︽ᠬᠤᠶᠠᠷ ᠢ ᠪᠠᠭᠠᠰᠬᠠᠬᠤ︾ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠂ ᠰᠤᠷᠤᠭᠴᠢᠳ ᠤᠨ ᠶᠡᠷᠦᠩᠬᠡᠶ ᠬᠡᠪ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠢ ᠳᠠᠭᠠᠭᠤᠯᠤᠨ ᠳᠤᠮᠳᠠᠳᠤ ᠶᠢᠨ ᠰᠣᠩᠭᠤᠳᠠᠭ ᠪᠦᠲᠦᠭᠡᠯ ᠢ | ᠤᠩᠰᠢᠵᠤ᠂ ᠦᠨᠳᠦᠰᠦᠲᠡᠨ ᠤ ᠰᠣᠶᠣᠯ ᠤᠨ ᠢᠲᠡᠭᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠢᠳᠡᠪᠬᠢ ᠬᠦᠴᠦᠨ ᠢ ᠪᠠᠳᠠᠷᠠᠭᠤᠯᠵᠤ᠂ ᠲᠡᠨᠡᠭ ᠡᠪᠦᠭᠡᠨ | ᠠᠭᠤᠯᠠ ᠶᠢ ᠨᠡᠭᠦᠯᠭᠡᠬᠦ ᠳᠤ ᠨᠤᠭᠤᠷᠠᠰᠢ ᠥᠬᠡᠶ ᠵᠣᠷᠢᠭ ᠰᠠᠨᠠᠭ᠎ᠠ ᠶᠢ ᠪᠠᠳᠠᠷᠠᠭᠤᠯᠤᠨ᠂ ᠣᠯᠠᠨ ᠢᠶᠠᠷ ᠢᠶᠠᠨ ᠰᠢᠨ᠎ᠡ ᠴᠠᠭ ᠦᠶ᠎ᠡ ᠶᠢᠨ ᠲᠡᠨᠡᠭ ᠡᠪᠦᠭᠡᠨ ᠪᠣᠯᠬᠤ ᠶᠢ | ᠵᠣᠷᠢᠭᠵᠢᠭᠤᠯᠬᠤ ᠶᠢᠨ ᠲᠥᠯᠥᠭᠡ᠂ 2023 ᠣᠨ ᠤ 10 ᠰᠠᠷ᠎ᠠ ᠶᠢᠨ 20 ᠤ ᠡᠳᠦᠷ᠂ ᠸᠤ᠋ ᠨᠢᠦ ᠾᠧ ᠪᠠᠯᠭᠠᠰᠤᠨ ᠤ ᠮᠢᠩ ᠳ᠋ᠧ ᠪᠠᠭ᠎ᠠ ᠰᠤᠷᠭᠠᠭᠤᠯᠢ ᠶᠢᠨ | ᠭᠤᠷᠪᠠᠳᠤᠭᠠᠷ ᠬᠤᠭᠤᠴᠠᠭᠠᠨ ᠤ ᠦᠵᠡᠯ ᠰᠠᠨᠠᠭ᠎ᠠ ᠤᠯᠤᠰ ᠲᠥᠷᠥ ᠶᠢᠨ ᠪᠠᠭ᠎ᠠ ᠲᠢᠶᠠᠲᠷ ᠤᠨ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠬᠤᠶᠠᠳᠣᠭᠠᠷ ᠣᠨ ᠤ ᠭᠤᠷᠪᠠᠳᠤᠭᠠᠷ ᠠᠩᠬᠢ ᠶᠢᠨ ᠰᠤᠷᠤᠭᠴᠢᠳ ᠵᠦᠴᠦᠭᠡ ᠨᠠᠶᠢᠷᠠᠭᠤᠯᠬᠤ᠂ ᠵᠦᠴᠦᠭᠡ ᠲᠣᠭᠯᠠᠬᠤ ᠳᠤ | ᠢᠳᠡᠪᠬᠢᠲᠡᠢ ᠣᠷᠣᠯᠴᠠᠵᠠᠢ᠃ ᠬᠠᠪᠰᠤᠷᠤᠨ ᠵᠢᠯᠣᠭᠤᠳᠤᠭᠰᠠᠨ ᠪᠠᠭᠰᠢ ᠤᠷᠠᠨ ᠠᠷᠭ᠎ᠠ ᠭᠠᠷᠭᠠᠵᠤ᠂ ᠵᠦᠴᠦᠭᠡ ᠶᠢᠨ ᠦᠢᠯᠡ ᠶᠠᠪᠤᠳᠠᠯ ᠢ ᠳᠣᠣᠷᠠᠬᠢ ᠮᠡᠲᠦ ᠬᠡᠳᠦᠨ | ᠦᠵᠡᠭᠳᠡᠯ ᠢᠶᠠᠷ ᠲᠣᠬᠢᠷᠠᠭᠤᠯᠵᠠᠶ᠄ ᠲᠡᠨᠡᠭ ᠡᠪᠦᠭᠡᠨ ᠣᠯᠠᠨ ᠢ ᠳᠠᠭᠠᠭᠤᠯᠤᠨ ᠠᠭᠤᠯᠠ ᠶᠢ ᠨᠡᠭᠦᠯᠭᠡᠪᠡ︔ ᠶᠡᠭᠡ ᠪᠡᠷᠭᠡᠨ ᠲᠡᠨᠡᠭ ᠡᠪᠦᠭᠡᠨ ᠤ ᠬᠤᠣᠷ ᠢ ᠨᠢ ᠮᠠᠯᠲᠠᠵᠤ᠂ | ᠠᠷᠭ᠎ᠠ ᠬᠢ ᠨᠢ ᠪᠠᠷᠠᠭᠳᠠᠭᠤᠯᠵᠤ᠂ ᠲᠡᠨᠡᠭ ᠡᠪᠦᠭᠡᠨ ᠪᠠ ᠤᠯᠠᠨ ᠪᠠᠷ ᠢᠶᠠᠨ ᠨᠢᠴᠣᠭᠠᠨ ᠵᠢᠮᠡᠯᠡᠪᠡ︔ ᠠᠶᠤᠩᠭ᠎ᠠ ᠶᠢᠨ ᠰᠠᠬᠢᠭᠤᠯᠰᠤᠨ ᠲᠡᠳᠡᠨ ᠤ ᠪᠠᠷᠢᠮᠲᠠᠯᠠᠯ ᠳᠤ | ᠰᠡᠳᠬᠢᠯ ᠬᠥᠳᠡᠯᠵᠦ᠂ ᠲᠡᠳᠡᠨ ᠢ ᠬᠠᠪᠰᠤᠷᠤᠨ ᠬᠤᠶᠠᠷ ᠶᠡᠭᠡ ᠠᠭᠤᠯᠠ ᠶᠢ ᠨᠡᠭᠦᠯᠭᠡᠪᠡ︔ ᠤᠯᠠᠨ ᠢ ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠵᠣᠷᠢᠭ | ᠰᠠᠨᠠᠭ᠎ᠠ ᠲᠠᠢ ᠪᠠᠶᠢᠬᠤ ᠬᠡᠷᠡᠭᠲᠡᠢ ᠭᠡᠵᠦ ᠵᠣᠷᠢᠭᠵᠢᠭᠤᠯᠥᠭ᠌ᠰᠠᠨ︔ ᠰᠢᠨ᠎ᠡ ᠠᠮᠢᠳᠤᠷᠠᠯ ᠢᠶᠠᠨ ᠪᠠᠶᠠᠷᠯᠠᠨ ᠪᠡᠯᠭᠡᠯᠡᠨ᠎ᠡ᠃ ︽ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠨᠢ | ︾ ᠭᠡᠬᠦ ᠡᠨᠡ ᠬᠦ ᠭᠤᠶᠢᠳᠠ ᠰᠠᠶᠢᠬᠠᠨ ᠬᠢᠴᠢᠶᠡᠯ ᠤᠨ ᠳᠡᠪᠲᠡᠷ ᠤᠨ ᠵᠦᠴᠦᠭᠡ ᠶᠢ ᠨᠢᠳᠦᠨ ᠡᠮᠦᠨ᠎ᠡ ᠢᠯᠡᠷᠡᠭᠦᠯᠦᠯ᠎ᠡ᠃ ᠰᠤᠷᠤᠭᠴᠢᠳ ᠤᠨ ᠣᠷᠣᠯᠴᠠᠬᠤ ᠤᠷᠮ᠎ᠠ | ᠵᠣᠷᠢᠭ ᠨᠢ ᠥᠨᠳᠥᠷ᠂ ᠥᠪᠡᠷ ᠤᠨ ᠣᠶᠢᠯᠠᠭᠠᠯᠲᠠ ᠪᠠ ᠣᠶᠤᠨ ᠤᠬᠠᠭᠠᠨ ᠢᠶᠠᠷ ᠢᠶᠠᠨ ᠪᠠᠶᠠᠯᠢᠭ ᠰᠠᠶᠢᠬᠠᠨ ᠤᠷᠭᠤᠭᠤᠯᠤᠨ ᠪᠣᠳᠣᠯᠲᠠ ᠪᠠᠷ ᠵᠦᠴᠦᠭᠡ ᠶᠢᠨ | ᠳᠣᠲᠣᠷᠠᠬᠢ ᠡᠳᠡᠭᠡᠷ ᠬᠥᠮᠦᠰ ᠢ ᠤᠷᠠᠨ ᠨᠠᠷᠢᠯᠢᠭ ᠰᠠᠶᠢᠬᠠᠨ ᠲᠣᠭᠯᠠᠭᠠᠳ᠂ ᠬᠥᠮᠦᠰ ᠥᠪᠡᠷ ᠤᠨ ᠡᠷᠬᠡ ᠦᠭᠡᠶ ᠰᠤᠨᠢᠷᠬᠠᠨ ᠰᠠᠭᠱᠢᠪᠠ︕ | ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠦᠯᠢᠭᠡᠷ ᠢ ᠮᠠᠨ ᠤ ᠤᠯᠤᠰ ᠲᠤ ᠬᠥᠮᠦᠨ ᠪᠦᠬᠦᠨ ᠮᠡᠳᠡᠳᠡᠭ︔ ᠲᠡᠨᠡᠭ ᠡᠪᠦᠭᠡᠨ ᠤ ᠠᠭᠤᠯᠠ ᠶᠢ ᠨᠡᠭᠦᠯᠭᠡᠭᠰᠡᠨ | ᠵᠣᠷᠢᠭ ᠰᠠᠨᠠᠭ᠎ᠠ ᠨᠢ ᠦᠶ᠎ᠡ ᠦᠶ᠎ᠡ ᠶᠢᠨ ᠬᠥᠮᠦᠰ ᠢ ᠬᠥᠮᠦᠵᠢᠭᠦᠯᠵᠦ ᠪᠠᠶᠢᠭᠰᠠᠨ ᠶᠤᠮ᠃ ᠢᠯᠠᠩᠭᠤᠶ᠎ᠠ ᠬᠦᠴᠢᠷ ᠪᠡᠷᠬᠡᠰᠢᠶᠡᠯ ᠲᠤᠯᠭᠠᠷᠠᠬᠤ ᠦᠶ᠎ᠡ ᠳᠤ᠂ ᠲᠡᠨᠡᠭ | ᠡᠪᠦᠭᠡᠨ ᠤ ᠦᠯᠢᠭᠡᠷ ᠢ ᠣᠯᠠᠩᠬᠢ ᠳᠠᠭᠠᠨ ᠰᠠᠨᠠᠵᠤ ᠣᠯᠳᠠᠭ ᠪᠥᠭᠡᠳ ᠲᠡᠨᠡᠭ ᠡᠪᠦᠭᠡᠨ ᠲᠠᠢ ᠠᠳᠠᠯᠢ ᠪᠠᠷ ᠡᠴᠦᠰ ᠲᠤᠨᠢ ᠲᠤᠯᠲᠠᠯ᠎ᠠ ᠪᠠᠷᠢᠮᠲᠠᠯᠠᠪᠠᠯ ᠳᠠᠷᠤᠶ ᠠᠮᠵᠢᠯᠲᠠ | ᠣᠯᠵᠤ ᠴᠢᠳᠠᠨ᠎ᠠ ᠭᠡᠳᠡᠭ ᠢ ᠪᠠᠲᠤ ᠢᠲᠡᠭᠡᠳᠡᠭ᠃ ᠲᠡᠨᠡᠭ ᠡᠪᠦᠭᠡᠨ ᠤ ᠠᠭᠤᠯᠠ ᠶᠢ ᠨᠡᠭᠦᠯᠭᠡᠭᠰᠡᠨ ᠵᠣᠷᠢᠭ ᠰᠠᠨᠠᠭᠠᠨ ᠤ ᠭᠤᠣᠯ ᠴᠢᠮᠥᠭᠡ ᠪᠣᠯ ᠳᠠᠷᠤᠶ ᠢᠲᠡᠭᠡᠯ ᠪᠢᠰᠢᠷᠡᠯ | ᠂ ᠢᠲᠡᠭᠡᠯ ᠵᠣᠷᠢᠭ᠂ ᠬᠠᠳᠠᠭᠤ ᠵᠣᠷᠢᠭ ᠪᠠ ᠪᠣᠳᠠᠲᠠᠶ ᠠᠵᠢᠯᠯᠠᠭ᠎ᠠ ᠪᠣᠯᠤᠨ᠎ᠠ᠃ ᠢᠲᠡᠭᠡᠯ ᠪᠢᠰᠢᠷᠡᠯ ᠵᠥᠪ᠂ ᠢᠲᠡᠭᠡᠯ ᠵᠣᠷᠢᠭ ᠪᠠᠲᠤ ᠴᠢᠩᠭ᠎ᠠ᠂ ᠢᠲᠡᠭᠡᠯ ᠵᠣᠷᠢᠭ | ᠭᠦᠢᠴᠡᠳ ᠪᠠᠶᠢᠪᠠᠯ ᠰᠠᠶ᠋ᠢ ᠠᠭᠤᠤ ᠶᠡᠭᠡ ᠦᠢᠯᠡᠰ ᠤᠨ ᠲᠥᠯᠥᠭᠡ ᠨᠠᠰᠤ ᠪᠠᠷ ᠢᠶᠠᠨ ᠲᠡᠮᠡᠴᠡᠵᠦ ᠴᠢᠳᠠᠨ᠎ᠠ᠃ |