲᠥᠷᠥᠯ  ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃     ︵ᠲᠠᠪᠤ︶ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ  ᠰᠦᠢᠳᠭᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ᠎ᠠ᠃     ︵ᠵᠢᠷᠭᠤᠭ᠎ᠠ︶ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ  ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠮ ᠤᠨ  ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮ ᠤᠨ  ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ  ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃     ︵ᠳᠣᠯᠤᠭ᠎ᠠ︶ ᠡᠮᠴᠢᠯᠡᠭᠡᠨ ᠤ ᠳᠠᠭᠠᠳᠬᠠᠯ ᠤᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠴᠢᠬ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠣᠯᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠣᠯᠤᠨ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ  ᠦᠢᠯᠡᠴᠢᠯᠡᠭᠡᠨ ᠤ  ᠦᠢᠯᠡ ᠠᠵᠢᠯᠯᠠᠭ᠎ᠠ ᠪᠣᠯᠤᠨ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ  ᠰᠢᠢᠳᠪᠦᠷᠢᠯᠡᠨ᠎ᠡ᠃     ︵  ᠨᠠᠢᠮᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ  ᠭᠦᠢᠴᠡᠳᠭᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ   ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠴᠢᠯᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ  ᠦᠷᠨᠢᠭᠦᠯᠦᠨ᠎ᠡ᠃    ︵ᠶᠢᠰᠦ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃     ︵ᠠᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠨᠢᠭᠡᠳᠦᠯᠲᠡᠶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃     ︵ᠠᠷᠪᠠᠨ ᠨᠢᠭᠡ︶ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠯᠦᠭᠡ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠲᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ᠬᠤᠶᠠᠷ᠂   ᠳᠣᠲᠣᠭᠠᠳᠤ  ᠪᠠᠶᠢᠭᠤᠯᠤᠮᠵᠢ    ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ᠂ ᠨᠢᠭᠤᠴᠠ ᠶᠢ ᠬᠠᠮᠠᠭᠠᠯᠠᠬᠤ᠂ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ ᠡᠪᠬᠡᠮᠡᠯ᠂ ᠲᠤᠭ᠎ᠠ ᠪᠦᠷᠢᠳᠬᠡᠯ᠂ ᠡᠳ᠋ ᠤᠨ ᠶᠠᠪᠤᠳᠠᠯ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠷᠤ ᠲᠠᠯ᠎ᠠ ᠶᠢᠨ  ᠦᠢᠯᠡᠴᠢᠯᠡᠭᠡᠨ ᠤ ᠪᠠᠲᠤᠯᠠᠭ᠎ᠠ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠶ ᠠᠵᠢᠯ ᠪᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠢᠷᠤᠮᠵᠢᠯ  ᠤᠨ ᠴᠢᠨᠠᠷᠲᠠᠶ ᠪᠢᠴᠢᠭ  ᠮᠠᠲ᠋ᠧᠷᠢᠶᠠᠯ   ᠤᠨ ᠬᠠᠤᠯᠢ ᠶᠣᠰᠣᠨ  ᠤ ᠴᠢᠨᠠᠷ  ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ   ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ  ᠢᠶᠠᠷ ᠵᠠᠷᠭᠤ ᠬᠦᠯᠢᠶᠡᠯᠭᠡᠬᠦ ᠵᠡᠷᠭᠡ ᠠᠵᠢᠯ  ᠢ‌ᠡᠭᠦᠷᠭᠡᠯᠡᠨ᠎ᠡ᠃ ᠪᠠᠶᠢᠭᠤᠯᠤᠯᠭ᠎ᠠ ᠪᠣᠯᠤᠨ ᠬᠠᠷᠢᠶ᠎ᠠ ᠪᠦᠬᠦᠢ ᠠᠵᠢᠯ ᠦᠢᠯᠡᠰ   ᠤᠨ ᠨᠢᠭᠡᠴᠡ ᠶᠢᠨ ᠡᠮᠴᠢᠯᠡᠭᠡᠨ  ᠤ  ᠪᠠᠲᠤᠯᠠᠭ᠎ᠠ  ᠶᠢᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ  ᠶᠢᠨ ᠬᠠᠮᠢᠶ᠎ᠠ ᠪᠦᠬᠦᠢ ᠠᠵᠢᠯ   ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃     ︵ᠬᠤᠶᠠᠷ︶ ᠣᠯᠭᠤᠮᠵᠢ ᠶᠢᠨ ᠪᠠᠲᠤᠯᠠᠭ᠎ᠠ ᠪᠠ ᠡᠮ ᠡᠮᠨᠡᠯᠭᠡ ᠶᠢᠨ ᠬᠠᠮᠢᠶᠠᠷᠤᠯᠲᠠ ᠶᠢᠨ ᠰᠲ᠋ᠣᠺ᠃ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠳᠠ ᠬᠥᠳᠡᠭᠡ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ  ᠨᠢᠭᠡᠲᠦᠯᠲᠡᠢ  ᠲᠦᠯᠦᠪᠯᠡᠨ᠎ᠡ ᠃ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ ᠠᠷᠭ᠎ᠠ ᠪᠠ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠤᠨ  ᠪᠠᠶᠢᠭᠤᠯᠤᠯᠲᠠ  ᠶᠢ  ᠨᠢᠭᠡᠲᠦᠯᠲᠡᠢ ᠲᠦᠯᠦᠪᠯᠡᠨ ᠠᠬᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ  ᠪᠠᠶᠢᠭᠤᠯᠤᠨ  ᠬᠡᠷᠡᠭᠵᠢᠭᠦᠯᠦᠨ᠎ᠡ᠃ ᠰᠣᠶᠣᠯ ᠤᠨ ᠶᠡᠭᠡ ᠬᠤᠪᠢᠰᠬᠠᠯ ᠤᠨ ᠵᠡᠮᠳᠡᠭ ︵ᠦᠨᠳᠦᠰᠦᠨ ᠵᠡᠮᠳᠡᠭ᠂ ᠪᠦᠷᠢᠨ ᠵᠡᠮᠳᠡᠭ︶ ᠵᠢᠴᠢ ᠠᠵᠢᠯ ᠠᠴᠠ ᠪᠠᠨ ᠠᠮᠠᠷᠠᠭᠰᠠᠨ ᠺᠠᠲᠡᠷᠴᠦᠳ ᠤᠨ ᠡᠮ ᠡᠮᠨᠡᠯᠭᠡ ᠶᠢᠨ ᠵᠠᠷᠤᠳᠠᠯ ᠢ ᠬᠢᠨᠠᠨ ᠬᠠᠷᠭᠤᠭᠤᠯᠬᠤ ᠪᠠ ᠥᠭᠬᠦ ᠠᠵᠢᠯ ᠢ  ᠪᠡᠶᠡᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠲᠦᠷᠢᠮ ᠢ ᠲᠤᠤᠱᠯᠠᠭᠤᠯᠤᠨ  ᠬᠡᠷᠡᠭᠵᠢᠭᠦᠯᠦᠨ᠎ᠡ᠃ ᠤᠯᠤᠰ   ᠤᠨ ᠡᠮ  ᠤᠨ ᠵᠦᠢᠯ ᠪᠣᠯᠤᠨ ᠡᠮᠴᠢᠯᠡᠭᠡᠨ  ᠲᠤ ᠬᠡᠷᠡᠭᠯᠡᠬᠦ ᠬᠤᠷᠣᠭᠳᠠᠯ  ᠮᠠᠲ᠋ᠧᠷᠢᠶᠠᠯ   ᠤᠨ ᠦᠨ᠎ᠡ ᠬᠠᠩᠰᠢ ᠶᠢᠨ ᠲᠥᠷᠥ ᠶᠢᠨ ᠪᠤᠳᠤᠯᠭ᠎ᠠ᠂ ᠡᠮ ᠡᠮᠨᠡᠯᠭᠡ ᠶᠢᠨ ᠦᠢᠯᠡᠴᠢᠯᠡᠭᠡᠨ   ᠤ ᠲᠥᠷᠥᠯ ᠵᠦᠢᠯ ᠪᠣᠯᠤᠨ ᠡᠮ ᠡᠮᠨᠡᠯᠭᠡ ᠶᠢᠨ ᠦᠢᠯᠡᠴᠢᠯᠡᠭᠡᠨ   ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠡᠮ ᠤᠨ  ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠵᠡᠷᠭᠡ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠥᠪᠡᠷᠲᠡᠭᠡᠨ ᠵᠠᠰᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠡᠮᠴᠢᠯᠡᠭᠡᠨ ᠤ  ᠦᠢᠯᠡᠴᠢᠯᠡᠭᠡᠨ ᠤ ᠲᠥᠷᠥᠯ  ᠵᠦᠢᠯ᠂ ᠡᠮᠴᠢᠯᠡᠭᠡᠨ ᠤ  ᠦᠢᠯᠡᠴᠢᠯᠡᠭᠡᠨ ᠤ ᠪᠡᠯᠡᠳᠬᠡᠮᠵᠢ ᠶᠢᠨ  ᠰᠦᠢᠳᠭᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠱᠠᠭᠠᠷᠳᠠᠯᠭ᠎ᠠ ᠶᠣᠰᠣᠭᠠᠷ᠂ ᠡᠮ ᠤᠨ  ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠮᠡᠷᠭᠡᠵᠢᠯ ᠤᠨ ᠠᠵᠤ ᠠᠬᠤᠶ ᠶᠢᠨ ᠴᠢᠨᠠᠷᠲᠠᠶ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠭᠤᠷᠪᠠ︶  ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠤᠪᠢ᠃ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠮᠠᠨ ᠤ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠬᠢᠭᠡᠳ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ  ᠪᠠᠶᠢᠭᠤᠯᠤᠨ  ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠴᠢᠬ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠵᠥᠪᠯᠡᠯᠴᠡᠭᠡᠷ ᠪᠣᠯᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ  ᠵᠣᠬᠢᠶᠠᠨ  ᠪᠠᠶᠢᠭᠤᠯᠤᠨ  ᠬᠡᠷᠡᠭᠵᠢᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ  ᠦᠢᠯᠡᠴᠢᠯᠡᠭᠡᠨ ᠤ  ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ  ᠭᠦᠢᠴᠡᠳᠭᠡᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ  ᠶᠣᠰᠤᠭᠠᠷ  ᠪᠠᠶᠢᠴᠠᠭᠠᠨ  ᠰᠢᠢᠳᠪᠦᠷᠢᠯᠡᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠳᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ  ᠵᠣᠬᠢᠶᠠᠨ  ᠪᠠᠶᠢᠭᠤᠯᠤᠨ  ᠠᠬᠢᠭᠤᠯᠤᠨ᠎ᠠ᠃    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠨ ᠠᠶᠢᠯ ᠬᠤᠲᠠ ᠶᠢᠨ ᠭᠤᠣᠯ  ᠤᠨ  ᠪᠠᠷᠠᠭᠤᠨᠳᠡᠬᠢ  ᠵᠡᠭᠡᠯᠢ  ᠭᠤᠳᠤᠮᠵᠢ  ᠶᠢᠨ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠨᠢᠭᠡᠳᠦᠭᠡᠷ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ ᠤᠨ 9001 ᠥᠷᠥᠭᠡ    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3216561    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠴᠢᠨ  ᠶᠢᠩ  ᠬᠦᠢ    ᠭᠤᠷᠪᠠ᠂ ᠬᠠᠷᠢᠶ᠎ᠠ ᠪᠠᠶᠢᠭᠤᠯᠤᠮᠵᠢ    ᠵᠠᠯᠠᠨ ᠠᠶᠢᠯ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ᠂ ᠳᠡᠳ᠋ ᠰᠠᠯᠠᠭᠠᠨ ᠤ ᠲᠠᠰ᠃    ︵ᠨᠢᠭᠡ︶ ᠭᠤᠣᠯ ᠡᠭᠦᠷᠭᠡ ᠬᠠᠷᠢᠭᠤᠴᠠᠯᠭ᠎ᠠ    1. ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠤᠯᠪᠣᠭᠳᠠᠯ ᠪᠥᠬᠦᠶ ᠦᠨᠳᠦᠰᠦᠨ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔    2. ᠪᠥᠬᠦ ᠬᠤᠲᠠ ᠶᠢᠨ ᠦᠨᠳᠦᠰᠦᠨ ᠡᠮᠴᠢᠯᠡᠭᠡ ᠪᠠ ᠦᠷᠡᠵᠢᠯ ᠤᠨ ᠳᠠᠭᠠᠳᠬᠠᠯ ᠤᠨ ᠰᠠᠭᠤᠷᠢ ᠲᠤᠭ᠎ᠠ ᠶᠢ ᠬᠢᠨᠠᠨ ᠲᠣᠭᠲᠠᠭᠠᠬᠤ᠂ ᠲᠤᠬᠠᠶᠢᠯᠠᠭᠰᠠᠨ ᠠᠵᠢᠯ ᠢ ᠭᠠᠷᠲᠠᠨ  ᠭᠦᠢᠴᠡᠳᠭᠡᠬᠦ᠂ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠪᠠ ᠬᠠᠷᠭᠤᠭᠤᠯᠤᠨ ᠪᠤᠳᠤᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ     3. ᠪᠥᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠣᠯᠭᠤᠬᠤ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠣᠭᠠᠴᠠᠭ᠎ᠠ ᠬᠢᠬᠦ ᠠᠵᠢᠯ ᠢ ᠨᠢᠭᠡᠳᠦᠯᠲᠡᠶ  ᠲᠦᠯᠦᠪᠯᠡᠨ᠎ᠡ︔    4. ᠪᠥᠬᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠪᠦᠷᠢᠳᠬᠡᠬᠦ᠂ ᠵᠠᠳᠠᠯᠬᠤ᠂ ᠬᠢᠨᠠᠨ ᠬᠡᠮᠵᠢᠬᠦ ᠵᠡᠷᠭᠡ ᠰᠠᠭᠤᠷᠢ ᠴᠢᠨᠠᠷᠲᠠᠶ ᠠᠵᠢᠯ ᠢ ᠡᠭᠦᠷᠭᠡᠯᠡᠨ᠎ᠡ︔    5. ᠪᠥᠬᠦ ᠬᠤᠲᠠ ᠶᠢᠨ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠪᠠ ᠡᠮ ᠤᠨ ᠳᠡᠯᠭᠡᠭᠦᠷ ᠤᠨ ᠵᠥᠪᠳᠡᠯᠴᠡᠨ ᠬᠠᠮᠢᠶᠠᠷᠬᠤ ᠠᠵᠢᠯ ᠢ ᠥᠷᠨᠢᠭᠦᠯᠦᠨ᠎ᠡ︔    6. ᠪᠥᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠳᠤ ᠬᠢᠨᠠᠯᠲᠠ ᠲᠠᠯᠪᠢᠬᠤ ᠪᠠ ᠲᠣᠭᠲᠠᠭᠠᠯ ᠠᠴᠠ ᠵᠥᠷᠢᠴᠡᠭᠰᠡᠨ  ᠵᠦᠢᠯᠡᠰ ᠢ  ᠰᠢᠢᠳᠪᠦᠷᠢᠯᠡᠬᠦ ᠶᠢ ᠬᠠᠮᠵᠢᠨ ᠥᠷᠨᠢᠭᠦᠯᠦᠨ᠎ᠡ︔    7. ᠡᠮ ᠡᠮᠨᠡᠯᠭᠡ ᠶᠢᠨ  ᠦᠢᠯᠡᠴᠢᠯᠡᠭᠡ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠬᠤᠳᠠᠯᠳᠤᠭᠠᠨ ᠤ ᠨᠥᠬᠦᠪᠥᠷᠢ ᠡᠮ ᠡᠮᠨᠡᠯᠭᠡ ᠶᠢᠨ ᠳᠠᠭᠠᠳᠬᠠᠯ ᠵᠡᠷᠭᠡ ᠶᠢ ᠥᠷᠨᠢᠭᠦᠯᠬᠦ ᠲᠠᠢ ᠬᠤᠯᠪᠣᠭᠳᠠᠨ᠎ᠠ︔    8. ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃      ︵ᠬᠤᠶᠠᠷ︶ ᠳᠣᠲᠣᠭᠠᠳᠤ ᠪᠠᠶᠢᠭᠤᠯᠤᠮᠵᠢ    1. ᠠᠯᠪᠠᠨ ᠬᠡᠷ᠃ ᠨᠢᠭᠡᠴᠢ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠬᠤᠷᠠᠯ ᠤᠨ ᠶᠠᠪᠤᠳᠠᠯ᠂  ᠺᠠᠲᠡᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠷᠤ ᠲᠠᠯ᠎ᠠ ᠶᠢᠨ  ᠦᠢᠯᠡᠴᠢᠯᠡᠭᠡᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    2.ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠠᠯᠪᠠᠨ ᠭᠡᠷ᠃ ᠪᠥᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠤᠰᠠᠯᠠᠮᠵᠢ ᠶᠢᠨ ᠰᠠᠭᠤᠷᠢ ᠮᠥᠩᠭᠦ ᠶᠢ ᠳᠡᠭᠡᠭᠰᠢ ᠲᠤᠰᠢᠶᠠᠬᠤ ᠪᠠ ᠳᠣᠷᠣᠭᠰᠢ ᠰᠠᠯᠭᠠᠨ ᠥᠭᠬᠦ ᠠᠵᠢᠯ ᠢ ᠬᠠᠷᠢᠭᠤᠴᠠᠨ᠎ᠠ︔ ᠪᠥᠬᠦ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ  ᠭᠦᠢᠴᠡᠳᠭᠡᠯ ᠤᠨ ᠣᠷᠣᠯᠭ᠎ᠠ ᠵᠠᠷᠤᠯᠭ᠎ᠠ ᠶᠢᠨ ᠲᠣᠭᠠᠴᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠶ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ᠂ ᠲᠣᠭᠲᠠᠭᠰᠠᠨ ᠡᠮ ᠡᠮᠨᠡᠯᠭᠡ ᠶᠢᠨ ᠳᠡᠯᠭᠡᠭᠦᠷ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠥᠭᠬᠦ ᠠᠵᠢᠯ ᠢ ᠡᠭᠦᠷᠭᠡᠯᠡᠨ᠎ᠡ︔ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ  ᠡᠳ᠋  ᠤᠨ  ᠶᠠᠪᠤᠳᠠᠯ  ᠤᠨ  ᠠᠵᠢᠯ  ᠢ  ᠡᠭᠦᠷᠭᠡᠯᠡᠨ᠎ᠡ᠃    3.ᠬᠤᠲᠠ ᠪᠠᠯᠭᠠᠰᠤ ᠶᠢᠨ ᠠᠵᠢᠯᠳᠠᠨ ᠠᠵᠢᠯᠴᠢᠨ ᠤ ᠵᠠᠷᠤᠳᠠᠯ ᠢ ᠬᠢᠨᠠᠨ ᠬᠠᠰᠤᠬᠤ ᠠᠯᠪᠠᠨ ᠭᠡᠷ᠃ ᠪᠥᠬᠦ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ᠂ ᠰᠠᠨᠠᠭᠠᠨ ᠳᠤ ᠥᠬᠡᠶ ᠭᠡᠮᠲᠦᠯ᠂ ᠡᠭᠦᠳᠡᠨ ᠡᠮᠨᠡᠯᠭᠡ ᠵᠢᠴᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠵᠡᠷᠭᠡ ᠵᠠᠷᠤᠳᠠᠯ ᠢ ᠬᠠᠷᠭᠤᠭᠤᠯᠤᠨ ᠲᠠᠶᠢᠯᠬᠤ ᠵᠢᠴᠢ ᠫᠢᠶᠣᠣ ᠪᠠᠷᠢᠮᠲᠠ ᠶᠢ ᠬᠢᠨᠠᠨ ᠬᠠᠷᠭᠤᠭᠤᠯᠬᠤ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠭᠡᠬᠦ ᠠᠵᠢᠯ ᠢ ᠡᠭᠦᠷᠭᠡᠯᠡᠨ᠎ᠡ︔ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠣᠨᠳᠣᠤ ᠭᠠᠵᠠᠷ ᠲᠤ ᠡᠮᠨᠡᠭᠦᠯᠦᠭᠰᠡᠨ ᠬᠥᠮᠦᠰ ᠢ ᠳᠠᠩᠰᠠᠯᠠᠬᠤ ᠠᠵᠢᠯ ᠢ ᠬᠠᠷᠢᠭᠤᠴᠠᠨ᠎ᠠ᠃     4. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠠᠷᠤᠳᠠᠯ ᠢ ᠬᠠᠷᠭᠤᠭᠤᠯᠤᠨ ᠲᠠᠩᠰᠠᠨ ᠠᠴᠠ ᠭᠠᠷᠭᠠᠬᠤ ᠠᠯᠪᠠᠨ ᠬᠡᠷ᠃ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠡᠭᠦᠳᠡᠨ ᠡᠮᠨᠡᠯᠭᠡ ᠵᠢᠴᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠵᠡᠷᠭᠡ ᠶᠢᠨ ᠵᠠᠷᠤᠳᠠᠯ ᠢ ᠬᠠᠷᠭᠤᠭᠤᠯᠤᠨ ᠲᠠᠶᠢᠯᠬᠤ ᠵᠢᠴᠢ ᠫᠢᠶᠣᠣ ᠪᠠᠷᠢᠮᠲᠠ ᠶᠢ ᠬᠢᠨᠠᠨ ᠬᠠᠷᠭᠤᠭᠤᠯᠬᠤ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠭᠡᠬᠦ ᠠᠵᠢᠯ ᠢ ᠡᠭᠦᠷᠭᠡᠯᠡᠨ᠎ᠡ︔ ᠪᠦᠬᠦ ᠬᠤᠲᠠ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠭᠠᠷᠳᠠᠨ ᠬᠢᠬᠦ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢ ᠬᠠᠮᠵᠢᠨ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠪᠠ ᠬᠤᠳᠠᠯᠳᠤᠭᠠᠨ ᠤ ᠨᠥᠬᠦᠪᠥᠷᠢ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠥᠬᠦᠶ ᠠᠵᠢᠯ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠨᠳᠣᠤ ᠭᠠᠵᠠᠷ ᠲᠤ ᠡᠮᠴᠢᠯᠡᠭᠦᠯᠦᠭᠰᠡᠨ ᠬᠥᠮᠦᠰ ᠢ ᠳᠠᠩᠰᠠᠯᠠᠬᠤ ᠠᠵᠢᠯ ᠢ ᠬᠠᠷᠢᠭᠤᠴᠠᠨ᠎ᠠ᠃     5. ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠠᠯᠪᠠᠨ ᠭᠡᠷ᠃ ᠪᠥᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠲᠤᠰᠢᠶᠠᠬᠤ ᠠᠵᠢᠯ ᠢ ᠡᠭᠦᠷᠭᠡᠯᠡᠵᠦ᠂ ᠰᠠᠶ᠋ᠢ ᠲᠥᠷᠥᠭᠰᠡᠨ ᠬᠡᠤᠬᠡᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠪᠦᠷᠢᠳᠬᠡᠨ ᠳᠠᠩᠰᠠᠯᠠᠬᠤ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠳᠠᠭᠠᠳᠬᠠᠯ   ᠳᠤ ᠣᠷᠣᠯᠴᠠᠭᠰᠠᠳ  ᠤᠨ ᠨᠡᠶᠢᠭᠡᠮ   ᠤᠨ ᠪᠠᠲᠤᠯᠠᠭ᠎ᠠ ᠶᠢᠨ ᠺᠠᠷᠲ   ᠤᠨ ᠮᠡᠳᠡᠭᠡ ᠵᠠᠩᠭᠢ ᠶᠢ ᠬᠠᠮᠠᠭᠠᠯᠠᠬᠤ ᠠᠵᠢᠯ   ᠢ ᠬᠠᠷᠢᠭᠤᠴᠠᠨ᠎ᠠ᠃    6. ᠳᠣᠲᠣᠭᠠᠳᠤ ᠡᠵᠡᠮᠳᠡᠯ ᠤᠨ ᠲᠤᠯᠭᠠᠨ ᠪᠤᠳᠤᠬᠤ ᠠᠯᠪᠠᠨ ᠬᠡᠷ᠃ ︽ᠬᠤᠶᠠᠷ ᠢ ᠲᠣᠭᠲᠠᠭᠠᠬᠤ︾ ᠪᠠᠶᠢᠭᠤᠯᠤᠮᠵᠢ ᠶᠢᠨ ᠵᠥᠪᠳᠡᠯᠴᠡᠬᠡᠷ ᠲᠤ ᠭᠠᠷ ᠤᠨ ᠥᠰᠥᠭ ᠵᠢᠷᠤᠬᠤ ᠪᠠ ᠬᠡᠷᠡᠭᠵᠢᠭᠦᠯᠬᠦ᠂ ᠬᠤᠳᠠᠯᠳᠤᠭᠠᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠠᠷᠭᠤᠭᠤᠯᠤᠨ ᠪᠠᠶᠢᠴᠠᠭᠠᠬᠤ ᠪᠠ ᠲᠣᠭᠲᠠᠭᠠᠯ ᠠᠴᠠ ᠵᠥᠷᠢᠴᠡᠭᠰᠡᠨ ᠵᠦᠶ᠋ᠯᠡᠰ ᠢ ᠰᠢᠶ᠋ᠳᠪᠦᠷᠢᠯᠡᠬᠦ ᠵᠡᠷᠭᠡ ᠬᠠᠮᠢᠶ᠎ᠠ ᠪᠥᠬᠦᠶ ᠠᠵᠢᠯ ᠢ ᠬᠠᠮᠵᠢᠨ ᠥᠷᠨᠢᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠪᠠᠶᠢᠴᠠᠭᠠᠨ ᠰᠢᠶ᠋ᠳᠪᠦᠷᠢᠯᠡᠬᠦ ᠪᠠ ᠭᠠᠷᠲᠠᠨ ᠭᠦᠶ᠋ᠴᠡᠳᠬᠡᠬᠦ ᠲᠤᠬᠠᠶᠢᠯᠠᠭᠰᠠᠨ ᠠᠵᠢᠯ ᠤᠨ ᠬᠠᠷᠭᠤᠭᠤᠯᠤᠨ ᠪᠤᠳᠤᠵᠤ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔ ᠣᠨᠳᠣᠤ ᠭᠠᠵᠠᠷ ᠠᠯᠤᠰᠯᠠᠨ ᠳ᠋ᠦᠩᠨᠡᠨ ᠪᠤᠳᠤᠵᠤ ᠲᠠᠩᠰᠠ ᠬᠠᠷᠭᠤᠭᠤᠯᠬᠤ ᠠᠵᠢᠯ ᠢ ᠡᠭᠦᠷᠭᠡᠯᠡᠨ᠎ᠡ︔ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠠᠢ ᠬᠠᠮᠵᠢᠯᠴᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠦᠷᠨᠢᠭᠦᠯᠦᠨ᠎ᠡ᠃     7. ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠠᠯᠪᠠᠨ ᠬᠡᠷ᠃ ᠡᠮ ᠡᠮᠨᠡᠯᠭᠡ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠪᠠ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ︔ ᠡᠮ ᠤᠨ  ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠭᠦᠷᠭᠡᠯᠡᠵᠦ᠂ ᠡᠮ ᠤᠨ  ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠪᠠ ᠡᠳᠦᠷ ᠲᠤᠲᠤᠮ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠪᠠᠲᠤᠯᠠᠨ᠎ᠠ᠃ ᠪᠥᠬᠦ ᠬᠤᠲᠠ ᠶᠢᠨ ᠡᠮ ᠤᠨ  ᠵᠦᠢᠯ ᠪᠠ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠪᠠᠶᠢᠴᠠᠭᠠᠨ ᠰᠤᠳᠤᠯᠬᠤ ᠪᠠ ᠪᠦᠷᠢᠳᠬᠡᠬᠦ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠡᠭᠦᠷᠭᠡᠯᠡᠨ᠎ᠡ︔ ᠪᠥᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠤᠨ ᠲᠤᠭ᠎ᠠ ᠪᠠᠷᠢᠮᠲᠠ ᠶᠢ ᠪᠦᠷᠢᠳᠬᠡᠬᠦ᠂ ᠵᠠᠳᠠᠯᠬᠤ᠂ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ︔ ᠪᠥᠬᠦ ᠬᠤᠲᠠ ᠶᠢᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠰᠦᠯᠵᠢᠶᠡᠨ ᠤ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠠᠵᠢᠯ ᠢ ᠡᠭᠦᠷᠭᠡᠯᠡᠨ᠎ᠡ᠃     ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠨ ᠠᠶᠢᠯ ᠬᠤᠲᠠ ᠶᠢᠨ ᠲᠥᠪ‌ᠵᠡᠭᠡᠯᠢ  ᠶᠢᠨ ᠬᠤᠶᠢᠲᠤ ᠵᠠᠮ ᠤᠨ ᠠᠷᠠᠳ ᠤᠨ ᠠᠮᠢᠳᠤᠷᠠᠯ ᠤᠨ ᠲᠣᠮᠣ ᠠᠰᠠᠷ ᠤᠨ ᠲᠠᠪᠤᠳᠤᠭᠠᠷ ᠠᠰᠠᠷ ᠤᠨ 5006 ᠥᠷᠥᠭᠡ    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3217967    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠬᠠᠨ ᠼᠦᠢ ᠯᠢᠩ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ