ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠲᠣᠭᠲᠠᠭᠠᠯ
ᠨᠡᠶᠢᠲᠡᠯᠡᠭᠰᠡᠨ ᠴᠠᠭ᠄
2023/10/23
    ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠮᠠᠨ ᠤ ᠬᠤᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠦᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠲᠠ ᠶᠢᠨ ᠠᠴᠢᠶᠠᠯᠠᠬᠤ ᠴᠢᠳᠠᠮᠵᠢ ᠪᠠ‌ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠵᠣᠬᠢᠴᠠᠩᠭᠤᠶ ᠪᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠪᠦᠬᠦ ᠬᠤᠲᠠ ᠳᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠬᠦ ᠪᠠᠷ ᠲᠣᠭᠲᠠᠪᠠ᠃    ᠨᠢᠭᠡ᠂ ᠴᠢᠬᠤᠯᠠ ᠠᠴᠢ ᠬᠤᠯᠪᠣᠭᠳᠠᠯ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ︾ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠤᠨ ︽ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠶᠢ ᠡᠭᠦᠳᠦᠨ ᠪᠠᠶᠢᠭᠤᠯᠬᠤ ᠶᠠᠪᠤᠳᠠᠯ ᠢ ᠠᠵᠤ ᠠᠬᠤᠶ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠠ ᠬᠦᠴᠦᠲᠡᠶ ᠭᠠᠷᠳᠠᠴᠠ ᠪᠣᠯᠭᠠᠵᠤ᠂ ᠠᠷᠠᠳ ᠲᠤ ᠠᠰᠢᠭ ᠬᠦᠷᠲᠡᠭᠡᠬᠦ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠭᠰᠠᠨ ᠤ ᠬᠤᠪᠢ ᠳᠤ᠂ ᠡᠶ᠎ᠡ ᠵᠣᠬᠢᠴᠠᠯ ᠲᠠᠢ ᠵᠠᠯᠠᠨ ᠠᠶᠢᠯ ᠢ ᠪᠠᠶᠢᠭᠤᠯᠬᠤ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠵᠢᠯ ᠦᠢᠯᠡᠰ ᠲᠤ ᠲᠣᠬᠢᠷᠠᠮᠵᠢᠲᠠᠶ᠂ ᠵᠤᠭᠠᠴᠠᠬᠤ ᠳᠤ ᠲᠣᠬᠢᠷᠠᠮᠵᠢᠲᠠᠶ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠬᠤ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ᠂ ᠡᠷᠡᠭᠦᠯ ᠡᠩᠬᠡ ᠵᠠᠯᠠᠨ ᠠᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠬᠤᠶᠠᠷ᠂ ᠭᠤᠣᠯᠳᠠᠯᠭ᠎ᠠ ᠲᠠᠢ ᠠᠵᠢᠯ        ︵ᠨᠢᠭᠡ︶ ᠡᠷᠡᠭᠦᠯ ᠮᠡᠨᠳᠦ ᠶᠢᠨ ᠬᠥᠮᠦᠵᠢᠯ ᠢ ᠪᠥᠬᠦ ᠲᠠᠯ᠎ᠠ ᠪᠠᠷ ᠲᠦᠭᠡᠮᠡᠯᠵᠢᠭᠦᠯᠦᠨ᠎ᠡ᠃ ᠡᠷᠡᠭᠦᠯ ᠮᠡᠨᠳᠦ ᠶᠢ ᠠᠬᠢᠭᠤᠯᠬᠤ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠡᠷᠡᠭᠦᠯ ᠡᠩᠬᠡ ᠨᠡᠶᠢᠭᠡᠮ ᠲᠣᠭᠤᠷᠢᠭ ᠪᠠ ᠡᠷᠡᠭᠦᠯ ᠡᠩᠬᠡ ᠭᠡᠷ ᠪᠦᠯᠢ ᠵᠡᠷᠭᠡ ᠶᠢ ᠡᠭᠦᠳᠦᠨ ᠪᠠᠶᠢᠭᠤᠯᠬᠤ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠳᠤᠮᠳᠠᠳᠤ ᠤᠯᠤᠰ ᠤᠨ ᠠᠶᠠᠯᠠᠯ᠂ ᠣᠷᠤᠭ ᠦᠷᠡᠵᠢᠯ ᠤᠨ ᠰᠢᠨ᠎ᠡ ᠰᠤᠷᠲᠠᠯ ᠢ ᠲᠦᠮᠡᠨ ᠡᠷᠦᠬᠡ ᠳᠤ ᠬᠦᠷᠭᠡᠬᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ︽ᠲᠠᠪᠤ ᠶᠢ ᠠᠬᠢᠭᠤᠯᠬᠤ︾ ᠪᠠ ︽ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ — ᠦᠨᠳᠦᠰᠦᠨ ᠮᠡᠳᠡᠯᠭᠡ ᠪᠠ ᠮᠡᠷᠭᠡᠵᠢᠯ ᠴᠢᠳᠠᠪᠤᠷᠢ︾ 66 ᠵᠤᠷᠪᠤᠰ ᠢᠶᠠᠷ ᠭᠤᠤᠯ ᠠᠭᠤᠯᠭ᠎ᠠ ᠪᠣᠯᠭᠠᠭᠰᠠᠨ ᠡᠷᠡᠭᠦᠯ ᠮᠡᠨᠳᠦ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠦᠨᠳᠦᠰᠦᠨ ᠮᠡᠳᠡᠯᠭᠡ ᠪᠠ ᠮᠡᠷᠭᠡᠵᠢᠯ ᠴᠢᠳᠠᠪᠤᠷᠢ ᠶᠢ ᠲᠦᠭᠡᠮᠡᠯᠵᠢᠭᠦᠯᠦᠨ᠎ᠡ᠃ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ  ᠦᠷᠭᠡᠨ  ᠢᠶᠠᠷ ᠦᠷᠨᠢᠭᠦᠯᠦᠨ᠎ᠡ᠃  ᠳᠠᠮᠠᠬᠢᠨ ᠤ ᠵᠠᠷ ᠭᠠᠷᠭᠠᠬᠤ ᠶᠢ ᠴᠠᠭᠠᠵᠠᠯᠠᠵᠤ᠂ ᠲᠠᠮᠠᠬᠢ ᠴᠠᠭᠠᠵᠠᠯᠠᠬᠤ᠂ ᠲᠠᠮᠠᠬᠢ ᠬᠢᠵᠠᠭᠠᠷᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃     ︵ᠬᠤᠶᠠᠷ︶ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠷᠠᠭᠤᠯᠤᠨ᠎ᠠ᠃ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠪᠠ ᠠᠮᠤᠷ ᠲᠦᠪᠰᠢᠨ ᠢ ᠭᠤᠣᠯᠳᠠᠯᠭ᠎ᠠ ᠲᠠᠢ ᠪᠠᠷ ᠰᠠᠶᠢᠲᠤᠷ ᠵᠠᠰᠠᠨ᠎ᠠ᠃ ᠪᠠᠶᠢᠭᠤᠯᠤᠭᠰᠠᠨ ᠲᠣᠭᠤᠷᠢᠭ ᠤᠨ ᠭᠤᠣᠯ ᠳᠡᠳ᠋ ᠵᠠᠮ᠂ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠣᠭᠤᠷᠢᠭ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠮᠠᠰᠢᠨ ᠲᠡᠷᠭᠡᠨ ᠤ ᠦᠷᠳᠡᠭᠡ᠂ ᠭᠠᠯᠲᠤ ᠲᠡᠷᠭᠡᠨ ᠤ ᠦᠷᠳᠡᠭᠡ᠂ ᠬᠤᠳᠠ ᠶᠢᠨ ᠳᠣᠲᠣᠷᠠᠬᠢ ᠲᠣᠰᠬᠤᠨ᠂ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ︽ᠪᠤᠵᠠᠷ᠂ ᠡᠮᠬᠢ ᠵᠠᠮᠪᠠᠷᠠᠭ᠎ᠠ ᠦᠭᠡᠢ᠂ ᠪᠠᠷᠤᠭᠲᠠᠶ︾ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠵᠦ᠂ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠ ᠶᠢᠨ ᠴᠡᠪᠡᠷ ᠲᠡᠭᠰᠢ ᠳᠦᠷᠰᠦ ᠪᠠᠶᠢᠳᠠᠯ ᠢ ᠪᠠᠲᠤᠯᠠᠬᠤ ᠬᠡᠷᠡᠭᠲᠡᠶ︔ ᠰᠢᠭᠠᠷᠤ ᠶᠢ ᠵᠥᠭᠡᠭᠡᠪᠦᠷᠢᠯᠡᠬᠦ ᠬᠠᠮᠢᠶᠠᠷᠤᠯᠲᠠ ᠶᠢ ᠰᠠᠶᠢᠲᠤᠷ ᠠᠳᠬᠤᠵᠤ᠂ ᠰᠢᠭᠠᠷᠤ ᠶᠢ ᠭᠤᠭᠤᠵᠢᠭᠤᠯᠬᠤ ᠠᠴᠠ ᠰᠡᠷᠭᠡᠶᠢᠯᠡᠬᠦ ᠬᠡᠷᠡᠭᠲᠡᠢ︔ ᠵᠡᠭᠡᠯᠢ ᠳᠠᠭᠠᠤ ᠳᠡᠯᠭᠡᠭᠦᠷ᠂ ᠵᠠᠮ ᠡᠵᠡᠯᠡᠨ ᠡᠵᠡᠩᠨᠡᠬᠦ᠂ ᠰᠥᠨᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠵᠡᠭᠡᠯᠢ ᠠᠷᠤ ᠶᠢᠨ ᠵᠢᠵᠢᠭ ᠭᠤᠳᠤᠮᠵᠢ ᠶᠢᠨ ᠡᠮᠬᠢ ᠳᠢᠭᠯᠢᠮ ᠢ ᠵᠢᠷᠤᠮᠵᠢᠭᠤᠯᠤᠨ᠎ᠠ︔ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢ ᠪᠤᠰᠤ ᠪᠠᠷ ᠡᠵᠡᠩᠨᠡᠬᠦ᠂ ᠦᠨᠡᠮᠯᠡᠯ ᠥᠬᠡᠶ ᠪᠠᠷ ᠵᠢᠯᠣᠭᠤᠳᠬᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠦᠰᠢᠬᠦ᠂ ᠳᠤᠷ᠎ᠠ ᠪᠠᠷ ᠢᠶᠠᠨ ᠰᠢᠯᠵᠢᠭᠦᠯᠬᠦ ᠪᠠ ᠬᠥᠮᠦᠨ ᠬᠠᠷ᠎ᠠ ᠳᠤᠷ᠎ᠠ ᠪᠠᠷ ᠢᠶᠠᠨ ᠶᠠᠪᠤᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠬᠤᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠬᠤ ᠬᠡᠷᠡᠭᠲᠡᠶ︔ ᠠᠷᠢᠭᠤᠨ ᠴᠡᠪᠡᠷ ᠤᠨ ᠢᠨᠵᠧᠨᠧᠷᠢᠩ᠂ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂ ᠨᠣᠭᠤᠭᠠᠷᠠᠭᠤᠯᠬᠤ ᠢᠨᠵᠧᠨᠧᠷᠢᠩ ᠪᠠ ᠭᠡᠷᠡᠯᠲᠦᠭᠦᠯᠭᠡ ᠶᠢᠨ ᠢᠨᠵᠧᠨᠧᠷᠢᠩ ᠢ ᠬᠦᠴᠦᠲᠡᠶ ᠲᠦᠯᠬᠢᠨ ᠠᠬᠢᠭᠤᠯᠵᠤ᠂ ᠬᠤᠳᠠ ᠶᠢᠨ ᠵᠠᠮ᠂ ᠤᠰᠤ ᠬᠠᠩᠭᠠᠬᠤ ᠤᠰᠤ ᠵᠠᠯᠠᠬᠤ᠂ ᠪᠣᠬᠢᠷ ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠢᠳᠪᠦᠷᠢᠯᠡᠬᠦ ᠂ ᠴᠡᠴᠡᠷᠯᠢᠭ ᠤᠨ ᠨᠣᠭᠤᠭᠠᠷᠠᠭᠤᠯᠤᠯᠲᠠ ᠪᠠ ᠣᠷᠴᠢᠨ ᠠᠬᠤᠶ ᠶᠢᠨ ᠡᠷᠡᠭᠦᠯ ᠬᠠᠮᠠᠭᠠᠯᠠᠯ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ  ‍ᠤᠳ‌ᠨᠢᠭᠲᠠ ᠬᠠᠮᠵᠢᠯᠴᠠᠨ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ  ᠤᠨ ᠲᠥᠰᠦᠯ ᠲᠣᠭᠲᠠᠭᠠᠨ᠂ ᠡᠯ᠎ᠡ ᠵᠦᠢᠯ ᠤᠨ ᠬᠠᠮᠢᠶᠠᠷᠤᠯᠲᠠ ᠶᠢᠨ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠬᠠᠷᠢᠭᠤᠴᠠᠯᠭ᠎ᠠ ᠶᠢ ᠳᠦᠷᠢᠮᠵᠢᠭᠦᠯᠦᠭᠰᠡᠨ᠂ ᠬᠠᠮᠢᠶᠠᠷᠤᠯᠲᠠ ᠶᠢ ᠵᠢᠷᠤᠮᠵᠢᠭᠤᠯᠤᠭᠰᠠᠨ᠂ ᠠᠵᠢᠯ  ᠢ ᠪᠠᠶᠢᠩᠭᠤᠵᠢᠭᠤᠯᠤᠭᠰᠠᠨ ᠤᠷᠳᠤ ᠬᠤᠭᠤᠴᠠᠭᠠᠨ  ᠤ ᠦᠷ᠎ᠡ ᠪᠦᠲᠦᠮᠵᠢᠲᠡᠶ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃     ︵ᠭᠤᠷᠪᠠ︶ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠎ᠠ᠃ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠬᠤᠳᠠ ᠶᠢᠨ ᠲᠣᠭᠤᠷᠢᠭ ᠤᠨ ᠠᠭᠠᠷ ᠮᠠᠨᠳᠠᠯ ᠤᠨ ᠪᠣᠬᠢᠷᠲᠤᠯ᠂ ᠱᠤᠤᠭᠢᠶᠠᠨ ᠤ ᠪᠣᠬᠢᠷᠲᠤᠯ᠂ ᠤᠰᠤᠨ ᠤ ᠴᠢᠨᠠᠷ ᠤᠨ ᠪᠣᠬᠢᠷᠲᠤᠯ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠳᠠ ᠶᠢᠨ ᠣᠷᠴᠢᠨ ᠠᠬᠤᠶ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠬᠦᠨᠳᠦ ᠶᠡᠭᠡ ᠪᠣᠬᠢᠷᠲᠤᠯ ᠤᠨ ᠡ᠊ᠨᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠬᠤᠲᠠ ᠶᠢᠨ ᠲᠣᠭᠤᠷᠢᠭ ᠤᠨ ᠤᠰᠤ᠂ ᠬᠡᠶ᠂ ᠰᠢᠭᠠᠷᠤ᠂ ᠲᠠᠭᠤᠨ ᠢ ᠬᠢᠨᠠᠨ ᠬᠡᠮᠵᠢᠵᠦ ᠵᠠᠰᠠᠬᠤ ᠶᠢ ᠬᠡᠷᠡᠭᠵᠢᠭᠦᠯᠵᠦ᠂ ᠵᠡᠭᠡᠯᠢ ᠳᠠᠭᠠᠤ ᠶᠢᠨ ᠳᠡᠯᠭᠡᠭᠡ ᠮᠠᠶᠢᠮᠠᠶ᠂ ᠰᠢᠷᠠᠵᠤ ᠰᠢᠷᠠᠬᠤ ᠡᠵᠡᠩᠨᠡᠯᠲᠡ ᠶᠢᠨ ᠡᠷᠦᠬᠡ ᠶᠢᠨ ᠤᠲᠤᠭᠠᠲᠤ ᠨᠡᠭᠦᠷᠡᠰᠦ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ︽ᠭᠤᠷᠪᠠᠨ ᠬᠠᠶᠠᠭᠳᠠᠮᠠᠯ︾ ᠤᠨ ᠭᠠᠳᠠᠭᠰᠢᠯᠠᠭᠤᠯᠤᠯᠲᠠ ᠪᠠ ᠠᠭᠠᠷ ᠮᠠᠨᠳᠠᠯ᠂ ᠤᠰᠤ᠂ ᠲᠠᠭᠤ ᠱᠤᠤᠭᠢᠶᠠᠨ ᠤ ᠪᠣᠬᠢᠷᠲᠤᠯ ᠢ ᠬᠢᠵᠠᠭᠠᠷᠯᠠᠨ᠎ᠠ᠃     ︵ᠳᠥᠷᠪᠡ︶ ᠢᠳᠡᠭᠡᠨ ᠪᠠ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ ᠴᠢᠩᠭᠠᠳᠬᠠᠨ᠎ᠠ᠃ ᠡᠯ᠎ᠡ ᠵᠦᠢᠯ ᠤᠨ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠢᠳᠡᠭᠡᠨ ᠤ ᠭᠡᠷᠡᠴᠢ ᠠᠪᠬᠤ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠤᠲᠠ ᠶᠢᠨ ᠲᠣᠭᠤᠷᠢᠭ ᠤᠨ ᠢᠳᠡᠭᠡᠨ ᠤᠮᠳᠠᠭᠠᠨ ᠤ ᠦᠢᠯᠡᠰ ᠲᠤ ᠱᠠᠲᠤ ᠬᠤᠪᠢᠶᠠᠨ ᠬᠡᠮᠵᠢᠶᠡᠵᠢᠭᠦᠯᠦᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠤᠤᠭᠤᠬᠤ ᠤᠰᠤ ᠶᠢ ᠬᠢᠨᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ︔ ᠮᠠᠯ ᠨᠢᠲᠤᠯᠬᠤ ᠨᠢ ᠡᠷᠡᠭᠦᠯ ᠬᠠᠮᠠᠭᠠᠯᠠᠯ ᠵᠢᠴᠢ ᠠᠮᠢᠲᠠᠨ ᠤ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠵᠦ᠂ ᠬᠢᠵᠢᠭ ᠪᠠᠶᠢᠴᠠᠭᠠᠬᠤ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃    ︵ᠲᠠᠪᠤ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠡᠮᠴᠢᠯᠡᠭᠡᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠪᠡᠳᠴᠢᠨ  ᠡᠮᠭᠡᠭ ᠢ ᠤᠷᠢᠳᠴᠢᠯᠠᠨ ᠰᠡᠷᠭᠡᠶᠢᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠠᠪᠤᠷᠠᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠲᠠᠪᠤᠨ ᠵᠢᠵᠢᠭ︾ ᠲᠠᠯᠠᠪᠤᠷ ᠤᠨ ᠣᠷᠴᠢᠨ ᠲᠣᠭᠤᠷᠢᠨ ᠤ ᠴᠡᠪᠡᠷ ᠲᠡᠭᠰᠢ᠂ ᠠᠷᠢᠭᠤᠨ ᠴᠡᠪᠡᠷ ᠤᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠡᠮᠴᠢᠯᠡᠭᠡᠨ ᠤ ᠬᠤᠭ ᠨᠣᠪᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠬᠤᠪᠢᠶᠠᠨ ᠴᠤᠭᠯᠠᠭᠤᠯᠵᠤ᠂ ᠲᠥᠪᠯᠡᠷᠡᠭᠦᠯᠦᠨ ᠰᠢᠢᠳᠪᠦᠷᠢᠯᠡᠬᠦ ᠶᠢ ᠬᠡᠷᠡᠭᠵᠢᠭᠦᠯᠦᠨ᠎ᠡ ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠦ᠋ᠬᠡ᠂ ᠬᠥᠬᠡᠭᠴᠢᠨ ᠲᠦ᠋ᠷᠦᠯ ᠤᠨ ᠬᠠᠯᠳᠠᠪᠤᠷᠢᠲᠤ ᠡᠪᠡᠳᠴᠢᠨ ᠤ ᠡᠭᠦᠰᠬᠦ ᠪᠠ ᠳᠡᠯᠭᠡᠷᠡᠬᠦ ᠶᠢ ᠪᠠᠭᠠᠰᠬᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠬᠤᠬᠢᠷᠠᠯ ᠢ ᠴᠢᠷᠮᠠᠶᠢᠨ ᠪᠠᠭᠠᠰᠬᠠᠨ᠎ᠠ᠃ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠨᠣᠴᠢᠲᠠᠶ ᠣᠶᠣᠨ ᠮᠡᠳᠡᠷᠡᠯ ᠤᠨ ᠰᠠᠭᠠᠳ ᠢ ᠠᠪᠤᠷᠠᠨ ᠵᠠᠰᠠᠬᠤ ᠬᠠᠮᠢᠶᠠᠷᠤᠯᠲᠠ ᠶᠢᠨ ᠠᠵᠢᠯ ᠤᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠰᠢᠶᠠᠩ ᠪᠠᠯᠭᠠᠰᠤ ᠵᠡᠭᠡᠯᠢ᠂ ᠵᠠᠮ ᠢᠶᠠᠷ ᠨᠢᠭᠡᠴᠢ ᠪᠣᠯᠭᠠᠵᠤ᠂ ᠰᠤᠷᠬᠤ ᠨᠠᠰᠤᠨ ᠤ ᠬᠡᠤᠬᠡᠳ ᠤᠨ ᠴᠠᠷᠤᠯᠲᠠ ᠶᠢᠨ ᠲᠥᠯᠥᠪᠵᠢᠭᠦᠯᠭᠡ ᠶᠢᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠨᠣᠷᠮ᠎ᠠ ᠶᠢ 100% ᠳᠤ ᠬᠦᠷᠦᠭᠦᠯᠦᠨ᠎ᠡ᠃ ᠬᠠᠤᠯᠢ ᠪᠤᠰᠤ ᠪᠠᠷ ᠡᠮᠴᠢᠯᠡᠬᠦ᠂ ᠬᠠᠤᠯᠢ ᠪᠤᠰᠤ ᠪᠠᠷ ᠴᠢᠰᠤ ᠠᠪᠬᠤ ᠬᠠᠩᠭᠠᠬᠤ ᠪᠠ ᠬᠠᠤᠯᠢ ᠪᠤᠰᠤ ᠪᠠᠷ ᠡᠮᠴᠢᠯᠡᠬᠦ ᠵᠠᠷ ᠭᠠᠷᠭᠠᠬᠤ ᠶᠢ ᠲᠠᠰᠤ ᠵᠣᠭᠰᠣᠭᠠᠬᠤ ᠬᠡᠷᠡᠭᠲᠡᠶ᠃    ︵ᠵᠢᠷᠭᠤᠭ᠎ᠠ︶ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ᠃ ᠡᠪᠡᠳᠴᠢᠨ ᠤ ᠵᠠᠭᠤᠴᠢ ᠶᠢ ᠰᠡᠷᠭᠡᠶᠢᠯᠡᠨ ᠵᠠᠰᠠᠬᠤ ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠡᠪᠡᠳᠴᠢᠨ ᠤ ᠵᠠᠭᠤᠴᠢ ᠶᠢᠨ ᠠᠮᠢᠳᠤ ᠪᠣᠳᠠᠰ ᠢ ᠬᠢᠨᠠᠨ ᠬᠡᠮᠵᠢᠬᠦ ᠬᠠᠮᠢᠶ᠎ᠠ ᠪᠥᠬᠦᠶ ᠠᠵᠢᠯ ᠢ ᠵᠢᠷᠤᠮᠵᠢᠭᠤᠯᠤᠨ ᠥᠷᠨᠢᠭᠦᠯᠵᠦ᠂ ᠪᠠᠶᠢᠭᠤᠯᠤᠭᠰᠠᠨ ᠣᠷᠣᠨ ᠤ ᠬᠤᠯᠤᠭᠠᠨ᠎ᠠ᠂ ᠪᠠᠲᠠᠭᠠᠨ᠎ᠠ᠂ ᠢᠯᠠᠭ᠎ᠠ᠂ ᠵᠣᠤᠮ᠎ᠠ ᠶᠢᠨ ᠨᠢᠭᠲᠠᠴᠠ ᠶᠢ ᠤᠯᠤᠰ ᠤᠨ ᠡᠪᠡᠳᠴᠢᠨ ᠤ ᠵᠠᠭᠤᠴᠢ ᠶᠢᠨ ᠠᠮᠢᠳᠤ ᠪᠣᠳᠠᠰ ᠤᠨ ᠨᠢᠭᠲᠠᠴᠠ ᠶᠢ ᠡᠵᠡᠮᠳᠡᠬᠦ ᠬᠢᠷᠢ ᠬᠡᠮᠵᠢᠶ᠎ᠡ ᠶᠢᠨ ᠪᠠᠷᠢᠮᠵᠢᠶ᠎ᠠ ᠶᠢᠨ C ᠲᠠᠰ ᠤᠨ ᠱᠠᠭᠠᠷᠳᠠᠯᠭ᠎ᠠ ᠳᠤ ᠬᠦᠷᠦᠭᠦᠯᠦᠨ᠎ᠡ᠃      ︵ᠳᠣᠯᠤᠭ᠎ᠠ︶ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠤᠨ ᠡᠮᠬᠢᠯᠡᠬᠦ ᠶᠢ ᠵᠢᠷᠤᠮᠵᠢᠭᠤᠯᠤᠨ᠎ᠠ᠃ ᠲᠠᠩᠰᠠ ᠡᠪᠬᠡᠮᠡᠯ ᠤᠨ ᠮᠠᠲ᠋ᠧᠷᠢᠶᠠᠯ ᠪᠣᠯ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠤᠰᠬᠠᠵᠤ᠂ ᠪᠠᠶᠢᠴᠠᠭᠠᠯᠲᠠ ᠶᠢ ᠬᠦᠯᠢᠶᠡᠬᠦ ᠶᠢᠨ ᠴᠢᠬᠤᠯᠠ ᠦᠨᠳᠦᠰᠦᠯᠡᠯ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠲᠠᠩᠰᠠ ᠡᠪᠬᠡᠮᠡᠯ ᠤᠨ ᠮᠠᠲ᠋ᠧᠷᠢᠶᠠᠯ ᠢ ᠵᠢᠷᠤᠮᠵᠢᠭᠤᠯᠤᠨ ᠡᠮᠬᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠵᠤ᠂ ᠬᠤᠷᠢᠶᠠᠩᠭᠤᠶᠢᠯᠠᠬᠤ ᠪᠠ ᠡᠮᠬᠢᠯᠡᠬᠦ ᠬᠡᠷᠡᠭᠲᠡᠶ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠎ᠠ᠃ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠲᠤᠰᠬᠠᠶ ᠠᠬᠢᠭᠤᠯᠬᠤ ᠳᠤᠭᠤᠶᠢᠯᠠᠩ ᠪᠠᠶᠢᠭᠤᠯᠵᠤ᠂ ᠲᠤᠰᠬᠠᠶ ᠠᠬᠢᠭᠤᠯᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠶᠡᠷᠦᠩᠬᠡᠶ ᠪᠠᠶᠢᠷᠢᠯᠠᠭᠤᠯᠤᠯᠲᠠ᠂ ᠵᠢᠯᠣᠭᠤᠳᠣᠯᠭ᠎ᠠ᠂ ᠵᠣᠬᠢᠴᠠᠭᠤᠯᠭ᠎ᠠ ᠬᠢᠪᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠩᠭᠤᠶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠡᠷᠡᠭᠵᠢᠭᠦᠯᠬᠦ ᠲᠥᠰᠦᠯ ᠲᠣᠭᠲᠠᠭᠠᠵᠤ᠂ ᠴᠢᠳᠠᠪᠤᠷᠢᠲᠠᠶ ᠠᠵᠢᠯᠳᠠᠨ ᠢ ᠰᠢᠯᠵᠢᠭᠦᠯᠦᠨ ᠠᠵᠢᠯᠯᠠᠬᠤ ᠳᠤᠭᠤᠶᠢᠯᠠᠩ ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠣᠣᠷ ᠢ ᠬᠥᠨᠳᠡᠯᠡᠨ ᠢᠶᠠᠷ ᠵᠠᠬ᠎ᠠ ᠬᠢᠵᠠᠭᠠᠷ ᠬᠦᠷᠲᠡᠯ᠎ᠡ ᠭᠤᠯᠳᠤ ᠪᠠᠷ ᠡᠴᠦᠰ ᠲᠤᠨᠢ ᠲᠤᠯᠲᠠᠯ᠎ᠠ ᠪᠠᠶᠢᠭᠤᠯᠬᠤ ᠬᠡᠷᠡᠭᠲᠡᠶ᠃     ︵ᠬᠤᠶᠠᠷ︶ ᠣᠷᠣᠭᠤᠯᠤᠯᠲᠠ ᠪᠠᠨ ᠨᠡᠮᠡᠭᠳᠡᠭᠦᠯᠵᠦ᠂ ᠲᠣᠭᠲᠠᠴᠠ ᠶᠢ ᠪᠦᠷᠢᠨᠰᠢᠭᠦᠯᠦᠨ᠎ᠡ᠃ ᠬᠤᠲᠠ ᠶᠢᠨ ᠡᠳ᠋ ᠤᠨ ᠵᠠᠰᠠᠭ ᠨᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠪᠠ ᠪᠠᠬᠢᠵᠢᠭᠦᠯᠦᠨ ᠵᠠᠰᠠᠬᠤ ᠰᠢᠰᠲ᠋ᠧᠮᠵᠢ ᠶᠢᠨ ᠡᠳ᠋ ᠤᠨ ᠵᠠᠰᠠᠭ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠨᠢᠭᠡᠴᠡ ᠨᠦᠭᠦᠳ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ︽ᠬᠤᠲᠠ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ︾ ᠭᠤᠷᠪᠠᠨ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠤᠨ ᠲᠣᠭᠲᠠᠴᠠ ᠶᠢ ᠬᠦᠴᠦᠯᠡᠨ ᠪᠠᠶᠢᠭᠤᠯᠬᠤ ᠬᠡᠷᠡᠭᠲᠡᠶ᠃     ︵ᠭᠤᠷᠪᠠ︶ ᠥᠷᠭᠡᠨ ᠢᠶᠠᠷ ᠳᠠᠶᠢᠴᠢᠯᠠᠵᠤ᠂ ᠪᠥᠬᠦ ᠠᠷᠠᠳ ᠢᠶᠠᠷ ᠢᠶᠠᠨ ᠣᠷᠣᠯᠴᠠᠨ᠎ᠠ᠃ ᠤᠬᠠᠭᠤᠯᠤᠨ ᠳᠠᠶᠢᠴᠢᠯᠠᠬᠤ ᠠᠵᠢᠯ ᠢ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠡᠷᠦᠬᠡ ᠪᠣᠯᠭᠠᠨ ᠳᠤ ᠮᠡᠳᠡᠭᠦᠯᠬᠦ᠂ ᠪᠥᠬᠦ ᠠᠷᠠᠳ ᠢᠶᠠᠷ ᠢᠶᠠᠨ ᠣᠷᠣᠯᠴᠠᠬᠤ᠂ ᠤᠬᠠᠮᠰᠠᠷ ᠠᠴᠠ ᠪᠠᠨ ᠠᠵᠢᠯᠯᠠᠬᠤ ᠶᠢ ᠪᠡᠶᠡᠯᠡᠭᠦᠯᠬᠦ ᠬᠡᠷᠡᠭᠲᠡᠶ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠪᠠ ᠪᠣᠯᠪᠠᠰᠤᠨ ᠬᠤᠲᠠ ᠶᠢ ᠴᠢᠷᠮᠠᠶᠢᠨ ᠪᠠᠶᠢᠭᠤᠯᠬᠤ ᠠᠵᠢᠯ ᠢ ᠤᠶᠠᠯᠳᠤᠭᠤᠯᠵᠤ᠂ ᠡᠷᠡᠭᠦᠯ ᠬᠠᠮᠠᠭᠠᠯᠠᠯ ᠤᠨ ᠠᠵᠢᠯ ᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠰᠠᠭᠤᠷᠢ ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠨ᠎ᠠ᠃     ︵ᠳᠥᠷᠪᠡ︶ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠰᠢᠯᠭᠠᠨ ᠬᠢᠨᠠᠬᠤ ᠶᠢ ᠴᠢᠩᠳᠠᠯᠠᠨ᠎ᠠ᠃ ᠡᠯ᠎ᠡ ᠨᠢᠭᠡᠴᠡ ᠨᠢ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠳᠤ ︽ᠨᠢᠭᠡᠳᠦᠭᠡᠷ ᠭᠠᠷ︾ ᠤᠨ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠨᠢ ᠴᠠᠭ ᠲᠤᠨᠢ ᠳᠣᠭᠢᠷᠠᠭᠤᠯᠤᠨ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠴᠠᠭ ᠤᠨ ᠬᠢᠵᠠᠭᠠᠷ᠂ ᠱᠠᠭᠠᠷᠳᠠᠯᠭ᠎ᠠ ᠶᠣᠰᠣᠭᠠᠷ ᠡᠭᠦᠷᠭᠡ ᠪᠠᠨ ᠪᠡᠶᠡᠯᠡᠭᠦᠯᠦᠭᠰᠡᠨ ᠥᠬᠡᠶ ᠨᠢᠭᠡᠴᠡ ᠶᠢ ᠨᠡᠪᠲᠡᠷᠡᠭᠦᠯᠦᠨ ᠰᠢᠭᠦᠮᠵᠢᠯᠡᠵᠦ᠂ ᠰᠠᠯᠠᠭ᠎ᠠ ᠮᠥᠴᠢᠷ ᠤᠨ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠣᠩᠭᠤᠬᠤ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠶᠢᠨ ᠬᠠᠮᠲᠤ ᠨᠢᠭᠡᠴᠡ ᠶᠢᠨ ᠭᠤᠤᠯ ᠤᠳᠤᠷᠢᠳᠤᠯᠭ᠎ᠠ ᠵᠢᠴᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃     ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ