ᠪᠥᠬᠦ ᠣᠷᠣᠨ ᠤ ᠤᠯᠠᠭᠠᠨᠮᠥ᠋ᠴᠢᠷ ᠤᠨ ︽ᠰᠤᠷᠤᠯᠴᠠᠬᠤ · ᠡᠭᠦᠳᠬᠦ · ᠲᠣᠭᠯᠠᠬᠤ︾ ᠤᠷᠠᠯᠢᠭ ᠤᠨ ᠵᠢᠭᠠᠨ ᠵᠢᠯᠣᠭᠤᠳᠬᠤ ᠳᠤᠭᠤᠶᠢᠯᠠᠩ ᠵᠠᠯᠠᠨ ᠠᠶᠢᠯ ᠬᠤᠲᠠ ᠳᠤ ᠭᠦᠨᠵᠡᠭᠡᠶᠢᠷᠡᠨ ᠤᠷᠠᠯᠢᠭ ᠤᠨ ᠵᠢᠭᠠᠨ ᠵᠢᠯᠣᠭᠤᠳᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/25
    ᠰᠢ ᠶᠢᠨ ᠫᠢᠩ ᠶᠡᠷᠦᠩᠬᠡᠶ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠥᠨ᠂ ᠤᠯᠠᠭᠠᠨᠮᠥ᠋ᠴᠢᠷ ᠤᠨ ᠤᠷᠠᠯᠢᠭ ᠤᠨ ᠲᠦᠪᠰᠢᠨ ᠢ  ᠤᠯᠠᠮ ᠨᠢᠭᠡ ᠠᠯᠬᠤᠮ  ᠳᠡᠭᠡᠭᠰᠢᠯᠡᠬᠦᠯᠬᠦ ᠶᠢᠨ ᠲᠦᠯᠦᠭᠡ᠂ 10 ᠰᠠᠷ᠎ᠠ ᠶᠢᠨ 17      ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠤᠯᠠᠭᠠᠨ᠂ ᠬᠥᠯᠥᠨ ᠪᠤᠶᠢᠷ ᠬᠤᠳᠠ ᠶᠢᠨ ᠰᠢ ᠵᠦᠴᠦᠭᠡᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠴᠢᠦ ᡁᠢ ᠴᠧᠩ ᠨᠡᠷ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠲᠤ ᠬᠦᠷᠴᠦ ᠬᠤᠣᠰᠯᠠᠯ ᠪᠠᠶᠢᠭᠤᠯᠵᠤ ᠵᠢᠭᠠᠨ ᠵᠢᠯᠣᠭᠤᠳᠬᠤ ᠠᠵᠢᠯ ᠥᠷᠨᠢᠭᠦᠯᠪᠡ᠃     ᠤᠯᠠᠭᠠᠨ ᠪᠠᠭᠰᠢ ︽ᠬᠤᠪᠢᠰᠬᠠᠯᠲᠤ ᠰᠢ ᠵᠦᠴᠦᠭᠡ ᠶᠢᠨ ᠵᠣᠬᠢᠶᠠᠨ ᠪᠦᠲᠦᠭᠡᠯᠭᠡ — ᠮᠢᠨᠦ ᠦᠢᠯᠡᠳᠦᠯᠭᠡ ᠪᠠ ᠪᠣᠳᠣᠯᠬᠢᠯᠠᠯ︾ ︽ᠵᠦᠴᠦᠭᠡ ᠶᠢᠨ ᠳᠡᠪᠲᠡᠷ ᠤᠨ ᠵᠠᠳᠠᠯᠤᠯᠲᠠ︾ ᠭᠡᠬᠦ ᠰᠡᠳᠦᠪ ᠢᠶᠠᠷ ᠵᠢᠱᠢᠶ᠎ᠡ  ᠲᠠᠲᠡᠨ᠂ ᠡᠯᠪᠡᠭ ᠪᠠᠶᠠᠯᠢᠭ ᠲᠠᠶᠢᠰᠠᠨ ᠤ ᠲᠤᠷᠰᠢᠯᠭ᠎ᠠ  ᠲᠠᠢ ᠤᠶᠠᠯᠳᠠᠭᠤᠯᠣᠨ ᠤᠯᠠᠭᠠᠨᠮᠥ᠋ᠴᠢᠷ ᠤᠨ ᠭᠡᠰᠢᠭᠦᠳ ᠲᠤ ᠤᠷᠠᠯᠢᠭ ᠤᠨ ᠣᠨᠣᠯ ᠤᠨ ᠮᠡᠳᠡᠯᠭᠡ ᠶᠢᠨ ᠲᠠᠶᠢᠯᠤᠮᠵᠢ ᠬᠢᠵᠦ᠂ ᠳᠠᠭᠤᠤ ᠬᠥᠭᠵᠢᠮ᠂ ᠳᠠᠭᠤᠤ ᠪᠥᠵᠢᠭ᠂ ᠰᠢ ᠵᠦᠴᠦᠭᠡ ᠵᠡᠷᠭᠡ ᠣᠯᠠᠨ  ᠵᠦᠢᠯ ᠤᠨ ᠤᠷᠠᠯᠢᠭ ᠤᠨ ᠬᠡᠯᠪᠡᠷᠢ ᠶᠢᠨ ᠬᠥᠭᠵᠢᠯᠲᠡ ᠶᠢᠨ ᠥᠩᠭᠡᠷᠡᠯᠲᠡ ᠶᠢ ᠨᠠᠷᠢᠨ ᠨᠢᠭᠲᠠ ᠵᠠᠳᠠᠯᠤᠭᠰᠠᠨ ᠪᠠᠶᠢᠨ᠎ᠠ᠃ ᠠᠮᠢᠳᠤᠯᠢᠭ ᠰᠠᠶᠢᠬᠠᠨ ᠵᠦᠴᠦᠭᠡ ᠶᠢᠨ ᠦᠢᠯᠡ ᠶᠠᠪᠤᠳᠠᠯ ᠤᠨ ᠵᠠᠳᠠᠯᠤᠯᠲᠠ ᠪᠠᠷ ᠳᠡᠮᠵᠢᠨ᠂ ᠤᠯᠠᠭᠠᠨᠮᠥ᠋ᠴᠢᠷ ᠤᠨ ᠭᠡᠰᠢᠭᠦᠳ ᠢ ᠤᠷᠠᠯᠢᠭ ᠲᠤ ᠨᠡᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠬᠤᠵᠢᠮ ᠤᠨ ᠤᠷᠠᠯᠢᠭ ᠤᠨ ᠵᠣᠬᠢᠶᠠᠨ ᠪᠦᠲᠦᠭᠡᠯᠭᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃     ᠪᠣᠯᠪᠠᠰᠤᠷᠠᠯ ᠤᠨ ᠳᠠᠷᠠᠭ᠎ᠠ᠂ ᠬᠤᠶᠠᠷ ᠪᠠᠭᠰᠢ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠲᠠᠢ ᠰᠠᠨᠠᠯ ᠢᠶᠠᠨ  ᠰᠣᠯᠢᠯᠴᠠᠵᠤ᠂ ᠲᠡᠳᠡᠨ ᠤ ᠤᠷᠠᠯᠢᠭ ᠤᠨ ᠵᠣᠬᠢᠶᠠᠨ ᠪᠦᠲᠦᠭᠡᠯᠭᠡ ᠶᠢᠨ ᠶᠠᠪᠤᠴᠠ ᠳᠤ ᠲᠣᠬᠢᠶᠠᠯᠳᠤᠭᠰᠠᠨ ᠬᠦᠴᠢᠷᠳᠡᠯ  ᠢ ᠣᠶᠢᠯᠠᠭᠠᠵᠤ᠂  ᠲᠡᠳᠡᠨ ᠢ ᠵᠣᠷᠢᠭᠲᠠᠶ ᠪᠠᠷ ᠰᠢᠨ᠎ᠡ ᠶᠢ ᠡᠭᠦᠳᠴᠦ᠂ ᠵᠣᠷᠢᠭᠲᠠᠶ ᠪᠠᠷ ᠰᠢᠪᠲᠤᠯᠤᠯᠲᠠ ᠬᠢᠵᠦ᠂ ᠤᠷᠠᠯᠢᠭ ᠤᠨ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠵᠣᠷᠢᠭᠵᠢᠭᠤᠯᠬᠤ ᠶᠢᠨ ᠬᠠᠮᠲᠤ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠤᠨ ᠣᠨᠴᠠᠯᠢᠭ ᠢ ᠦᠨᠳᠦᠰᠦᠯᠡᠨ᠂ ᠴᠢᠦ ᡁᠢ ᠴᠧᠩ ᠪᠠᠭᠰᠢ  ᠲᠣᠰᠭᠠᠶᠢᠯᠡᠨ ᠱᠤᠭ  ᠵᠦᠴᠦᠭᠡ︽ᠭᠡᠷ᠎ᠡ ᠪᠠᠨ ᠦᠷᠭᠦᠯᠵᠢᠯᠡᠭᠦᠯᠬᠦ︾ ︵ᠲᠦᠷ ᠲᠣᠭᠲᠠᠭᠠᠭᠰᠠᠨ ᠨᠡᠷ᠎ᠡ︶ ᠢ ᠵᠣᠬᠢᠶᠠᠨ  ᠪᠦᠲᠦᠭᠡᠭᠰᠡᠨ ᠪᠠᠶᠢᠨ᠎ᠠ᠃     ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠬᠤᠭᠤᠴᠠᠭᠠᠨ ᠳᠤ ᠬᠤᠶᠠᠷ ᠪᠠᠭᠰᠢ ᠲᠣᠭᠯᠠᠭᠴᠢ ᠶᠢ ᠬᠠᠪᠰᠤᠷᠤᠨ ᠵᠦᠴᠦᠭᠡ ᠶᠢᠨ ᠦᠢᠯᠡ ᠶᠠᠪᠤᠳᠠᠯ ᠢ ᠵᠠᠳᠠᠯᠵᠤ᠂ ᠵᠣᠬᠢᠶᠠᠯ ᠤᠨ ᠪᠠᠭᠠᠲᠤᠷ ᠤᠨ ᠵᠠᠩ ᠠᠷᠠᠨᠰᠢᠨ ᠢ ᠣᠶᠢᠯᠠᠭᠠᠭᠤᠯᠵᠤ᠂ ᠵᠦᠴᠦᠭᠡ ᠶᠢᠨ ᠳᠣᠲᠣᠷᠠᠬᠢ ᠵᠣᠬᠢᠶᠠᠯ ᠤᠨ ᠪᠠᠭᠠᠲᠤᠷ ᠤᠨ ᠵᠠᠩ ᠠᠷᠠᠨᠰᠢᠨ ᠤ ᠲᠤᠬᠠᠶ ᠲᠣᠭᠯᠠᠭᠴᠢ ᠶᠢᠨ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠲᠣᠭᠯᠠᠯᠲᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠵᠣᠬᠢᠶᠠᠯ ᠤᠨ ᠪᠠᠭᠠᠲᠤᠷ ᠤᠨ ᠳᠦᠷᠢ ᠶᠢ ᠨᠡᠩ ᠰᠠᠶᠢᠨ ᠪᠦᠲᠦᠭᠡᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃     19      ᠤ ᠤᠷᠤᠢ᠂ ᠵᠢᠭᠠᠨ ᠵᠢᠯᠣᠭᠤᠳᠬᠤ ᠳᠤᠭᠤᠶᠢᠯᠠᠩ ᠤᠨ ᠬᠢᠨ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠤᠨᠴᠠᠯᠢᠬᠳᠤ ᠨᠠᠮ ᠤᠨ ᠬᠢᠴᠢᠶᠡᠯ ᠤᠨ ᠬᠥᠭᠵᠢᠮ ᠪᠥᠵᠢᠭ  ︽ᠠᠶᠠᠨ ᠵᠠᠮ︾ ᠢ ᠰᠣᠨᠢᠷᠬᠠᠵᠤ᠂ ᠵᠦᠴᠦᠭᠡ ᠶᠢᠨ ᠲᠣᠭᠯᠠᠯᠲᠠ ᠶᠢᠨ ᠬᠡᠯᠪᠡᠷᠢ᠂ ᠲᠠᠶᠢᠰᠠᠨ ᠤ ᠦᠷ᠎ᠡ ᠪᠦᠲᠦᠮᠵᠢ‌ᠵᠢᠴᠢ‌‍ᠲ᠋ᠣᠭᠯᠠᠭᠴᠢᠳ ᠤᠨ ᠤᠯᠠᠨ ᠵᠦᠢᠯ ᠤᠨ ᠴᠢᠳᠠᠪᠤᠷᠢ ᠶᠢ ᠭᠦᠢᠴᠡᠳ ᠨᠤᠲᠠᠯᠠᠵᠤ᠂ ᠥᠨᠳᠥᠷ  ᠦᠨᠡᠯᠡᠯᠳᠡ  ᠦᠭᠭᠦᠵᠦ᠂ ᠵᠦᠴᠦᠭᠡ  ᠶᠢᠨ ᠬᠡᠰᠡᠭ ᠲᠣᠭᠯᠠᠯᠲᠠ ᠶᠢᠨ ᠲᠠᠶᠢᠰᠠᠨ ᠤ ᠳᠦᠷᠰᠦ ᠪᠦᠲᠦᠭᠡᠯᠲᠡ ᠶᠢ ᠲᠤᠬᠠᠢ ᠶᠢᠨ ᠲᠠᠯᠠᠪᠠᠢ ᠳᠤ ᠵᠢᠭᠠᠨ ᠵᠢᠯᠣᠭᠤᠳᠪᠠ᠃     ᠣᠶᠢᠷ᠎ᠠ ᠶᠢᠨ ᠵᠢᠯ ᠳᠤ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ᠬᠢᠨ ᠦᠨᠳᠦᠰᠦᠨ ᠱᠠᠲᠤᠨ ᠳᠤ ᠦᠢᠯᠡᠴᠢᠯᠡᠬᠦ ᠪᠠᠷ ᠭᠤᠣᠯ ᠬᠠᠷᠠᠯᠲᠠ ᠪᠠᠨ ᠪᠣᠯᠭᠠᠵᠤ᠂ ᠨᠡᠭᠦᠳᠡᠯ ᠦᠢᠯᠡᠴᠢᠯᠡᠭᠡ ᠪᠠᠷ ᠭᠤᠣᠯ ᠠᠷᠭ᠎ᠠ ᠬᠡᠯᠪᠡᠷᠢ ᠪᠣᠯᠭᠠᠵᠤ᠂ ᠤᠯᠠᠭᠠᠨᠮᠥ᠋ᠴᠢᠷ ᠤᠨ ᠤᠯᠠᠮᠵᠢᠯᠠᠨ ᠵᠠᠯᠭᠠᠮᠵᠢᠯᠠᠬᠤ᠂ ᠵᠣᠬᠢᠶᠠᠨ ᠪᠦᠲᠦᠭᠡᠬᠦ᠂ ᠲᠣᠭᠯᠠᠯᠲᠠ ᠭᠠᠷᠭᠠᠬᠤ ᠂ ᠦᠢᠯᠡᠴᠢᠯᠡᠭᠡᠨ ᠤ ᠬᠠᠪᠰᠤᠷᠤᠨ ᠵᠢᠯᠣᠭᠤᠳᠬᠤ ᠡᠭᠦᠷᠭᠡ ᠴᠢᠳᠠᠪᠤᠷᠢ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠴᠠᠭ ᠤᠨ ᠬᠦᠰᠦᠨᠦᠭᠲᠦ ᠲᠣᠭᠲᠠᠭᠠᠨ᠂ ᠵᠠᠮ ᠱᠤᠭᠤᠮ ᠤᠨ ᠵᠢᠷᠤᠭ ᠢ ᠲᠥᠯᠥᠪᠵᠢᠭᠦᠯᠵᠦ᠂ ᠬᠡᠪᠰᠢᠭᠰᠡᠨ ᠲᠣᠭᠯᠠᠯᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ︽ᠬᠤᠶᠠᠷ ᠢ ᠴᠣᠭᠴᠠᠯᠠᠬᠤ︾ ᠭᠤᠤᠯ ᠰᠡᠳᠦᠪ ᠢ ᠳᠣᠪᠤᠶᠢᠯᠭᠠᠨ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢ ᠴᠢᠩᠭᠠᠳᠬᠠᠵᠤ᠂ ᠥᠷᠭᠡᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠵᠠᠯᠠᠨ ᠠᠶᠢᠯ ᠬᠤᠲᠠ ᠶᠢᠨ ᠤᠳᠬ᠎ᠠ ᠤᠷᠠᠯᠢᠭ ᠤᠨ  ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠲᠣᠪᠤᠶᠢᠮ᠎ᠠ ᠬᠤᠪᠢ ᠨᠡᠮᠡᠷᠢ  ᠦᠵᠡᠭᠦᠯᠦᠭᠰᠡᠨ ᠪᠠᠶᠢᠨ᠎ᠠ᠃ 2021 ᠣᠨ ᠳᠤ ︽ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠤᠯᠠᠭᠠᠨᠮᠥ᠋ᠴᠢᠷ︾ ᠢᠶᠠᠷ ᠦᠨᠡᠯᠡᠭᠳᠡᠵᠦ᠂ ᠲᠠᠪᠤᠳᠤᠭᠠᠷ᠂ ᠵᠢᠷᠭᠤᠳᠤᠭᠠᠷ ᠬᠤᠭᠤᠴᠠᠭᠠᠨ ᠤ ︽ᠪᠥᠬᠦ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ︾ ᠤᠨ ᠢᠷᠠᠭᠤ ᠠᠯᠳᠠᠷ ᠢ ᠭᠥᠷᠳᠡᠪᠡ︔ 2022 ᠣᠨ ᠳᠤ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾ ᠪᠠᠷ ᠦᠨᠡᠯᠡᠭᠳᠡᠪᠡ᠃ ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠤᠨ ᠬᠢᠨ ᠴᠠᠭ ᠦᠶ᠎ᠡ ᠶᠢᠨ  ᠠᠯᠬᠤᠮ ᠶᠢ ᠲᠠᠭᠠᠵᠦ᠂ ᠤᠯᠠᠨ ᠤ ᠪᠠᠭ᠋ᠠᠷᠬᠠᠯ ᠢ ᠲᠠᠲᠠᠵᠤ᠂ ᠥᠷᠭᠡᠨ ᠳᠡᠯᠭᠡᠷᠡᠩᠭᠦᠢ ᠤᠯᠠᠮᠵᠢᠯᠠᠭᠳᠠᠭᠰᠠᠨ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠪᠦᠬᠦ ᠬᠤᠳᠠ ᠶᠢᠨ ᠤᠳᠬ᠎ᠠ ᠤᠷᠠᠯᠢᠭ ᠤᠨ ᠦᠢᠯᠡᠰ ᠤᠨ ᠬᠥᠭᠵᠢᠯ ᠴᠡᠴᠡᠭᠯᠡᠯ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠵᠦ᠂ ᠰᠢᠨ᠎ᠡ ᠠᠶᠠᠨ ᠵᠠᠮ ᠳᠠᠭᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠷᠡᠰ ᠪᠡᠶᠡᠯᠡᠭᠦᠯᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ