︽ᠵᠠᠯᠠᠨ ᠠᠶᠢᠯ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/10/24
    ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠠᠯᠠᠨ ᠠᠶᠢᠯ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃    ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶     ᠵᠠᠯᠠᠨ ᠠᠶᠢᠯ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ    ᠰᠢ  ᠶᠢᠨ ᠫᠢᠩ ᠶᠡᠷᠦᠩᠬᠡᠶ ᠱᠦᠵᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠬᠤ ᠶᠢᠨ ᠲᠤᠰᠠᠳᠠ᠂ ᠡᠷᠡᠭᠦᠯ ᠡᠩᠬᠡ ᠵᠠᠯᠠᠨ ᠠᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠪᠠᠷᠢᠮᠵᠢᠶ᠎ᠠ ︵2021 ᠳ᠋ᠦᠭᠡᠷ ᠨᠢᠭᠤᠷ︶︾ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢᠨ ᠲᠣᠭᠤᠷᠢᠨ ᠳᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠮᠡᠳᠡᠯᠭᠡ ᠶᠢ ᠰᠤᠷᠤᠯᠴᠠᠵᠤ᠂ ᠡᠷᠡᠭᠦᠯ ᠮᠡᠨᠳᠦ ᠶᠢᠨ ᠮᠡᠷᠭᠡᠵᠢᠯ ᠴᠢᠳᠠᠪᠤᠷᠢ ᠶᠢ ᠡᠵᠡᠮᠰᠢᠨ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠦᠢᠯᠳᠤᠯᠭᠡᠵᠢᠭᠦᠯᠦᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠬᠤᠲᠠ ᠶᠢᠨ ᠴᠢᠨᠠᠷ ᠲᠠᠰ ᠢ ᠳᠡᠭᠡᠭᠰᠢᠯᠡᠭᠦᠯᠦᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠣᠯᠠᠨ ᠲᠦᠮᠡᠨ ᠤ ᠪᠣᠯᠪᠠᠰᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠡᠷᠡᠭᠦᠯ ᠡᠩᠬᠡ ᠵᠠᠯᠠᠨ ᠠᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ     ᠬᠤᠶᠠᠷ᠂ ᠬᠠᠷᠠᠯᠲᠠ ᠶᠢᠨ ᠡᠭᠦᠷᠭᠡ    ︵ᠨᠢᠭᠡ︶ ᠠᠵᠢᠯ  ᠤᠨ ᠬᠠᠷᠠᠯᠲᠠ  ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠪᠠᠷᠢᠮᠵᠢᠶ᠎ᠠ ︵2021 ᠳ᠋ᠦᠭᠡᠷ ᠨᠢᠭᠤᠷ︶︾ ᠶᠢᠨ ᠳᠣᠲᠣᠷᠠᠬᠢ 7 ᠶᠡᠭᠡ ᠵᠦᠢᠯ ᠤᠨ  ᠭᠦᠢᠴᠡᠳᠭᠡᠯ ᠲᠤᠭ᠎ᠠ ᠶᠢᠨ ᠪᠣᠳᠠᠲᠠᠶ ᠠᠭᠤᠯᠭ᠎ᠠ ᠶᠣᠰᠣᠭᠠᠷ᠂ ᠳᠠᠪᠠᠭᠤᠯᠢᠭ ᠢᠶᠠᠨ ᠳᠣᠪᠤᠶᠢᠯᠭᠠᠨ᠂ ᠳᠤᠲᠠᠭᠤᠳᠠᠯ ᠢᠶᠠᠨ  ᠭᠦᠢᠴᠡᠳ ᠨᠥᠬᠦᠪᠥᠷᠢᠯᠡᠵᠦ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠂ ᠬᠤᠲᠠ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠰᠠᠶᠢᠵᠢᠷᠠᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠪᠠᠶᠢᠭᠤᠯᠤᠭᠰᠠᠨ ᠲᠣᠭᠤᠷᠢᠭ ᠤᠨ 7 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠭᠤᠤᠯᠳᠠᠯᠭ᠎ᠠ ᠪᠣᠯᠭᠠᠵᠤ᠂ ᠡᠯ᠎ᠡ ᠰᠢᠶᠠᠩ ᠪᠠᠯᠭᠠᠰᠤ᠂ ᠲᠣᠰᠬᠤᠨ ᠨᠤᠭᠤᠳ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠠᠰ ᠤᠨ ᠪᠠ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ᠂ ᠲᠣᠰᠬᠤᠨ ᠢ ᠠᠯᠬᠤᠮ ᠠᠯᠬᠤᠮ ᠢᠶᠠᠷ ᠡᠭᠦᠳᠦᠨ ᠪᠠᠶᠢᠭᠤᠯᠤᠨ᠎ᠠ᠃ ᠡᠯ᠎ᠡ ᠨᠢᠭᠡᠴᠡ ᠶᠢᠨ ᠬᠢᠨ ᠤᠯᠤᠰ ᠤᠨ ᠪᠠᠷᠢᠮᠵᠢᠶ᠎ᠠ ᠳᠤ ᠬᠦᠷᠦᠭᠦᠯᠬᠦ ᠪᠠᠷ ᠦᠨᠳᠦᠰᠦᠨ ᠵᠢᠷᠤᠮᠯᠠᠯ ᠪᠣᠯᠭᠠᠵᠤ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠴᠢᠨᠠᠷ ᠰᠠᠶᠢᠲᠠᠶ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃    ︵ᠬᠤᠶᠠᠷ︶ ᠠᠵᠢᠯ  ᠤᠨ ᠡᠭᠦᠷᠭᠡ    1. ᠡᠬᠡ ᠣᠷᠣᠨᠴᠢ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ    ︵1︶ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠎ᠠ᠃ ᠡᠯ᠎ᠡ ᠨᠢᠭᠡᠴᠡ ᠶᠢᠨ ᠭᠤᠣᠯ ᠤᠳᠤᠷᠢᠳᠤᠯᠭ᠎ᠠ ᠨᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠠᠳᠠᠯ  ᠦᠢᠯᠡᠰ ᠴᠣᠭᠴᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ︵2︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠷᠢᠯᠳᠦᠬᠦᠨ ᠨᠢᠭᠡᠴᠢ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶ ᠪᠣᠯᠭᠠᠵᠤ ᠲᠤᠰᠢᠶᠠᠯ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠠᠯᠪᠠᠨ ᠬᠡᠷ ᠤᠨ ᠪᠠᠶᠢᠷᠢᠯᠠᠭᠤᠯᠤᠯᠲᠠ ᠨᠢ ᠵᠦᠶ ᠵᠣᠬᠢᠰᠲᠠᠶ ᠪᠠᠶᠢᠵᠤ᠂ ᠠᠵᠢᠯᠲᠠᠨ ᠨᠢ ᠠᠵᠢᠯ ᠤᠨ ᠬᠡᠷᠡᠭᠴᠡᠭᠡ ᠶᠢ ᠬᠠᠩᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠦ᠋ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠤᠰᠬᠠᠶ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠢ ᠳᠣᠭᠢᠷᠠᠭᠤᠯᠵᠤ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠨᠢ ᠬᠠᠷᠢᠶ᠎ᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠥᠪᠯᠡᠯ ᠢ ᠪᠠᠶᠢᠭᠤᠯᠤᠨ ᠪᠦᠷᠢᠨᠰᠢᠬᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ︵3︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠣᠨ ᠤ ᠲᠥᠯᠥᠪᠯᠡᠭᠡ ᠶᠢ ᠲᠣᠭᠲᠠᠭᠠᠵᠤ᠂ ᠠᠵᠢᠯ ᠳᠠᠭᠠᠨ ᠪᠠᠶᠢᠷᠢᠯᠠᠭᠤᠯᠤᠯᠲᠠ ᠲᠠᠢ᠂ ᠪᠠᠶᠢᠴᠠᠭᠠᠯᠲᠠ ᠲᠠᠢ᠂ ᠳ᠋ᠦᠩᠨᠡᠯᠲᠡ ᠲᠠᠢ ᠪᠠᠶᠢᠬᠤ ᠬᠡᠷᠡᠭᠲᠡᠶ᠃ ᠡᠷᠡᠭᠦᠯ ᠬᠠᠮᠠᠭᠠᠯᠠᠯ ᠤᠨ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠬᠤᠳᠠ ᠬᠥᠳᠡᠭᠡ ᠳᠤ ᠡᠭᠡ ᠣᠷᠣᠨᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠯᠪᠠᠨ ᠬᠡᠷ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ︵4︶ ᠡᠷᠡᠭᠦᠯ ᠮᠡᠨᠳᠦ ᠶᠢᠨ ᠨᠥᠯᠥᠭᠡ ᠶᠢ ᠦᠨᠡᠯᠡᠨ ᠵᠢᠱᠢᠬᠦ ᠲᠦᠷᠢᠮ ᠢ ᠰᠦᠪᠡᠭᠴᠢᠯᠡᠨ ᠪᠠᠶᠢᠭᠤᠯᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠡᠷᠡᠭᠦᠯ ᠮᠡᠨᠳᠦ ᠶᠢᠨ ᠣᠨᠣᠯᠵᠢᠬᠤᠨ ᠢ ᠬᠤᠲᠠ ᠪᠠᠯᠭᠠᠰᠤᠨ ᠤ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠪᠥᠬᠦ ᠶᠠᠪᠤᠴᠠ ᠶᠢᠨ ᠡᠯ᠎ᠡ ᠭᠤᠭᠴᠤᠭ᠎ᠠ ᠳᠤ ᠲᠤᠤᠱᠯᠠᠭᠤᠯᠤᠨ᠎ᠠ᠃ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠶᠠᠪᠤᠳᠠᠯ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠬᠤᠯᠪᠣᠭᠳᠠᠯ ᠪᠦᠬᠦᠢ ᠲᠥᠬᠦᠭᠡᠷᠦᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠦᠨ᠎ᠡ᠃ ᠪᠥᠬᠦ ᠴᠠᠷᠠᠭᠠᠨ ᠤ ᠡᠷᠡᠭᠦᠯ ᠬᠠᠮᠠᠭᠠᠯᠠᠯ ᠤᠨ ᠡᠰ᠂ ᠡᠷᠡᠭᠦᠯ ᠮᠡᠨᠳᠦ ᠶᠢᠨ ᠡᠰ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠯᠪᠠᠨ ᠬᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠠᠮᠢᠶ᠎ᠠ ᠪᠥᠬᠦᠶ ᠨᠢᠭᠡᠴᠡ︶    ︵5︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠨᠠᠭᠤᠯᠭ᠎ᠠ ᠪᠠ ᠵᠠᠭᠠᠯᠳᠤᠯᠭ᠎ᠠ ᠶᠢᠨ ᠲᠠᠪᠴᠠᠩ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠬᠤ ᠪᠠ ᠰᠢᠢᠳᠪᠦᠷᠢᠯᠡᠨ᠎ᠡ᠃ ᠤᠯᠠᠨ ᠲᠦᠮᠡᠨ ᠤ ᠡᠷᠡᠭᠦᠯ ᠬᠠᠮᠠᠭᠠᠯᠠᠯ ᠤᠨ ᠪᠠᠶᠢᠳᠠᠯ ᠳᠤ ᠬᠠᠨᠤᠮᠵᠢᠲᠠᠶ ᠪᠠᠶᠢᠬᠤ ᠨᠤᠷᠮ᠎ᠠ ᠶᠢ 90% ᠳᠤ ᠬᠦᠷᠭᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠯᠪᠠᠨ ᠬᠡᠷ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶     2. ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢᠨ ᠠᠬᠢᠭᠤᠯᠤᠯ    ︵6︶ ᠬᠠᠷᠢᠶᠠᠲᠤ ᠣᠷᠣᠨ ᠤ ᠡᠷᠡᠭᠦᠯ ᠮᠡᠨᠳᠦ ᠶᠢᠨ ᠬᠥᠮᠦᠵᠢᠯ ᠤᠨ ᠲᠣᠤᠷ ᠰᠦᠯᠵᠢᠶ᠎ᠡ ᠪᠦᠷᠢᠨ ᠲᠡᠭᠦᠯᠳᠡᠷ ᠪᠠᠶᠢᠵᠤ᠂ ᠡᠯ᠎ᠡ ᠭᠤᠤᠯ ᠵᠠᠭᠤᠴᠢᠯᠠᠭᠤᠷ ᠲᠤ ᠡᠷᠡᠭᠦᠯ ᠮᠡᠨᠳᠦ ᠶᠢᠨ ᠬᠥᠮᠦᠵᠢᠯ ᠤᠨ ᠪᠤᠯᠤᠩ ᠭᠠᠷᠭᠠᠨ᠎ᠠ᠃ ᠲᠡᠷᠭᠡᠨ ᠦᠷᠳᠡᠭᠡ᠂ ᠨᠢᠰᠬᠡᠯ ᠤᠨ ᠪᠠᠭᠤᠳᠠᠯ᠂ ᠠᠭᠤᠳᠠᠮ ᠲᠠᠯᠠᠪᠠᠢ ᠪᠠ ᠴᠡᠴᠡᠷᠯᠢᠭ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠭᠠᠷᠭᠠᠭᠰᠠᠨ ᠡᠯᠧᠺᠲᠷᠣᠨ ᠳᠡᠯᠭᠡᠴᠡ ᠪᠠ ᠨᠡᠶᠢᠲᠡ ᠶᠢᠨ ᠠᠰᠠᠷᠠᠮᠵᠢ ᠶᠢᠨ ᠵᠠᠷ ᠵᠡᠷᠭᠡ ᠨᠢ ᠡᠷᠡᠭᠦᠯ ᠮᠡᠨᠳᠦ ᠶᠢᠨ ᠬᠥᠮᠦᠵᠢᠯ ᠤᠨ ᠠᠭᠤᠯᠭ᠎ᠠ ᠲᠠᠢ ᠪᠠᠶᠢᠬᠤ ᠬᠡᠷᠡᠭᠲᠡᠢ᠃ ︽ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ — ᠦᠨᠳᠦᠰᠦᠨ ᠮᠡᠳᠡᠯᠭᠡ ᠪᠠ ᠮᠡᠷᠭᠡᠵᠢᠯ ᠴᠢᠳᠠᠪᠤᠷᠢ︾ ᠪᠠᠷ ᠭᠤᠤᠯ ᠠᠭᠤᠯᠭ᠎ᠠ ᠪᠣᠯᠭᠠᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠬᠥᠮᠥᠷᠭᠡ᠂ ᠡᠬᠢ ᠪᠠᠶᠠᠯᠢᠭ ᠤᠨ ᠬᠥᠮᠥᠷᠭᠡ ᠪᠠ ᠰᠣᠨᠢᠨ᠂ ᠲᠧᠯᠸᠢᠰ᠂ ᠰᠦᠯᠵᠢᠶ᠎ᠡ ᠵᠡᠷᠭᠡ ᠭᠤᠤᠯ ᠪᠣᠯᠬᠤ ᠵᠠᠭᠤᠴᠢᠯᠠᠭᠤᠷ ᠢ ᠠᠰᠢᠭᠯᠠᠨ᠂ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ 23% ᠪᠤᠶᠤ ᠦᠷᠭᠦᠯᠵᠢᠯᠡᠨ ᠳᠡᠭᠡᠭᠰᠢᠯᠡᠭᠦᠯᠦᠨ᠎ᠡ᠃ ᠪᠣᠯᠪᠠᠰᠤᠨ ᠡᠷᠡᠭᠦᠯ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠮᠡᠳᠡᠯᠭᠡ ᠪᠠ ᠠᠷᠭ᠎ᠠ ᠶᠢ ᠶᠡᠬᠡᠪᠡᠷ ᠲᠦᠭᠡᠮᠡᠯᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠮ ᠵᠠᠭᠤᠴᠢᠯᠠᠭᠤᠷ ᠤᠨ ᠲᠥᠪ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ︵7︶ ᠬᠠᠷᠢᠶ᠎ᠠ ᠣᠷᠣᠨ ᠤ ᠳᠣᠲᠣᠷ᠎ᠠ ᠪᠠᠨ ᠡᠷᠡᠭᠦᠯ ᠡᠩᠬᠡ ᠰᠢᠶᠠᠩ ᠪᠠᠯᠭᠠᠰᠤ ᠪᠠ ᠡᠷᠡᠭᠦᠯ ᠡᠩᠬᠡ ᠲᠣᠰᠬᠤᠨ᠂ ᠡᠷᠡᠭᠦᠯ ᠡᠩᠬᠡ ᠨᠡᠶᠢᠭᠡᠮ ᠲᠣᠭᠤᠷᠢᠭ᠂ ᠡᠷᠡᠭᠦᠯ ᠡᠩᠬᠡ ᠠᠵᠤ ᠠᠬᠤᠶᠢᠯᠠᠯ᠂ ᠡᠷᠡᠭᠦᠯ ᠮᠡᠨᠳᠦ ᠶᠢᠨ ᠪᠠᠶᠢᠭᠤᠯᠭ᠎ᠠ᠂ ᠡᠷᠡᠭᠦᠯ ᠡᠩᠬᠡ ᠰᠤᠷᠭᠠᠭᠤᠯᠢ᠂ ᠡᠷᠡᠭᠦᠯ ᠮᠡᠨᠳᠦ ᠶᠢ ᠠᠬᠢᠭᠤᠯᠬᠤ ᠡᠮᠨᠡᠯᠭᠡ ᠶᠢᠨ ᠬᠤᠷᠢᠶ᠎ᠠ᠂ ᠡᠷᠡᠭᠦᠯ ᠡᠩᠬᠡ ᠬᠡᠷ ᠪᠦᠯᠢ ᠵᠡᠷᠭᠡ ᠡᠷᠡᠭᠦᠯ ᠡᠩᠬᠡ ᠡᠰ ᠤᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠦᠨ᠎ᠡ᠃ ᠡᠷᠡᠭᠦᠯ ᠡᠩᠬᠡ ᠶᠢᠨ ᠶᠠᠪᠠᠭᠠᠨ ᠵᠠᠮ᠂ ᠡᠷᠡᠭᠦᠯ ᠡᠩᠬᠡ ᠶᠢᠨ ᠭᠤᠤᠯ ᠰᠡᠳᠦᠪᠲᠦ ᠴᠡᠴᠡᠷᠯᠢᠭ ᠵᠡᠷᠭᠡ ᠶᠢ ᠪᠥᠲᠥᠭᠡᠨ ᠪᠠᠶᠢᠭᠤᠯᠵᠤ᠂ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠵᠡᠷᠭᠡ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ︵8︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠰᠦᠢᠳᠭᠡᠯ ᠬᠤᠷᠢᠶᠠᠬᠤ ᠥᠬᠡᠶ ᠪᠤᠶᠤ ᠳᠣᠤᠷ᠎ᠠ  ᠰᠦᠢᠳᠭᠡᠯ  ᠢᠶᠠᠷ ᠨᠡᠭᠡᠭᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠬᠠᠷᠢᠴᠠᠯ ᠢ 100%᠂ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠠᠯᠠᠪᠠᠶ ᠶᠢ 2.2 ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ᠃ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠥᠷᠭᠡᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠶ ᠣᠷᠣᠯᠴᠠᠬᠤ ᠤᠬᠠᠮᠰᠠᠷ ᠢ ᠨᠡᠮᠡᠭᠳᠡᠭᠦᠯᠦᠨ᠂ ᠰᠠᠭᠤᠭᠠᠯᠢ ᠠᠷᠠᠳ ᠤᠨ ᠪᠡᠶ᠎ᠡ ᠶᠢᠨ ᠡᠷᠡᠭᠦᠯ ᠴᠢᠭᠢᠷᠠᠭ ᠢᠶᠠᠨ ᠪᠠᠲᠤᠯᠠᠬᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ﹀ 38.5% ᠶᠢ ᠰᠠᠨᠠᠭᠠᠴᠢᠯᠠᠵᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠳᠤ ᠠᠵᠢᠯ ᠤᠨ ᠵᠠᠪᠰᠠᠷᠯᠠᠭ᠎ᠠ ᠶᠢᠨ ᠲᠠᠮᠢᠷ ᠤᠨ ᠲᠦᠷᠢᠮ ᠢ ᠨᠠᠶᠢᠳᠠᠪᠤᠷᠢᠵᠢᠭᠤᠯᠪᠠ᠃ ︵ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠠᠮᠢᠶ᠎ᠠ ᠪᠥᠬᠦᠶ ᠨᠢᠭᠡᠴᠡ︶    ︵9︶ ᠲᠠᠮᠠᠬᠢ ᠲᠠᠲᠠᠬᠤ ᠶᠢ ᠬᠢᠵᠠᠭᠠᠷᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠷᠢᠶ᠎ᠠ ᠣᠷᠣᠨ ᠳᠤ ᠶᠠᠮᠠᠷᠪᠠ ᠬᠡᠯᠪᠡᠷᠢ ᠶᠢᠨ ᠲᠠᠮᠠᠬᠢᠨ ᠤ ᠵᠠᠷ ᠭᠠᠷᠭᠠᠬᠤ ᠶᠢ ᠴᠠᠭᠠᠵᠠᠯᠠᠵᠤ᠂ ᠲᠠᠮᠠᠬᠢ ᠦᠭᠡᠢ ᠨᠠᠮ ᠵᠠᠰᠠᠭ ᠤᠨ ᠪᠠᠶᠢᠭᠤᠯᠭ᠎ᠠ᠂ ᠲᠠᠮᠠᠬᠢ ᠦᠭᠡᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠂ ᠲᠠᠮᠠᠬᠢ ᠦᠭᠡᠢ ᠰᠤᠷᠭᠠᠭᠤᠯᠢ᠂ ᠲᠠᠮᠠᠬᠢ ᠦᠭᠡᠢ ᠭᠡᠷ ᠪᠦᠯᠢ ᠵᠡᠷᠭᠡ ᠲᠠᠮᠠᠬᠢ ᠦᠭᠡᠢ ᠣᠷᠴᠢᠨ ᠠᠬᠤᠶ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠡᠷ ᠳᠣᠲᠣᠷ᠎ᠠ᠂ ᠣᠯᠠᠨ ᠨᠡᠶᠢᠲᠡ ᠶᠢᠨ ᠲᠠᠯᠠᠪᠤᠷ᠂ ᠠᠵᠢᠯᠯᠠᠬᠤ ᠲᠠᠯᠠᠪᠤᠷ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠲᠠᠮᠠᠬᠢ ᠲᠠᠲᠠᠬᠤ ᠶᠢ ᠪᠦᠬᠦ ᠲᠠᠯ᠎ᠠ ᠪᠠᠷ ᠵᠣᠭᠰᠣᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 15 ᠨᠠᠰᠤᠨ ᠠᠴᠠ ᠳᠡᠭᠡᠭᠰᠢᠬᠢ ᠬᠥᠮᠦᠰ ᠤᠨ ᠲᠠᠮᠠᠬᠢ ᠲᠠᠲᠠᠬᠤ ᠨᠣᠷᠮ᠎ᠠ ︽20%᠂ ᠲᠠᠮᠠᠬᠢ ᠲᠠᠲᠠᠬᠤ ᠥᠬᠡᠶ ᠨᠠᠮ ᠵᠠᠰᠠᠭ ᠤᠨ ᠪᠠᠶᠢᠭᠤᠯᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠰᠤᠷᠭᠠᠭᠤᠯᠢ ᠶᠢᠨ ᠪᠠᠶᠢᠭᠤᠯᠤᠭᠰᠠᠨ ᠬᠠᠷᠢᠴᠠᠯ ᠨᠢ 90% ᠪᠠᠶᠢᠵᠤ᠂ ᠲᠠᠮᠠᠬᠢ ᠲᠠᠲᠠᠬᠤ ᠶᠢ ᠪᠥᠬᠦ ᠲᠠᠯ᠎ᠠ ᠪᠠᠷ ᠬᠢᠵᠠᠭᠠᠷᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠲᠠᠢ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠠᠮᠢᠶ᠎ᠠ ᠪᠥᠬᠦᠶ ᠨᠢᠭᠡᠴᠡ︶    ︵10︶ ᠭᠤᠣᠯ ᠳᠡᠳ᠋ ᠭᠤᠣᠯ ᠵᠠᠮ ᠪᠠ ᠵᠡᠭᠡᠯᠢ ᠭᠤᠳᠤᠮᠵᠢ ᠶᠢᠨ ᠵᠠᠮ ᠤᠨ ᠭᠠᠳᠠᠷᠭᠤ ᠨᠢ ᠲᠡᠭᠰᠢᠬᠡᠨ ᠪᠠᠶᠢᠵᠤ᠂ ᠵᠠᠮ ᠤᠨ ᠭᠡᠷᠡᠯᠲᠦᠭᠦᠯᠭᠡ ᠵᠢᠴᠢ ᠦᠵᠡᠮᠵᠢ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠨᠢ ᠴᠡᠪᠡᠷ ᠲᠡᠭᠰᠢ᠂ ᠪᠦᠷᠢᠨ ᠪᠦᠲᠦᠨ᠂ ᠠᠵᠢᠯᠯᠠᠭ᠎ᠠ ᠨᠢ ᠬᠡᠪ ᠤᠨ ᠪᠠᠶᠢᠳᠠᠯ ᠲᠠᠢ ᠪᠠᠶᠢᠬᠤ᠃ ᠬᠤᠭ ᠨᠣᠪᠰᠢ ᠶᠢᠨ ᠰᠠᠪᠠ ︵ᠬᠠᠶᠢᠷᠴᠠᠭ︶ ᠵᠡᠷᠭᠡ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠰᠠᠪᠠ ᠶᠢ ᠪᠦᠷᠢᠨ ᠭᠦᠶ᠋ᠴᠡᠳ ᠭᠦᠢᠴᠡᠳ ᠳᠣᠭᠢᠷᠠᠭᠤᠯᠵᠤ᠂ ᠲᠥᠷᠥᠯ ᠬᠤᠪᠢᠶᠠᠭᠰᠠᠨ ᠲᠡᠮᠳᠡᠭ ᠢ ᠨᠢᠭᠡᠳᠦᠯᠲᠡᠶ ᠵᠢᠷᠤᠮᠵᠢᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠱᠠᠭᠠᠷᠳᠠᠯᠭ᠎ᠠ ᠶᠢ ᠬᠠᠩᠭᠠᠨ᠎ᠠ᠃ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ ᠬᠠᠶᠠᠵᠤ ᠳᠤᠷ᠎ᠠ ᠪᠠᠷ ᠢᠶᠠᠨ ᠤᠨᠠᠭᠠᠬᠤ ᠵᠡᠷᠭᠡ ᠦᠵᠡᠭᠳᠡᠯ ᠪᠠᠶᠢᠬᠤ ᠥᠬᠡᠶ᠂ ᠡᠷᠡᠭᠦᠯ ᠬᠠᠮᠠᠭᠠᠯᠠᠯ ᠤᠨ ᠲᠠᠯ᠎ᠠ ᠪᠠᠷ ᠥᠯᠥ ᠣᠨᠣᠭᠳᠠᠬᠤ ᠦᠵᠡᠭᠳᠡᠯ ᠪᠠᠶᠢᠬᠤ ᠥᠬᠡᠶ᠃ ᠭᠤᠣᠯ ᠳᠡᠳ᠋ ᠵᠠᠮ ᠪᠠ ᠵᠡᠭᠡᠯᠢ ᠭᠤᠳᠤᠮᠵᠢ ᠤᠨ ᠵᠠᠮ  ᠤᠨ ᠭᠠᠳᠠᠷᠭᠤ  ᠢ ᠴᠠᠭ ᠲᠤᠬᠠᠶ ᠲᠤᠨᠢ ᠴᠡᠪᠡᠷᠯᠡᠵᠦ᠂ ᠭᠤᠣᠯ ᠳᠡᠳ᠋ ᠵᠠᠮ  ᠤᠨ ᠡᠳᠦᠷ ᠪᠦᠷᠢ ᠶᠢᠨ ᠴᠡᠪᠡᠷᠯᠡᠭᠡ  ᠶᠢᠨ ᠴᠠᠭ  ᠢ16 ᠴᠠᠭ᠂ ᠵᠡᠭᠡᠯᠢ ᠭᠤᠳᠤᠮᠵᠢ ᠶᠢᠨ ᠵᠠᠮ  ᠤᠨ ᠭᠠᠳᠠᠷᠭᠤ  ᠶᠢᠨ ᠡᠳᠦᠷ ᠪᠦᠷᠢ ᠴᠡᠪᠡᠷᠯᠡᠭᠡ   ᠶᠢᠨ ᠴᠠᠭ  ᠢ 12 ᠴᠠᠭ᠂ ᠵᠠᠮ  ᠤᠨ ᠮᠠᠰᠢᠨᠴᠢᠯᠠᠭᠰᠠᠨ ᠴᠡᠪᠡᠷᠯᠡᠭᠡ  ᠶᠢᠨ ᠨᠤᠷᠮ᠎ᠠ  ᠢ 80% ᠲᠤ ᠬᠦᠷᠦᠭᠦᠯᠵᠦ᠂ ᠬᠤᠳᠠ  ᠶᠢᠨ ᠬᠠᠮᠢᠶᠠᠷᠤᠯᠲᠠ  ᠶᠢᠨ ᠮᠡᠳᠡᠭᠡ ᠵᠠᠩᠭᠢᠵᠢᠭᠤᠯᠤᠯᠲᠠ  ᠶᠢᠨ ᠪᠦᠷᠬᠦᠴᠡ  ᠶᠢᠨ ᠨᠤᠷᠮ᠎ᠠ ᠢ 90% ᠲᠤ ᠬᠦᠷᠦᠭᠦᠯᠦᠨ᠎ᠡ᠃ ᠭᠤᠣᠯ ᠤᠨ ᠵᠠᠮ᠂ ᠨᠠᠭᠤᠷ ᠴᠥᠭᠦᠷᠥᠮ ᠵᠡᠷᠭᠡ ᠶᠢᠨ ᠤᠰᠤᠨ ᠤ ᠭᠠᠳᠠᠷᠭᠤ ᠨᠢ ᠠᠷᠢᠭᠤᠨ ᠴᠡᠪᠡᠷ᠂ ᠡᠷᠭᠢ ᠶᠢᠨ ᠬᠠᠵᠠᠭᠤ ᠨᠢ ᠴᠡᠪᠡᠷ ᠲᠡᠭᠰᠢ᠂ ᠬᠤᠭ ᠨᠣᠪᠰᠢ ᠦᠭᠡᠶ᠃ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠠᠷᠢᠭᠤᠨ ᠴᠡᠪᠡᠷ ᠴᠡᠪᠡᠷ ᠲᠡᠭᠰᠢ᠂ ᠬᠦᠷᠢᠶ᠎ᠡ ᠬᠡᠪᠴᠢᠶ᠎ᠡ ᠶᠢ ᠬᠠᠰᠢᠨ᠂ ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠤᠨ ᠲᠡᠭᠡᠭᠡᠪᠦᠷᠢᠯᠡᠵᠦ  ᠰᠢᠢᠳᠪᠦᠷᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ︵11︶ ᠪᠠᠷᠢᠯᠭ᠎ᠠ ᠶᠢᠨ ᠭᠠᠳᠠᠷ ᠲᠠᠯ᠎ᠠ ᠶᠢᠨ ᠵᠠᠷ ᠤᠨ ᠲᠥᠬᠦᠭᠡᠷᠦᠮᠵᠢ ᠪᠠ ᠬᠤᠳᠠᠯᠳᠤᠭᠠᠨ ᠤ ᠫᠠᠶᠢᠰᠠ ᠶᠢᠨ ᠥᠨᠳᠥᠷ ᠤᠨ ᠬᠡᠮᠵᠢᠶ᠎ᠡ᠂ ᠶᠡᠭᠡ ᠪᠠᠭ᠎ᠠ ᠨᠢ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠵᠦ᠂ ᠪᠠᠷᠢᠯᠭ᠎ᠠ ᠶᠢᠨ ᠭᠠᠳᠠᠷ ᠪᠠᠶᠢᠳᠠᠯ ᠢ ᠬᠠᠯᠬᠠᠯᠠᠬᠤ ᠦᠭᠡᠢ᠂ ᠪᠠᠷᠢᠯᠭ᠎ᠠ ᠶᠢᠨ ᠲᠤᠰ ᠪᠡᠶ᠎ᠡ ᠪᠠ ᠬᠥᠷᠰᠢ ᠵᠡᠷᠭᠡᠯᠡᠳᠡᠭᠡ ᠪᠠᠷᠢᠯᠭ᠎ᠠ ᠶᠢᠨ ᠭᠡᠷᠡᠯ ᠲᠤᠰᠬᠤ᠂ ᠰᠠᠯᠬᠢ ᠨᠡᠪᠲᠡᠷᠡᠬᠦ ᠶᠢ ᠨᠥᠯᠥᠭᠡᠯᠡᠬᠦ ᠦᠭᠡᠢ᠂ ᠭᠡᠷᠡᠯ ᠤᠨ ᠪᠣᠬᠢᠷᠲᠤᠯ ᠡᠭᠦᠰᠭᠡᠬᠦ ᠦᠭᠡᠢ᠃ ᠪᠠᠷᠢᠯᠭ᠎ᠠ ᠶᠢᠨ ᠰᠢᠯ ᠬᠥᠰᠢᠭᠡᠲᠦ ᠬᠡᠷᠡᠮ ᠤᠨ ᠦᠵᠡᠭᠳᠡᠬᠦ ᠭᠡᠷᠡᠯ ᠤᠨ ᠣᠶᠢᠯᠲᠠ ᠶᠢᠨ ᠬᠠᠷᠢᠴᠠᠯ ᠵᠢᠴᠢ ᠲᠡᠭᠦᠨ ᠤ ᠡᠷᠬᠢᠨ ᠲᠣᠭᠤᠷᠢᠨ ᠤ ᠪᠠᠷᠢᠯᠭ᠎ᠠ ᠪᠠ ᠵᠠᠮ ᠬᠠᠷᠢᠯᠴᠠᠭ᠎ᠠ ᠳᠤ ᠦᠵᠡᠭᠦᠯᠬᠦ ᠨᠥᠯᠥᠭᠡ ᠨᠢ ᠤᠳᠤ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠪᠠᠷᠢᠮᠵᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶    ︵12︶ ᠨᠣᠭᠤᠭᠠᠷᠠᠭᠤᠯᠬᠤ ᠠᠵᠢᠯ ᠢ ᠴᠢᠩᠭᠠᠳᠬᠠᠨ᠂ ᠪᠠᠶᠢᠭᠤᠯᠤᠭᠰᠠᠨ ᠲᠣᠭᠤᠷᠢᠭ  ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠪᠣᠯᠤᠨ ᠴᠡᠴᠡᠷᠯᠢᠭ  ᠤᠨ ᠨᠣᠭᠤᠭᠠᠷᠠᠭᠤᠯᠬᠤ ᠲᠠᠯᠠᠪᠠᠢ ᠳᠡᠭᠡᠭᠰᠢᠯᠡᠭᠦᠯᠦᠨ᠂ ᠨᠣᠭᠤᠭᠠᠷᠠᠭᠤᠯᠬᠤ ᠭᠠᠵᠠᠷ  ᠤᠨ ᠬᠠᠮᠢᠶᠠᠷᠤᠯᠲᠠ  ᠢ ᠴᠢᠩᠭᠠᠷᠠᠭᠤᠯᠤᠨ᠎ᠠ᠃ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 38%᠂ ᠬᠥᠮᠦᠨ ᠪᠦᠷᠢ ᠶᠢᠨ ᠳᠤᠮᠳᠠᠴᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ 9 ᠲᠡᠭᠰᠢ ᠳᠥᠷᠪᠡᠯᠵᠢᠨ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ︶    ︵13︶ ᠠᠮᠢᠳᠤᠷᠠᠯ ᠤᠨ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠰᠠᠭᠤᠷᠢ ᠪᠡᠯᠡᠳᠬᠡᠮᠵᠢ ᠨᠢ ᠬᠠᠮᠢᠶ᠎ᠠ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠲᠤᠭ᠎ᠠ ᠬᠡᠮᠵᠢᠶ᠎ᠡ ᠨᠢ ᠭᠦᠢᠴᠡᠳ᠂ ᠪᠠᠶᠢᠷᠢᠰᠢᠭᠤᠯᠤᠯ ᠨᠢ ᠵᠦᠶ ᠵᠣᠬᠢᠰᠲᠠᠶ᠂ ᠬᠠᠮᠢᠶᠠᠷᠤᠯᠲᠠ ᠨᠢ ᠵᠢᠷᠤᠮᠵᠢᠯ ᠲᠠᠢ ᠪᠠᠶᠢᠬᠤ ᠬᠡᠷᠡᠭᠲᠡᠶ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ ᠰᠢᠰᠲ᠋ᠧᠮᠵᠢ ᠪᠠ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ ᠡᠷᠭᠢᠯᠳᠦᠭᠦᠯᠦᠨ ᠠᠰᠢᠭᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ᠂ ᠪᠠᠭᠠᠰᠤ ᠰᠢᠭᠡᠰᠦ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ ᠰᠠᠪᠠ᠂ ᠲᠡᠷᠭᠡ ᠬᠥᠰᠬᠡ ᠵᠡᠷᠭᠡ ᠪᠡᠯᠡᠳᠬᠡᠮᠵᠢ  ᠶᠢ ᠨᠢᠭᠲᠠ ᠪᠢᠲᠡᠭᠦᠮᠵᠢᠯᠡᠬᠦ ᠪᠠ ᠵᠢᠷᠤᠮᠵᠢᠭᠤᠯᠬᠤ ᠶᠢ ᠪᠡᠶᠡᠯᠡᠭᠦᠯᠵᠦ᠂ ᠠᠮᠢᠳᠤᠷᠠᠯ ᠤᠨ ᠬᠤᠭ ᠨᠣᠪᠰᠢ᠂ ᠪᠠᠭᠠᠰᠤ ᠰᠢᠭᠡᠰᠦ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠨ᠎ᠡ᠃ ᠰᠣᠬᠤᠷ ᠬᠤᠳᠳᠤᠭ ᠤᠨ ᠬᠠᠪᠬᠠᠭᠠᠰᠤ ᠶᠢᠨ ᠪᠦᠷᠢᠨ ᠪᠦᠲᠦᠨ ᠪᠠᠶᠢᠬᠤ ᠨᠣᠷᠮ᠎ᠠ ᠨᠢ 98% ᠪᠠᠶᠢᠵᠤ᠂ ᠭᠤᠤᠯ ᠬᠤᠲᠠ ᠶᠢᠨ ᠲᠣᠭᠤᠷᠢᠭ ᠤᠨ ᠪᠤᠴᠠᠭᠠᠨ ᠬᠤᠷᠢᠶᠠᠬᠤ ᠲᠣᠤᠷ ᠴᠢᠬ ᠤᠨ ᠪᠦᠷᠬᠦᠴᠡ ᠶᠢᠨ ᠨᠣᠷᠮ᠎ᠠ ᠨᠢ 100% ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶    ︵14︶ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠦᠲᠦᠮᠵᠢᠲᠡᠶ ᠪᠦᠷᠬᠦᠭᠦᠯᠬᠦ ᠶᠢ ᠪᠡᠶᠡᠯᠡᠭᠦᠯᠦᠨ᠎ᠡ᠃ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠠᠰᠢᠭᠯᠠᠬᠤ ᠪᠠ ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠠᠰᠢᠭᠯᠠᠬᠤ ᠨᠤᠷᠮ᠎ᠠ ᠶᠢ 35%᠂ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠨᠤᠷᠮ᠎ᠠ ᠶᠢ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶    ︵15︶ ᠵᠣᠷᠯᠣᠩ ᠤᠨ ᠬᠤᠪᠢᠰᠬᠠᠯ ᠢ ᠢᠳᠡᠪᠬᠢᠲᠡᠢ ᠠᠬᠢᠭᠤᠯᠵᠤ᠂ ᠤᠯᠠᠨ ᠨᠡᠶᠢᠲᠡ ᠶᠢᠨ ᠵᠣᠷᠯᠣᠩ ᠤᠨ ᠳᠤᠬᠢᠷᠠᠭᠤᠯᠤᠯᠳᠠ ᠨᠢ ᠬᠠᠮᠢᠶ᠎ᠠ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠲᠤᠭ᠎ᠠ ᠬᠡᠮᠵᠢᠶ᠎ᠡ ᠨᠢ ᠭᠦᠢᠴᠡᠳ᠂ ᠴᠡᠪᠡᠷ ᠲᠡᠭᠰᠢ ᠪᠠᠶᠢᠵᠤ᠂ ᠠᠷᠢᠭᠤᠨ ᠴᠡᠪᠡᠷ ᠵᠣᠷᠯᠣᠩ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠦᠨ᠎ᠡ᠃ ᠭᠤᠤᠯ ᠳᠡᠳ᠋ ᠵᠠᠮ᠂ ᠲᠡᠷᠭᠡᠨ ᠥᠷᠲᠡᠭᠡ᠂ ᠡᠮᠴᠢᠯᠡᠭᠡᠨ ᠤ ᠪᠠᠶᠢᠭᠤᠯᠤᠮᠵᠢ᠂ ᠨᠢᠰᠬᠡᠯ ᠤᠨ ᠪᠠᠭᠤᠳᠠᠯ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠨᠡᠶᠢᠲᠡ ᠶᠢᠨ ᠵᠣᠷᠯᠣᠩ ᠤᠨ ᠪᠡᠯᠡᠳᠬᠡᠮᠵᠢ ᠶᠢ ᠬᠤᠶᠠᠳᠤᠭᠠᠷ ᠲᠥᠷᠥᠯ ᠤᠨ ᠪᠠᠷᠢᠮᠵᠢᠶ᠎ᠠ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠠᠮᠢᠳᠤᠷᠠᠯ ᠤᠨ ᠪᠣᠬᠢᠷ ᠤᠰᠤ ᠶᠢ ᠪᠦᠲᠦᠮᠵᠢᠲᠡᠶ ᠪᠠᠷ ᠬᠤᠷᠢᠶᠠᠨ ᠴᠤᠭᠯᠠᠭᠤᠯᠵᠤ ᠰᠢᠢᠳᠪᠦᠷᠢᠯᠡᠨ᠎ᠡ᠃ ᠬᠤᠲᠠ ᠶᠢᠨ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠴᠤᠭᠯᠠᠭᠤᠯᠬᠤ ᠨᠣᠷᠮ᠎ᠠ ᠶᠢ 75% ᠠᠴᠠ ᠳᠡᠭᠡᠭᠰᠢ ᠪᠠᠶᠢᠯᠭᠠᠬᠤ ᠪᠤᠶᠤ ᠦᠷᠭᠦᠯᠵᠢᠯᠡᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶    ︵16︶ ᠪᠠᠶᠢᠭᠤᠯᠤᠭᠰᠠᠨ ᠣᠷᠣᠨ ᠪᠠ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠠᠶᠢᠷᠢᠰᠢᠯ ᠨᠢ ᠵᠦᠢ ᠵᠣᠬᠢᠰᠲᠠᠶ᠂ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠨᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠡᠵᠡᠩᠨᠡᠯᠲᠡ ᠶᠢᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠲᠦᠭᠦᠬᠡᠶ ᠪᠠ ᠪᠣᠯᠪᠠᠰᠤᠷᠠᠩᠭᠤᠶ ᠶᠢ ᠰᠠᠯᠭᠠᠬᠤ᠂ ᠬᠠᠭᠤᠷᠠᠶ ᠨᠦᠢᠲᠠᠨ ᠢ ᠰᠠᠯᠭᠠᠬᠤ ᠶᠢ ᠬᠡᠷᠡᠭᠵᠢᠭᠦᠯᠦᠨ᠎ᠡ︔ ᠵᠢᠵᠢᠭᠯᠡᠨ ᠬᠤᠳᠠᠯᠳᠤᠬᠤ ᠲᠤᠬᠠᠶᠢᠯᠠᠭᠰᠠᠨ ᠠᠵᠢᠯ ᠢ ᠬᠠᠪᠰᠤᠷᠭᠠᠨ ᠡᠵᠡᠩᠨᠡᠵᠦ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠨᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠲᠤᠬᠠᠶᠢᠯᠠᠭᠰᠠᠨ ᠠᠵᠢᠯ ᠢ ᠣᠷᠣᠨ ᠪᠦᠰᠡ ᠪᠤᠶᠤ ᠴᠠᠭ ᠬᠤᠭᠤᠴᠠᠭ᠎ᠠ ᠬᠤᠪᠢᠶᠠᠨ ᠡᠵᠡᠩᠨᠡᠬᠦ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠪᠡᠯᠡᠳᠬᠡᠮᠵᠢ ᠲᠥᠬᠦᠭᠡᠷᠦᠮᠵᠢ ᠨᠢ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠪᠠ ᠢᠳᠡᠭᠡᠨ ᠤ ᠠᠶᠤᠯᠭᠦᠶ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠ ᠠᠷᠢᠭᠤᠨ ᠴᠡᠪᠡᠷ ᠢ ᠬᠠᠮᠠᠭᠠᠯᠠᠭᠴᠢ ᠶᠢ ᠲᠣᠬᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠠᠬ᠎ᠠ ᠳᠡᠯᠭᠡᠭᠦᠷ ᠵᠠᠪᠰᠠᠷᠯᠠᠬᠤ ᠪᠠ ᠤᠬᠢᠶᠠᠵᠤ ᠠᠷᠢᠭᠤᠳᠬᠠᠬᠤ ᠲᠦᠷᠢᠮ ᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠨᠢ ᠪᠦᠷᠢᠨ ᠭᠦᠢᠴᠡᠳ᠂ ᠴᠡᠪᠡᠷ ᠲᠡᠭᠰᠢ ᠪᠠᠶᠢᠬᠤ ᠬᠡᠷᠡᠭᠲᠡᠶ᠃ ᠵᠠᠬ᠎ᠠ ᠳᠡᠯᠭᠡᠭᠦᠷ ᠤᠨ ᠠᠮᠢᠳᠤ ᠵᠢᠭᠦᠷᠲᠡᠨ ᠢ ᠪᠣᠷᠣᠯᠠᠭᠤᠯᠬᠤ ᠣᠷᠣᠨ ᠪᠦᠰᠡ ᠶᠢ ᠬᠠᠷᠢᠴᠠᠩᠭᠤᠶ ᠪᠠᠷ ᠲᠤᠰᠠᠭᠠᠷ ᠪᠠᠶᠢᠷᠢᠯᠠᠭᠤᠯᠵᠤ᠂ ᠲᠤᠰᠠᠭᠠᠷᠯᠠᠨ ᠠᠯᠠᠵᠤ ᠨᠢᠲᠤᠯᠬᠤ ᠶᠢ ᠬᠡᠷᠡᠭᠵᠢᠭᠦᠯᠦᠨ᠂ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠠᠮᠢᠳᠤ ᠵᠢᠭᠦᠷᠲᠡᠨ ᠥᠬᠡᠶ ᠠᠷᠠᠯᠵᠢᠶᠠᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ  ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠯᠠᠵᠤ ᠬᠢᠵᠢᠭ ᠢ ᠰᠡᠷᠭᠡᠶᠢᠯᠡᠬᠦ ᠣᠷᠣᠨ  ᠵᠠᠢ ᠶᠢ ᠤᠷᠢᠳᠴᠢᠯᠡᠨ ᠦᠯᠡᠳᠡᠭᠡᠨ᠎ᠡ᠃ᠠᠷᠡᠳ ᠲᠤ ᠲᠥᠬᠦᠮ ᠦᠵᠡᠭᠦᠯᠬᠦ ᠲᠦᠷ ᠴᠠᠭ ᠤᠨ ᠵᠠᠬ᠎ᠠ ᠳᠡᠯᠭᠡᠭᠦᠷ ᠲᠤ ᠪᠦᠲᠦᠮᠵᠢᠲᠡᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠡᠷᠬᠢᠨ ᠲᠣᠭᠤᠷᠢᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠡᠮᠬᠢ ᠳᠢᠭᠯᠢᠮ ᠪᠠ ᠣᠯᠠᠨ ᠲᠦᠮᠡᠨ ᠤ ᠬᠡᠪ ᠤᠨ ᠠᠮᠢᠳᠤᠷᠠᠯ ᠤᠨ ᠡᠮᠬᠢ ᠳᠢᠭᠯᠢᠮ ᠢ ᠪᠠᠲᠤᠯᠠᠨ᠎ᠠ᠃ ᠶᠠᠪᠤᠭᠤᠯ ᠬᠤᠳᠠᠯᠳᠤᠭᠠᠴᠢᠨ ᠤ ᠬᠠᠮᠢᠶᠠᠷᠤᠯᠲᠠ ᠶᠢᠨ ᠵᠢᠷᠤᠮᠵᠢᠯ᠃ ᠵᠤᠵᠠᠭᠠᠨ ᠤ ᠬᠡᠮᠵᠢᠶ᠎ᠡ ᠨᠢ 0.025 ᠮᠢᠯᠢᠮᠧᠲᠷ ᠠᠴᠠ ᠪᠠᠭ᠎ᠠ ᠬᠡᠳᠦ ᠨᠢᠮᠭᠡᠨ ᠰᠦᠯᠢᠶᠣᠣ ᠤᠭᠤᠲᠠ ᠶᠢ ᠬᠡᠷᠡᠭᠯᠡᠭᠰᠡᠨ ᠦᠭᠡᠢ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶    ︵17︶ ᠪᠠᠶᠢᠭᠤᠯᠤᠭᠰᠠᠨ ᠲᠣᠭᠤᠷᠢᠭ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠲᠤ ᠲᠡᠵᠢᠭᠡᠪᠦᠷᠢ ᠵᠢᠭᠦᠷᠲᠡᠨ ᠪᠠ ᠬᠡᠭᠡᠷ᠎ᠡ ᠶᠢᠨ ᠠᠮᠢᠲᠠᠨ ᠢ ᠲᠡᠵᠢᠭᠡᠬᠦ ᠳᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠦᠯᠵᠦ᠂ ᠰᠠᠭᠤᠭᠠᠯᠢ ᠠᠷᠠᠳ ᠤᠨ ᠪᠣᠯᠪᠠᠰᠤᠨ ᠵᠢᠷᠤᠮᠵᠢᠯ ᠲᠠᠢ ᠲᠡᠵᠢᠭᠡᠪᠦᠷᠢ ᠡᠩᠬᠦᠷᠡᠶ ᠠᠮᠢᠲᠠᠨ᠂ ᠲᠡᠵᠢᠭᠡᠪᠦᠷᠢ ᠵᠢᠭᠦᠷᠲᠡᠨ ᠤ ᠪᠠᠭᠠᠰᠤᠨ ᠪᠣᠬᠢᠷᠲᠤᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ ᠡᠯ᠎ᠡ ᠲᠥᠷᠥᠯ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠴᠡᠴᠡᠭ ᠰᠢᠪᠠᠭᠤ ᠡᠩᠬᠦᠷᠡᠶ ᠲᠡᠵᠢᠭᠡᠪᠦᠷᠢ ᠶᠢᠨ ᠵᠠᠬ᠎ᠠ ᠳᠡᠯᠭᠡᠭᠦᠷ ᠵᠢᠴᠢ ᠠᠮᠢᠲᠠᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠬᠠᠤᠯᠢ ᠪᠤᠰᠤ ᠪᠠᠷ ᠠᠷᠠᠯᠵᠢᠶᠠᠯᠠᠬᠤ ᠪᠠ ᠬᠡᠭᠡᠷ᠎ᠡ ᠶᠢᠨ ᠠᠮᠢᠲᠠᠨ ᠢ ᠠᠯᠠᠵᠤ ᠨᠢᠲᠤᠯᠬᠤ ᠦᠵᠡᠭᠳᠡᠯ ᠪᠠᠶᠢᠬᠤ ᠥᠬᠡᠶ᠃ ︵ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶    ︵18︶ ᠨᠡᠶᠢᠭᠡᠮ ᠲᠣᠭᠤᠷᠢᠭ ᠪᠠ ᠨᠢᠭᠡᠴᠡ ᠳᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠪᠠ ᠬᠠᠮᠢᠶ᠎ᠠ ᠪᠥᠬᠦᠶ ᠲᠦᠷᠢᠮ ᠢ ᠪᠠᠶᠢᠭᠤᠯᠵᠤ᠂ ᠡᠷᠡᠭᠦᠯ ᠬᠠᠮᠠᠭᠠᠯᠠᠯ ᠤᠨ ᠪᠠᠶᠢᠳᠠᠯ ᠨᠢ ᠰᠠᠶᠢᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠨᠢ ᠪᠦᠷᠢᠨ ᠲᠡᠭᠦᠯᠳᠡᠷ ᠪᠠᠶᠢᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠦᠨ᠂ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ᠂ ᠨᠡᠶᠢᠲᠡ ᠶᠢᠨ ᠵᠣᠷᠯᠣᠩ ᠨᠢ ᠠᠷᠢᠭᠤᠨ ᠴᠡᠪᠡᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠵᠠᠮ ᠨᠢ ᠲᠡᠭᠰᠢᠬᠡᠨ᠂ ᠨᠣᠭᠤᠭᠠᠷᠠᠭᠤᠯᠵᠤ ᠭᠤᠶᠤᠵᠢᠭᠤᠯᠬᠤ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠵᠣᠭᠰᠣᠭᠠᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ ᠬᠠᠶᠠᠵᠤ ᠳᠤᠷ᠎ᠠ ᠪᠠᠷ ᠢᠶᠠᠨ ᠣᠶᠢᠴᠢᠬᠤ ᠦᠵᠡᠭᠳᠡᠯ ᠥᠬᠡᠶ᠃ ︵ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ︵19︶ ᠬᠤᠲᠠ ᠬᠥᠳᠡᠭᠡ ᠶᠢᠨ ᠠᠭᠤᠯᠵᠠᠷ ᠬᠡᠰᠡᠭ ᠲᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ᠭᠠᠳᠠᠭᠰᠢᠯᠠᠭᠤᠯᠬᠤ ᠲᠥᠬᠦᠭᠡᠷᠦᠮᠵᠢ ᠪᠠ ᠬᠤᠭ ᠨᠣᠪᠰᠢ ᠶᠢ ᠬᠤᠷᠢᠶᠠᠨ ᠴᠤᠭᠯᠠᠭᠤᠯᠬᠤ  ᠭᠦᠢᠴᠡᠳ ᠥᠷᠲᠡᠭᠡ ︵ᠴᠡᠭ︶᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠢᠷᠠᠬᠤ ᠥᠷᠲᠡᠭᠡ ︵ᠴᠡᠭ︶᠂ ᠣᠯᠠᠨ ᠨᠡᠶᠢᠲᠡ ᠶᠢᠨ ᠵᠣᠷᠯᠣᠩ ᠵᠡᠷᠭᠡ ᠲᠥᠬᠦᠭᠡᠷᠦᠮᠵᠢ ᠶᠢ ᠢᠵᠢ ᠪᠥᠷᠢᠳᠦᠭᠦᠯᠦᠨ᠎ᠡ᠃ ᠠᠷᠢᠭᠤᠨ ᠴᠡᠪᠡᠷ ᠢ ᠴᠠᠭ ᠲᠤᠬᠠᠶ ᠳᠤᠨᠢ ᠴᠡᠪᠡᠷᠯᠡᠨ ᠴᠡᠪᠡᠷᠯᠡᠵᠦ᠂ ᠡᠳᠦᠷ ᠲᠤᠲᠤᠮ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ᠂ ᠠᠷᠢᠭᠤᠨ ᠴᠡᠪᠡᠷ ᠡᠷᠦᠬᠡ ᠶᠢᠨ ᠵᠣᠷᠯᠣᠩ ᠢ ᠲᠦᠭᠡᠮᠡᠯᠵᠢᠭᠦᠯᠦᠨ᠎ᠡ︔ ᠵᠠᠮ ᠢ ᠬᠠᠲᠠᠭᠤᠷᠠᠭᠤᠯᠤᠨ ᠲᠡᠭᠰᠢᠯᠡᠵᠦ᠂ ᠭᠤᠣᠯ ᠵᠠᠮ ᠳᠤᠨᠢ ᠵᠠᠮ ᠤᠨ ᠳ᠋ᠧᠩ ᠲᠠᠭᠠᠷᠠᠭᠤᠯᠤᠨ᠎ᠠ᠃ ᠳᠤᠷ᠎ᠠ ᠪᠠᠷ ᠢᠶᠠᠨ ᠪᠠᠷᠢᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠵᠣᠭᠰᠣᠭᠠᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ ᠬᠠᠶᠠᠵᠤ ᠳᠤᠷ᠎ᠠ ᠪᠠᠷ ᠢᠶᠠᠨ ᠣᠶᠢᠴᠢᠬᠤ ᠦᠵᠡᠭᠳᠡᠯ ᠦᠭᠡᠢ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ︵20︶ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠲᠡᠮᠦᠷ ᠵᠠᠮ ᠤᠨ ᠬᠤᠶᠠᠷ ᠬᠠᠵᠠᠭᠤ ᠶᠢᠨ 500 ᠮᠧᠲᠷ ᠤᠨ ᠬᠡᠪᠴᠢᠶᠡᠨ ᠳᠤ ᠵᠠᠳᠠᠭᠠᠶ ᠣᠪᠣᠭᠠᠯᠠᠭᠰᠠᠨ ᠥᠩᠭᠡᠲᠦ ᠪᠣᠯᠣᠳ ᠸᠠᠭᠠᠷ᠂ ᠰᠦᠯᠢᠶᠣᠣ ᠨᠢᠮᠭᠡᠨ ᠪᠦᠷᠬᠦᠭᠦᠯ᠂ ᠲᠣᠭᠤᠰᠣ ᠰᠡᠷᠭᠡᠶᠢᠯᠡᠬᠦ ᠲᠣᠤᠷ ᠵᠡᠷᠭᠡ ᠬᠥᠩᠭᠡᠨ ᠡᠳ᠋ ᠪᠣᠳᠠᠰ ᠪᠠᠶᠢᠬᠤ ᠥᠬᠡᠶ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠬᠤᠭ ᠨᠣᠪᠰᠢ ᠬᠠᠶᠠᠬᠤ᠂ ᠪᠣᠬᠢᠷᠲᠤᠯ ᠭᠠᠳᠠᠭᠰᠢᠯᠠᠭᠤᠯᠬᠤ ᠵᠡᠷᠭᠡ ᠦᠵᠡᠭᠳᠡᠯ ᠪᠠᠶᠢᠬᠤ ᠥᠬᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠢᠴᠢᠬᠠᠷ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠵᠠᠯᠠᠨ ᠠᠶᠢᠯ ᠥᠷᠲᠡᠭᠡ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    4. ᠠᠮᠢ ᠠᠬᠤᠶ ᠶᠢᠨ ᠣᠷᠴᠢᠨ ᠲᠣᠭᠤᠷᠢᠨ    ︵21︶ ᠤᠢᠢᠷ᠎ᠠ ᠶᠢᠨ 3 ᠵᠢᠯ ᠳᠤ ᠬᠠᠷᠢᠶ᠎ᠠ ᠣᠷᠣᠨ ᠳᠤ ᠣᠷᠴᠢᠨ ᠠᠬᠤᠶ ᠶᠢ ᠪᠣᠬᠢᠷᠲᠤᠭᠤᠯᠤᠭᠰᠠᠨ ᠪᠠ ᠠᠮᠢ ᠠᠬᠤᠶ ᠶᠢ ᠡᠪᠳᠡᠭᠰᠡᠨ ᠬᠦᠨᠳᠦ ᠶᠡᠭᠡ ᠡ᠊ᠨᠳᠡᠯ ᠭᠠᠷᠤᠭᠰᠠᠨ ᠦᠭᠡᠢ᠃ ︵ᠬᠠᠷᠢᠭᠤᠴᠠᠯᠭᠠᠲᠤ ᠨᠢᠭᠡᠴᠡ᠄ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ︶    ︵22︶ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠣᠷᠴᠢᠨ ᠠᠬᠤᠶ ᠶᠢᠨ ᠠᠭᠠᠷ ᠤᠨ ᠴᠢᠨᠠᠷ ᠴᠢᠨᠰᠠᠭ᠎ᠠ ᠶᠢ ᠰᠠᠶᠢᠨ ᠪᠣᠯᠭᠠᠬᠤ ᠪᠤᠶᠤ ᠦᠷᠭᠦᠯᠵᠢᠯᠡᠨ ᠰᠠᠶᠢᠵᠢᠷᠠᠭᠤᠯᠤᠨ᠎ᠠ᠃ ᠬᠤᠯᠠᠩ ᠠᠴᠠ ᠬᠠᠷ᠎ᠠ ᠤᠲᠤᠭ᠎ᠠ ᠭᠠᠷᠭᠠᠬᠤ ᠦᠵᠡᠭᠳᠡᠯ ᠦᠭᠡᠢ᠂ ᠡᠰᠢ ᠰᠦᠷᠡᠯ᠂ ᠬᠤᠭ ᠨᠣᠪᠰᠢ ᠶᠢ ᠵᠠᠳᠠᠭᠠᠶ ᠰᠢᠲᠠᠭᠠᠬᠤ ᠦᠵᠡᠭᠳᠡᠯ ᠦᠭᠡᠢ᠃ ᠲᠣᠰᠣᠨ ᠣᠲᠤᠭ᠎ᠠ ᠭᠠᠳᠠᠭᠰᠢᠯᠠᠭᠤᠯᠵᠤ ᠪᠠᠶᠢᠭ᠎ᠠ ᠢᠳᠡᠭᠡᠨ ᠤᠮᠳᠠᠭᠠᠨ ᠤ ᠨᠢᠭᠡᠴᠡ ᠨᠦᠭᠦᠳ ᠲᠣᠰᠣᠨ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠤᠭᠰᠠᠷᠠᠬᠤ ᠶᠢᠨ ᠬᠠᠮᠲᠤ ᠬᠡᠪ ᠤᠨ ᠪᠠᠶᠢᠳᠠᠯ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ︵23︶ ᠣᠷᠣᠨ ᠪᠦᠰᠡ ᠶᠢᠨ ᠣᠷᠴᠢᠨ ᠲᠣᠭᠤᠷᠢᠨ ᠤ ᠱᠤᠤᠭᠢᠶᠠᠨ ᠢ ᠰᠠᠶᠢᠲᠤᠷ ᠬᠢᠵᠠᠭᠠᠷᠯᠠᠵᠤ᠂ ᠲᠠᠭᠤᠨ ᠤ ᠴᠢᠳᠠᠮᠵᠢᠳᠣ ᠣᠷᠣᠨ ᠤ ᠰᠥᠨᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠠᠷᠢᠮᠵᠢᠶ᠎ᠠ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ︶    ︵24︶ ᠡᠯ᠎ᠡ ᠱᠠᠲᠤᠨ ᠤ ᠤᠰᠤᠨ ᠤ ᠣᠷᠴᠢᠨ ᠲᠣᠭᠤᠷᠢᠨ ᠤ ᠴᠢᠳᠠᠮᠵᠢᠳᠣ ᠣᠷᠣᠨ ᠨᠢ ᠪᠦᠬᠦᠨ ᠢᠶᠠᠷ ᠢᠶᠠᠨ ᠱᠠᠭᠠᠷᠳᠠᠯᠭ᠎ᠠ ᠳᠤ ᠬᠦᠷᠴᠦ᠂ ᠬᠤᠪᠢᠶᠠᠷᠢᠯᠠᠨ ᠲᠣᠭᠲᠠᠭᠠᠭᠰᠠᠨ ᠥᠬᠡᠶ ᠴᠢᠳᠠᠮᠵᠢᠳᠣ ᠣᠷᠣᠨ ᠤ ᠤᠰᠤᠨ ᠤ ᠴᠢᠨᠠᠷ ᠨᠢ ᠲᠠᠪᠤᠨ ᠲᠥᠷᠥᠯ ᠠᠴᠠ ᠳᠣᠤᠷ᠎ᠠ ᠪᠠᠶᠢᠵᠤ ᠪᠣᠯᠬᠤ ᠥᠬᠡᠶ᠃ ᠪᠣᠬᠢᠷ ᠤᠰᠤ ᠶᠢ ᠳᠤᠷ᠎ᠠ ᠪᠠᠷ ᠢᠶᠠᠨ ᠭᠠᠳᠠᠭᠰᠢᠯᠠᠭᠤᠯᠬᠤ ᠦᠵᠡᠭᠳᠡᠯ ᠦᠭᠡᠢ᠂ ᠬᠠᠷ᠎ᠠ ᠦᠮᠡᠬᠡᠶ ᠤᠰᠤᠨ ᠴᠣᠭᠴᠠ ᠦᠭᠡᠢ᠃ ︵ᠬᠠᠷᠢᠭᠤᠴᠠᠯᠭᠠᠲᠤ ᠨᠢᠭᠡᠴᠡ᠄ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ︶    ︵25︶ ᠲᠥᠪᠯᠡᠷᠡᠩᠭᠦᠶ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠦᠨ᠎ᠡ᠃ ᠬᠠᠷᠢᠶᠠᠲᠤ ᠣᠷᠣᠨ ᠤ ᠳᠣᠲᠣᠷᠠᠬᠢ ᠭᠤᠤᠯᠳᠠᠯᠭ᠎ᠠ ᠲᠠᠢ ᠭᠤᠤᠯ ᠮᠥᠷᠡᠨ ᠨᠠᠭᠤᠷ ᠴᠥᠭᠦᠷᠥᠮ ᠨᠢ ᠭᠤᠤᠯᠳᠠᠭᠤ ᠣᠭᠲᠣᠯᠤᠭᠠᠰᠤ ᠶᠢᠨ ᠠᠮᠢ ᠠᠬᠤᠶ ᠶᠢᠨ ᠤᠷᠤᠰᠴᠠ ᠶᠢᠨ ᠪᠠᠷᠢᠮᠵᠢᠶ᠎ᠠ ᠳᠤ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ︶    ︵26︶ ᠬᠠᠷᠢᠶ᠎ᠠ ᠣᠷᠣᠨ ᠤ ᠳᠣᠲᠣᠷ᠎ᠠ ᠨᠥᠬᠦᠴᠡᠯ ᠳᠤ ᠨᠡᠶᠢᠴᠡᠭᠰᠡᠨ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠵᠤ᠂ ᠡᠯ᠎ᠡ ᠲᠥᠷᠥᠯ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠨᠢ ᠬᠠᠷᠢᠶ᠎ᠠ ᠣᠷᠣᠨ ᠤ ᠳᠣᠲᠣᠷᠠᠬᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠢᠢᠳᠪᠦᠷᠢᠯᠡᠬᠦ ᠬᠡᠷᠡᠭᠴᠡᠭᠡ ᠶᠢ ᠬᠠᠩᠭᠠᠬᠤ ᠬᠡᠷᠡᠭᠲᠡᠶ᠃ ᠬᠠᠷᠢᠶᠠᠲᠤ ᠣᠷᠣᠨ ᠤ ᠳᠣᠲᠣᠷᠠᠬᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠡᠮᠴᠢᠯᠡᠭᠡᠨ ᠤ ᠬᠠᠶᠠᠭᠳᠠᠮᠠᠯ ᠪᠣᠳᠠᠰ ᠢ ᠬᠠᠤᠯᠢ ᠶᠣᠰᠣᠭᠠᠷ ᠲᠥᠷᠥᠯ ᠬᠤᠪᠢᠶᠠᠨ ᠴᠤᠭᠯᠠᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠬᠢᠷᠢ ᠴᠢᠳᠠᠮᠵᠢ ᠲᠠᠢ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠨᠢᠭᠡᠴᠡ ᠠᠴᠠ ᠨᠢᠭᠡᠳᠦᠯᠲᠡᠶ ᠰᠢᠢᠳᠪᠦᠷᠢᠯᠡᠨ᠎ᠡ᠃ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ ᠨᠥᠬᠦᠴᠡᠯ ᠢ ᠦᠨᠡᠬᠡᠷ ᠪᠦᠷᠢᠳᠦᠭᠦᠯᠦᠭᠰᠡᠨ ᠦᠭᠡᠢ ᠭᠠᠵᠠᠷ ᠣᠷᠣᠨ ᠳᠤ ᠡᠮᠴᠢᠯᠡᠭᠡᠨ ᠤ ᠪᠠᠶᠢᠭᠤᠯᠤᠮᠵᠢ ᠨᠢ ᠨᠥᠬᠦᠴᠡᠯ ᠳᠤ ᠨᠡᠶᠢᠴᠡᠭᠰᠡᠨ ᠲᠥᠬᠦᠭᠡᠷᠦᠮᠵᠢ ᠶᠢ ᠬᠡᠷᠡᠭᠯᠡᠨ ᠥᠪᠡᠰᠦᠪᠡᠨ  ᠰᠢᠢᠳᠪᠦᠷᠢᠯᠡᠬᠦ ᠬᠡᠷᠡᠭᠲᠡᠶ᠃ ᠡᠮᠴᠢᠯᠡᠭᠡᠨ ᠤ ᠪᠣᠬᠢᠷ ᠤᠰᠤ ᠶᠢ ᠴᠤᠭᠯᠠᠭᠤᠯᠬᠤ᠂ ᠰᠢᠢᠳᠪᠦᠷᠢᠯᠡᠬᠦ᠂ ᠠᠷᠢᠭᠤᠳᠬᠠᠬᠤ ᠪᠠ ᠭᠠᠳᠠᠭᠰᠢᠯᠠᠭᠤᠯᠬᠤ ᠨᠢ ᠤᠯᠤᠰ ᠵᠢᠴᠢ ᠣᠷᠣᠨ ᠨᠤᠲᠤᠭ ᠤᠨ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶     5. ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ    ︵27︶ ᠣᠯᠠᠨ ᠨᠡᠶᠢᠲᠡ ᠶᠢᠨ ᠲᠠᠯᠠᠪᠤᠷ ᠲᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠶᠢ ᠬᠡᠮᠵᠢᠶᠡᠵᠢᠭᠦᠯᠦᠨ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠢᠲᠡᠭᠡᠮᠵᠢ ᠶᠢᠨ ᠬᠡᠮᠵᠢᠶᠡᠨ ᠤ ᠵᠡᠷᠭᠡ ᠳᠡᠰ ᠢ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠶᠢᠨ ᠬᠠᠮᠲᠤ ᠨᠢᠭᠡᠳᠦᠯᠲᠡᠶ ᠲᠡᠮᠳᠡᠭ ᠢ ᠬᠡᠷᠡᠭᠯᠡᠬᠦ ᠬᠡᠷᠡᠭᠲᠡᠶ᠃ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠨᠢ ᠪᠦᠷᠢᠨ ᠭᠦᠢᠴᠡᠳ ᠂ ᠠᠷᠢᠭᠤᠨ ᠴᠡᠪᠡᠷ ᠤᠨ ᠬᠠᠮᠢᠶᠠᠷᠤᠯᠲᠠ ᠨᠢ ᠵᠢᠷᠤᠮᠵᠢᠭᠤᠨ ᠪᠠᠶᠢᠵᠤ᠂ ᠬᠡᠷᠡᠭᠯᠡᠭᠴᠢᠳ ᠲᠤ ᠰᠢᠭᠤᠳ ᠦᠢᠯᠡᠴᠢᠯᠡᠵᠦ ᠪᠠᠶᠢᠭ᠎ᠠ ᠬᠥᠮᠦᠰ ᠡᠷᠡᠭᠦᠯ ᠮᠡᠨᠳᠦ ᠶᠢᠨ ᠬᠢᠷᠢ ᠲᠡᠩᠴᠡᠭᠰᠡᠨ ᠬᠦᠴᠦᠨ ᠪᠦᠬᠦᠢ ᠭᠡᠷᠡᠴᠢ ᠣᠯᠤᠭᠰᠠᠨ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    ︵28︶ ᠵᠢᠵᠢᠭ ᠤᠬᠢᠶᠠᠯᠭ᠎ᠠ ᠶᠢᠨ ᠭᠡᠷ᠂ ᠦᠰᠦ ᠵᠠᠰᠠᠬᠤ ᠵᠢᠵᠢᠭ ᠭᠠᠵᠠᠷ᠂ ᠵᠢᠵᠢᠭ ᠳᠠᠭᠤᠤ ᠪᠥᠵᠢᠭ ᠤᠨ ᠲᠢᠩᠬᠢᠮ᠂ ᠵᠢᠵᠢᠭ ᠪᠠᠭᠤᠳᠠᠯ ᠵᠡᠷᠭᠡ ᠶᠢᠨ ᠡᠵᠡᠩᠨᠡᠯᠲᠡ ᠶᠢᠨ ᠬᠢᠷᠢ ᠬᠡᠮ ᠨᠢ ᠬᠠᠤᠯᠢ ᠶᠣᠰᠣᠨ ᠳᠤ ᠨᠡᠶᠢᠴᠡᠵᠦ᠂ ᠭᠡᠷ ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠨᠢ ᠴᠡᠪᠡᠷ ᠲᠡᠭᠰᠢ᠂ ᠠᠷᠢᠭᠤᠨ ᠴᠡᠪᠡᠷ ᠤᠨ ᠬᠠᠮᠢᠶᠠᠷᠤᠯᠲᠠ ᠲᠠᠢ᠂ ᠬᠠᠲᠠᠭᠤ ᠬᠡᠷᠡᠭᠰᠡᠯ ᠤᠨ ᠲᠥᠬᠦᠭᠡᠷᠦᠮᠵᠢ ᠨᠢ ᠤᠯᠤᠰ ᠤᠨ ᠪᠠᠷᠢᠮᠵᠢᠶ᠎ᠠ ᠶᠢᠨ ᠵᠣᠬᠢᠴᠠᠩᠭᠤᠶ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    ︵29︶ ᠰᠤᠷᠭᠠᠭᠤᠯᠢ᠂ ᠬᠡᠦᠬᠡᠳ ᠤᠨ ᠴᠡᠴᠡᠷᠯᠢᠭ ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠴᠢᠶᠡᠯ ᠤᠨ ᠭᠡᠷ᠂ ᠬᠤᠭᠤᠯᠠᠨ ᠭᠡᠷ ︵ᠤᠤᠭᠤᠬᠤ ᠤᠰᠤᠨ ᠤ ᠲᠥᠬᠦᠭᠡᠷᠦᠮᠵᠢ ᠪᠠᠭᠲᠠᠨ᠎ᠠ︶᠂ ᠪᠠᠶᠢᠷᠢ᠂ ᠵᠣᠷᠯᠣᠩ ᠵᠡᠷᠭᠡ ᠵᠢᠭᠠᠨ ᠰᠤᠷᠭᠠᠯᠲᠠ ᠪᠠ ᠠᠮᠢᠳᠤᠷᠠᠯ ᠤᠨ ᠣᠷᠴᠢᠨ ᠲᠣᠭᠤᠷᠢᠨ ᠨᠢ ᠬᠤᠯᠪᠣᠭᠳᠠᠯ ᠪᠦᠬᠦᠢ ᠤᠯᠤᠰ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠤᠶᠤ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠰᠤᠷᠭᠠᠭᠤᠯᠢ ᠨᠤᠭᠤᠳ ᠲᠣᠭᠲᠠᠭᠠᠯ ᠶᠣᠰᠣᠭᠠᠷ ᠰᠤᠷᠭᠠᠭᠤᠯᠢ ᠶᠢᠨ ᠡᠮᠨᠡᠯᠭᠡ ᠶᠢᠨ ᠬᠤᠷᠢᠶ᠎ᠠ ᠪᠤᠶᠤ ᠡᠷᠡᠭᠦᠯ ᠬᠠᠮᠠᠭᠠᠯᠠᠯ ᠤᠨ ᠲᠠᠰᠤᠭ ᠭᠠᠷᠭᠠᠵᠤ᠂ ᠰᠤᠷᠭᠠᠭᠤᠯᠢ ᠶᠢᠨ ᠡᠮᠴᠢ ᠪᠤᠶᠤ ᠲᠤᠰᠬᠠᠶ ︵ᠬᠠᠪᠰᠤᠷᠭᠠᠭᠰᠠᠨ︶ ᠲᠤᠰᠢᠶᠠᠯ ᠪᠥᠬᠦᠶ ᠡᠷᠡᠭᠦᠯᠵᠢᠯ ᠤᠨ ᠪᠠᠭᠰᠢ ᠶᠢᠨ ᠲᠣᠬᠢᠷᠠᠭᠤᠯᠤᠯᠲᠠ ᠶᠢᠨ ᠬᠠᠷᠢᠴᠠᠯ ᠤᠨ ᠨᠣᠷᠮ᠎ᠠ ᠶᠢ ᠪᠠᠷᠢᠮᠵᠢᠶ᠎ᠠ ᠳᠤ ᠬᠦᠷᠦᠭᠦᠯᠵᠦ᠂ ᠲᠤᠰᠬᠠᠶ ᠪᠠ ᠲᠤᠰᠢᠶᠠᠯ ᠬᠠᠪᠰᠤᠷᠭᠠᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯᠲᠠᠨ ᠢ ᠳᠣᠭᠢᠷᠠᠭᠤᠯᠤᠨ᠎ᠠ᠃ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠰᠤᠷᠭᠠᠨ ᠬᠥᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    ︵30︶ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠡᠬᠢᠯᠡᠭᠰᠡᠨ ᠨᠣᠷᠮ᠎ᠠ ᠶᠢ ᠪᠠᠷᠢᠮᠵᠢᠶ᠎ᠠ ᠳᠤ ᠬᠦᠷᠦᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ ᠰᠤᠷᠭᠠᠭᠤᠯᠢ ᠶᠢᠨ ᠳᠣᠲᠣᠷᠠᠬᠢ ᠪᠡᠶ᠎ᠡ ᠶᠢᠨ ᠲᠠᠮᠢᠷ  ᠤᠨ ᠴᠠᠭ ᠭᠦᠢᠴᠡᠳ ᠪᠠᠶᠢᠨ᠎ᠠ᠂  ᠰᠤᠷᠭᠠᠭᠤᠯᠢ ᠶᠢᠨ ᠨᠢᠳᠦᠨ ᠤ ᠡᠷᠡᠭᠦᠯᠵᠢᠯ ᠤᠨ ᠲᠠᠮᠢᠷ ᠤᠨ ᠲᠦᠭᠡᠮᠡᠯᠵᠢᠭᠰᠡᠨ ᠨᠣᠷᠮ᠎ᠠ ᠪᠠᠷᠢᠮᠵᠢᠶ᠎ᠠ ᠳᠤ ᠬᠥᠷᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠶᠢᠨ ᠨᠣᠷᠮ᠎ᠠ᠂ ᠮᠠᠷᠢᠶᠠᠯᠠᠬᠤ ᠨᠣᠷᠮ᠎ᠠ ᠵᠢᠯ ᠳᠠᠷᠠᠭᠠᠯᠠᠨ ᠪᠠᠭᠤᠷᠠᠪᠠ᠃ ᠣᠶᠢᠷ᠎ᠠ ᠶᠢᠨ 3 ᠵᠢᠯ ᠳᠤ ᠬᠠᠷᠢᠶᠠᠲᠤ ᠣᠷᠣᠨ ᠳᠤ ᠬᠦᠨᠳᠦ ᠶᠡᠭᠡ ᠰᠤᠷᠭᠠᠭᠤᠯᠢ ᠶᠢᠨ ᠢᠳᠡᠭᠡᠨ ᠳᠤ ᠬᠤᠣᠷᠳᠠᠭᠳᠠᠭᠰᠠᠨ ᠬᠡᠷᠡᠭ ᠭᠠᠷᠤᠭᠰᠠᠨ ᠦᠭᠡᠶ᠃︵ᠬᠠᠷᠢᠭᠤᠴᠠᠯᠭᠠᠲᠤ ᠨᠢᠭᠡᠴᠡ᠄ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶    ︵31︶ ᠬᠠᠷᠢᠶ᠎ᠠ ᠣᠷᠣᠨ ᠤ ᠳᠣᠲᠣᠷᠠᠬᠢ ᠠᠵᠢᠯ ᠤᠨ ᠨᠥᠯᠥᠭᠡᠨ ᠤ ᠡᠪᠡᠳᠴᠢᠨ ᠤ ᠭᠠᠷᠴᠠᠭ ᠲᠤ ᠵᠢᠭᠰᠠᠭᠠᠭᠰᠠᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠦᠨᠦᠭᠡᠯᠳᠤ ᠬᠦᠴᠦᠨ ᠵᠦᠢᠯ ᠣᠷᠣᠰᠢᠵᠤ ᠪᠠᠶᠢᠭ᠎ᠠ ᠠᠵᠤ ᠠᠬᠤᠶᠢᠯᠠᠯ ᠤᠨ ᠠᠵᠢᠯ ᠤᠨ ᠨᠥᠯᠥᠭᠡᠨ ᠤ ᠡᠪᠡᠳᠴᠢᠨ ᠤ ᠬᠤᠣᠷᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠲᠠᠢ ᠣᠶᠢᠷᠠᠲᠤᠭᠰᠠᠨ ᠬᠥᠳᠡᠯᠮᠦᠷᠢᠴᠢᠨ ᠳᠤ ᠬᠠᠤᠯᠢ ᠶᠣᠰᠣᠭᠠᠷ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠃ ᠣᠶᠢᠷ᠎ᠠ ᠶᠢᠨ 3 ᠵᠢᠯ ᠳᠤ ᠬᠠᠷᠢᠶ᠎ᠠ ᠣᠷᠣᠨ ᠳᠤ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠬᠦᠨᠳᠦ ᠶᠡᠭᠡ ᠠᠳᠡᠯ ᠭᠠᠷᠤᠭᠰᠠᠨ ᠦᠭᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠢᠯᠴᠢᠨ ᠤ ᠡᠪᠯᠡᠯ︶    ︵32︶ ᠴᠢᠴᠢᠬᠠᠷ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠵᠠᠯᠠᠨ ᠠᠶᠢᠯ ᠥᠷᠲᠡᠭᠡ᠂ ᠣᠯᠠᠨ ᠨᠡᠶᠢᠲᠡ ᠶᠢᠨ ᠠᠶᠠᠨᠴᠢᠳ ᠤᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠨᠢᠰᠬᠡᠯ ᠤᠨ ᠵᠣᠴᠢᠳ ᠤᠨ ᠥᠷᠥᠭᠡ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠢᠴᠢᠬᠠᠷ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠵᠠᠯᠠᠨ ᠠᠶᠢᠯ ᠥᠷᠲᠡᠭᠡ︶       6. ᠢᠳᠡᠭᠡᠨ ᠤ ᠵᠦᠢᠯ ᠪᠠ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ    ︵33︶ ᠤᠢᠢᠷ᠎ᠠ ᠶᠢᠨ 3 ᠵᠢᠯ ᠳᠤ ᠬᠠᠷᠢᠶ᠎ᠠ ᠣᠷᠣᠨ ᠳᠤ ᠢᠳᠡᠭᠡᠨ ᠤ ᠠᠶᠤᠯᠭᠦᠶ ᠪᠠ ᠤᠤᠭᠤᠬᠤ ᠤᠰᠤᠨ ᠤ ᠠᠶᠤᠯᠭᠦᠶ ᠶᠢᠨ ᠬᠦᠨᠳᠦ ᠶᠡᠭᠡ ᠡ᠊ᠨᠳᠡᠯ ᠭᠠᠷᠤᠭᠰᠠᠨ ᠦᠭᠡᠢ ᠪᠠᠶᠢᠪᠠᠯ᠂ ᠢᠳᠡᠭᠡᠨ ᠤ ᠠᠶᠤᠯᠭᠦᠶ ᠪᠠ ᠤᠤᠭᠤᠬᠤ ᠤᠰᠤᠨ ᠤ ᠠᠶᠤᠯᠭᠦᠶ ᠶᠢᠨ ᠡ᠊ᠨᠳᠡᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠮᠡᠳᠡᠭᠦᠯᠦᠨ᠎ᠡ ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶    ︵34︶ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ᠂ ᠵᠢᠵᠢᠭ ᠦᠢᠯᠡᠳᠬᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠡᠵᠡᠩᠨᠡᠯᠲᠡ ᠶᠢᠨ ᠭᠠᠵᠠᠷ ᠦᠭᠡᠢ ᠢᠳᠡᠭᠡᠨ ᠤ ᠳᠡᠯᠭᠡᠭᠦᠷᠴᠢᠨ ᠳᠤ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠨ ᠪᠦᠰᠡ ᠲᠣᠭᠲᠠᠭᠠᠵᠤ᠂ ᠲᠦᠷᠦᠯ ᠵᠦᠢᠯ ᠤᠨ ᠡᠵᠡᠩᠨᠡᠯᠲᠡ ᠶᠢ ᠬᠢᠵᠠᠭᠠᠷᠯᠠᠨ᠎ᠠ᠃ ︽ᠭᠤᠷᠪᠠ ᠥᠬᠡᠶ︾ ᠢᠳᠡᠭᠡᠨ᠂ ᠬᠤᠳᠠᠯ ᠬᠠᠭᠤᠷᠮᠠᠭ ᠢᠳᠡᠭᠡᠨ᠂ ᠴᠢᠨᠠᠷ ᠮᠠᠭᠤᠲᠠᠶ ᠢᠳᠡᠭᠡᠨ᠂ ᠬᠤᠭᠤᠴᠠᠭ᠎ᠠ ᠥᠩᠭᠡᠷᠡᠭᠰᠡᠨ ᠢᠳᠡᠭᠡᠨ ᠵᠡᠷᠭᠡ ᠦᠵᠡᠭᠳᠡᠯ ᠢ ᠦᠢᠯᠡᠳᠴᠦ ᠪᠣᠷᠣᠯᠠᠭᠤᠯᠤᠭᠰᠠᠨ ᠥᠬᠡᠶ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶    ︵35︶ ᠢᠯᠡ ᠲᠣᠭᠤᠭ᠎ᠠ ᠪᠠ ᠢᠳᠡᠭᠡᠨ   ᠤ ᠦᠢᠯᠡᠳᠪᠦᠷᠢᠯᠡᠯ ᠡᠵᠡᠩᠨᠡᠯᠲᠡ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠬᠤ ᠶᠢ ᠢᠳᠡᠪᠬᠢᠲᠡᠶ ᠪᠠᠷ ᠶᠠᠪᠤᠭᠤᠯᠤᠨ᠎ᠠ᠃ ᠰᠢᠭᠤᠳ ᠢᠳᠡᠬᠦ ᠢᠳᠡᠭᠡᠨ ᠲᠠᠢ ᠣᠶᠢᠷᠠᠳᠬᠤ ᠠᠵᠢᠯ ᠢ ᠬᠢᠵᠦ ᠪᠠᠶᠢᠭ᠎ᠠ ᠢᠳᠡᠭᠡᠨ ᠢ ᠦᠢᠯᠡᠳᠪᠦᠷᠢᠯᠡᠵᠦ ᠡᠵᠡᠩᠨᠡᠬᠦ ᠠᠵᠢᠯᠲᠠᠨ ᠡᠷᠡᠭᠦᠯ ᠮᠡᠨᠳᠦ ᠶᠢᠨ ᠬᠢᠷᠢ ᠲᠡᠩᠴᠡᠭᠰᠡᠨ ᠬᠦᠴᠦᠨ ᠪᠦᠬᠦᠢ ᠭᠡᠷᠡᠴᠢ ᠣᠯᠤᠭᠰᠠᠨ ᠪᠠᠶᠢᠬᠤ ᠬᠡᠷᠡᠭᠲᠡᠶ᠃ ᠤᠬᠢᠶᠠᠵᠤ ᠠᠷᠢᠭᠤᠳᠬᠠᠬᠤ ᠲᠦᠷᠢᠮ ᠢ ᠨᠠᠶᠢᠳᠠᠪᠤᠷᠢᠵᠢᠭᠤᠯᠵᠤ᠂ ᠢᠯᠠᠭ᠎ᠠ ᠶᠢ ᠰᠡᠷᠭᠡᠶᠢᠯᠡᠬᠦ ᠬᠤᠯᠤᠭᠠᠨ᠎ᠠ ᠶᠢ ᠰᠡᠷᠭᠡᠶᠢᠯᠡᠬᠦ ᠵᠡᠷᠭᠡ ᠪᠡᠯᠡᠳᠬᠡᠮᠵᠢ ᠶᠢ ᠪᠦᠷᠢᠨᠰᠢᠬᠦᠯᠦᠨ᠎ᠡ᠃ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    ︵36︶ ᠬᠠᠷᠢᠶ᠎ᠠ ᠣᠷᠣᠨ ᠤ ᠳᠣᠲᠣᠷ᠎ᠠ ᠪᠠᠨ ᠬᠤᠪᠢᠳᠠᠨ ᠬᠤᠭᠤᠯᠠᠯᠠᠬᠤ ᠲᠦᠷᠢᠮ ᠪᠠ ᠨᠡᠶᠢᠲᠡ ᠶᠢᠨ ᠰᠠᠪᠬ᠎ᠠ ᠬᠡᠷᠡᠭᠯᠡᠬᠦ ᠲᠦᠷᠢᠮ ᠢ ᠢᠳᠡᠪᠬᠢᠲᠡᠶ ᠪᠠᠷ ᠳᠡᠯᠭᠡᠷᠡᠭᠦᠯᠵᠦ᠂ ︽ᠯᠠᠶᠢᠰᠧᠷ ᠲᠠᠪᠠᠭ ᠤᠨ ᠠᠵᠢᠯᠯᠠᠭ᠎ᠠ︾ ᠶᠢ ᠶᠡᠭᠡ ᠪᠠᠷ ᠰᠠᠨᠠᠭᠠᠴᠢᠯᠠᠨ᠎ᠠ᠃ ᠬᠠᠷᠢᠶᠠᠲᠤ ᠣᠷᠣᠨ ᠳᠤ ᠬᠡᠭᠡᠷ᠎ᠡ ᠶᠢᠨ ᠠᠮᠢᠲᠠᠨ ᠢ ᠫᠠᠨᠽᠠᠯᠠᠬᠤ᠂ ᠦᠢᠯᠡᠳᠴᠦ ᠬᠤᠳᠠᠯᠳᠤᠬᠤ᠂ ᠢᠳᠡᠬᠦ ᠦᠵᠡᠭᠳᠡᠯ ᠪᠠᠶᠢᠬᠤ ᠦᠭᠡᠢ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶    ︵37︶ ᠬᠤᠲᠠ ᠶᠢᠨ ᠶᠠᠪᠤᠳᠠᠯ ᠤᠨ ᠤᠰᠤ ᠬᠠᠩᠭᠠᠬᠤ᠂ ᠥᠪᠡᠷᠲᠡᠭᠡᠨ ᠪᠡᠯᠡᠳᠬᠡᠭᠰᠡᠨ ᠤᠰᠤ ᠬᠠᠩᠭᠠᠬᠤ᠂ ᠰᠠᠭᠤᠭᠠᠯᠢ ᠠᠷᠠᠳ ᠤᠨ ᠲᠣᠭᠤᠷᠢᠭ ᠤᠨ ᠤᠰᠤ ᠬᠠᠩᠭᠠᠬᠤ ᠬᠠᠮᠢᠶᠠᠷᠤᠯᠲᠠ ᠶᠢᠨ ᠵᠢᠷᠤᠮᠵᠢᠯ ᠲᠠᠢ᠂ ᠤᠰᠤ ᠬᠠᠩᠭᠠᠬᠤ ᠨᠢᠭᠡᠴᠢ ᠨᠢ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠬᠡᠷᠡᠭᠲᠡᠶ᠃ ᠬᠤᠶᠠᠳᠠᠬᠢ ᠤᠳᠠᠭ᠎ᠠ ᠤᠰᠤ ᠬᠠᠩᠭᠠᠬᠤ ᠨᠢ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠥᠯᠢᠭᠡᠷ ᠠᠪᠬᠤ ᠴᠢᠬ ᠢ ᠰᠣᠩᠭᠤᠬᠤ᠂ ᠰᠢᠯᠭᠠᠨ ᠪᠠᠶᠢᠴᠠᠭᠠᠬᠤ ᠲᠥᠷᠥᠯ ᠵᠦᠢᠯ ᠪᠠ ᠳᠠᠪᠲᠠᠮᠵᠢ ᠨᠢ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ︶    7.ᠡᠪᠡᠳᠴᠢᠨ‌ᠡᠮᠬᠡᠭ ᠢ ᠰᠡᠷᠭᠡᠶᠢᠯᠡᠨ ᠬᠢᠵᠠᠭᠠᠷᠯᠠᠬᠤ  ᠪᠠ ᠡᠮ ᠡᠮᠨᠡᠯᠭᠡ  ᠡᠷᠡᠭᠦᠯ ᠬᠠᠮᠠᠭᠠᠯᠠᠯ ᠤᠨ ᠦᠢᠯᠡᠴᠢᠯᠡᠭᠡ    ︵38︶ ᠠᠵᠤ ᠠᠬᠤᠶ ᠨᠡᠶᠢᠭᠡᠮ ᠤᠨ ᠬᠥᠭᠵᠢᠯᠲᠡ᠂ ᠡᠳ᠋ ᠤᠨ ᠵᠠᠰᠠᠭ ᠤᠨ ᠪᠠᠶᠢᠳᠠᠯ ᠪᠠ ᠡᠷᠡᠭᠦᠯ ᠮᠡᠨᠳᠤ ᠶᠢᠨ ᠬᠠᠷᠠᠯᠲᠠ ᠶᠢ ᠪᠡᠶᠡᠯᠡᠭᠦᠯᠬᠦ ᠯᠦᠭᠡ ᠵᠣᠬᠢᠴᠠᠯᠳᠤᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠢᠯᠡᠰ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠵᠠᠷᠤᠯᠭ᠎ᠠ ᠶᠢᠨ ᠡᠷᠡᠭᠦᠯ ᠬᠠᠮᠠᠭᠠᠯᠠᠯ ᠤᠨ ᠶᠡᠷᠦᠩᠬᠡᠶ ᠵᠠᠷᠤᠳᠠᠯ ᠳᠠᠬᠢ ᠡᠵᠡᠯᠡᠬᠦ ᠬᠤᠪᠢ ᠶᠢᠨ ᠵᠢᠩ ᠦᠷᠭᠦᠯᠵᠢᠯᠡᠨ ᠪᠠᠭᠤᠷᠠᠪᠠ᠃ ︵ᠬᠠᠷᠢᠭᠤᠴᠠᠯᠭᠠᠲᠤ ᠨᠢᠭᠡᠴᠡ᠄ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︶    ︵39︶ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠦᠨᠳᠦ ᠶᠡᠭᠡ ᠰᠢᠨ᠎ᠡ ᠪᠠᠷ ᠡᠭᠦᠰᠦᠭᠰᠡᠨ ᠭᠡᠨᠡᠳᠲᠡ ᠡᠭᠦᠰᠦᠭᠰᠡᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ᠂ ᠬᠤᠯᠪᠣᠭᠳᠠᠯ ᠪᠦ᠋ᠬᠦᠢ ᠱᠠᠭᠠᠷᠳᠠᠯᠭ᠎ᠠ ᠶᠣᠰᠣᠭᠠᠷ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠡᠯᠡᠳᠬᠡᠯ ᠲᠥᠰᠦᠯ ᠢ ᠲᠣᠭᠲᠠᠭᠠᠵᠤ᠂ ︽ᠳᠦ᠋ᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠳᠦ᠋ᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠬᠦ᠋ᠬᠡ᠂ ᠬᠥᠬᠡᠭᠴᠢᠨ ᠲᠦ᠋ᠷᠦᠯ ᠤᠨ ᠬᠠᠤᠯᠢ ᠪᠠᠷ ᠲᠣᠭᠲᠠᠭᠠᠭᠰᠠᠨ ᠬᠠᠯᠳᠠᠪᠤᠷᠢᠲᠤ ᠡᠪᠡᠳᠴᠢᠨ ᠤ ᠡᠭᠦᠰᠬᠦ ᠪᠠᠶᠢᠳᠠᠯ ᠢ ᠲᠣᠭᠲᠠᠭᠤᠨ ᠪᠠᠶᠢᠯᠭᠠᠨ᠎ᠠ᠃ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠪᠠ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠤ ᠰᠠᠯᠠᠭ᠎ᠠ ᠭᠠᠷᠭᠠᠵᠤ᠂ ᠬᠠᠯᠠᠭᠤᠷᠠᠯ ᠤᠨ ᠡᠭᠦᠳᠡᠨ ᠡᠮᠨᠡᠯᠭᠡ᠂ ᠭᠡᠳᠡᠰᠦᠨ ᠤ ᠡᠭᠦᠳᠡᠨ ᠡᠮᠨᠡᠯᠭᠡ ᠭᠠᠷᠭᠠᠵᠤ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠨᠢ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠨ᠎ᠡ᠃ ᠣᠶᠢᠷ᠎ᠠ ᠶᠢᠨ 3 ᠵᠢᠯ ᠳᠤ ᠬᠠᠷᠢᠶ᠎ᠠ ᠣᠷᠣᠨ ᠳᠤ ᠬᠦᠨᠳᠦ ᠶᠡᠭᠡ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠠᠳᠡᠯ ᠭᠠᠷᠤᠭᠰᠠᠨ ᠥᠬᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    ︵40︶ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠢᠷᠮᠦᠰᠦᠨ ᠡᠮᠡᠭᠲᠡᠶ ᠶᠢᠨ ᠦᠬᠦᠯ ᠤᠨ ᠨᠣᠷᠮ᠎ᠠ᠂ ᠨᠢᠯᠬ᠎ᠠ ᠬᠡᠤᠬᠡᠳ ᠤᠨ ᠦᠬᠦᠯ ᠤᠨ ᠨᠣᠷᠮ᠎ᠠ ᠪᠠ 5 ᠨᠠᠰᠤᠨ ᠠᠴᠠ ᠳᠣᠷᠣᠭᠰᠢᠬᠢ ᠬᠡᠤᠬᠡᠳ ᠤᠨ ᠦᠬᠦᠯ ᠤᠨ ᠨᠣᠷᠮ᠎ᠠ ᠶᠢ ᠪᠠᠭᠤᠷᠠᠭᠤᠯᠵᠤ᠂ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠪᠠ ᠲᠤᠬᠠᠶ ᠶᠢᠨ ᠭᠠᠵᠠᠷ ᠤᠨ ᠰᠡᠷᠭᠡᠶᠢᠯᠡᠬᠦ ᠲᠠᠷᠢᠯᠭ᠎ᠠ ᠶᠢᠨ ᠠᠵᠢᠯ ᠤᠨ ᠲᠥᠯᠥᠪᠯᠡᠭᠡ ᠶᠣᠰᠣᠭᠠᠷ᠂ ᠵᠣᠬᠢᠬᠤ ᠨᠠᠰᠤᠨ ᠤ ᠬᠥᠮᠦᠰ ᠲᠤ ᠲᠣᠭᠲᠠᠮᠠᠯ ᠬᠤᠭᠤᠴᠠᠭ᠎ᠠ ᠲᠠᠢ ᠪᠠᠷ ᠰᠡᠷᠭᠡᠶᠢᠯᠡᠬᠦ ᠲᠠᠷᠢᠯᠭ᠎ᠠ ᠶᠢᠨ ᠦᠢᠯᠡᠴᠢᠯᠡᠭᠡ ᠬᠠᠩᠭᠠᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠮᠡᠭᠲᠡᠶᠢᠴᠦᠳ ᠬᠡᠤᠬᠡᠳ ᠤᠨ ᠪᠥᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠡᠮᠨᠡᠬᠦ ᠪᠠ ᠰᠤᠪᠢᠯᠠᠬᠤ ᠶᠢ ᠤᠶᠠᠯᠳᠤᠭᠤᠯᠤᠭᠰᠠᠨ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    ︵41︶ ᠬᠦᠨᠳᠦ ᠶᠡᠭᠡ ᠤᠳᠠᠭᠠᠨ ᠴᠢᠨᠠᠷᠲᠠᠶ ᠡᠪᠡᠳᠴᠢᠨ ᠤ ᠬᠡᠳᠦ ᠡᠷᠲᠡ ᠦᠬᠦᠬᠦ ᠨᠤᠷᠮ᠎ᠠ ᠨᠢ ᠳᠣᠷᠣᠭᠰᠢᠯᠠᠬᠤ ᠬᠠᠨᠳᠤᠰᠢ ᠲᠠᠢ ᠪᠠᠶᠢᠬᠤ᠃ ᠴᠢᠬᠤᠯᠠ ᠶᠡᠭᠡ ᠬᠡᠷᠡᠭ ᠶᠠᠪᠤᠳᠠᠯ ᠢ ᠰᠢᠢᠳᠪᠦᠷᠢᠯᠡᠬᠦ ᠶᠠᠪᠤᠴᠠ ᠳᠠᠬᠢ ᠨᠡᠶᠢᠭᠡᠮ ᠤᠨ ᠰᠡᠳᠬᠢᠴᠡ ᠶᠢᠨ ᠡᠷᠡᠭᠦᠯ ᠮᠡᠨᠳᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠪᠠ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ᠂ ᠬᠢᠮᠤᠷᠠᠯ ᠳᠤ ᠭᠠᠷ ᠲᠦᠷᠦᠭᠦ ᠶᠢ ᠴᠢᠩᠭᠠᠳᠬᠠᠨ᠎ᠠ᠃ ᠬᠦᠨᠳᠦ ᠨᠣᠴᠢᠲᠠᠶ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠬᠠᠮᠢᠶᠠᠷᠬᠤ ᠵᠢᠷᠤᠮᠵᠢᠯ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ︶    ︵42︶ ᠡᠮᠴᠢᠯᠡᠭᠡ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠰᠢᠰᠲ᠋ᠧᠮᠵᠢ ᠨᠢ ᠪᠦᠷᠢᠨ ᠲᠡᠭᠦᠯᠳᠡᠷ᠂ ᠪᠠᠶᠢᠭᠤᠯᠤᠮᠵᠢ ᠶᠢᠨ ᠪᠠᠶᠢᠭᠤᠯᠤᠯᠲᠠ ᠨᠢ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠮᠢᠩᠭᠠᠨ ᠬᠥᠮᠦᠨ ᠠᠮᠠ ᠶᠢᠨ ᠡᠪᠡᠳᠴᠢᠲᠡᠨ ᠤ ᠣᠷᠣ ᠶᠢᠨ ᠲᠤᠭ᠎ᠠ᠂ ᠠᠵᠢᠯ ᠡᠷᠭᠢᠯᠡᠬᠦ ︵ᠲᠤᠰᠠᠯᠠᠭᠴᠢ︶ ᠡᠮᠴᠢ ᠶᠢᠨ ᠲᠤᠭ᠎ᠠ᠂ ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯᠲᠠᠨ ᠤ ᠲᠤᠭ᠎ᠠ᠂ ᠡᠮ ᠨᠠᠶᠢᠷᠠᠭᠴᠢ  ᠶᠢᠨ ᠲᠤᠭ᠎ᠠ ᠪᠠ ᠲᠦᠮᠡᠨ ᠬᠥᠮᠦᠨ ᠠᠮᠠ ᠶᠢᠨ ᠶᠡᠷᠦᠩᠬᠡᠶ ᠰᠠᠯᠠᠭᠠᠨ ᠤ ᠡᠮᠴᠢ ᠶᠢᠨ ᠲᠤᠭ᠎ᠠ ᠵᠡᠷᠭᠡ ᠭᠦᠢᠴᠡᠳᠭᠡᠯ ᠲᠤᠭ᠎ᠠ ᠨᠢ ᠪᠠᠶᠢᠭ᠎ᠠ ᠭᠠᠵᠠᠷ ᠤᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠬᠡᠷ︶    ︵43︶ ᠨᠢᠰᠬᠡᠯ ᠤᠨ ᠪᠠᠭᠤᠳᠠᠯ᠂ ᠴᠢᠴᠢᠬᠠᠷ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠵᠠᠯᠠᠨ ᠠᠶᠢᠯ ᠥᠷᠲᠡᠭᠡ᠂ ᠵᠠᠰᠠᠮᠠᠯ ᠵᠠᠮ ︵ᠤᠰᠤᠨ ᠵᠠᠮ︶ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠵᠠᠮ ᠬᠠᠷᠢᠯᠴᠠᠭᠠᠨ ᠤ ᠬᠦᠢᠰᠤ ᠵᠢᠴᠢ ᠰᠤᠷᠭᠠᠭᠤᠯᠢ᠂ ᠦᠵᠡᠮᠵᠢ ᠶᠢᠨ ᠣᠷᠣᠨ᠂ ᠪᠠᠶᠢᠭᠤᠯᠤᠯᠭ᠎ᠠ ᠨᠢᠭᠡᠴᠡ᠂ ᠬᠤᠳᠠᠯᠳᠤᠭᠠᠨ ᠤ ᠳᠡᠯᠭᠡᠭᠦᠷ ᠤᠨ ᠬᠡᠲᠦ ᠳᠡᠯᠭᠡᠭᠦᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠪᠡᠶ᠎ᠡ ᠶᠢᠨ ᠭᠠᠳᠠᠨᠠᠬᠢ ᠵᠢᠷᠦᠬᠡᠨ ᠤ ᠴᠡᠴᠡᠷᠡᠯᠲᠡ ᠶᠢ ᠠᠷᠢᠯᠭᠠᠬᠤ ᠠᠦ᠋ᠲ᠋ᠣ᠋ ᠬᠡᠮᠵᠢᠭᠦᠷᠯᠢᠭ ︵AED︶ ᠵᠡᠷᠭᠡ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠬᠦᠭᠡᠷᠦᠮᠵᠢ ᠪᠠ ᠡᠮ ᠤᠨ ᠵᠦᠢᠯ ᠢ ᠳᠣᠭᠢᠷᠠᠭᠤᠯᠬᠤ ᠪᠠ ᠬᠡᠷᠡᠭᠯᠡᠬᠦ ᠶᠢ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭ᠎ᠠ ᠪᠠ ᠰᠤᠷᠭᠠᠨ ᠬᠥᠮᠦᠵᠢᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠥᠮᠦᠰ ᠲᠤ ᠲᠦᠷᠭᠡᠨ ᠠᠪᠤᠷᠠᠯᠳᠠ ᠶᠢᠨ ᠮᠡᠳᠡᠯᠭᠡ ᠪᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠵᠦ᠂ ᠪᠥᠬᠦ ᠨᠡᠶᠢᠭᠡᠮ ᠢ ᠬᠥᠲᠥᠯᠦᠨ ᠵᠢᠯᠣᠭᠤᠳᠴᠤ ᠪᠠᠶᠢᠭᠠᠳ ᠪᠥᠬᠦ ᠠᠷᠠᠳ ᠤᠨ ᠲᠦᠷᠭᠡᠨ ᠠᠪᠤᠷᠠᠯᠳᠠ ᠶᠢᠨ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠴᠢᠴᠢᠬᠠᠷ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠵᠠᠯᠠᠨ ᠠᠶᠢᠯ ᠥᠷᠲᠡᠭᠡ︶    ︵44︶ ᠡᠮᠴᠢ ᠪᠣᠯᠤᠨ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠵᠤ᠂ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠳᠠᠨ ᠤ ᠠᠮᠤᠷ ᠲᠦᠪᠰᠢᠨ ᠠᠵᠢᠯᠯᠠᠬᠤ ᠨᠥᠬᠦᠴᠡᠯ ᠢ ᠪᠦᠷᠢᠳᠦᠭᠦᠯᠵᠦ᠂ ᠠᠵᠢᠯ ᠡᠷᠬᠢᠯᠡᠬᠦ ᠣᠷᠴᠢᠨ ᠨᠥᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠤᠨ᠎ᠠ᠃ ᠬᠠᠷᠢᠶᠠᠲᠤ ᠣᠷᠣᠨ ᠳᠤ ᠬᠦᠨᠳᠦ ᠣᠨᠴᠠ ᠶᠡᠭᠡ ᠡᠷᠡᠭᠦᠦ ᠶᠢᠨ ᠬᠡᠷᠡᠭ ᠤᠨ ᠡᠮᠨᠡᠯᠭᠡ ᠶᠢ ᠰᠢᠷᠬᠠᠲᠤᠭᠤᠯᠤᠭᠰᠠᠨ ᠬᠡᠷᠡᠭ ᠪᠠᠶᠢᠬᠤ ᠦᠭᠡᠢ᠃ ᠡᠮᠴᠢᠯᠡᠭᠡᠨ ᠳᠤ ᠬᠡᠷᠡᠭᠯᠡᠬᠦ ᠴᠢᠰᠤ ᠨᠢ ᠰᠠᠶᠢᠨ ᠳᠤᠷ᠎ᠠ ᠠᠴᠠ ᠪᠠᠨ ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠠᠴᠠ ᠢᠷᠡᠳᠡᠭ᠃ ᠦᠨᠡᠮᠯᠡᠯ ᠦᠭᠡᠢ ᠪᠠᠷ ᠡᠮᠴᠢᠯᠡᠬᠦ᠂ ᠬᠠᠤᠯᠢ ᠪᠤᠰᠤ ᠪᠠᠷ ᠴᠢᠰᠤ ᠠᠪᠬᠤ ᠪᠠ ᠴᠢᠰᠤ ᠬᠠᠩᠭᠠᠬᠤ ᠪᠠ ᠬᠠᠤᠯᠢ ᠪᠤᠰᠤ ᠪᠠᠷ ᠡᠮᠴᠢᠯᠡᠭᠡᠨ ᠤ ᠵᠠᠷ ᠭᠠᠷᠭᠠᠬᠤ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶    ︵45︶ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠭᠰᠠᠨ ᠪᠠ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ᠎ᠠ᠃ ᠬᠠᠷᠢᠶᠠᠲᠤ ᠣᠷᠣᠨ ᠤ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠭᠰᠡᠨ ᠭᠠᠵᠠᠷ ᠤᠨ ᠪᠠᠶᠢᠳᠠᠯ ᠂ ᠨᠢᠭᠲᠠᠴᠠ ᠶᠢᠨ ᠬᠤᠪᠢᠷᠠᠯᠲᠠ ᠪᠠ ᠬᠠᠯᠳᠠᠯᠭ᠎ᠠ ᠶᠢᠨ ᠪᠠᠶᠢᠳᠠᠯ ᠢ ᠡᠵᠡᠮᠰᠢᠨ᠎ᠡ᠃ ᠨᠠᠭᠤᠷ ᠲᠣᠭᠤᠷᠢᠮ᠂ ᠭᠤᠣᠯ ᠮᠥᠷᠡᠨ᠂ ᠭᠤᠤ ᠰᠤᠪᠠᠭ᠂ ᠦᠵᠡᠮᠵᠢ ᠶᠢᠨ ᠤᠰᠤᠨ ᠴᠣᠭᠴᠠ᠂ ᠵᠢᠵᠢᠭ ᠬᠡᠯᠪᠡᠷᠢ ᠶᠢᠨ ᠲᠤᠨᠤᠮᠠᠯ ᠤᠰᠤ᠂ ᠬᠤᠭ ᠨᠣᠪᠰᠢ᠂ ᠵᠣᠷᠯᠣᠩ ᠵᠡᠷᠭᠡ ᠡᠯ᠎ᠡ ᠲᠦᠷᠦᠯ ᠤᠨ ᠦᠷᠡᠵᠢᠨ ᠠᠮᠢᠳᠤᠷᠠᠬᠤ ᠣᠷᠴᠢᠨ ᠲᠣᠭᠤᠷᠢᠨ ᠢ ᠪᠦᠲᠦᠮᠵᠢᠲᠡᠶ ᠵᠠᠰᠠᠵᠤ᠂ ᠬᠤᠯᠤᠭᠠᠨ᠎ᠠ᠂ ᠪᠠᠲᠠᠭᠠᠨ᠎ᠠ᠂ ᠢᠯᠠᠭ᠎ᠠ᠂ ᠵᠣᠣᠮ᠎ᠠ ᠶᠢᠨ ᠨᠢᠭᠲᠠᠴᠠ ᠶᠢ ᠪᠠᠷᠢᠮᠵᠢᠶ᠎ᠠ ᠳᠤ ᠬᠦᠷᠭᠡᠨ᠎ᠡ᠃ ᠭᠤᠤᠯᠳᠠᠯᠭ᠎ᠠ ᠲᠠᠢ ᠠᠵᠢᠯ ᠲᠥᠷᠥᠯ ᠪᠠ ᠨᠢᠭᠡᠴᠡ ᠶᠢᠨ ᠢᠯᠠᠭ᠎ᠠ ᠶᠢ ᠰᠡᠷᠭᠡᠶᠢᠯᠡᠬᠦ ᠪᠠ ᠬᠤᠯᠤᠭᠠᠨ᠎ᠠ ᠶᠢ ᠰᠡᠷᠭᠡᠶᠢᠯᠡᠬᠦ ᠪᠡᠯᠡᠳᠬᠡᠮᠵᠢ ᠨᠢ ᠬᠢᠷᠢ ᠲᠡᠩᠴᠡᠭᠰᠡᠨ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ᠭᠤᠷᠪᠠ᠂ ᠭᠤᠣᠯᠳᠠᠯᠭ᠎ᠠ ᠲᠠᠢ ᠠᠵᠢᠯ    ︵ᠨᠢᠭᠡ︶ ᠬᠤᠳᠠ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠡ    1. ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ  ᠰᠢᠢᠳᠪᠦᠷᠢᠯᠡᠬᠦ ᠴᠢᠳᠠᠪᠤᠷᠢ ᠪᠠ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠨ ᠤ ᠬᠤᠲᠠ ᠶᠢᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠲᠠᠯᠠᠪᠠᠶ ᠪᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠡᠪ ᠤᠨ ᠠᠵᠢᠯᠯᠠᠭᠠᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠪᠥᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠨᠣᠷᠮ᠎ᠠ ᠶᠢ 100% ᠳᠤ ᠬᠦᠷᠭᠡᠵᠦ᠂ ᠬᠤᠲᠠ ᠶᠢᠨ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠴᠤᠭᠯᠠᠭᠤᠯᠬᠤ ᠨᠣᠷᠮ᠎ᠠ ᠶᠢ 75% ᠳᠤ ᠬᠦᠷᠦᠭᠦᠯᠬᠦ ᠪᠤᠶᠤ ᠦᠷᠭᠦᠯᠵᠢᠯᠡᠨ ᠳᠡᠭᠡᠭᠰᠢᠯᠡᠭᠦᠯᠵᠦ᠂ ᠬᠤᠲᠠ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢᠨ ᠬᠠᠷᠠᠯᠲᠠ ᠶᠢᠨ ᠬᠡᠮᠵᠢᠭᠳᠡᠯ ᠢ 95% ᠳᠤ ᠬᠦᠷᠦᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    2. ᠵᠢᠵᠢᠭ ᠵᠡᠭᠡᠯᠢ ᠵᠢᠵᠢᠭ ᠭᠤᠳᠤᠮᠵᠢ ᠶᠢ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ᠎ᠡ᠃ ᠵᠠᠮ ᠢ ᠰᠡᠯᠪᠢᠨ ᠵᠠᠰᠠᠬᠤ ᠠᠵᠢᠯ ᠢ ᠰᠠᠶᠢᠲᠤᠷ ᠬᠢᠵᠦ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠲᠠᠢ ᠤᠶᠠᠯᠳᠤᠭᠤᠯᠤᠨ᠂ ᠵᠢᠵᠢᠭ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠨᠣᠭᠤᠭᠠᠷᠠᠭᠤᠯᠬᠤ᠂ ᠭᠤᠶᠤᠵᠢᠭᠤᠯᠬᠤ᠂ ᠭᠡᠷᠡᠯᠲᠦᠭᠦᠯᠬᠦ ᠪᠠᠶᠢᠭᠤᠯᠤᠯᠲᠠ ᠶᠢ ᠲᠦᠷᠭᠡᠳᠬᠡᠨ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠷᠣᠰᠢᠨ ᠰᠠᠭᠤᠬᠤ ᠣᠷᠴᠢᠨ ᠨᠥᠬᠦᠴᠡᠯ ᠪᠠ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    3. ᠬᠤᠲᠠ ᠶᠢᠨ ᠨᠡᠶᠢᠲᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠰᠤ ᠪᠠᠷ ᠤᠬᠢᠶᠠᠬᠤ ᠮᠠᠶ᠋ᠢᠭ ᠤᠨ ᠨᠡᠶᠢᠲᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠭᠠᠵᠠᠷ ᠰᠣᠩᠭᠤᠨ ᠪᠥᠲᠥᠭᠡᠨ ᠪᠠᠶᠢᠭᠤᠯᠬᠤ᠂ ᠲᠥᠯᠥᠪᠵᠢᠭᠦᠯᠦᠨ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ᠂ ᠰᠢᠯᠵᠢᠮᠡᠯ ᠨᠡᠶᠢᠲᠡ ᠶᠢᠨ ᠵᠣᠷᠯᠣᠩ ᠳᠣᠭᠢᠷᠠᠭᠤᠯᠬᠤ ᠪᠠ ᠵᠡᠭᠡᠯᠢ ᠳᠠᠭᠠᠤ ᠬᠤᠳᠠᠯᠳᠤᠭᠠᠨ ᠤ ᠦᠢᠯᠡᠴᠢᠯᠡᠭᠡᠨ   ᠤ ᠨᠢᠭᠡᠴᠡ ᠶᠢᠨ ᠵᠣᠷᠯᠣᠩ ᠢ ᠨᠡᠭᠡᠭᠡᠬᠦ ᠵᠡᠷᠭᠡ ᠠᠷᠭ᠎ᠠ ᠶᠢ ᠠᠪᠴᠤ᠂ ᠮᠠᠨ ᠤ ᠬᠤᠲᠠ ᠶᠢᠨ ᠤᠰᠤ ᠪᠠᠷ ᠤᠬᠢᠶᠠᠬᠤ ᠮᠠᠶ᠋ᠢᠭ ᠤᠨ ᠨᠡᠶᠢᠲᠡ ᠶᠢᠨ ᠵᠣᠷᠯᠣᠩ ᠤᠨ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    4. ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠬᠠᠮᠢᠶᠠᠷᠬᠤ ᠶᠢ ᠴᠢᠩᠭᠠᠳᠬᠠᠨ᠎ᠠ᠃ ᠣᠲᠣ ᠶᠢᠨ ᠪᠠᠶᠢᠭ᠎ᠠ ᠬᠤᠭ ᠨᠣᠪᠰᠢ ᠶᠢᠨ ᠰᠠᠪᠠ ᠪᠠ ᠬᠤᠭ ᠨᠣᠪᠰᠢ ᠶᠢ ᠬᠤᠷᠢᠶᠠᠨ ᠴᠤᠭᠯᠠᠭᠤᠯᠬᠤ ᠲᠡᠷᠭᠡ ᠶᠢ ᠥᠭᠡᠷᠡᠴᠢᠯᠡᠨ ᠳᠡᠭᠡᠭᠰᠢᠯᠡᠭᠦᠯᠵᠦ᠂ ᠬᠤᠲᠠ ᠶᠢᠨ ᠲᠣᠭᠤᠷᠢᠭ ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠨᠢᠭᠲᠠ ᠪᠢᠲᠡᠭᠦᠮᠵᠢᠯᠡᠭᠰᠡᠨ ᠬᠤᠭ ᠨᠣᠪᠰᠢ ᠶᠢᠨ ᠰᠠᠪᠠ ᠶᠢ ᠨᠡᠮᠡᠨ ᠪᠠᠶᠢᠭᠤᠯᠵᠤ᠂ ᠪᠥᠬᠦ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠪᠦᠬᠦᠨ ᠢ ᠨᠢᠭᠲᠠ ᠪᠢᠲᠡᠭᠦᠮᠵᠢᠯᠡᠨ ᠬᠤᠷᠢᠶᠠᠨ ᠴᠤᠭᠯᠠᠭᠤᠯᠵᠤ᠂ ᠬᠤᠭ ᠨᠣᠪᠰᠢ ᠶᠢ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ ᠨᠣᠷᠮ᠎ᠠ ᠶᠢ 100% ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    5. ᠬᠤᠲᠠ ᠶᠢᠨ ᠵᠠᠮ ᠤᠨ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠵᠠᠮ ᠱᠤᠭᠤᠮ ᠢ ᠮᠠᠰᠢᠨᠴᠢᠯᠠᠨ ᠴᠡᠪᠡᠷᠯᠡᠬᠦ ᠶᠢ ᠭᠠᠷᠳᠠᠨ ᠬᠡᠷᠡᠭᠵᠢᠭᠦᠯᠵᠦ᠂ ᠴᠡᠪᠡᠷᠯᠡᠨ ᠠᠷᠢᠭᠤᠳᠬᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠮᠧᠬᠠᠨᠢᠭᠵᠢᠭᠤᠯᠤᠨ ᠴᠡᠪᠡᠷᠯᠡᠨ  ᠠᠷᠢᠭᠤᠳᠬᠠᠬᠤ ᠬᠠᠮᠤᠷᠬᠤ ᠬᠡᠪᠴᠢᠶ᠎ᠡ ᠶᠢ 80% ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶     ︵ᠬᠤᠶᠠᠷ︶ ᠬᠤᠳᠠ ᠶᠢᠨ ᠦᠵᠡᠮᠵᠢ ᠣᠷᠴᠢᠨ ᠲᠣᠭᠤᠷᠢᠨ  ᠤ ᠡᠷᠡᠭᠦᠯ ᠬᠠᠮᠠᠭᠠᠯᠠᠯ   ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ    1. ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠵᠠᠮ ᠡᠵᠡᠯᠡᠨ ᠡᠵᠡᠩᠨᠡᠬᠦ ᠶᠢ ᠴᠡᠭᠴᠡᠯᠡᠨ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠦᠨᠡᠮᠯᠡᠯ ᠥᠬᠡᠶ ᠪᠠᠷ ᠮᠠᠶᠢᠮᠠᠶᠢᠴᠢᠨ ᠤ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠡᠵᠡᠩᠨᠡᠬᠦ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠲᠦᠷᠢᠮ ᠠᠴᠠ ᠵᠥᠷᠢᠴᠡᠨ ᠵᠠᠮ ᠡᠵᠡᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠠᠭᠠᠵᠠᠯᠠᠨ᠎ᠠ᠃ ᠲᠠᠯᠠᠪᠤᠷ ᠤᠨ ᠭᠠᠳᠠᠨᠠᠬᠢ ᠵᠠᠬ᠎ᠠ ᠳᠡᠯᠭᠡᠭᠦᠷ ᠪᠠ ᠥᠷᠯᠥᠭᠡ ᠶᠢᠨ ᠪᠠ ᠰᠥᠨᠢ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠲᠣᠭᠲᠠᠭᠠᠵᠤ᠂ ᠲᠠᠯᠠᠪᠤᠷ ᠤᠨ ᠭᠠᠳᠠᠨᠠᠬᠢ ᠵᠠᠬ᠎ᠠ ᠳᠡᠯᠭᠡᠭᠦᠷ ᠤᠨ ︽ᠪᠤᠵᠠᠷ ᠰᠠᠮᠠᠭᠤᠨ ᠵᠥᠷᠢᠶ᠎ᠡ︾ ᠶᠢᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶    2. ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷᠡᠯᠲᠦᠭᠦᠯᠬᠦ᠂ ᠭᠤᠶᠤᠵᠢᠭᠤᠯᠬᠤ᠂ ᠵᠢᠷᠤᠮᠵᠢᠭᠤᠯᠬᠤ᠂ ᠨᠢᠭᠡᠳᠦᠯᠲᠡᠶ ᠪᠠᠷᠢᠮᠵᠢᠶ᠎ᠠ᠂ ᠱᠠᠭᠠᠷᠳᠠᠯᠭ᠎ᠠ ᠪᠠ ᠬᠤᠭᠤᠴᠠᠭ᠎ᠠ ᠬᠢᠵᠠᠭᠠᠷ ᠶᠣᠰᠣᠭᠠᠷ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠢ ᠪᠠᠶᠢᠷᠢᠯᠠᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    3. ᠵᠢᠵᠢᠭ ᠵᠠᠷ ᠮᠡᠳᠡᠭᠡ ᠳᠤ ᠴᠣᠬᠢᠯᠲᠠ ᠥᠭᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠨᠠᠭᠠᠬᠤ᠂ ᠰᠦᠷᠴᠢᠨ ᠰᠢᠷᠳᠡᠵᠦ ᠦᠨᠡᠮᠯᠡᠯ ᠭᠦᠢᠴᠡᠳᠭᠡᠬᠦ ᠲᠥᠷᠥᠯ᠂ ᠡᠪᠡᠳᠴᠢᠨ ᠵᠠᠰᠠᠬᠤ ᠲᠥᠷᠥᠯ᠂ ᠠᠵᠢᠯᠴᠢᠨ ᠡᠯᠰᠡᠬᠦ ᠲᠥᠷᠥᠯ ᠵᠡᠷᠭᠡ ︽ᠵᠢᠵᠢᠭ ᠵᠠᠷ ᠮᠡᠳᠡᠭᠡ︾ ᠶᠢ ᠪᠠᠶᠢᠴᠠᠭᠠᠨ‌‍ᠰᠢᠢᠳᠪᠦᠷᠢᠯᠡᠬᠦ ᠳᠠᠪᠲᠠᠮᠵᠢ ᠪᠠ ᠰᠢᠳᠬᠡᠨ ᠲᠣᠷᠭᠠᠬᠤ ᠡᠷᠴᠢᠮ ᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶     ︵ᠭᠤᠷᠪᠠ︶ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ  ᠤᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ   ᠳᠡᠯᠭᠡᠭᠡ ᠮᠠᠶᠢᠮᠠᠶ ᠶᠢᠨ ᠣᠷᠣᠨ ᠪᠠᠶᠢᠷᠢ ᠶᠢ ᠵᠦᠢ ᠵᠣᠬᠢᠰᠲᠠᠶ ᠪᠠᠷ ᠲᠣᠬᠢᠷᠠᠭᠤᠯᠵᠤ᠂ ᠴᠢᠳᠠᠮᠵᠢᠳᠦ ᠣᠷᠣᠨ ᠪᠦᠰᠡ ᠶᠢ ᠲᠦᠷᠦᠯ ᠵᠦᠢᠯ ᠢᠶᠠᠷ ᠨᠢ ᠵᠠᠭᠠᠭᠯᠠᠨ ᠲᠣᠭᠲᠠᠭᠠᠬᠤ ᠶᠢᠨ ᠬᠠᠮᠲᠤ ᠠᠳᠠᠯᠢ ᠪᠤᠰᠤ ᠣᠷᠣᠨ ᠪᠦᠰᠡ ᠳᠤ ᠢᠯᠡᠷᠬᠡᠶ ᠲᠡᠮᠳᠡᠭ ᠲᠠᠯᠪᠢᠵᠤ᠂ ᠰᠣᠯᠪᠢᠴᠠᠨ ᠪᠣᠬᠢᠷᠲᠤᠬᠤ ᠶᠢ ᠰᠡᠷᠭᠡᠶᠢᠯᠡᠬᠦ ᠬᠡᠷᠡᠭᠲᠡᠶ᠃ ᠲᠤᠰᠬᠠᠶ ᠲᠤᠰᠢᠶᠠᠯᠲᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠪᠠ ᠠᠷᠢᠭᠤᠨ ᠴᠡᠪᠡᠷ ᠢ ᠬᠠᠮᠠᠭᠠᠯᠠᠬᠤ ᠠᠵᠢᠯᠲᠠᠨ ᠢ ᠵᠦᠶ ᠵᠣᠬᠢᠰᠲᠠᠶ ᠳᠣᠭᠢᠷᠠᠭᠤᠯᠵᠤ᠂ ᠴᠡᠪᠡᠷᠯᠡᠨ ᠴᠡᠪᠡᠷᠯᠡᠬᠦ ᠲᠦᠷᠢᠮ ᠢ ᠨᠠᠶᠢᠳᠠᠪᠤᠷᠢᠵᠢᠭᠤᠯᠤᠨ᠂ ᠬᠤᠭ ᠨᠣᠪᠰᠢ ᠶᠢ ᠡᠳᠦᠷ ᠲᠤ ᠦᠢᠯᠡᠳᠪᠦᠷᠢᠯᠡᠵᠦ᠂ ᠡᠳᠦᠷ ᠲᠤ ᠴᠡᠪᠡᠷᠯᠡᠨ᠎ᠡ᠃ ᠳᠡᠯᠭᠡᠭᠡ ᠮᠠᠶᠢᠮᠠᠶ ᠶᠢᠨ ᠠᠷᠢᠭᠤᠨ ᠴᠡᠪᠡᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠳ᠋ ᠪᠠᠷᠠᠭ᠎ᠠ ᠶᠢ ᠲᠡᠷᠢ ᠲᠡᠭᠰᠢ ᠲᠠᠯᠪᠢᠵᠤ᠂ ᠳᠡᠯᠭᠡᠭᠡ ᠮᠠᠶᠢᠮᠠᠶ ᠶᠢᠨ ᠭᠠᠳᠠᠨ᠎ᠠ ᠳᠡᠯᠭᠡᠭᠡ ᠮᠠᠶᠢᠮᠠᠶ ᠬᠢᠬᠦ᠂ ᠵᠠᠮ ᠡᠵᠡᠯᠡᠨ ᠡᠵᠡᠩᠨᠡᠬᠦ ᠪᠠ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠢ ᠴᠠᠭᠠᠵᠠᠯᠠᠨ᠎ᠠ᠃ ᠰᠢᠭᠤᠳ ᠢᠳᠡᠬᠦ ᠢᠳᠡᠭᠡᠨ ᠢ ᠡᠳ᠋ᠰᠢᠭᠦᠯᠦᠨ ᠪᠣᠷᠣᠯᠠᠭᠤᠯᠬᠤ ᠳᠤ ᠢᠯᠠᠭ᠎ᠠ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ ᠪᠡᠯᠡᠳᠬᠡᠮᠵᠢ ᠤᠭᠰᠠᠷᠠᠵᠤ᠂ ᠰᠢᠭᠤᠳ ᠢᠳᠡᠬᠦ ᠢᠳᠡᠭᠡᠨ ᠢ ᠵᠠᠳᠠᠭᠠᠶ ᠡᠳ᠋ᠰᠢᠭᠦᠯᠦᠨ ᠦᠢᠯᠡᠳᠬᠦ ᠶᠢ ᠴᠠᠭᠠᠵᠠᠯᠠᠬᠤ ᠬᠡᠷᠡᠭᠲᠡᠶ᠃ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠶ ᠪᠤᠯᠤᠩ ᠭᠠᠷᠭᠠᠵᠤ᠂ ᠡᠷᠡᠭᠦᠯ ᠬᠠᠮᠠᠭᠠᠯᠠᠯ ᠤᠨ ᠮᠡᠳᠡᠯᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠤᠬᠠᠭᠤᠯᠵᠤ᠂ ᠡᠷᠡᠭᠦᠯ ᠬᠠᠮᠠᠭᠠᠯᠠᠯ ᠤᠨ  ᠪᠠᠶᠢᠴᠠᠭᠠᠨ ᠰᠢᠯᠭᠠᠭᠰᠠᠨ ᠪᠠᠶᠢᠳᠠᠯ ᠢ ᠨᠡᠶᠢᠲᠡᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶    ︵ᠲᠥᠷᠪᠡ︶ ︽ᠵᠢᠷᠭᠤᠭᠠᠨ ᠵᠢᠵᠢᠭ︾ ᠠᠵᠢᠯ ᠲᠥᠷᠥᠯ  ᠤᠨ ᠡᠷᠡᠭᠦᠯ ᠬᠠᠮᠠᠭᠠᠯᠠᠯ  ᠤᠨ ᠪᠠᠷᠢᠮᠵᠢᠶ᠎ᠠ ᠲᠤ ᠬᠦᠷᠦᠭᠦᠯᠦᠨ ᠴᠡᠭᠴᠡᠯᠡᠨ ᠵᠠᠰᠠᠬᠤ  ᠶᠢ ᠭᠦᠨᠵᠡᠭᠡᠶ ᠥᠷᠨᠢᠭᠦᠯᠬᠦ ᠬᠡᠷᠡᠭᠲᠡᠶ    ᠢᠳᠡᠭᠡᠨ ᠤ ᠠᠷᠢᠭᠤᠨ ᠴᠡᠪᠡᠷ  ᠢ ᠬᠡᠮᠵᠢᠶᠡᠵᠢᠭᠦᠯᠦᠨ ᠱᠠᠳᠤ ᠬᠤᠪᠢᠶᠠᠨ ᠬᠠᠮᠢᠶᠠᠷᠬᠤ ᠲᠥᠷᠢᠮ  ᠢ ᠬᠢᠨᠠᠮᠠᠭᠠᠶ ᠶᠠᠪᠤᠭᠳᠠᠭᠤᠯᠵᠤ᠂ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠵᠢᠵᠢᠭ︾ ᠠᠵᠢᠯ ᠲᠥᠷᠥᠯ ᠤᠨ ᠠᠷᠢᠭᠤᠨ ᠴᠡᠪᠡᠷ ᠢ ᠪᠥᠬᠦᠨ  ᠢ ᠪᠠᠷᠢᠮᠵᠢᠶ᠎ᠠ ᠲᠤ ᠬᠦᠷᠦᠭᠦᠯᠦᠨ᠎ᠡ᠃ ᠠᠷᠢᠭᠤᠨ ᠴᠡᠪᠡᠷ ᠨᠢ ᠪᠠᠷᠢᠮᠵᠢᠶ᠎ᠠ ᠳᠤ ᠥᠯᠥ ᠬᠦᠷᠦᠭᠰᠡᠨ ︽ᠵᠢᠷᠭᠤᠭᠠᠨ ᠵᠢᠵᠢᠭ︾ ᠠᠵᠢᠯ ᠲᠥᠷᠥᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠤᠶᠤ ᠬᠦᠴᠦᠨ ᠦᠭᠡᠶ ᠪᠣᠯᠭᠠᠵᠤ᠂ ᠢᠳᠡᠭᠡᠨ ᠤ ᠠᠷᠢᠭᠤᠨ ᠴᠡᠪᠡᠷ ᠤᠨ ᠠᠶᠤᠯ ᠦᠭᠡᠶ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠶᠤᠯ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶    ︵ᠲᠠᠪᠤ︶ ᠬᠤᠳᠠ ᠶᠢᠨ ᠵᠠᠮ ᠬᠠᠷᠢᠯᠴᠠᠭᠠᠨ ᠤ ᠡᠮᠬᠢ ᠳᠢᠭᠯᠢᠮ  ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ    ᠶᠠᠪᠠᠭᠠᠨ ᠬᠥᠮᠦᠨ ᠪᠣᠯᠤᠨ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠵᠤ᠂ ᠶᠠᠪᠠᠭᠠᠨ ᠬᠥᠮᠦᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠵᠢᠲᠡᠷᠭᠡᠨ ᠴᠣᠭᠴᠠ ᠪᠣᠯᠤᠨ ᠲᠡᠷᠭᠡᠨ ᠳᠣᠲᠣᠷᠠᠬᠢ ᠪᠡᠯᠡᠳᠬᠡᠮᠵᠢ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡᠨ ᠤ ᠲᠡᠷᠭᠡ ᠵᠣᠭᠰᠣᠬᠤ ᠥᠷᠲᠡᠭᠡ ᠴᠢᠭ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ︵ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶    ︵ᠵᠢᠷᠭᠤᠭ᠎ᠠ︶ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠦᠨ᠎ᠡ    ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠶᠢ ᠪᠦᠷᠢᠨ ᠪᠦᠲᠦᠨ ᠪᠠᠶᠢᠯᠭᠠᠵᠤ᠂ ᠬᠤᠭ ᠨᠣᠪᠰᠢ ᠶᠢ ᠡᠳᠦᠷ ᠲᠤ ᠦᠢᠯᠡᠳᠪᠦᠷᠢᠯᠡᠵᠦ ᠡᠳᠦᠷ ᠲᠤ ᠴᠡᠪᠡᠷᠯᠡᠬᠦ ᠶᠢ ᠪᠡᠶᠡᠯᠡᠭᠦᠯᠦᠨ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠦᠯᠵᠦ᠂ ᠪᠤᠵᠠᠷ᠂ ᠡᠷᠦᠶ ᠬᠤᠷᠤᠶ ᠥᠬᠡᠶ᠂ ᠠᠨᠠᠶ  ᠵᠡᠷᠭᠡ ᠦᠵᠡᠭᠳᠡᠯ ᠢ ᠠᠷᠢᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠵᠠᠯᠠᠨ ᠠᠶᠢᠯ ᠬᠤᠲᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠬᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠰ ᠨᠢᠭᠡᠴᠡ ᠶᠢᠨ ᠢᠶᠠᠨ ᠠᠵᠢᠯ ᠤᠨ ᠡᠳᠦᠷ ᠤᠨ ᠳᠠᠷᠠᠭᠠᠯᠠᠯ ᠳᠠᠭᠠᠨ ᠣᠷᠣᠭᠤᠯᠵᠤ᠂ ᠭᠤᠤᠯ ᠤᠳᠤᠷᠢᠳᠤᠯᠭ᠎ᠠ ᠪᠥᠬᠦ ᠲᠠᠯ᠎ᠠ ᠪᠠᠷ ᠬᠠᠷᠢᠭᠤᠴᠠᠨ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠳᠠᠲᠠᠶ ᠬᠠᠷᠢᠭᠤᠴᠠᠵᠤ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠤᠨ᠂ ᠡᠭᠦᠳᠦᠨ ᠪᠠᠶᠢᠭᠤᠯᠬᠤ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠳᠠ ᠶᠢᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠳᠠ ᠶᠢᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠯᠪᠠᠨ ᠭᠡᠷ ᠭᠡᠵᠦ ᠲᠣᠪᠴᠢᠯᠠᠨ᠎ᠠ︶ ᠢ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠤᠨ ᠵᠥᠪᠯᠡᠯ ᠳᠤ ᠭᠠᠷᠭᠠᠵᠤ᠂ ᠡᠷᠡᠭᠦᠯ ᠬᠠᠮᠠᠭᠠᠯᠠᠯ ᠤᠨ ᠡᠳᠦᠷ ᠲᠤᠲᠤᠮ ᠤᠨ ᠠᠵᠢᠯᠯᠠᠭ᠎ᠠ ᠶᠢ ᠬᠠᠷᠢᠭᠤᠴᠠᠨ᠎ᠠ᠃    1. ᠬᠤᠲᠠ ᠶᠢᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠯᠪᠠᠨ ᠬᠡᠷ ᠨᠢ ᠲᠣᠭᠲᠠᠮᠠᠯ ᠬᠤᠷᠠᠯ ᠤᠨ ᠲᠦᠷᠢᠮ ᠢ ᠪᠠᠶᠢᠭᠤᠯᠵᠤ᠂ ᠤᠯᠠᠷᠢᠯ ᠪᠦᠷᠢ ᠳᠤ ᠨᠢᠭᠡ ᠤᠳᠠᠭ᠎ᠠ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠳᠤ ᠢᠯᠡᠷᠡᠭᠰᠡᠨ ᠭᠤᠤᠯᠳᠠᠯᠭ᠎ᠠ ᠲᠠᠢ ᠪᠠ ᠬᠦᠴᠢᠷᠲᠡᠶ ᠠᠵᠢᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠪᠦᠷᠢᠯᠳᠦᠬᠦᠨ ᠨᠢᠭᠡᠴᠡ ᠨᠢ 1 ᠬᠤᠯᠪᠣᠭᠠᠴᠢᠨ ᠲᠣᠮᠢᠯᠠᠵᠤ᠂ ᠬᠤᠲᠠ ᠶᠢᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠵᠤ᠂ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠤᠨ ᠬᠤᠭᠤᠴᠠᠭᠠᠨ ᠳᠠᠬᠢ ᠰᠠᠯᠠᠭ᠎ᠠ ᠮᠥᠴᠢᠷ ᠤᠨ ᠬᠤᠭᠤᠷᠣᠨᠳᠣᠬᠢ ᠬᠠᠷᠢᠯᠴᠠᠬᠤ ᠠᠵᠢᠯ ᠢ ᠪᠥᠬᠦ ᠶᠠᠪᠤᠴᠠ ᠳᠤ ᠬᠠᠷᠢᠭᠤᠴᠠᠭᠤᠯᠬᠤ ᠬᠡᠷᠡᠭᠲᠡᠶ᠃    2.ᠬᠤᠳᠠ ᠶᠢᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠯᠪᠠᠨ ᠭᠡᠷ ᠪᠣᠯ ᠡᠳᠦᠷ ᠲᠤᠳᠤᠮ ᠤᠨ ᠠᠵᠢᠯ ᠤᠨ ᠪᠠᠶᠢᠭᠤᠯᠤᠮᠵᠢ ᠪᠣᠯᠤᠨ᠎ᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠵᠡᠷᠭᠡ ᠨᠢᠭᠡᠴᠡ ᠶᠢᠨ ᠰᠢᠯᠢᠳᠡᠭ ᠠᠵᠢᠯᠲᠠᠨ ᠢᠶᠠᠷ ᠪᠦᠷᠢᠯᠳᠦᠬᠦᠨ ᠢ ᠰᠣᠩᠭᠤᠨ ᠰᠢᠯᠵᠢᠭᠦᠯᠵᠦ᠂ ᠰᠣᠩᠭᠤᠨ ᠰᠢᠯᠵᠢᠭᠦᠯᠬᠦ ᠬᠥᠮᠦᠨ ᠤ ᠲᠤᠭ᠎ᠠ ᠶᠢ ᠪᠣᠳᠠᠲᠠᠶ ᠡᠭᠦᠷᠭᠡ ᠶᠢᠨ ᠬᠡᠮᠵᠢᠶ᠎ᠡ ᠪᠠᠷ ᠲᠣᠭᠲᠠᠭᠠᠨ᠎ᠠ᠃ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠬᠤᠭᠤᠴᠠᠭᠠᠨ ᠳᠤ᠂ ᠬᠤᠲᠠ ᠶᠢᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠯᠪᠠᠨ ᠬᠡᠷ ᠠᠴᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠰᠠᠨᠠᠯ ᠢ ᠦᠨᠳᠦᠰᠦᠯᠡᠨ᠂ ᠡᠯ᠎ᠡ ᠵᠦᠢᠯ ᠤᠨ ᠰᠢᠨ᠎ᠡ ᠶᠢ ᠡᠭᠦᠳᠬᠦ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠤᠨ᠎ᠠ︔ ᠡᠯ᠎ᠡ ᠬᠠᠷᠢᠭᠤᠴᠠᠯᠭᠠᠲᠤ ᠨᠢᠭᠡᠴᠡ ᠵᠢᠴᠢ ᠲᠤᠰᠬᠠᠶ ᠠᠬᠢᠭᠤᠯᠬᠤ ᠳᠤᠭᠤᠶᠢᠯᠠᠩ ᠳᠤ ᠲᠣᠬᠢᠷᠠᠭᠤᠯᠤᠯᠲᠠ ᠬᠢᠵᠦ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠭᠠᠷᠳᠠᠯᠭ᠎ᠠ ᠳᠤᠷᠠᠳᠴᠤ᠂ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠨ᠎ᠡ︔ ᠡᠯ᠎ᠡ ᠬᠠᠷᠢᠭᠤᠴᠠᠯᠭᠠᠲᠤ ᠨᠢᠭᠡᠴᠡ ᠪᠠ ᠲᠤᠰᠬᠠᠶ ᠵᠦᠢᠯ ᠢᠶᠠᠷ ᠠᠬᠢᠭᠤᠯᠬᠤ ᠳᠤᠭᠤᠶᠢᠯᠠᠩ ᠤᠨ ᠱᠠᠲᠤ ᠦᠶ᠎ᠡ ᠶᠢᠨ ᠠᠵᠢᠯ ᠤᠨ ᠡᠭᠦᠷᠭᠡ ᠶᠢ ᠪᠠᠶᠢᠴᠠᠭᠠᠵᠤ ᠰᠢᠮᠳᠠᠭᠤᠯᠤᠨ‌‍ᠭᠦ᠋ᠢᠴᠡᠳᠭᠡᠨ᠎ᠡ︔ ᠪᠠᠶᠢᠴᠠᠭᠠᠨ ᠰᠤᠳᠤᠯᠤᠯᠲᠠ ᠬᠢᠵᠦ᠂ ᠡᠯ᠎ᠡ‌ᠵᠦ᠋ᠢᠯ ᠤᠨ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠮᠡᠳᠡᠭᠳᠡᠵᠦ᠂ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠬᠤ ᠬᠡᠷᠡᠭᠲᠡᠶ︔ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠤᠳᠤᠷᠢᠳᠬᠤ ᠳᠤᠭᠤᠶᠢᠯᠠᠩ ᠢ ᠡᠭᠦᠳᠦᠨ ᠪᠠᠶᠢᠭᠤᠯᠬᠤ ᠳᠤ ᠠᠰᠠᠭᠤᠳᠠᠯ ᠢ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠳᠤᠷᠠᠳᠤᠨ᠎ᠠ ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠬᠠᠷᠢᠭᠤᠴᠠᠬᠤ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠂ ᠮᠡᠳᠡᠭᠡᠯᠡᠯ᠂ ᠲᠣᠪᠴᠢ ᠮᠡᠳᠡᠭᠡ ᠵᠡᠷᠭᠡ ᠶᠢ ᠲᠤᠭᠤᠷᠪᠢᠨ ᠪᠢᠴᠢᠵᠦ ᠳᠠᠷᠤᠮᠠᠯᠯᠠᠨ ᠲᠠᠷᠬᠠᠭᠠᠨ᠎ᠠ᠃ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠦᠶᠡᠯᠡᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠤᠲᠠ ᠶᠢᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠯᠪᠠᠨ ᠬᠡᠷ ᠠᠴᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠬᠤ ᠠᠵᠢᠯ ᠢ ᠬᠠᠷᠢᠭᠤᠴᠠᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂  ᠡᠷᠡᠭᠦᠯ ᠬᠠᠮᠠᠭᠠᠯᠠᠯ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃    ︵ᠬᠤᠶᠠᠷ︶ ᠣᠷᠣᠭᠤᠯᠤᠯᠲᠠ ᠪᠠᠨ ᠨᠡᠮᠡᠭᠳᠡᠭᠦᠯᠵᠦ᠂ ᠬᠦᠴᠦᠨ ᠲᠡᠭᠦᠯᠳᠡᠷ ᠪᠠᠲᠤᠯᠠᠭ᠎ᠠ ᠲᠠᠢ ᠪᠠᠶᠢᠯᠭᠠᠨ᠎ᠠ᠃ ᠤᠯᠤᠰ ᠤᠨ ᠡᠷᠡᠭᠦᠯ ᠬᠠᠮᠠᠭᠠᠯᠠᠯ ᠬᠤᠳᠠ ᠶᠢ ᠡᠭᠦᠳᠦᠨ ᠪᠠᠶᠢᠭᠤᠯᠬᠤ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠤᠯᠤᠰ ᠤᠨ ᠡᠷᠡᠭᠦᠯ ᠬᠠᠮᠠᠭᠠᠯᠠᠯ ᠬᠤᠳᠠ ᠶᠢ ᠡᠭᠦᠳᠦᠨ ᠪᠠᠶᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠬᠤᠳᠠ ᠶᠢᠨ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠲᠠᠢ ᠤᠶᠠᠯᠳᠤᠭᠤᠯᠤᠨ᠂ ᠲᠤᠰᠬᠠᠶ ᠵᠦᠢᠯ ᠤᠨ ᠪᠡᠯᠡ ᠮᠥᠩᠭᠦ ᠶᠢ ᠭᠤᠣᠯᠳᠠᠯᠭ᠎ᠠ ᠲᠠᠢ ᠲᠣᠬᠢᠷᠠᠭᠤᠯᠤᠨ ᠪᠠᠲᠤᠯᠠᠬᠤ ᠬᠡᠷᠡᠭᠲᠡᠶ᠃ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ᠂ ᠠᠷᠢᠭᠤᠨ ᠴᠡᠪᠡᠷ ᠤᠨ ᠠᠵᠢᠯᠲᠠᠨ ᠤ ᠴᠠᠯᠢᠩ ᠵᠡᠷᠭᠡ ᠪᠠᠶᠢᠩᠭᠤ ᠶᠢᠨ ᠴᠢᠨᠠᠷᠲᠠᠶ ᠵᠠᠷᠤᠯᠭ᠎ᠠ ᠶᠢ ᠣᠨ ᠤ ᠲᠥᠰᠦᠪ ᠲᠤ ᠵᠢᠭᠰᠠᠭᠠᠨ ᠣᠷᠣᠭᠤᠯᠵᠤ᠂ ᠵᠢᠯ ᠳᠠᠷᠠᠭᠠᠯᠠᠨ ᠳᠣᠭᠢᠷᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠪᠠ ᠪᠠᠬᠢᠵᠢᠭᠦᠯᠵᠦ ᠵᠠᠰᠠᠬᠤ ᠰᠢᠰᠲ᠋ᠧᠮᠵᠢ ᠶᠢᠨ ᠡᠳ᠋ ᠤᠨ ᠵᠠᠰᠠᠭ ᠤᠨ ᠵᠠᠷᠤᠳᠠᠯ ᠤᠨ ᠪᠠᠲᠤᠯᠠᠭ᠎ᠠ ᠶᠢᠨ ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠬᠤ ᠬᠡᠷᠡᠭᠲᠡᠶ᠃    ︵ᠭᠤᠷᠪᠠ︶ ᠤᠬᠠᠭᠤᠯᠭ᠎ᠠ ᠶᠢ ᠴᠢᠩᠭᠠᠳᠬᠠᠵᠤ᠂ ᠪᠥᠬᠦ ᠠᠷᠠᠳ ᠢᠶᠠᠷ ᠢᠶᠠᠨ ᠣᠷᠣᠯᠴᠠᠨ᠎ᠠ᠃ ᠡᠭᠦᠳᠦᠨ ᠪᠠᠶᠢᠭᠤᠯᠬᠤ ᠠᠵᠢᠯᠯᠠᠭ᠎ᠠ ᠶᠢᠨ ᠳᠤᠮᠳᠠ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠩᠭᠤ ᠶᠢᠨ ᠴᠢᠨᠠᠷᠲᠠᠶ ᠤᠬᠠᠭᠤᠯᠤᠨ ᠮᠡᠳᠡᠭᠡᠯᠡᠬᠦ ᠠᠵᠢᠯ ᠢ ᠢᠳᠡᠪᠬᠢᠲᠡᠶ ᠥᠷᠨᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠵᠣᠷᠢᠯᠭ᠎ᠠ᠂ ᠠᠴᠢ ᠬᠤᠯᠪᠣᠭᠳᠠᠯ ᠪᠠ ᠪᠣᠳᠠᠲᠠᠶ ᠡᠭᠦᠷᠭᠡ ᠶᠢ ᠥᠷᠭᠡᠨ ᠤᠯᠠᠨ ᠲᠦᠮᠡᠨ ᠳᠤ ᠭᠦᠢᠴᠡᠳ ᠣᠶᠢᠯᠠᠭᠠᠭᠤᠯᠵᠤ᠂ ᠬᠠᠷᠢᠭᠤᠴᠠᠯᠭ᠎ᠠ ᠪᠠ ᠡᠭᠦᠷᠭᠡ ᠶᠢ ᠨᠢ ᠲᠣᠳᠣᠷᠬᠠᠶ ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠶᠢ ᠨᠢ ᠨᠡᠮᠡᠭᠳᠡᠭᠦᠯᠦᠨ᠎ᠡ ︔ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠯ᠎ᠡ ᠨᠡᠶᠢᠭᠡᠮ ᠲᠣᠭᠤᠷᠢᠭ ᠤᠨ ᠬᠦᠷᠢᠶᠡᠨ ᠳᠤ ᠲᠣᠭᠲᠠᠮᠠᠯ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠡᠯ᠎ᠡ ᠰᠠᠯᠠᠭ᠎ᠠ ᠮᠥᠴᠢᠷ ᠤᠨ ᠬᠢᠨ ᠭᠡᠷ ᠤᠨ ᠭᠠᠳᠠᠨ᠎ᠠ ᠲᠣᠭᠲᠠᠮᠠᠯ ᠡᠭᠦᠳᠦᠨ ᠪᠠᠶᠢᠭᠤᠯᠬᠤ ᠤᠷᠢᠶ᠎ᠠ ᠯᠣᠽᠦ᠋ᠩ ᠭᠠᠷᠭᠠᠵᠤ᠂ ᠡᠯ᠎ᠡ ᠲᠣᠮᠣ ᠬᠤᠳᠠᠯᠳᠤᠭᠠᠨ ᠤ ᠲᠠᠯᠠᠪᠤᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠡᠮᠨᠡᠯᠭᠡ ᠶᠢᠨ ᠬᠤᠷᠢᠶ᠎ᠠ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠡᠷ ᠲᠡᠭᠡᠨ ᠬᠥᠨᠳᠡᠯᠡᠨ ᠪᠢᠴᠢᠭᠡᠰᠦ ᠡᠯᠭᠦᠵᠦ ᠂ ᠲᠣᠭᠲᠠᠮᠠᠯ ᠴᠢᠨᠠᠷᠲᠠᠶ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ ᠬᠡᠷᠡᠭᠲᠡᠶ᠃ ᠡᠷᠡᠭᠦᠯ ᠬᠠᠮᠠᠭᠠᠯᠠᠯ ‍ᠤᠨ‌ᠬᠤᠳᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠤᠪᠢ ᠬᠥᠮᠦᠨ  ᠤ ᠡᠷᠡᠭᠦᠯ ᠬᠠᠮᠠᠭᠠᠯᠠᠯ ᠪᠣᠯᠤᠨ ᠡᠪᠡᠳᠴᠢᠨ ᠡᠮᠭᠡᠭ ᠢ ᠰᠡᠷᠭᠡᠶᠢᠯᠡᠬᠦ ᠵᠡᠷᠭᠡ ᠬᠠᠮᠢᠶ᠎ᠠ ᠪᠥᠬᠦᠢ ᠮᠡᠳᠡᠯᠭᠡ ᠶᠢ ᠡᠭᠦᠳᠦᠨ ᠪᠠᠶᠢᠭᠤᠯᠬᠤ ᠤᠬᠠᠭᠤᠯᠭ᠎ᠠ ᠬᠥᠮᠦᠵᠢᠯ  ᠢ ᠥᠷᠭᠡᠨ ᠳᠡᠯᠭᠡᠷ ᠥᠷᠨᠢᠭᠦᠯᠵᠦ᠂ ᠥᠷᠭᠡᠨ ᠤᠯᠠᠨ ᠬᠤᠳᠠ ᠶᠢᠨ ᠠᠷᠠᠳ  ᠤᠨ ᠡᠷᠡᠭᠦᠯ ᠬᠠᠮᠠᠭᠠᠯᠠᠯ ‍ᠤᠨ‌ᠦᠵᠡᠯ ᠤᠬᠠᠮᠰᠠᠷ᠂ ᠡᠷᠡᠭᠦᠯ ᠮᠡᠨᠳᠤ ᠶᠢᠨ ᠦᠵᠡᠯ ᠤᠬᠠᠮᠰᠠᠷ᠂ ᠣᠷᠴᠢᠨ ᠲᠣᠭᠤᠷᠢᠨ  ᠤ ᠦᠵᠡᠯ ᠤᠬᠠᠮᠰᠠᠷ ᠪᠣᠯᠤᠨ ᠤᠯᠤᠰ  ᠤᠨ ᠡᠷᠡᠭᠦᠯ ᠬᠠᠮᠠᠭᠠᠯᠠᠯ  ᠤᠨ ᠬᠤᠳᠠ ᠶᠢ ᠡᠭᠦᠳᠦᠨ ᠪᠠᠶᠢᠭᠤᠯᠬᠤ  ᠲᠤ ᠣᠷᠣᠯᠴᠠᠬᠤ ᠦᠵᠡᠯ ᠤᠬᠠᠮᠰᠠᠷ   ᠢ ᠤᠯᠠᠮ ᠨᠢᠭᠡ ᠠᠯᠬᠤᠮ ᠨᠡᠮᠡᠭᠳᠡᠭᠦᠯᠦᠨ᠂ ᠡᠭᠦᠳᠦᠨ ᠪᠠᠶᠢᠭᠤᠯᠬᠤ ᠶᠢ ᠬᠥᠮᠦᠨ ᠪᠥᠬᠦᠨ ᠬᠠᠯᠠᠮᠵᠢᠯᠠᠵᠤ᠂ ᠡᠭᠦᠳᠦᠨ ᠪᠠᠶᠢᠭᠤᠯᠬᠤ ᠶᠢ ᠬᠥᠮᠦᠨ ᠪᠥᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ   ᠢ ᠴᠢᠷᠮᠠᠶᠢᠨ ᠪᠤᠢ ᠪᠣᠯᠭᠠᠨ᠎ᠠ᠃    ︵ᠳᠥᠷᠪᠡ︶ ᠬᠠᠷᠠᠯᠲᠠ ᠪᠠᠨ ᠨᠠᠷᠢᠯᠢᠬᠵᠢᠭᠤᠯᠵᠤ᠂ ᠠᠯᠬᠤᠮ ᠬᠤᠪᠢᠶᠠᠨ ᠬᠡᠷᠡᠭᠵᠢᠭᠦᠯᠦᠨ᠎ᠡ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠵᠠᠯᠠᠨ ᠠᠶᠢᠯ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠦᠷᠦᠭᠦᠯᠡᠨ ᠤᠳᠤᠷᠢᠳᠬᠤ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠳ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠷᠢᠮᠵᠢᠶ᠎ᠠ ᠶᠢᠨ ᠲᠤᠯᠤᠭᠠᠨ ᠶᠡᠭᠡ ᠲᠥᠷᠥᠯ ᠵᠤᠶᠢᠯ ᠤᠨ 45 ᠪᠠᠭ᠎ᠠ ᠲᠥᠷᠥᠯ ᠵᠤᠶᠢᠯ ᠤᠨ ᠶᠣᠰᠣᠭᠠᠷ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ ᠢ ᠲᠣᠰ ᠲᠣᠰ ᠲᠣᠭᠲᠠᠭᠠᠵᠤ᠂ ᠬᠠᠷᠠᠯᠲᠠ ᠪᠠᠨ ᠨᠠᠷᠢᠯᠢᠬᠵᠢᠭᠤᠯᠤᠨ᠂ ᠠᠵᠢᠯ ᠤᠨ ᠡᠭᠦᠷᠭᠡ ᠪᠠᠨ ᠬᠤᠪᠢᠶᠠᠷᠢᠯᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠵᠢᠯ ᠢᠶᠠᠨ ᠬᠤᠪᠢᠶᠠᠷᠢᠯᠠᠨ ᠬᠠᠷᠢᠭᠤᠴᠠᠵᠤ᠂ ᠠᠯᠬᠤᠮ ᠬᠤᠪᠢᠶᠠᠨ ᠬᠡᠷᠡᠭᠵᠢᠭᠦᠯᠬᠦ ᠬᠡᠷᠡᠭᠲᠡᠶ᠃    ︵ᠲᠠᠪᠤ︶ ᠭᠤᠤᠯᠳᠠᠯᠭ᠎ᠠ ᠶᠢ ᠳᠣᠪᠤᠶᠢᠯᠭᠠᠵᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠲᠣᠰ ᠨᠢᠭᠡᠴᠡ ᠶᠢᠨ ᠢᠶᠠᠨ ᠬᠤᠪᠢᠳᠠᠨ ᠡᠭᠦᠷᠭᠡᠯᠡᠭᠰᠡᠨ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠲᠠᠢ ᠪᠠᠨ ᠤᠶᠠᠯᠳᠤᠭᠤᠯᠤᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ᠂ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠰᠡᠳᠬᠢᠮᠵᠢ ᠪᠠᠨ ᠲᠣᠳᠣᠷᠬᠠᠶᠢᠯᠠᠵᠤ᠂ ᠬᠡᠮ ᠰᠣᠭᠤᠭ ᠢ ᠨᠢ ᠣᠨᠣᠪᠴᠢᠲᠠᠶ ᠡᠷᠢᠵᠦ᠂ ᠲᠤᠰᠬᠠᠶ ᠵᠦᠢᠯ ᠤᠨ ᠴᠡᠭᠴᠡᠯᠡᠨ ᠵᠠᠰᠠᠬᠤ ᠲᠥᠰᠦᠯ ᠢ ᠲᠣᠭᠲᠠᠭᠠᠬᠤ ᠬᠡᠷᠡᠭᠲᠡᠶ᠃ ᠴᠡᠭᠴᠡᠯᠡᠨ ᠵᠠᠰᠠᠬᠤ ᠲᠥᠰᠦᠯ ᠨᠢ ᠬᠠᠨᠳᠤᠯᠭᠠᠲᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠭᠤᠤᠯᠳᠠᠯᠭ᠎ᠠ ᠶᠢ ᠳᠣᠪᠤᠶᠢᠯᠭᠠᠨ᠂ ᠡᠭᠦᠷᠭᠡ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠴᠠᠭ ᠤᠨ ᠬᠢᠵᠠᠭᠠᠷ ᠢ ᠲᠣᠭᠲᠠᠭᠠᠵᠤ᠂ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠪᠠᠷᠢᠮᠵᠢᠶ᠎ᠠ᠂ ᠱᠠᠭᠠᠷᠳᠠᠯᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃    ︵ᠵᠢᠷᠭᠤᠭ᠎ᠠ︶ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠠᠵᠢᠯ  ᠤᠨ ᠬᠠᠷᠠᠯᠲᠠ ᠪᠣᠯᠤᠨ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ︽ᠨᠢᠭᠡᠳᠦᠭᠡᠷ ᠭᠠᠷ︾ ᠬᠠᠷᠢᠭᠤᠴᠠᠬᠤ ᠲᠥᠷᠢᠮ  ᠢ ᠬᠡᠷᠡᠭᠵᠢᠭᠦᠯᠵᠦ᠂ ᠪᠡᠶ᠎ᠡ ᠪᠠᠷ ᠢᠶᠠᠨ ᠬᠠᠮᠢᠶᠠᠷᠴᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠪᠠᠶᠢᠴᠠᠭᠠᠵᠤ᠂ ᠠᠵᠢᠯ   ᠢ ᠪᠣᠳᠠᠲᠠᠶᠢᠵᠢᠭᠤᠯᠬᠤ ᠬᠡᠷᠡᠭᠲᠡᠶ᠃ ᠬᠤᠲᠠ ᠶᠢᠨ ᠵᠠᠰᠠᠭ ᠤᠨ ᠣᠷᠳᠣᠨ ᠤ ᠰᠢᠪᠠᠳᠠᠨ ᠵᠢᠯᠣᠭᠤᠳᠬᠤ ᠳᠤᠭᠤᠶᠢᠯᠠᠩ ᠠᠴᠠ ᠡᠯ᠎ᠡ ᠨᠢᠭᠡᠴᠡ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠳᠤ ᠪᠠᠶᠢᠴᠠᠭᠠᠯᠲᠠ ᠬᠢᠵᠦ᠂ ᠠᠵᠢᠯ ᠳᠠᠭᠠᠨ ᠬᠦᠴᠦᠨ ᠥᠬᠡᠶ᠂ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠬᠦ ᠦᠵᠡᠭᠳᠡᠯ ᠪᠤᠶᠤ ᠴᠠᠭ ᠤᠨ ᠬᠢᠵᠠᠭᠠᠷ᠂ ᠱᠠᠭᠠᠷᠳᠠᠯᠭ᠎ᠠ ᠶᠣᠰᠣᠭᠠᠷ ᠡᠭᠦᠷᠭᠡ ᠪᠠᠨ ᠪᠡᠶᠡᠯᠡᠭᠦᠯᠦᠭᠰᠡᠨ ᠥᠬᠡᠶ ᠨᠢᠭᠡᠴᠡ ᠶᠢ ᠪᠥᠬᠦ ᠬᠤᠲᠠ ᠳᠤ ᠵᠠᠷᠯᠠᠨ ᠰᠢᠭᠦᠮᠵᠢᠯᠡᠨ᠎ᠡ᠃    ︵ᠲᠤᠯᠤᠭ᠎ᠠ︶ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠵᠤ᠂ ᠴᠢᠩᠭ᠎ᠠ ᠬᠢᠨᠠᠨ ᠰᠢᠯᠭᠠᠬᠤ ᠬᠡᠷᠡᠭᠲᠡᠶ᠃ ᠲᠣᠭᠲᠠᠭᠰᠠᠨ ᠬᠤᠭᠤᠴᠠᠭᠠᠨ ᠳᠠᠭᠠᠨ ᠪᠠᠷᠢᠮᠵᠢᠶ᠎ᠠ ᠳᠤ ᠬᠦᠷᠦᠭᠰᠡᠨ ᠨᠢᠭᠡᠴᠡ ᠶᠢ ᠰᠠᠶᠢᠰᠢᠶᠠᠨ ᠬᠥᠬᠢᠭᠦᠯᠵᠦ᠂ ᠲᠣᠭᠲᠠᠭᠰᠠᠨ ᠬᠤᠭᠤᠴᠠᠭᠠᠨ ᠳᠠᠭᠠᠨ ᠪᠠᠷᠢᠮᠵᠢᠶ᠎ᠠ ᠳᠤ ᠬᠦᠷᠦᠭᠰᠡᠨ ᠥᠬᠡᠶ ᠨᠢᠭᠡᠴᠡ ᠠᠴᠠ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠡᠯ᠎ᠡ ᠨᠢᠭᠡᠴᠡ ᠨᠦᠭᠦᠳ ᠲᠣᠰ ᠲᠣᠰ ᠤᠨ ᠡᠭᠦᠷᠭᠡᠯᠡᠵᠦ ᠪᠥᠬᠦᠶ ᠡᠭᠦᠳᠦᠨ ᠪᠠᠶᠢᠭᠤᠯᠬᠤ ᠠᠵᠢᠯ ᠤᠨ ᠭᠦᠢᠴᠡᠳᠭᠡᠬᠦ ᠲᠤᠭ᠎ᠠ ᠪᠠᠨ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠲᠡᠭᠡᠨ ᠰᠢᠯᠭᠠᠨ ᠪᠠᠶᠢᠴᠠᠭᠠᠬᠤ ᠪᠠ ᠬᠢᠨᠠᠨ ᠰᠢᠯᠭᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠱᠠᠲᠤ ᠦᠶ᠎ᠡ ᠶᠢᠨ ᠴᠢᠨᠠᠷᠲᠠᠶ ᠪᠠᠶᠢᠴᠠᠭᠠᠵᠤ ᠰᠢᠯᠭᠠᠨ ᠠᠪᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠶᠢ ᠪᠠᠷᠢᠮᠵᠢᠶ᠎ᠠ ᠳᠤ ᠬᠦᠷᠦᠭᠦᠯᠬᠦ᠂ ᠨᠢᠭᠡ ᠶᠢ ᠰᠢᠯᠭᠠᠨ ᠠᠪᠬᠤ᠂ ᠨᠢᠭᠡ ᠶᠢ ᠪᠠᠬᠢᠵᠢᠭᠦᠯᠬᠦ᠂ ᠨᠢᠭᠡ ᠶᠢ ᠬᠥᠭᠵᠢᠭᠦᠯᠬᠦ ᠶᠢ ᠪᠡᠶᠡᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠬᠢᠷᠢ ᠬᠡᠮᠵᠢᠶ᠎ᠡ ᠶᠢ ᠠᠬᠢᠭᠤᠯᠬᠤ ᠬᠡᠷᠡᠭᠲᠡᠶ᠃     ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢ ᠡᠬᠢᠯᠡᠭᠦᠯᠬᠦ ᠪᠠ ᠭᠤᠶᠤᠴᠢᠯᠠᠨ ᠮᠡᠳᠡᠭᠦᠯᠬᠦ ᠱᠠᠲᠤ ᠦᠶ᠎ᠡ ︵2022 ᠣᠨ ᠤ 3 — 4 ᠳ᠋ᠦᠭᠡᠷ ᠰᠠᠷ᠎ᠠ︶    1. ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢ ᠳᠠᠶᠢᠴᠢᠯᠠᠬᠤ ᠶᠡᠭᠡ ᠬᠤᠷᠠᠯ ᠢ ᠬᠤᠷᠠᠯᠳᠤᠭᠤᠯᠵᠤ᠂ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠤᠨ᠎ᠠ᠃ ᠡᠯ᠎ᠡ ᠨᠢᠭᠡᠴᠡ ᠨᠦᠭᠦᠳ ᠠᠳᠠᠯ ᠦᠢᠯᠡᠰ ᠴᠣᠭᠴᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠥᠰᠦᠯ ᠢᠶᠠᠨ ᠦᠨᠳᠦᠰᠦᠯᠡᠨ᠂ ᠬᠡᠷᠡᠭᠵᠢᠭᠦᠯᠬᠦ ᠲᠥᠯᠥᠪᠯᠡᠭᠡ ᠪᠤᠶᠤ ᠲᠥᠰᠦᠯ ᠢᠶᠠᠨ ᠳᠤᠷᠠᠳᠴᠤ᠂ ᠲᠣᠰ ᠨᠢᠭᠡᠴᠡ ᠪᠠᠨ ᠵᠣᠬᠢᠶᠠᠨ ᠪᠠᠶᠢᠭᠤᠯᠤᠨ ᠠᠳᠠᠯ ᠦᠢᠯᠡᠰ ᠴᠣᠭᠴᠠᠯᠠᠬᠤ ᠡᠷᠡᠭᠦᠯ ᠬᠠᠮᠠᠭᠠᠯᠠᠯ ᠤᠨ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠶ᠃    2. ᠪᠠᠷᠢᠮᠵᠢᠶ᠎ᠠ ᠲᠠᠢ ᠬᠠᠷᠢᠴᠠᠭᠤᠯᠤᠨ᠂ ᠥᠪᠡᠷ ᠢ ᠪᠠᠨ ᠪᠠᠶᠢᠴᠠᠭᠠᠵᠤ ᠦᠨᠡᠯᠡᠨ ᠵᠢᠱᠢᠬᠦ ᠶᠢ ᠥᠷᠨᠢᠭᠦᠯᠵᠦ᠂ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢ ᠥᠷᠭᠡᠨ ᠢᠶᠠᠷ ᠥᠷᠨᠢᠭᠦᠯᠵᠦ᠂ ᠮᠠᠨ ᠤ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠦᠨᠳᠦᠰᠦᠨ ᠨᠥᠬᠦᠴᠡᠯ ᠢ ᠭᠤᠶᠤᠴᠢᠯᠠᠨ ᠮᠡᠳᠡᠭᠦᠯᠵᠦ᠂ ᠬᠤᠲᠠ ᠶᠢᠨ ᠡᠷᠡᠭᠦᠯ ᠬᠠᠮᠠᠭᠠᠯᠠᠯ ᠤᠨ ᠦᠨᠳᠦᠰᠦᠨ ᠪᠠᠶᠢᠳᠠᠯ ᠢ ᠦᠨᠡᠯᠡᠨ ᠵᠢᠱᠢᠵᠦ᠂ ᠭᠤᠶᠤᠴᠢᠯᠠᠯ ᠤᠨ ᠮᠡᠳᠡᠭᠦᠯᠦᠯᠲᠡ ᠪᠠ ᠡᠷᠡᠭᠦᠯ ᠬᠠᠮᠠᠭᠠᠯᠠᠯ ᠤᠨ ᠠᠵᠢᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠪᠡᠶᠡᠯᠡᠭᠦᠯᠬᠦ ᠪᠠ ᠮᠡᠳᠡᠭᠦᠯᠦᠨ ᠬᠦᠷᠭᠡᠨ᠎ᠡ᠃    ︵ᠬᠤᠶᠠᠷ︶ ᠲᠤᠰᠬᠠᠶ  ᠵᠦᠢᠯ ᠢᠶᠠᠷ ᠴᠡᠭᠴᠡᠯᠡᠨ ᠵᠠᠰᠠᠬᠤ ᠱᠠᠲᠤ ᠦᠶ᠎ᠡ ︵2022 ᠣᠨ ᠤ 5 — 12 ᠳ᠋ᠤᠭᠠᠷ ᠰᠠᠷ᠎ᠠ︶    ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠡᠯ᠎ᠡ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠣᠷᠣᠰᠢᠵᠤ ᠪᠠᠶᠢᠭ᠎ᠠ ᠠᠰᠠᠭᠤᠳᠠᠯ ᠪᠠ ᠵᠥᠷᠢᠶ᠎ᠡ ᠳᠤ ᠴᠢᠭᠯᠡᠭᠦᠯᠦᠨ᠂ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠲᠤᠰ ᠱᠠᠲᠤᠨ ᠳᠤ᠂ ᠬᠤᠳᠠ ᠶᠢᠨ ᠡᠷᠡᠭᠦᠯ ᠬᠠᠮᠠᠭᠠᠯᠠᠯ᠂ ᠬᠠᠮᠢᠶᠠᠷᠤᠯᠲᠠ ᠶᠢᠨ ᠡᠯ᠎ᠡ ᠲᠠᠯ᠎ᠠ ᠶᠢ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠪᠠᠷᠢᠮᠵᠢᠶ᠎ᠠ ᠳᠤ ᠦᠨᠳᠦᠰᠦᠨ ᠳᠡᠭᠡᠨ ᠣᠶᠢᠷᠠᠲᠤᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    ︵ᠭᠤᠷᠪᠠ︶ ᠳᠠᠭᠤᠷᠢᠶᠠᠮᠠᠯ ᠪᠠᠶᠢᠴᠠᠭᠠᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵2023 ᠣᠨ ᠤ 1 — 12 ᠳ᠋ᠤᠭᠠᠷ ᠰᠠᠷ᠎ᠠ︶    1. ᠳᠠᠭᠤᠷᠢᠶᠠᠮᠠᠯ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ ︵2023 ᠣᠨ ᠤ 1 — 6 ᠳ᠋ᠤᠭᠠᠷ ᠰᠠᠷ᠎ᠠ︶    ᠨᠢᠭᠡᠳᠦᠭᠡᠷ᠂ ᠬᠤᠶᠠᠳᠤᠭᠠᠷ ᠱᠠᠲᠤᠨ ᠤ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠪᠠᠶᠢᠴᠠᠭᠠᠨ ᠠᠳᠠᠯᠢᠳᠬᠠᠵᠤ᠂ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠡᠷᠢᠵᠦ ᠭᠠᠷᠭᠠᠨ᠎ᠠ᠃ ᠨᠢᠭᠡᠳᠦᠭᠡᠷ᠂ ᠬᠤᠶᠠᠳᠤᠭᠠᠷ ᠱᠠᠲᠤᠨ ᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠷᠢᠮᠵᠢᠶ᠎ᠠ ᠳᠤ ᠦᠨᠳᠦᠰᠦᠨ ᠳᠡᠭᠡᠨ ᠬᠦᠷᠦᠭᠦᠯᠬᠦ ᠪᠠᠷ ᠱᠠᠭᠠᠷᠳᠠᠪᠠ᠃     2. ᠬᠥᠯᠥᠨ ᠪᠤᠶᠢᠷ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠨᠡᠶᠢᠭᠡᠮᠯᠢᠭ ᠤᠨ ᠪᠠᠶᠢᠴᠠᠭᠠᠵᠤ ᠰᠢᠯᠭᠠᠨ ᠠᠪᠬᠤ ᠶᠢ ᠤᠭᠲᠤᠬᠤ ᠬᠡᠷᠡᠭᠲᠡᠶ ︵7 — 12 ᠳ᠋ᠤᠭᠠᠷ ᠰᠠᠷ᠎ᠠ︶    ᠬᠥᠯᠥᠨ ᠪᠤᠶᠢᠷ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠨᠡᠶᠢᠭᠡᠮᠯᠢᠭ ᠤᠨ ᠬᠢᠨᠠᠨ ᠰᠢᠯᠭᠠᠵᠤ ᠪᠠᠶᠢᠴᠠᠭᠠᠬᠤ ᠶᠢ ᠤᠭᠲᠤᠵᠤ᠂ ᠬᠢᠨᠠᠨ ᠰᠢᠯᠭᠠᠵᠤ ᠪᠠᠶᠢᠴᠠᠭᠠᠬᠤ ᠳᠤ ᠳᠤᠷᠠᠳᠤᠭᠰᠠᠨ ᠠᠰᠠᠭᠤᠳᠠᠯ ᠵᠢᠴᠢ ᠰᠠᠨᠠᠭᠤᠯᠭ᠎ᠠ ᠳᠤ ᠴᠢᠭᠯᠡᠭᠦᠯᠦᠨ᠂ ᠰᠢᠯᠲᠠᠭᠠᠨ ᠢ ᠨᠢ ᠵᠠᠳᠠᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠥᠷᠨᠢᠭᠦᠯᠬᠦ ᠶᠢ ᠳᠠᠬᠢᠨᠲᠠ ᠳᠠᠶᠢᠴᠢᠯᠠᠬᠤ ᠶᠢᠨ ᠬᠠᠮᠲᠤ ᠮᠥᠷᠳᠡᠨ ᠰᠢᠮᠳᠠᠭᠤᠯᠤᠨ  ᠰᠢᠢᠳᠪᠦᠷᠢᠯᠡᠭᠦᠯᠦᠨ᠎ᠡ᠃    ︵ᠳᠥᠷᠪᠡ︶ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠬᠤ ᠪᠠ ᠨᠡᠷᠡᠶᠢᠳᠬᠦ ᠱᠠᠲᠤ ᠦᠶ᠎ᠡ ︵2024 ᠣᠨ ᠤ 1 — 12 ᠳ᠋ᠤᠭᠠᠷ ᠰᠠᠷ᠎ᠠ︶    1. ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠪᠠᠶᠢᠴᠠᠭᠠᠨ ᠰᠤᠳᠤᠯᠤᠯᠲᠠ᠂ ᠨᠢᠭᠤᠴᠠ ᠰᠤᠷᠪᠤᠯᠵᠢᠯᠠᠭ᠎ᠠ ᠪᠠ ᠰᠢᠯᠭᠠᠷᠠᠭᠤᠯᠤᠯᠲᠠ ᠶᠢ ᠬᠦᠯᠢᠶᠡᠨ᠎ᠡ᠃    2. ᠡᠨᠡ ᠬᠤᠭᠤᠴᠠᠭᠠᠨ ᠳᠤ ᠤᠯᠤᠰ ᠤᠨ ᠳᠠᠯᠳᠠᠭᠤᠷ ᠰᠤᠷᠪᠤᠯᠵᠢᠯᠠᠵᠤ ᠰᠤᠭᠤᠴᠢᠨ ᠪᠠᠶᠢᠴᠠᠭᠠᠬᠤ ᠬᠤᠯᠪᠣᠭᠳᠠᠯ ᠪᠦᠬᠦᠢ ᠪᠡᠯᠡᠳᠬᠡᠯ ᠢ ᠰᠠᠶᠢᠲᠤᠷ ᠬᠢᠵᠦ᠂ ᠤᠯᠤᠰ ᠠᠴᠠ ᠵᠣᠬᠢᠬᠤ ᠬᠠᠷᠢᠴᠠᠯ ᠢᠶᠠᠷ ᠳᠠᠯᠳᠠᠭᠤᠷ ᠰᠤᠷᠪᠤᠯᠵᠢᠯᠠᠵᠤ ᠰᠤᠭᠤᠴᠢᠨ ᠪᠠᠶᠢᠴᠠᠭᠠᠨ᠎ᠠ᠂ ᠬᠢᠷᠢ ᠲᠡᠩᠴᠡᠭᠦ ᠦᠭᠡᠶ ᠪᠣᠯ ᠰᠢᠭᠤᠳ ᠨᠢᠭᠡ ᠫᠢᠶᠣᠣ ᠪᠠᠷ ᠦᠭᠡᠶᠢᠰᠬᠡᠨ᠎ᠡ    3. ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠴᠣᠯᠠ ᠶᠢ ᠭᠥᠷᠳᠡᠪᠡ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ