ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | — ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠦᠭᠦᠯᠡᠭᠦ ᠨᠢ | ︽ᠴᠢᠨᠠᠷ ᠰᠠᠶᠢᠲᠠᠢ ᠬᠥᠭᠵᠢᠯᠲᠡ ᠪᠠ ᠦᠷᠭᠦᠯᠵᠢᠯᠡᠬᠦ ᠬᠥᠭᠵᠢᠯᠲᠡ ᠶᠢᠨ ᠰᠢᠨ᠎ᠡ ᠵᠠᠮ ᠢᠶᠠᠷ ᠴᠢᠷᠮᠠᠶᠢᠨ ᠵᠠᠮᠨᠠᠵᠤ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ︾᠃ ᠣᠶᠢᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠬᠠᠷᠠᠮᠥ᠋ᠷᠡᠨ | ᠮᠤᠵᠢ ᠶᠢᠨ ᠬᠠᠷᠪᠢᠨ ᠬᠤᠲᠠ ᠳᠤ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠥᠬᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠵᠡᠭᠦᠨ ᠬᠤᠶᠢᠲᠤ ᠣᠷᠣᠨ ᠤ ᠡᠭᠦᠷᠭᠡᠯᠡᠵᠦ ᠪᠠᠶᠢᠭ᠎ᠠ ᠴᠢᠬᠤᠯᠠ ᠡᠭᠦᠷᠭᠡ ᠶᠢ ᠭᠦᠨᠵᠡᠭᠡᠶ ᠲᠣᠳᠣᠷᠬᠠᠶᠢᠯᠠᠨ | ᠥᠭᠦᠯᠡᠵᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠴᠢᠬᠤᠯᠠ ᠶᠡᠭᠡ ᠠᠵᠠ ᠲᠣᠬᠢᠶᠠᠯ ᠢ ᠭᠦᠨᠵᠡᠭᠡᠶ ᠵᠠᠳᠠᠯᠵᠤ᠂ | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ | ᠪᠠᠶᠢᠷᠢᠯᠠᠭᠤᠯᠤᠯᠲᠠ ᠬᠢᠵᠦ᠂ ᠵᠡᠭᠦᠨ ᠬᠤᠶᠢᠲᠤ ᠣᠷᠣᠨ ᠤ ᠴᠢᠨᠠᠷ ᠰᠠᠶᠢᠲᠠᠶ ᠬᠥᠭᠵᠢᠯᠲᠡ ᠪᠠ ᠦᠷᠭᠦᠯᠵᠢᠯᠡᠬᠦ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ | ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ | ᠵᠡᠭᠦᠨ ᠬᠤᠶᠢᠲᠤ ᠣᠷᠣᠨ ᠪᠣᠯ ᠮᠠᠨ ᠤ ᠤᠯᠤᠰ ᠤᠨ ᠠᠵᠤ ᠦᠢᠯᠡᠳᠪᠦᠷᠢ ᠪᠠ ᠬᠦᠳᠡᠭᠡ ᠠᠵᠤ ᠠᠬᠤᠢ ᠶᠢᠨ ᠴᠢᠬᠤᠯᠠ ᠰᠠᠭᠤᠷᠢᠨ ᠭᠠᠵᠠᠷ ᠮᠥᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠰᠤᠷᠪᠤᠯᠵᠢ ᠶᠢᠨ | ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠨᠢ ᠮᠠᠰᠢ ᠴᠢᠬᠤᠯᠠ ᠪᠠᠶᠢᠵᠤ᠂ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠵᠡᠭᠦᠨ ᠬᠤᠶᠢᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠥᠭᠵᠢᠭᠦᠯᠦᠨ | ᠮᠠᠨᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ ᠰᠠᠨᠠᠯ ᠤᠳ︾ ᠢ ᠲᠣᠭᠲᠠᠭᠠᠨ ᠨᠡᠶᠢᠲᠡᠯᠡᠵᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠪᠡ᠃ 2018 ᠣᠨ ᠤ 9 ᠰᠠᠷ᠎ᠠ ᠳᠤ ᠶᠡᠷᠦᠩᠬᠡᠶ ᠱᠦᠵᠢ ᠰᠢ ᠶᠢᠨ ᠫᠢᠩ ᠮᠦᠭᠳᠡᠨ ᠳᠤ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠠᠴᠠ ᠨᠠᠭᠠᠰᠢ᠂ ᠵᠡᠭᠦᠨ ᠬᠤᠶᠢᠲᠤ | ᠣᠷᠣᠨ ᠤ ᠭᠤᠷᠪᠠᠨ ᠮᠤᠵᠢ ᠵᠢᠴᠢ ᠥᠪᠥᠷ ᠮᠣᠩᠭᠤᠯ ᠨᠢ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠡ ᠠᠬᠢᠴᠠ | ᠰᠢᠨ᠎ᠡ ᠦᠷ᠎ᠡ ᠪᠦᠲᠦᠮᠵᠢ ᠣᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠤᠯᠠᠮ ᠨᠢᠭᠡ ᠠᠯᠬᠤᠮ | ᠪᠠᠬᠢᠵᠢᠵᠦ᠂ ᠠᠵᠤ ᠦᠢᠯᠡᠰ ᠤᠨ ᠠᠮᠤᠷ ᠲᠦᠪᠰᠢᠨ ᠤ ᠰᠠᠭᠤᠷᠢ ᠲᠠᠰᠤᠷᠠᠯᠲᠠ ᠥᠬᠡᠶ ᠪᠠᠬᠢᠵᠢᠵᠦ᠂ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠦᠢᠯᠡᠳᠦᠯ | ᠲᠠᠰᠤᠷᠠᠯᠲᠠ ᠥᠬᠡᠶ ᠴᠢᠩᠭᠠᠷᠠᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠲᠠᠰᠤᠷᠠᠯᠲᠠ ᠥᠬᠡᠶ ᠪᠠᠬᠢᠵᠢᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠳᠤ ᠰᠢᠨ᠎ᠡ ᠪᠠᠶᠢᠳᠠᠯ ᠢᠯᠡᠷᠡᠪᠡ | ᠃ | ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ | ᠲᠥᠰᠦᠪ ᠢ ᠵᠢᠷᠤᠭᠯᠠᠵᠤ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ | ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠠ᠃ ᠵᠡᠭᠦᠨ ᠬᠤᠶᠢᠲᠤ ᠣᠷᠣᠨ ᠤ ᠡᠬᠢ ᠪᠠᠶᠠᠯᠢᠭ ᠤᠨ ᠨᠥᠬᠦᠴᠡᠯ ᠨᠡᠯᠢᠶᠡᠳ ᠰᠠᠶᠢᠨ᠂ ᠠᠵᠤ ᠦᠢᠯᠡᠰ ᠤᠨ ᠰᠠᠭᠤᠷᠢ | ᠨᠡᠯᠢᠶᠡᠳ ᠵᠤᠵᠠᠭᠠᠨ᠂ ᠣᠷᠣᠨ ᠪᠠᠶᠢᠷᠢ ᠶᠢᠨ ᠳᠠᠪᠠᠭᠤᠯᠢᠭ ᠣᠨᠴᠠᠭᠠᠢ᠂ ᠬᠥᠭᠵᠢᠯᠲᠡ ᠶᠢᠨ ᠲᠠᠯᠳᠠ ᠬᠦᠴᠦᠨ ᠯᠤᠲᠤ ᠶᠡᠭᠡ ᠪᠠᠶᠢᠳᠠᠭ᠃ ᠶᠡᠷᠦᠩᠬᠡᠢ ᠱᠦᠵᠢ ᠰᠢ ᠶᠢᠨ | ᠫᠢᠩ ᠮᠠᠨ ᠤ ᠤᠯᠤᠰ ᠤᠨ ᠬᠥᠭᠵᠢᠯᠲᠡ ᠶᠢᠨ ᠶᠡᠭᠡ ᠬᠠᠨᠳᠤᠰᠢ ᠪᠠ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ | ᠲᠤᠯᠭᠠᠷᠠᠵᠤ ᠪᠠᠶᠢᠭ᠎ᠠ ᠰᠢᠨ᠎ᠡ ᠴᠢᠬᠤᠯᠠ ᠶᠡᠭᠡ ᠠᠵᠠ ᠲᠣᠬᠢᠶᠠᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ︽ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ | ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠨᠢ ᠵᠡᠭᠦᠨ ᠬᠤᠶᠢᠲᠤ ᠣᠷᠣᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠪᠠ ᠠᠵᠤ | ᠦᠢᠯᠡᠰ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠠᠰᠢᠭᠲᠠᠢ ᠶᠤᠮ︔ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠵᠤ᠂ ᠵᠡᠭᠦᠨ ᠬᠤᠶᠢᠲᠤ ᠣᠷᠣᠨ ᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠴᠢᠨᠠᠭᠰᠢᠳᠠ ᠳᠣᠪᠤᠶᠢᠯᠭᠠᠨ᠎ᠠ︔ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠵᠡᠭᠦᠨ ᠬᠤᠶᠢᠲᠤ ᠣᠷᠣᠨ ᠤ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠬᠤ ᠦᠢᠯᠡᠳᠦᠯ ᠢ | ᠴᠢᠩᠭᠠᠳᠬᠠᠬᠤ ᠴᠢᠬᠤᠯᠠᠳᠠᠢ︾ ᠭᠡᠵᠦ ᠬᠦᠨᠵᠡᠭᠡᠢ ᠵᠢᠭᠠᠵᠤ ᠭᠠᠷᠭᠠᠪᠠ᠃ ᠢᠷᠡᠭᠡᠳᠦᠶ ᠳᠤ ᠬᠠᠨᠳᠤᠵᠤ᠂ ᠵᠡᠭᠦᠨ ᠬᠤᠶᠢᠲᠤ ᠣᠷᠣᠨ ᠤ ᠤᠯᠤᠰ ᠤᠨ ︽ᠲᠠᠪᠤᠨ ᠶᠡᠭᠡ | ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ | ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠬᠤ᠂ ᠳᠤᠲᠠᠭᠤᠳᠠᠯ ᠢᠶᠠᠨ ᠨᠥᠬᠦᠪᠥᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠡᠮᠵᠢᠬᠦ | ᠡᠷᠴᠢᠮ ᠢᠶᠠᠨ ᠴᠢᠩᠭᠠᠷᠠᠭᠤᠯᠬᠤ ᠪᠠ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠴᠢᠬᠤᠯᠠ ᠶᠡᠭᠡ ᠠᠵᠠ ᠲᠣᠬᠢᠶᠠᠯ ᠢ | ᠠᠮᠵᠢᠵᠤ᠂ ᠲᠣᠪᠤᠶᠢᠮ᠎ᠠ ᠳᠠᠪᠠᠭᠤᠯᠢᠭ ᠢᠶᠠᠨ ᠪᠠᠳᠠᠷᠠᠭᠤᠯᠪᠠᠯ ᠵᠡᠭᠦᠨ ᠬᠤᠶᠢᠲᠤ ᠣᠷᠣᠨ ᠯᠠᠪᠲᠠᠶ ᠤᠯᠤᠰ ᠢᠶᠠᠨ ᠬᠦᠴᠦᠷᠭᠡᠭᠵᠢᠬᠦᠯᠬᠦ ᠪᠥᠲᠥᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠰᠦᠷ ᠵᠢᠪᠬᠤᠭ᠎ᠠ ᠪᠠᠨ ᠳᠠᠬᠢᠨ ᠮᠠᠨᠳᠤᠭᠤᠯᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠣᠯᠵᠤ | ᠴᠢᠳᠠᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠵᠡᠭᠦᠨ | ᠬᠤᠶᠢᠲᠤ ᠶᠢᠨ ᠣᠨᠴᠠᠯᠢᠭ ᠲᠠᠢ ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ︾᠂ ︽ | ᠣᠳᠣᠬᠢᠴᠢᠯᠠᠭᠰᠠᠨ ᠲᠤᠮᠤ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠨ ᠠᠬᠢᠭᠤᠯᠬᠤ ᠬᠡᠷᠡᠭᠲᠡᠢ︾᠂ ︽ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ | ᠳᠣᠲᠣᠭᠠᠳᠤ ᠭᠠᠳᠠᠭᠠᠳᠤ ᠨᠡᠬᠡᠬᠡᠯᠳᠡ ᠬᠢᠵᠦ ᠬᠠᠮᠲᠤᠷᠠᠯᠴᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︾᠂ ︽ᠬᠥᠮᠦᠨ ᠠᠮᠠ ᠶᠢᠨ ᠪᠦᠬᠦᠯᠢ ᠴᠣᠭᠴᠠ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠵᠦ᠂ ᠬᠥᠮᠦᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠦᠭᠵᠢᠬᠦᠯᠦᠨ | ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ︾᠂ ︽ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠰᠢᠯᠢᠳᠡᠭᠵᠢᠭᠦᠯᠵᠦ᠂ ᠬᠤᠳᠠᠯᠳᠤᠭ᠎ᠠ ᠡᠷᠬᠢᠯᠡᠬᠦ ᠰᠠᠶᠢᠨ | ᠰᠠᠶᠢᠬᠠᠨ ᠣᠷᠴᠢᠨ ᠨᠦᠬᠦᠴᠡᠯ ᠢ ᠪᠤᠢ ᠪᠣᠯᠭᠠᠬᠤ ᠬᠡᠷᠡᠭᠲᠡᠢ︾ ᠭᠡᠵᠦ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠭᠰᠡᠨ ᠶᠠᠪᠤᠳᠠᠯ ᠳᠤ ᠥᠨᠳᠥᠷ ᠲᠤ ᠵᠣᠭᠰᠣᠨ ᠠᠯᠤᠰ ᠢ ᠪᠠᠷᠠᠯᠠᠬᠤ | ᠦᠵᠡᠯ ᠰᠠᠨᠠᠭᠠᠨ ᠤ ᠵᠢᠯᠤᠭᠤᠳᠤᠯᠭ᠎ᠠ ᠪᠠᠶᠢᠬᠤ ᠪᠠᠷ ᠪᠠᠷᠠᠬᠤ ᠦᠭᠡᠢ᠂ ᠪᠠᠰᠠ ᠬᠤᠯᠠ ᠶᠢ ᠬᠠᠷᠠᠵᠤ ᠬᠤᠵᠢᠮ ᠢ ᠪᠤᠳᠤᠬᠤ ᠠᠷᠭ᠎ᠠ ᠶᠢᠨ ᠵᠢᠯᠤᠭᠤᠳᠤᠯᠭ᠎ᠠ ᠪᠤᠢ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ︽ᠵᠡᠭᠦᠨ ᠬᠤᠶᠢᠲᠤ | ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠦᠨᠳᠦᠰᠦ ᠰᠠᠭᠤᠷᠢ ᠨᠢ ᠪᠣᠳᠠᠲᠤ ᠴᠣᠭᠴᠠ ᠶᠢᠨ ᠠᠵᠤ ᠠᠬᠤᠶ ᠳᠤ ᠪᠤᠢ᠂ | ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠤᠢ᠂ ᠴᠢᠭᠯᠡᠯ ᠨᠢ ᠠᠵᠤ ᠦᠢᠯᠡᠰ ᠤᠨ ᠳᠡᠰ ᠳᠡᠪᠰᠢᠬᠦ ᠳᠤ ᠪᠤᠢ︾ ᠭᠡᠳᠡᠭ ᠢ | ᠬᠦᠨᠡᠵᠡᠭᠡᠢ ᠤᠶᠢᠯᠠᠭᠠᠵᠤ᠂ ︽ᠤᠯᠤᠰ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ︿ᠲᠤᠬᠳᠠᠪᠤᠷᠢᠵᠢᠭᠤᠯᠤᠬᠴᠢ﹀ | ᠪᠤᠯᠬᠤ ᠪᠤᠯ ᠵᠡᠭᠦᠨ ᠬᠤᠶᠢᠲᠤ ᠣᠷᠣᠨ ᠤ ᠲᠡᠷᠢᠭᠦᠨ ᠴᠢᠬᠤᠯᠠ ᠡᠭᠦᠷᠭᠡᠯᠡᠯ ᠪᠤᠯᠤᠨ᠎ᠠ︾ ᠭᠡᠳᠡᠭ ᠢ ᠰᠠᠶᠢᠳᠤᠷ ᠡᠵᠡᠮᠰᠢᠵᠦ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠦ᠂ ᠵᠡᠭᠦᠨ ᠬᠤᠶᠢᠲᠤ ᠣᠷᠣᠨ ᠤ ᠤᠳᠤ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ | ᠰᠢᠰᠲ᠋ᠧᠮ ᠲᠠᠢ ᠪᠠᠶᠢᠷᠢᠰᠢᠭᠤᠯᠤᠨ ᠪᠦᠳᠦᠭᠡᠨ ᠪᠠᠶᠢᠭᠤᠯᠵᠤ᠂ ᠬᠥᠮᠦᠨ ᠠᠮᠠ ᠶᠢᠨ ᠪᠦᠬᠦᠯᠢ ᠴᠣᠭᠴᠠ ᠶᠢᠨ ᠬᠡᠪ ᠪᠤᠯᠪᠠᠰᠤᠷᠠᠯ ᠢ ᠳᠡᠭᠡᠭᠰᠢᠯᠡᠭᠦᠯᠤᠨ ᠬᠥᠮᠦᠨ ᠠᠮᠠ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ᠂ ᠳᠣᠲᠣᠨᠣ ᠴᠢᠬᠡᠴᠢ ᠨᠢᠭᠡᠳᠦᠯᠲᠡᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠬᠠᠷᠢᠴᠠᠭ᠎ᠠ ᠶᠢ ᠪᠦᠬᠦ ᠲᠠᠯ᠎ᠠ ᠪᠠᠷ ᠪᠠᠶᠢᠭᠤᠯᠵᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ | ᠪᠣᠯᠬᠤ ᠶᠢ ᠠᠬᠢᠭᠤᠯᠵᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠭᠡᠷᠡᠭᠳᠡᠢ᠃ | ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢᠨ ᠦᠨᠳᠦᠰᠦᠨ ᠪᠠᠲᠤᠯᠠᠭ᠎ᠠ ᠮᠥᠨ᠃ ᠣᠳᠣᠬᠠᠨ ᠳᠤ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠨᠢᠭᠡᠨᠲᠡ ᠳᠠᠭᠤᠰᠴᠤ᠂ | ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠡᠬᠢᠯᠡᠪᠡ᠃ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ | ᠨᠠᠮ ᠤᠨ ᠭᠡᠰᠢᠭᠦᠨ᠂ ᠺᠠᠳ᠋ᠷ ᠤᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠳᠡᠭᠡᠷ᠎ᠡ ᠨᠢᠭᠡᠳᠬᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠵᠣᠷᠢᠭ ᠰᠠᠨᠠᠭ᠎ᠠ ᠪᠠᠨ ᠬᠥᠪᠴᠢᠯᠡᠬᠦ ᠬᠡᠷᠡᠭᠲᠡᠢ︔ ᠪᠠᠶᠢᠴᠠᠭᠠᠨ ᠰᠤᠳᠤᠯᠤᠯᠲᠠ ᠶᠢ ᠶᠡᠬᠡᠪᠡᠷ | ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠲᠥᠯᠥᠪᠵᠢᠭᠦᠯᠬᠦ᠂ ᠪᠣᠳᠠᠲᠠᠢ | ᠠᠰᠠᠭᠤᠳᠠᠯ ᠢ ᠰᠢᠢᠳᠪᠦᠷᠢᠯᠡᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠷ ᠭᠤᠣᠯᠳᠠᠭᠤᠯᠵᠤ᠂ ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠲᠤᠤᠱᠯᠠᠭᠤᠯᠵᠤ᠂ ᠰᠢᠨᠵᠢᠯᠡᠬᠦ ᠤᠬᠠᠭᠠᠨᠴᠢ ᠣᠪᠣᠷ ᠪᠣᠯᠤᠨ ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ ᠪᠠᠷ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ | ᠪᠤᠯᠭᠠᠬᠤ ᠬᠡᠷᠡᠭᠲᠡᠢ︔ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠨᠠᠮ ᠤᠨ ᠭᠡᠰᠢᠭᠦᠨ ᠢ ᠰᠢᠪᠠᠳᠠᠨ ᠱᠠᠭᠠᠷᠳᠠᠬᠤ᠂ ᠺᠠᠳ᠋ᠷ ᠤᠨ ᠨᠠᠮᠴᠢ ᠴᠢᠨᠠᠷ ᠨᠠᠮ ᠤᠨ | ᠰᠤᠷᠲᠠᠯ ᠨᠠᠮ ᠤᠨ ᠰᠠᠬᠢᠯᠭ᠎ᠠ ᠪᠠᠲᠤ ᠶᠢᠨ ᠲᠠᠯ᠎ᠠ ᠪᠠᠷ ᠬᠢ ᠠᠰᠠᠭᠤᠳᠠᠯ ᠳᠤ ᠵᠥᠪ ᠢᠶᠠᠷ ᠬᠠᠨᠳᠤᠬᠤ ᠪᠠ ᠲᠡᠭᠦᠨ ᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠰᠢᠨ᠎ᠡ | ᠰᠤᠷᠲᠠᠯ ᠲᠥᠪ ᠰᠤᠷᠲᠠᠯ ᠢᠶᠠᠷ ᠠᠷᠠᠳ ᠤᠯᠠᠨ ᠤ ᠬᠥᠭᠵᠢᠯᠲᠡ ᠶᠢᠨ ᠢᠲᠡᠭᠡᠯ ᠵᠣᠷᠢᠭ ᠢ ᠬᠥᠭᠵᠢᠭᠡᠬᠦ ᠬᠡᠷᠡᠭᠲᠡᠢ᠃ | ᠵᠠᠯᠠᠭᠤᠷ ᠢᠶᠠᠨ ᠯᠠᠪᠳᠠᠭᠤᠨ ᠠᠳᠬᠤᠵᠦ ᠡᠷᠡᠯᠬᠡᠭᠯᠡᠨ ᠤᠷᠤᠭᠰᠢᠯᠠᠵᠤ᠂ ᠰᠠᠯᠬᠢᠨ ᠤ ᠡᠷᠴᠢᠨ ᠳᠤ ᠳᠠᠷᠪᠠᠭᠤᠯ ᠬᠡᠶᠢᠰᠬᠡᠨ ᠤᠷᠤᠭᠰᠢᠯᠠᠨ᠎ᠠ᠃ ᠰᠢᠨ᠎ᠡ ᠠᠶᠠᠨ ᠳᠤ᠂ | ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠬᠦᠨᠳᠦ ᠪᠠᠶᠢᠨ᠎ᠠ᠃ ᠪᠢᠲᠠ ᠰᠢ ᠶᠢᠨ ᠫᠢᠩ | ᠨᠥᠬᠦᠷ ᠢᠶᠠᠷ ᠭᠤᠯᠯᠠᠭᠤᠯᠤᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠪᠠᠨ ᠰᠤᠯᠠᠷᠠᠭᠤᠯᠤᠯ ᠦᠭᠡᠢ ᠪᠠᠲᠤ ᠡᠵᠡᠮᠳᠡᠨ᠂ ᠵᠣᠷᠢᠭᠲᠠᠢ | ᠠᠵᠢᠯᠯᠠᠵᠤ ᠵᠣᠷᠢᠭᠲᠠᠢ ᠬᠢᠵᠦ ᠪᠣᠳᠠᠲᠠᠢ ᠠᠵᠢᠯᠯᠠᠵᠤ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠡ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ | ᠦᠢᠯᠡᠰ ᠲᠤ ᠰᠢᠨ᠎ᠡ ᠬᠤᠪᠢ ᠨᠡᠮᠡᠷᠢ ᠦᠵᠡᠭᠦᠯᠰᠦᠭᠡᠢ᠃ |