— ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ ᠡᠬᠢᠯᠡᠭᠰᠡᠨ ᠢ ᠪᠠᠶᠠᠷᠯᠠᠨ ᠪᠡᠯᠭᠡᠯᠡᠶ᠎ᠡ | ᠥᠨᠥᠳᠦᠷ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ ᠪᠡᠭᠡᠵᠢᠩ ᠳᠤ ᠡᠬᠢᠯᠡᠪᠡ᠃ ᠡᠨᠡ ᠨᠢ ᠥᠷᠭᠡᠨ ᠤᠯᠠᠨ ᠵᠡᠮᠳᠡᠭᠴᠦᠳ ᠪᠣᠯᠤᠨ ᠵᠡᠮᠳᠡᠭ ᠠᠵᠢᠯᠳᠠᠨ ᠢ ᠪᠦᠯᠬᠦᠮᠳᠡᠭᠦᠯᠦᠨ ᠲᠠᠶᠢᠴᠢᠯᠠᠵᠤ ᠤᠯᠤᠰ ᠢᠶᠠᠨ | ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠵᠤ᠂ | ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠶᠡᠭᠡ ᠬᠤᠷᠠᠯ | ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ | ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠠᠭᠤᠷᠠᠶᠢᠴᠤᠤᠯ ᠢ ᠲᠡᠳᠬᠦᠮᠵᠢ ᠲᠠᠢ ᠪᠠᠶᠢᠯᠭᠠᠬᠤ ᠶᠢ ᠪᠠᠷᠢᠮᠲᠠᠯᠠᠵᠤ᠂ | ᠵᠡᠮᠳᠡᠭᠴᠦᠳ ᠤᠨ ᠡᠷᠬᠡ ᠲᠡᠭᠰᠢ ᠡᠷᠬᠡ ᠶᠢ ᠪᠠᠲᠤᠯᠠᠵᠤ᠂ ᠵᠡᠮᠳᠡᠭᠴᠦᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠲᠡᠦᠬᠡᠲᠦ ᠴᠢᠨᠠᠷᠲᠠᠢ ᠲᠠᠪᠰᠢᠯᠳᠠ ᠪᠣᠯᠤᠨ ᠠᠮᠵᠢᠯᠲᠠ ᠤᠯᠬᠤ ᠶᠢ ᠠᠬᠢᠭᠤᠯᠪᠠ᠃ ᠥᠨᠥᠳᠦᠷ᠂ ᠵᠡᠮᠳᠡᠭᠴᠦᠳ ᠤᠨ ᠡᠷᠬᠡ ᠠᠰᠢᠭ ᠢ ᠨᠡᠩ ᠬᠦᠴᠦᠲᠡᠢ | ᠪᠠᠲᠤᠯᠠᠵᠤ᠂ 8500 ᠲᠦᠮᠡᠨ ᠵᠡᠮᠳᠡᠭᠴᠦᠳ ᠴᠢᠨᠡᠭᠡᠯᠢᠭ ᠨᠡᠶᠢᠭᠡᠮ ᠳᠤ ᠵᠡᠷᠭᠡ ᠪᠠᠷ ᠲᠠᠪᠰᠢᠨ ᠣᠷᠣᠵᠤ᠂ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠨᠢ ᠦᠷᠭᠦᠯᠵᠢᠯᠡᠨ ᠳᠡᠭᠡᠭᠰᠢᠯᠡᠪᠡ᠃ ᠥᠷᠭᠡᠨ ᠤᠯᠠᠨ ᠵᠡᠮᠳᠡᠭᠴᠦᠳ ᠨᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ ᠪᠠ ᠡᠳ᠋ᠯᠡᠭᠴᠢ ᠪᠣᠯᠤᠭᠰᠠᠨ ᠤ ᠬᠤᠪᠢ ᠳᠤ᠂ ᠥᠷᠭᠡᠨ ᠠᠭᠤᠳᠠᠮ ᠲᠠᠪᠴᠠᠩ ᠳᠡᠭᠡᠷ᠎ᠡ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠵᠦ᠂ ᠬᠥᠮᠦᠨ ᠤ ᠠᠮᠢᠳᠤᠷᠠᠯ ᠤᠨ ᠭᠡᠷᠡᠯ ᠰᠠᠴᠤᠷᠠᠩᠭᠤᠢ ᠲᠡᠮᠡᠴᠡᠯ ᠤᠨ | ᠢᠷᠠᠭᠤ ᠬᠠᠭᠤᠳᠠᠰᠤ ᠶᠢ ᠪᠢᠴᠢᠭᠯᠡᠪᠡ᠃ ᠵᠡᠮᠳᠡᠭᠴᠦᠳ ᠢ ᠭᠡᠵᠢᠶᠡᠳᠡ ᠳᠤᠷᠠᠰᠤᠨ ᠰᠠᠨᠠᠭᠠᠯᠵᠠᠵᠤ᠂ ᠵᠡᠮᠳᠡᠭᠴᠦᠳ ᠤᠨ ᠠᠮᠢᠳᠤᠷᠠᠯ ᠤᠨ ᠵᠢᠵᠢᠭ ᠰᠠᠵᠢᠭ ᠵᠦᠢᠯ | ᠪᠦᠬᠦᠨ ᠢ ᠠᠩᠬᠠᠷᠤᠨ ᠬᠠᠯᠠᠮᠵᠢᠯᠠᠨ᠎ᠠ᠃ ᠶᠡᠷᠦᠩᠬᠡᠢ ᠱᠦᠵᠢ ᠰᠢ ᠶᠢᠨ ᠫᠢᠩ ᠵᠡᠮᠳᠡᠭᠴᠦᠳ ᠢ ᠲᠦᠢᠯ ᠢᠶᠠᠷ ᠬᠠᠯᠠᠮᠵᠢᠯᠠᠵᠤ᠂ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠲᠤᠬᠠᠢ ᠠᠯᠢ ᠤᠯᠠᠨ ᠲᠣᠳᠣᠷᠬᠠᠢ ᠱᠠᠭᠠᠷᠳᠠᠯᠭ᠎ᠠ ᠳᠤᠷᠠᠳᠴᠠᠢ᠃ | ᠶᠡᠷᠦᠩᠬᠡᠢ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠥᠭᠦᠯᠡᠯᠲᠡ ᠨᠢ ᠮᠠᠨ ᠤ ᠤᠯᠤᠰ ᠤᠨ ᠵᠡᠮᠳᠡᠭᠴᠦᠳ ᠤᠨ | ᠦᠢᠯᠡᠰ ᠤᠨ ᠬᠥᠭᠵᠢᠯᠲᠡ ᠶᠢᠨ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠨᠭ᠍ᠭᠠᠨ ᠦᠭᠴᠡᠢ᠃ ᠨᠠᠮ ᠤᠨ ᠲᠥᠪ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠪᠣᠯᠤᠨ ᠵᠡᠮᠳᠡᠭᠴᠦᠳ ᠤᠨ | ᠠᠵᠢᠯᠲᠠᠳ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ︽ᠲᠥᠯᠥᠭᠡᠯᠡᠭᠴᠢ᠂ ᠦᠢᠯᠡᠴᠢᠯᠡᠭᠡ᠂ ᠬᠠᠮᠢᠶᠠᠷᠤᠯᠲᠠ︾ ᠶᠢᠨ ᠡᠭᠦᠷᠭᠡ ᠴᠢᠳᠠᠪᠬᠢ ᠪᠠᠨ ᠦᠨᠡᠨ ᠬᠦ | ᠭᠦᠢᠴᠡᠳᠬᠡᠵᠦ᠂ ᠥᠷᠭᠡᠨ ᠤᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ | ᠲᠠᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠭᠠᠨ ᠢᠳᠡᠪᠬᠢᠲᠡᠢ ᠤᠷᠤᠭᠰᠢᠯᠠᠨ ᠲᠠᠪᠰᠢᠬᠤ᠂ ᠡᠷᠡᠯᠬᠡᠭᠯᠡᠨ ᠲᠡᠮᠡᠴᠡᠵᠦ ᠥᠪᠡᠷ ᠢ ᠪᠠᠨ ᠬᠦᠴᠦᠷᠬᠡᠭᠵᠢᠭᠦᠯᠬᠦ ᠢᠷᠠᠭᠤ | ᠠᠯᠳᠠᠷᠲᠤ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠵᠡᠮᠳᠡᠭᠴᠦᠳ ᠪᠣᠯ ᠨᠡᠶᠢᠭᠡᠮ ᠤᠨ ᠶᠡᠭᠡ ᠭᠡᠷ ᠪᠦᠯᠢ ᠶᠢᠨ ᠡᠷᠬᠡ ᠲᠡᠭᠰᠢ ᠪᠦᠷᠢᠯᠳᠦᠬᠦᠨ ᠮᠥᠨ᠂ ᠬᠥᠮᠦᠨ | ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠨᠢᠭᠡᠨ ᠴᠢᠬᠤᠯᠠ ᠬᠦᠴᠦᠨ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠶᠢᠨ ᠨᠢᠭᠡᠨ ᠴᠢᠬᠤᠯᠠ ᠬᠦᠴᠦᠨ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠡᠢ᠃ | ᠥᠷᠭᠡᠨ ᠤᠯᠠᠨ ᠵᠡᠮᠳᠡᠭᠴᠦᠳ ᠢ ᠠᠮᠤᠷ ᠲᠠᠶᠢᠪᠤᠩ ᠠᠵᠤ ᠲᠦᠷᠦᠭᠦ᠂ ᠢᠳᠡᠵᠦ ᠡᠮᠦᠰᠬᠦ ᠳᠡᠭᠡᠨ ᠵᠣᠪᠠᠭ᠋ᠤ ᠦᠭᠡᠢ᠂ ᠵᠣᠯ ᠵᠢᠷᠭᠠᠯ ᠲᠠᠢ ᠰᠠᠶᠢᠨ ᠰᠠᠶᠢᠬᠠᠨ | ᠠᠮᠢᠳᠤᠷᠠᠭᠤᠯᠬᠤ ᠪᠣᠯ ᠮᠠᠨ ᠤ ᠨᠠᠮ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠴᠢᠬᠤᠯᠠ ᠢᠯᠡᠷᠡᠯ ᠮᠥᠨ᠂ | ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ ᠵᠢᠷᠤᠭᠯᠠᠪᠠ᠃ ᠶᠡᠷᠦᠩᠬᠡᠶ ᠱᠦᠵᠢ ᠰᠢ ᠶᠢᠨ ᠫᠢᠩ᠄ ︽ | ᠳᠤᠮᠳᠠᠳᠤ ᠤᠯᠤᠰ ᠵᠡᠮᠳᠡᠭᠴᠦᠳ ᠢ ᠣᠨᠴᠠᠭᠠᠶ ᠬᠠᠯᠠᠮᠵᠢᠯᠠᠵᠤ᠂ ᠣᠨᠴᠠᠭᠠᠶ ᠠᠩᠬᠠᠷᠴᠤ ᠪᠠᠶᠢᠨ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠠᠬᠢᠴᠠ ᠳᠤᠮᠳᠠ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠤᠯᠠᠮ ᠴᠢᠨᠠᠬᠰᠢᠳᠠ | ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠭᠡᠷᠡᠭᠳᠡᠢ︾ ᠭᠡᠵᠦ ᠴᠢᠬᠤᠯᠠᠴᠢᠯᠠᠪᠠ᠃ ᠰᠢᠨ᠎ᠡ ᠠᠶᠠᠨ ᠳᠤ᠂ | ᠪᠢᠳᠡ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠵᠡᠮᠳᠡᠭᠴᠦᠳ ᠤᠨ ᠡᠷᠬᠡ ᠲᠡᠭᠰᠢ ᠡᠷᠬᠡ ᠶᠢ ᠨᠡᠩ ᠰᠠᠶᠢᠨ ᠪᠠᠲᠤᠯᠠᠵᠤ᠂ ᠵᠡᠮᠳᠡᠭᠴᠦᠳ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠨᠡᠩ ᠰᠠᠶᠢᠨ ᠢᠶᠠᠷ ᠵᠡᠮᠳᠡᠭᠴᠦᠳ ᠲᠤ ᠬᠦᠷᠲᠡᠭᠡᠬᠦ ᠬᠡᠷᠡᠭᠲᠡᠢ᠃ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠢ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠢᠳᠡᠪᠬᠢᠲᠡᠶ ᠪᠠᠷ | ᠠᠬᠢᠭᠤᠯᠵᠤ᠂ ᠵᠡᠮᠳᠡᠭᠴᠦᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠤᠢᠭᠡᠢ ᠨᠡᠮᠡᠭᠳᠡᠭᠦᠯᠬᠦ ᠬᠡᠷᠡᠭᠲᠡᠶ᠃ ᠡᠯ᠎ᠡ ᠱᠠᠲᠤᠨ ᠤ ᠵᠡᠮᠳᠡᠭᠴᠦᠳ ᠤᠨ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠪᠣᠯᠤᠨ ᠵᠡᠮᠳᠡᠭᠴᠦᠳ ᠤᠨ ᠠᠵᠢᠯᠲᠠᠳ ᠨᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ | ᠨᠠᠮ ᠤᠨ ᠬᠠᠶᠢᠷ᠎ᠠ ᠬᠠᠯᠠᠮᠵᠢ ᠶᠢ ᠵᠡᠮᠳᠡᠭᠴᠦᠳ ᠤᠨ ᠳᠡᠷᠭᠡᠳᠡ ᠬᠦᠷᠭᠡᠬᠦ ᠬᠡᠷᠡᠭᠲᠡᠢ᠃ ᠨᠡᠶᠢᠭᠡᠮ ᠤᠨ ᠡᠯ᠎ᠡ ᠡᠲᠡᠭᠡᠳ ᠤᠨ ᠬᠢᠨ ᠵᠡᠮᠳᠡᠭᠴᠦᠳ ᠢ ᠲᠡᠳᠬᠦᠨ ᠲᠤᠰᠠᠯᠠᠬᠤ | ᠪᠣᠯᠪᠠᠰᠤᠨ ᠤ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠢ ᠣᠶᠢᠯᠠᠭᠠᠬᠤ᠂ ᠬᠦᠨᠳᠦᠳᠬᠡᠬᠦ᠂ ᠬᠠᠯᠠᠮᠵᠢᠯᠠᠬᠤ᠂ | ᠬᠠᠪᠰᠤᠷᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠵᠡᠮᠳᠡᠭᠴᠦᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠶᠢ ᠳᠡᠮᠵᠢᠨ | ᠵᠣᠷᠢᠭᠵᠢᠭᠤᠯᠵᠤ᠂ ᠰᠢᠨ᠎ᠡ ᠴᠠᠭ ᠦᠶ᠎ᠡ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ︽ᠳᠤᠮᠳᠠᠳᠤ ᠶᠢᠨ ᠬᠦᠰᠡᠯ ᠵᠡᠭᠦᠳᠦ ᠪᠣᠯ ᠦᠨᠳᠦᠰᠦᠲᠡᠨ ᠤ ᠬᠦᠰᠡᠯ ᠵᠡᠭᠦᠳᠦ᠂ ᠤᠯᠤᠰ ᠤᠨ ᠬᠦᠰᠡᠯ ᠵᠡᠭᠦᠳᠦ᠂ ᠳᠤᠮᠳᠠᠳᠤ ᠶᠢᠨ ᠬᠥᠮᠦᠨ ᠨᠢᠭᠡᠪᠦᠷᠢ ᠶᠢᠨ | ᠬᠦᠰᠡᠯ ᠵᠡᠭᠦᠳᠦ ᠮᠦᠨ᠂ ᠮᠥᠨᠴᠦ ᠵᠡᠮᠳᠡᠭᠴᠦᠳ ᠨᠢᠭᠡᠪᠦᠷᠢ ᠶᠢᠨ ᠵᠡᠭᠦᠳᠦ ᠮᠥᠨ︾᠃ ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠵᠡᠮᠳᠡᠭᠴᠦᠳ ᠤᠨ ᠦᠢᠯᠡᠰ ᠢ ᠴᠢᠨᠠᠭᠰᠢᠳᠠ ᠬᠥᠭᠵᠢᠭᠦᠯᠵᠦ᠂ ᠵᠡᠮᠳᠡᠭᠴᠦᠳ ᠤᠨ ᠪᠦᠬᠦ | ᠲᠠᠯ᠎ᠠ ᠶᠢᠨ ᠬᠥᠭᠵᠢᠯᠲᠡ ᠪᠣᠯᠤᠨ ᠬᠠᠮᠲᠤ ᠶᠢᠨ ᠴᠢᠨᠡᠭᠡᠯᠢᠭᠵᠢᠯ ᠢ ᠠᠬᠢᠭᠤᠯᠵᠤ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ | ᠠᠤᠭ᠎ᠠ ᠶᠡᠭᠡ ᠬᠦᠴᠦᠨ ᠢ ᠨᠢᠭᠲᠠᠷᠠᠭᠤᠯᠵᠤ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ᠃ |