ᠨᠣᠮ ᠤᠨ ᠰᠠᠩ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ — ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠬᠡᠷᠡᠯ ᠵᠢᠷᠤᠭ ᠤᠨ ᠦᠵᠡᠰᠬᠦᠯᠡᠩ ᠡᠷᠭᠢᠯᠡᠪᠡ
ᠨᠡᠶᠢᠲᠡᠯᠡᠭᠰᠡᠨ ᠴᠠᠭ᠄
2023/10/25
    ᠬᠤᠲᠠ ᠶᠢᠨ ᠨᠣᠮ ᠤᠨ ᠰᠠᠩ ‍ᠤᠨ‌ᠦᠢᠯᠡᠴᠢᠯᠡᠭᠡᠨ‌‍ᠤ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠨᠣᠮ ᠤᠨ ᠰᠠᠩ ᠤᠨ ᠨᠡᠶᠢᠭᠡᠮ ᠤᠨ ᠡᠭᠦᠷᠭᠡ ᠴᠢᠳᠠᠪᠤᠷᠢ ᠶᠢ   ᠭᠦᠢᠴᠡᠳ ᠪᠠᠳᠠᠷᠠᠭᠤᠯᠬᠤ ᠶᠢᠨ ᠲᠥᠯᠥᠭᠡ᠂ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠲᠠᠰᠢᠷᠠᠮ ᠳᠤ ᠬᠤᠲᠠ ᠶᠢᠨ ᠨᠣᠮ ᠤᠨ ᠰᠠᠩ ᠨᠢᠭᠡᠳᠦᠭᠡᠷ ᠳᠠᠪᠬᠤᠷ ᠲᠤ ︽ᠳᠤᠮᠳᠠᠳᠤ ᠶᠢᠨ ᠤᠯᠠᠮᠵᠢᠯᠠᠯᠲᠤ ᠪᠠᠶᠠᠷ — ᠶᠢᠰᠦᠨ ᠰᠠᠷ᠎ᠠ ᠶᠢᠨ ᠶᠢᠰᠦᠨ ᠤ ᠪᠠᠶᠠᠷ︾ ᠭᠡᠬᠦ ᠲᠤᠰᠬᠠᠶ ᠰᠡᠳᠦᠪᠲᠦ ᠬᠡᠷᠡᠯ ᠵᠢᠷᠤᠭ ᠤᠨ ᠦᠵᠡᠰᠬᠦᠯᠡᠩ ᠤᠨ ᠠᠵᠢᠯᠯᠠᠭ᠎ᠠ ᠡᠷᠭᠢᠯᠡᠪᠡ᠃  ᠡᠨᠡ ᠨᠢᠮᠠᠰᠢ ᠣᠯᠠᠨ ᠤᠩᠰᠢᠭᠴᠢᠳ ᠤᠨ ᠠᠩᠬᠠᠷᠤᠯ ᠢ ᠲᠠᠲᠠᠵᠠᠶ᠃     ᠲᠣᠰ ᠤᠳᠠᠭᠠᠨ ᠤ ᠦᠵᠡᠰᠬᠦᠯᠡᠩ ᠳᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠢᠷᠡᠯᠲᠡ᠂ ᠵᠠᠩ ᠳᠠᠳᠬᠠᠯ᠂ ᠶᠢᠰᠦᠨ ᠰᠠᠷ᠎ᠠ ᠶᠢᠨ ᠶᠢᠰᠦᠨ ᠤ ᠳᠣᠮᠤᠭ ᠵᠡᠷᠭᠡ ᠠᠭᠤᠯᠭ᠎ᠠ ᠶᠢ ᠪᠠᠭᠲᠠᠭᠠᠨ᠎ᠠ᠃ ᠦᠵᠡᠭᠦᠯᠦᠯᠭᠡ ᠨᠢ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠤᠨ ᠣᠨᠴᠠᠯᠢᠭ ᠲᠠᠢ ᠨᠢᠭᠲᠠ ᠤᠶᠠᠯᠳᠤᠭᠤᠯᠵᠤ᠂ ᠪᠠᠶᠠᠷ ᠤᠨ ᠡᠳᠦᠷ ᠤᠨ ᠰᠣᠶᠣᠯ ᠤᠨ ᠭᠤᠤᠯ ᠰᠡᠳᠦᠪ ᠢ ᠳᠣᠪᠤᠶᠢᠯᠭᠠᠨ᠂ ᠪᠠᠶᠠᠷ ᠤᠨ ᠡᠳᠦᠷ ᠤᠨ ᠰᠣᠶᠣᠯ ᠤᠨ ᠠᠭᠤᠯᠬᠤᠨ ᠢ ᠠᠭᠤᠳᠠᠯᠵᠤ᠂ ᠨᠠᠰᠤᠲᠠᠨ ᠢ ᠳᠡᠭᠡᠳᠦᠯᠡᠵᠦ ᠨᠠᠰᠤᠲᠠᠨ ᠢ ᠬᠦᠨᠳᠦᠯᠡᠬᠦ᠂ ᠶᠣᠰᠣ ᠮᠣᠷᠠᠯ ᠢ ᠡᠷᠬᠢᠮᠯᠡᠵᠦ ᠥᠷᠥᠰᠢᠶᠡᠯ ᠬᠠᠶᠢᠷ᠎ᠠ ᠶᠢ ᠡᠷᠬᠢᠮᠯᠡᠬᠦ ᠭᠤᠤᠯ ᠰᠡᠳᠦᠪ ᠢ ᠳᠣᠪᠤᠶᠢᠯᠭᠠᠨ᠂ ᠨᠠᠰᠤᠲᠠᠨ ᠢ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠤᠩᠰᠢᠭᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ