︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | 2023 ᠣᠨ ᠤ ᠳᠣᠯᠣᠳᠤᠭᠠᠷ ᠤᠳᠠᠭᠠᠨ ᠤ ᠬᠤᠷᠠᠯ ᠤᠨ ᠲᠣᠪᠴᠢ ᠲᠡᠮᠳᠡᠭᠯᠡᠯ︾ ︵ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠳᠤᠭᠤᠶᠢᠯᠠᠩ ︹ | 2023 ︺ 12 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠵᠠᠯᠠᠨ ᠠᠶᠢᠯ ᠬᠤᠲᠠ ᠶᠢᠨ ᠬᠢᠨ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢᠳ ᠲᠤ ᠬᠠᠨᠳᠤᠭᠤᠯᠤᠨ ᠲᠤᠰᠬᠠᠶ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠪᠠᠷ ᠪᠣᠶ᠂ ᠲᠣᠰ | ᠤᠳᠠᠭᠠᠨ ᠤ ᠠᠵᠢᠯᠲᠠᠨ ᠡᠯᠰᠡᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠤᠷᠢᠬᠤ ᠲᠥᠯᠥᠪᠯᠡᠭᠡ | ᠲᠤᠰ ᠤᠳᠠᠭ᠎ᠠ 20 ᠬᠥᠮᠦᠨ ᠡᠯᠰᠡᠬᠦ ᠪᠠᠷ ᠲᠥᠯᠥᠪᠯᠡᠵᠦ ᠪᠠᠶᠢᠨ᠎ᠠ᠂ ᠡᠭᠦᠨ ᠳᠤ᠂ 1965 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ | ᠲᠥᠷᠥᠭᠰᠡᠨ ︵1965 ᠣᠨ ᠤ 12 ᠰᠠᠷ᠎ᠠ ᠶᠢᠨ 31 ᠤ ᠡᠳᠦᠷ ᠲᠥᠷᠥᠭᠰᠡᠨ ᠪᠠᠭᠲᠠᠨ᠎ᠠ︶ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ | ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠲᠤ ᠬᠠᠨᠳᠤᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ 10 ᠨᠡᠭᠡᠭᠡᠨ ᠬᠥᠭᠵᠢᠭᠦᠯᠵᠦ᠂ 1966 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠲᠥᠷᠥᠭᠰᠡᠨ ︵1966 ᠣᠨ ᠤ | 1 ᠳ᠋ᠦᠭᠡᠷ ᠰᠠᠷ᠎ᠠ ᠶᠢᠨ 1 ᠤ ᠡᠳᠦᠷ ᠲᠥᠷᠥᠭᠰᠡᠨ ᠪᠠᠭᠲᠠᠨ᠎ᠠ︶ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ | ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠲᠤ ᠬᠠᠨᠳᠤᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ 10 ᠨᠡᠭᠡᠭᠡᠨ | ᠬᠥᠭᠵᠢᠭᠦᠯᠵᠦ᠂ ᠪᠣᠳᠠᠲᠠᠶ ᠠᠵᠢᠯ ᠤᠨ ᠪᠠᠶᠢᠷᠢ ᠨᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠲᠤᠰᠠᠯᠠᠬᠤ ᠴᠢᠨᠠᠷᠲᠠᠶ ᠠᠵᠢᠯ ᠤᠨ ᠪᠠᠶᠢᠷᠢ ᠪᠣᠯᠤᠨ᠎ᠠ᠂ | ᠨᠠᠷᠢᠨ ᠪᠠᠶᠢᠳᠠᠯ ᠢ ︽2023 ᠣᠨ ᠤ ᠵᠠᠯᠠᠨ ᠠᠶᠢᠯ ᠬᠤᠲᠠ ᠶᠢᠨ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠲᠤ ᠬᠠᠨᠳᠤᠭᠤᠯᠤᠭᠰᠠᠨ ᠲᠤᠰᠬᠠᠶ ᠵᠦᠢᠯ | ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠦᠰᠦᠨᠦᠭᠲᠦ︾ ︵ᠳᠣᠷᠣᠭᠰᠢ ︽ᠠᠵᠢᠯ ᠤᠨ ᠪᠠᠶᠢᠷᠢ ᠶᠢᠨ ᠬᠦᠰᠦᠨᠦᠭᠲᠦ︾ ᠭᠡᠵᠦ | ᠲᠣᠪᠴᠢᠯᠠᠨ᠎ᠠ᠂ ᠳᠠᠭᠠᠯᠳᠤᠭᠤᠯᠤᠯ ᠳᠤ ᠦᠵᠡ︶ ᠶᠢ ᠤᠩᠰᠢᠭᠠᠷᠠᠶ᠃ | ᠡᠯᠰᠡᠬᠦ ᠲᠥᠯᠥᠪᠯᠡᠭᠡ᠂ ᠠᠵᠢᠯ ᠤᠨ ᠪᠠᠶᠢᠷᠢ᠂ ᠨᠡᠷ᠎ᠡ ᠮᠡᠳᠡᠭᠦᠯᠬᠦ᠂ ᠰᠢᠯᠭᠠᠯᠲᠠ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠴᠡᠷᠢᠭ ᠤᠨ ᠠᠯᠪᠠᠨ ᠠᠴᠠ | ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠳᠠᠭᠢᠵᠤ ᠠᠰᠲᠠᠭᠠᠨ ᠤᠲᠠᠰᠤ ᠪᠠᠷ ᠮᠡᠳᠡᠭᠳᠡᠬᠦ ᠥᠬᠡᠶ᠂ ᠨᠡᠷ᠎ᠡ ᠮᠡᠳᠡᠭᠦᠯᠦᠭᠰᠡᠳ ᠥᠪᠡᠰᠦᠪᠡᠨ ᠠᠩᠬᠠᠷᠴᠤ᠂ | ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠠᠯᠪᠠᠨ ᠵᠠᠷ ᠢ ᠪᠠᠶᠢᠴᠠᠭᠠᠨ ᠦᠵᠡᠬᠦ ᠬᠡᠷᠡᠭᠲᠡᠶ᠃ | ᠬᠤᠶᠠᠷ᠂ ᠨᠡᠷ᠎ᠡ ᠮᠡᠳᠡᠭᠦᠯᠬᠦ ᠨᠥᠬᠦᠴᠡᠯ | ︵ᠨᠢᠭᠡ︶ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯᠲᠠᠨ ᠳᠣᠤᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | 1. ᠪᠡᠶ᠎ᠡ ᠶᠢᠨ ᠭᠠᠷᠤᠯ ᠤᠨ ᠨᠥᠬᠦᠴᠡᠯ᠄ ᠲᠥᠪᠬᠢᠨᠡᠭᠦᠯᠬᠦ ᠭᠠᠵᠠᠷ ᠨᠢ ᠵᠠᠯᠠᠨ ᠠᠶᠢᠯ ᠬᠤᠲᠠ᠂ ᠵᠠᠯᠠᠨ ᠠᠶᠢᠯ ᠬᠤᠲᠠ ᠶᠢᠨ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢᠳ ᠢ ᠲᠥᠪᠬᠢᠨᠡᠭᠦᠯᠬᠦ ᠰᠠᠯᠠᠭ᠎ᠠ ᠮᠥᠴᠢᠷ ᠲᠤ ᠲᠥᠪᠬᠢᠨᠡᠭᠦᠯᠬᠦ ᠲᠠᠨᠢᠯᠴᠠᠭᠤᠯᠭ᠎ᠠ ᠶᠢᠨ ᠪᠢᠴᠢᠭ ︵ᠲᠥᠪᠬᠢᠨᠡᠭᠦᠯᠬᠦ ᠲᠠᠨᠢᠯᠴᠠᠭᠤᠯᠭ᠎ᠠ ᠶᠢᠨ ᠪᠢᠴᠢᠭ ᠢᠶᠠᠨ | ᠭᠡᠭᠡᠭᠰᠡᠨ ᠪᠠᠶᠢᠪᠠᠯ᠂ ᠵᠠᠯᠠᠨ ᠠᠶᠢᠯ ᠬᠤᠲᠠ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠠᠷ ᠬᠢᠨᠠᠨ ᠬᠠᠷᠭᠤᠭᠤᠯᠵᠤ | ᠨᠤᠲᠠᠯᠠᠭᠤᠯᠬᠤ ᠬᠡᠷᠡᠭᠲᠡᠶ︶ ᠭᠠᠷᠭᠠᠵᠤ᠂ ᠲᠣᠰ ᠬᠥᠮᠦᠨ ᠨᠢ ᠠᠵᠢᠯ ᠤᠯᠬᠤ ᠬᠦᠰᠡᠯ ᠲᠠᠢ᠂ ᠵᠠᠬ᠎ᠠ ᠳᠡᠯᠭᠡᠭᠦᠷ ᠢᠶᠠᠷ ᠳᠡᠮᠵᠢᠨ ᠠᠵᠢᠯ ᠤᠯᠬᠤ ᠳᠤ ᠬᠦᠴᠢᠷᠲᠡᠶ | ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ︔ | 2 .ᠨᠠᠰᠤᠨ ᠤ ᠨᠥᠬᠦᠴᠡᠯ᠄ 1964 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ ᠲᠥᠷᠥᠭᠰᠡᠨ ︵1964 ᠣᠨ ᠤ 1 ᠰᠠᠷ᠎ᠠ ᠶᠢᠨ 1 | ᠤ ᠡᠳᠦᠷ ᠲᠥᠷᠥᠭᠰᠡᠨ ᠪᠠᠭᠲᠠᠨ᠎ᠠ︶ ᠮᠥᠷᠲᠡᠭᠡᠨ ᠲᠣᠭᠲᠠᠭᠠᠯ ᠶᠣᠰᠣᠭᠠᠷ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠠᠴᠠ ᠪᠠᠨ ᠪᠠᠭᠤᠵᠤ | ᠠᠮᠠᠷᠠᠭᠰᠠᠨ ᠬᠠᠷᠠᠭᠠᠯᠵᠠᠯ ᠭᠥᠷᠳᠡᠭᠰᠡᠨ ᠥᠬᠡᠶ ᠬᠥᠮᠦᠰ︔ ᠤᠷᠢᠨ ᠬᠡᠷᠡᠭᠯᠡᠬᠦ ᠲᠥᠯᠥᠪᠯᠡᠭᠡ ᠪᠠ ᠤᠷᠢᠨ ᠬᠡᠷᠡᠭᠯᠡᠬᠦ ᠠᠵᠢᠯ ᠤᠨ ᠪᠠᠶᠢᠷᠢ ᠳᠠᠬᠢ ᠡᠯ᠎ᠡ ᠲᠥᠷᠥᠯ ᠤᠨ | ᠲᠥᠷᠥᠭᠰᠡᠨ ᠡᠳᠦᠷ ᠬᠤᠭᠤᠴᠠᠭ᠎ᠠ ᠶᠢ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠲᠡᠮᠳᠡᠭᠯᠡᠯ ᠢᠶᠠᠷ ᠪᠠᠷᠢᠮᠵᠢᠶ᠎ᠠ ᠪᠣᠯᠭᠠᠬᠤ ᠪᠠᠷ | ᠬᠢᠵᠠᠭᠠᠷᠯᠠᠨ ᠲᠣᠭᠲᠠᠭᠠᠨ᠎ᠠ᠃ | 3.ᠤᠯᠤᠰ ᠲᠦᠷᠦ ᠶᠢᠨ ᠨᠥᠬᠦᠴᠡᠯ᠄ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠰᠠᠶᠢᠨ ᠰᠠᠶᠢᠬᠠᠨ ᠤᠯᠤᠰ ᠲᠦᠷᠦ ᠶᠢᠨ | ᠬᠡᠪ ᠴᠢᠨᠠᠷ ᠪᠠ ᠶᠣᠰᠣ ᠮᠣᠷᠠᠯ ᠵᠠᠩ ᠴᠢᠨᠠᠷ ᠲᠠᠢ ᠪᠠᠶᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯ ᠢ ᠰᠠᠶᠢᠨ ᠳᠤᠷ᠎ᠠ ᠠᠴᠠ ᠪᠠᠨ | ᠬᠢᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠪᠠ ᠦᠨᠡᠨᠴᠢ ᠰᠢᠳᠤᠷᠭᠤ ᠪᠠᠷ ᠬᠠᠷᠠᠮ ᠦᠭᠡᠢ ᠵᠢᠳᠬᠦᠬᠦ ᠨᠡᠯᠢᠶᠡᠳ ᠴᠢᠩᠭ᠎ᠠ ᠵᠣᠷᠢᠭ ᠰᠠᠨᠠᠭ᠎ᠠ ᠲᠠᠢ ᠪᠠᠶᠢᠵᠤ᠂ | ᠵᠣᠬᠢᠶᠠᠨ ᠪᠠᠶᠢᠭᠤᠯᠤᠯᠲᠠ ᠶᠢᠨ ᠬᠤᠪᠢᠶᠠᠷᠢᠯᠠᠯᠲᠠ ᠶᠢ ᠲᠠᠭᠠᠬᠤ︔ | 4.ᠪᠡᠶ᠎ᠡ ᠮᠠᠬᠠᠪᠣᠳ ᠤᠨ ᠨᠥᠬᠦᠴᠡᠯ᠄ ᠡᠭᠦᠷᠭᠡ ᠬᠠᠷᠢᠭᠤᠴᠠᠯᠭ᠎ᠠ ᠪᠠᠨ ᠬᠡᠪ ᠤᠨ ᠪᠠᠶᠢᠳᠠᠯ ᠢᠶᠠᠷ ᠭᠦᠢᠴᠡᠳᠬᠡᠬᠦ ᠪᠡᠶ᠎ᠡ ᠮᠠᠬᠠᠪᠣᠳ ᠤᠨ ᠨᠥᠬᠦᠴᠡᠯ ᠲᠠᠢ ᠪᠠᠶᠢᠬᠤ᠃ | ︵ᠬᠤᠶᠠᠷ︶ ᠳᠣᠤᠷᠠᠬᠢ ᠬᠥᠮᠦᠰ ᠤᠷᠢᠭᠳᠠᠵᠤ ᠪᠣᠯᠬᠤ ᠥᠬᠡᠶ᠄ | 1. ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠲᠤᠰᠬᠠᠶ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠡᠯᠰᠡᠬᠦ | ᠳᠤᠮᠳᠠ ᠠᠴᠠ ᠠᠵᠢᠯ ᠤᠨ ᠪᠠᠶᠢᠷᠢ ᠰᠣᠩᠭᠤᠭᠰᠠᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠤᠭᠰᠠᠨ ᠥᠬᠡᠶ ᠪᠠ ᠠᠵᠢᠯ ᠤᠨ ᠪᠠᠶᠢᠷᠢ ᠰᠣᠩᠭᠤᠭᠰᠠᠨ ᠤ ᠳᠠᠷᠠᠭ᠎ᠠ | ᠲᠤᠰᠢᠶᠠᠯ ᠠᠴᠠ ᠪᠠᠨ ᠪᠠᠭᠤᠭᠰᠠᠨ᠂ ᠠᠵᠢᠯ ᠠᠴᠠ ᠪᠠᠨ ᠵᠤᠭᠰᠤᠭᠭᠠᠭᠰᠠᠳ︔ | 2.ᠶᠠᠯ᠎ᠠ ᠬᠢᠭᠰᠡᠨ ᠠᠴᠠ ᠪᠣᠯᠵᠤ ᠡᠷᠡᠭᠦᠦ ᠰᠢᠳᠬᠡᠯ ᠣᠯᠵᠤ ᠥᠩᠭᠡᠷᠡᠭᠰᠡᠨ ᠬᠥᠮᠦᠨ ᠪᠤᠶᠤ ᠶᠠᠯ᠎ᠠ ᠬᠢᠭᠰᠡᠨ ᠰᠡᠵᠢᠭᠯᠡᠯᠲᠡᠢ ᠪᠠᠶᠢᠵᠤ᠂ ᠬᠢᠨᠠᠨ ᠪᠠᠶᠢᠴᠠᠭᠠᠯᠲᠠ | ᠬᠦᠯᠢᠶᠡᠵᠦ ᠪᠠᠶᠢᠭ᠎ᠠ᠂ ᠬᠤᠣᠷ ᠲᠠᠲᠠᠵᠤ ᠥᠩᠭᠡᠷᠡᠭᠰᠡᠨ ᠢ ᠨᠢ ᠬᠠᠷᠠᠬᠠᠨ ᠪᠠᠶᠢᠴᠠᠭᠠᠨ ᠲᠣᠳᠣᠯᠠᠭᠠᠳᠤᠢ ᠪᠠᠶᠢᠬᠤ ᠂ ᠬᠤᠣᠷᠠᠲᠤ ᠡᠳ᠋ ᠲᠠᠲᠠᠵᠤ ᠥᠩᠭᠡᠷᠡᠭᠰᠡᠨ ᠬᠥᠮᠦᠨ | ︔ | 3. ᠳᠤᠮᠳᠠᠳᠤ ᠤᠯᠤᠰ ᠤᠨ ᠡᠪ ᠬᠠᠮᠲᠤ ᠨᠠᠮ ᠠᠴᠠ ᠬᠥᠭᠡᠭᠡᠭᠳᠡᠭᠰᠡᠨ ᠬᠥᠮᠦᠰ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ ᠬᠥᠮᠦᠰ᠂ ᠬᠠᠤᠯᠢ ᠶᠣᠰᠣᠭᠠᠷ | ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠢᠶᠠᠷ ᠵᠢᠭᠰᠠᠭᠠᠭᠳᠠᠭᠰᠠᠨ ᠬᠥᠮᠦᠰ︔ | 4 .ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠡᠷᠡᠭ ᠪᠣᠯᠭᠠᠨ ᠳᠠᠩᠰᠠᠯᠠᠭᠤᠯᠵᠤ ᠲᠤᠷᠰᠢᠨ ᠪᠠᠶᠢᠴᠠᠭᠠᠵᠤ | ᠪᠠᠶᠢᠭ᠎ᠠ ᠬᠥᠮᠦᠰ︔ | 5. ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠰᠢᠯᠭᠠᠯᠲᠠ ᠳᠤ ᠬᠡᠮ ᠦᠢᠯᠡᠳᠦᠭᠰᠡᠨ ᠵᠡᠷᠭᠡ ᠤᠷᠢᠨ ᠬᠡᠷᠡᠭᠯᠡᠬᠦ ᠰᠠᠬᠢᠯᠭ᠎ᠠ ᠪᠠᠲᠤ ᠶᠢ ᠬᠦᠨᠳᠦ ᠨᠣᠴᠢᠲᠠᠢ | ᠵᠥᠷᠢᠴᠡᠭᠰᠡᠨ ᠦᠢᠯᠡ ᠠᠵᠢᠯᠯᠠᠭ᠎ᠠ ᠲᠠᠢ ᠭᠡᠵᠦ ᠨᠤᠲᠠᠯᠠᠭᠳᠠᠭᠰᠠᠨ ᠬᠥᠮᠦᠰ︔ | 6.ᠬᠠᠤᠯᠢ ᠴᠠᠭᠠᠵᠠ ᠬᠠᠤᠯᠢ ᠲᠣᠭᠲᠠᠭᠠᠯ ᠳᠤ ᠤᠷᠢᠨ ᠬᠡᠷᠡᠭᠯᠡᠵᠦ ᠪᠣᠯᠬᠤ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ᠲᠠᠢ ᠬᠥᠮᠦᠰ︔ | ᠭᠤᠷᠪᠠ᠂ ᠨᠡᠷ᠎ᠡ ᠮᠡᠳᠡᠭᠦᠯᠬᠦ ᠪᠠ ᠬᠢᠷᠢ ᠬᠡᠮ ᠢ ᠬᠢᠨᠠᠨ ᠬᠠᠷᠭᠤᠭᠤᠯᠬᠤ | ᠨᠡᠷ᠎ᠡ ᠮᠡᠳᠡᠭᠦᠯᠬᠦ ᠳᠤ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠠᠷᠭ᠎ᠠ ᠶᠢ ᠬᠡᠷᠡᠭᠯᠡᠨ᠎ᠡ᠃ | ᠨᠡᠷ᠎ᠡ ᠮᠡᠳᠡᠭᠦᠯᠬᠦ ᠴᠠᠭ᠄ 2023 ᠣᠨ ᠤ 11 ᠰᠠᠷ᠎ᠠ ᠶᠢᠨ 6 ᠤ ᠡᠳᠦᠷ — 10 ᠤ ᠡᠳᠦᠷ | ᠦᠳᠡ ᠶᠢᠨ ᠡᠮᠦᠨ᠎ᠡ 9᠄ 00 — 12᠄ 00 ᠦᠳᠡ ᠶᠢᠨ ᠬᠤᠶᠢᠨ᠎ᠠ 14᠄ 00 — 17᠄ 00 | ᠨᠡᠷ᠎ᠡ ᠮᠡᠳᠡᠭᠦᠯᠬᠦ ᠭᠠᠵᠠᠷ᠄ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ | ᠦᠢᠯᠡᠴᠢᠯᠡᠭᠡᠨ ᠤ ᠲᠢᠩᠬᠢᠮ ︵ᠲᠦᠭᠡᠭᠡᠯ ᠤᠰᠤᠨ ᠤ ᠺᠣᠮᠫᠠᠨᠢ ᠶᠢᠨ ᠡᠵᠡᠩᠨᠡᠯᠲᠡ ᠶᠢᠨ ᠡᠮᠦᠨ᠎ᠡ ᠲᠠᠯ᠎ᠡ︶ | ᠨᠡᠷ᠎ᠡ ᠮᠡᠳᠡᠭᠦᠯᠬᠦ ᠯᠠᠪᠯᠠᠯᠲᠠ ᠶᠢᠨ ᠤᠲᠠᠰᠤ᠄ | ᠵᠠᠯᠠᠨ ᠠᠶᠢᠯ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠲᠥᠪᠬᠢᠨᠡᠭᠦᠯᠬᠦ ᠠᠯᠪᠠᠨ ᠬᠡᠷ᠄ 0470 — | 3205429 | ᠵᠠᠯᠠᠨ ᠠᠶᠢᠯ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨᠦᠢᠯᠡᠴᠢᠯᠡᠭᠡᠨ ᠤ ᠲᠢᠩᠬᠢᠮ᠄ 0470 — 3206600 | ᠨᠡᠷ᠎ᠡ ᠮᠡᠳᠡᠭᠦᠯᠬᠦ ᠱᠠᠭᠠᠷᠳᠠᠯᠭ᠎ᠠ᠄ | 1. ᠰᠢᠯᠭᠠᠯᠲᠠ ᠳᠤ ᠨᠡᠷ᠎ᠡ ᠮᠡᠳᠡᠭᠦᠯᠦᠭᠰᠡᠳ ᠡᠷᠬᠡᠪᠰᠢ ᠲᠤᠰ ᠬᠥᠮᠦᠨ ᠤ ᠲᠠᠭᠯᠠᠭᠰᠠᠨ ︽ᠨᠡᠷ᠎ᠡ ᠮᠡᠳᠡᠭᠦᠯᠬᠦ ᠬᠦᠰᠦᠨᠦᠭᠲᠦ︾ ᠶᠢᠨ ᠨᠢᠭᠡ ᠬᠡᠯᠪᠡᠷᠢ ᠶᠢᠨ ᠬᠤᠶᠠᠷ | ᠬᠤᠪᠢ ︵ᠦᠯᠢᠭᠡᠷ ᠬᠦᠰᠦᠨᠦᠭᠲᠦ ᠶᠢ ᠳᠠᠭᠠᠯᠳᠤᠭᠤᠯᠤᠯ ᠳᠤ ᠦᠵᠡ᠂ ᠨᠡᠷ᠎ᠡ ᠮᠡᠳᠡᠭᠦᠯᠦᠭᠰᠡᠳ ᠥᠪᠡᠷ ᠢᠶᠠᠨ ᠪᠠᠭᠤᠯᠭᠠᠨ ᠠᠪᠴᠤ ᠳᠠᠷᠤᠮᠠᠯᠯᠠᠨ᠎ᠠ︶᠂ ᠬᠤᠶᠠᠳᠤᠭᠠᠷ | ᠦᠶ᠎ᠡ ᠶᠢᠨ ᠪᠡᠶ᠎ᠡ ᠶᠢᠨ ᠦᠨᠡᠮᠯᠡᠯ ᠤᠨ ᠤᠤᠯ ᠮᠠᠲ᠋ᠧᠷᠢᠶᠠᠯ ᠵᠢᠴᠢ ᠬᠠᠭᠤᠯᠪᠤᠷᠢ ︵ᠬᠦᠴᠦᠨ ᠲᠠᠢ ᠬᠤᠭᠤᠴᠠᠭᠠᠨ ᠳᠤ ᠲᠦᠷ ᠴᠠᠭ ᠤᠨ ᠪᠡᠶ᠎ᠡ ᠶᠢᠨ ᠦᠨᠡᠮᠯᠡᠯ ᠪᠤᠶᠤ | ᠫᠠᠰᠫᠣᠷᠲ︶᠂ 4 ᠬᠤᠪᠢ ᠬᠥᠬᠡ ᠳᠡᠪᠢᠰᠬᠡᠷᠲᠦ ᠮᠠᠯᠠᠭᠠᠶ ᠦᠭᠡᠶ ᠥᠩᠭᠡᠲᠦ ᠭᠡᠷᠡᠯ ᠵᠢᠷᠤᠭ ᠪᠣᠯᠤᠨ 4 ᠬᠤᠪᠢ ᠲᠥᠪᠬᠢᠨᠡᠭᠦᠯᠬᠦ ᠲᠠᠨᠢᠯᠴᠠᠭᠤᠯᠭ᠎ᠠ ᠶᠢᠨ ᠪᠢᠴᠢᠭ ᠪᠤᠶᠤ | ᠲᠥᠪᠬᠢᠨᠡᠭᠦᠯᠬᠦ ᠬᠢᠨᠠᠨ ᠵᠥᠪᠰᠢᠶᠡᠷᠡᠯ ᠤᠨ ᠬᠦᠰᠦᠨᠦᠭᠲᠦ ᠶᠢᠨ ᠬᠠᠭᠤᠯᠪᠤᠷᠢ ︵ᠳᠠᠩᠰᠠ ᠡᠪᠬᠡᠮᠡᠯ ᠳᠤ ᠣᠷᠣᠭᠤᠯᠤᠭᠰᠠᠨ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠨ᠎ᠠ︶ | ᠶᠢ ᠠᠪᠴᠤ ᠶᠠᠪᠤᠬᠤ ᠬᠡᠷᠡᠭᠲᠡᠶ᠃ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠵᠤ ᠨᠤᠲᠠᠯᠠᠬᠤ ᠬᠡᠷᠡᠭᠲᠡᠶ᠃ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠭᠤᠶᠤᠴᠢᠯᠠᠯ | ᠭᠠᠷᠭᠠᠭᠰᠠᠨ ᠪᠥᠭᠡᠳ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠳᠠᠩᠰᠠᠯᠠᠭᠤᠯᠵᠤ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ | ᠨᠡᠷ᠎ᠡ ᠮᠡᠳᠡᠭᠦᠯᠦᠭᠰᠡᠳ ᠵᠢᠴᠢ 2022 ᠣᠨ ᠤ ᠵᠠᠯᠠᠨ ᠠᠶᠢᠯ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠲᠤᠰᠬᠠᠶ ᠨᠡᠶᠢᠲᠡ ᠶᠢᠨ ᠠᠰᠠᠷᠠᠮᠵᠢ ᠶᠢᠨ ᠠᠵᠢᠯ ᠤᠨ | ᠪᠠᠶᠢᠷᠢ ᠶᠢᠨ ᠡᠯᠰᠡᠯᠲᠡ ᠳᠤ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠣᠯᠬᠤᠷ ᠰᠢᠯᠭᠠᠯᠲᠠ ᠳᠤ ᠣᠷᠣᠯᠴᠠᠬᠤ ᠶᠢ ᠵᠥᠪᠰᠢᠶᠡᠷᠡᠭᠰᠡᠨ ᠬᠥᠮᠦᠰ ᠲᠤ | ᠲᠥᠪᠬᠢᠨᠡᠭᠦᠯᠬᠦ ᠲᠠᠨᠢᠯᠴᠠᠭᠤᠯᠭ᠎ᠠ ᠶᠢᠨ ᠪᠢᠴᠢᠭ ᠠᠪᠴᠤ ᠶᠠᠪᠤᠬᠤ ᠴᠢᠬᠤᠯᠠ ᠥᠬᠡᠶ᠃ | 2.ᠪᠤᠰᠤᠳ ᠬᠥᠮᠦᠨ ᠳᠤ ᠨᠠᠶᠢᠳᠠᠵᠤ ᠨᠡᠷ᠎ᠡ ᠮᠡᠳᠡᠭᠦᠯᠪᠡᠯ᠂ ᠨᠠᠶᠢᠳᠠᠭᠳᠠᠭᠴᠢ ᠡᠷᠬᠡᠪᠰᠢ ᠨᠠᠶᠢᠳᠠᠯᠭ᠎ᠠ ᠶᠢᠨ ᠪᠢᠴᠢᠭ ᠵᠢᠴᠢ ᠨᠡᠷ᠎ᠡ ᠮᠡᠳᠡᠭᠦᠯᠦᠭᠰᠡᠨ ᠲᠤᠰ ᠬᠥᠮᠦᠨ ᠤ | ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠣᠯᠤᠨ ᠨᠠᠶᠢᠳᠠᠭᠳᠠᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠬᠠᠭᠤᠯᠪᠤᠷᠢ ᠶᠢ ᠠᠪᠴᠤ ᠶᠠᠪᠤᠬᠤ ᠬᠡᠷᠡᠭᠲᠡᠢ᠂ | ᠲᠠᠭᠯᠠᠭᠰᠠᠨ ᠨᠡᠷ᠎ᠡ ᠮᠡᠳᠡᠭᠦᠯᠬᠦ ᠬᠦᠰᠦᠨᠦᠭᠲᠦ ᠶᠢ ᠨᠡᠷ᠎ᠡ ᠮᠡᠳᠡᠭᠦᠯᠦᠭᠴᠢ ᠶᠢᠨ ᠲᠤᠰ ᠬᠥᠮᠦᠨ ᠲᠠᠢ ᠠᠳᠠᠯᠢ ᠪᠠᠷ ᠦᠵᠡᠵᠦ ᠲᠠᠭᠯᠠᠨ᠎ᠠ᠂ ᠬᠡᠷᠪᠡ ᠲᠠᠭᠯᠠᠭᠰᠠᠨ ᠨᠢ | ᠪᠤᠷᠤᠭᠤ ᠲᠠᠢ ᠪᠣᠯ ᠨᠡᠷ᠎ᠡ ᠮᠡᠳᠡᠭᠦᠯᠦᠭᠴᠢ ᠲᠤᠰ ᠬᠥᠮᠦᠨ ᠨᠢ ᠬᠠᠷᠢᠭᠤᠴᠠᠨ᠎ᠠ︔ | 3. ᠲᠤᠰᠢᠶᠠᠭᠰᠠᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠂ ᠣᠨᠣᠪᠴᠢ ᠦᠭᠡᠢ ᠪᠠ ᠪᠦᠷᠢᠨ ᠭᠦᠢᠴᠡᠳ ᠦᠭᠡᠢ ᠠᠴᠠ ᠪᠤᠯᠵᠤ ᠨᠡᠷ᠎ᠡ ᠮᠡᠳᠡᠭᠦᠯᠬᠦ᠂ ᠬᠢᠷᠢ | ᠬᠡᠮ ᠢ ᠬᠢᠨᠠᠨ ᠬᠠᠷᠭᠤᠭᠤᠯᠬᠤ᠂ ᠰᠢᠯᠭᠠᠬᠤ ᠪᠤᠶᠤ ᠤᠷᠢᠵᠤ ᠬᠡᠷᠡᠭᠯᠡᠬᠦ ᠬᠢᠷᠢ ᠬᠡᠮ ᠢ ᠨᠥᠯᠥᠭᠡᠯᠡᠭᠰᠡᠨ ᠪᠠᠶᠢᠪᠠᠯ ᠬᠠᠷᠢᠭᠤᠴᠠᠯᠭ᠎ᠠ ᠶᠢ ᠥᠪᠡᠷ ᠢᠶᠠᠨ ᠬᠠᠷᠢᠭᠤᠴᠠᠨ᠎ᠠ᠃ | 4. ᠨᠡᠷ᠎ᠡ ᠮᠡᠳᠡᠭᠦᠯᠦᠭᠰᠡᠳ ᠣᠶᠢᠷ᠎ᠠ ᠶᠢᠨ ᠬᠤᠭᠤᠴᠠᠭᠠᠨ ᠳᠤ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢ ᠰᠠᠶᠢᠲᠤᠷ | ᠬᠢᠬᠦ ᠶᠢ ᠠᠩᠬᠠᠷᠴᠤ᠂ ᠲᠣᠭᠲᠠᠭᠰᠠᠨ ᠳᠡᠰ ᠳᠠᠷᠠᠭᠠᠯᠠᠯ ᠢᠶᠠᠷ ᠦᠢᠯᠡᠴᠢᠯᠡᠭᠡᠨ ᠤ ᠲᠢᠩᠬᠡᠮ ᠳᠤ ᠤᠷᠤᠵᠤ ᠨᠡᠷ᠎ᠡ ᠮᠡᠳᠡᠭᠦᠯᠦᠨ᠎ᠡ᠃ | ᠳᠥᠷᠪᠡ᠂ ᠰᠢᠯᠭᠠᠯᠲᠠ | 1. ᠰᠢᠯᠭᠠᠯᠲᠠ ᠶᠢᠨ ᠴᠠᠭ᠂ ᠭᠠᠵᠠᠷ ᠣᠷᠣᠨ ᠵᠢᠴᠢ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠣᠯᠭᠤᠬᠤ ᠵᠡᠷᠭᠡ ᠬᠠᠮᠢᠶ᠎ᠠ ᠪᠥᠬᠦᠶ ᠤᠴᠢᠷ ᠶᠠᠪᠤᠳᠠᠯ ᠢ ᠨᠡᠷ᠎ᠡ | ᠮᠡᠳᠡᠭᠦᠯᠦᠭᠰᠡᠳ ᠵᠠᠯᠠᠨ ᠠᠶᠢᠯ ᠤᠨ ᠵᠠᠰᠠᠭ ᠤᠨ ᠣᠷᠳᠣᠨ ᠤ ᠰᠦᠯᠵᠢᠶ᠎ᠡ ︵https://www.zhalantun.gov.cn/︶ ᠶᠢᠨ ᠲᠠᠷᠠᠭᠠᠴᠢ ᠶᠢᠨ ᠠᠯᠪᠠᠨ | ᠵᠠᠷ ᠢ ᠠᠩᠬᠠᠷᠤᠨ ᠪᠠᠶᠢᠴᠠᠭᠠᠵᠤ ᠦᠵᠡᠭᠡᠷᠡᠶ᠂ ᠠᠯᠪᠠᠨ ᠵᠠᠷ ᠤᠨ ᠱᠠᠭᠠᠷᠳᠠᠯᠭ᠎ᠠ ᠶᠣᠰᠣᠭᠠᠷ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠠᠪᠤᠭᠰᠠᠨ ᠥᠬᠡᠶ᠂ | ᠰᠢᠯᠭᠠᠯᠲᠠ ᠳᠤ ᠣᠷᠣᠯᠴᠠᠵᠤ ᠳᠡᠶᠢᠯᠬᠦ ᠥᠬᠡᠶ ᠪᠣᠯ ᠦᠷ᠎ᠡ ᠳ᠋ᠦᠩ ᠢ ᠨᠢ ᠥᠪᠡᠷ ᠢᠶᠠᠨ ᠬᠠᠷᠢᠭᠤᠴᠠᠨ᠎ᠠ︔ | 2. ᠲᠣᠰ ᠤᠳᠠᠭᠠᠨ ᠤ ᠠᠵᠢᠯᠲᠠᠨ ᠡᠯᠰᠡᠬᠦ ᠰᠢᠯᠭᠠᠯᠲᠠ ᠶᠢ ᠪᠢᠷ ᠤᠨ ᠰᠢᠯᠭᠠᠯᠲᠠ ᠶᠢᠨ ᠬᠡᠯᠪᠡᠷᠢ ᠪᠠᠷ ᠶᠠᠪᠤᠭᠳᠠᠭᠤᠯᠤᠨ᠎ᠠ᠂ ᠰᠢᠯᠭᠠᠯᠲᠠ ᠳᠤ ᠰᠢᠯᠭᠠᠯᠲᠠ ᠡᠬᠢᠯᠡᠬᠦ | ᠬᠠᠷᠢᠴᠠᠯ ᠢ ᠲᠣᠭᠲᠠᠭᠠᠬᠤ ᠥᠬᠡᠶ︔ | 3. ᠤᠷᠢᠭᠳᠠᠭᠴᠢ ᠰᠢᠯᠭᠠᠯᠲᠠ ᠳᠤ ᠣᠷᠣᠯᠴᠠᠬᠤ ᠳᠠᠭᠠᠨ ᠡᠷᠬᠡᠪᠰᠢ ᠲᠤᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ︵ᠬᠦᠴᠦᠨ ᠲᠠᠢ | ᠬᠤᠭᠤᠴᠠᠭᠠᠨ ᠳᠠᠬᠢ ᠲᠦᠷ ᠴᠠᠭ ᠤᠨ ᠪᠡᠶ᠎ᠡ ᠶᠢᠨ ᠦᠨᠡᠮᠯᠡᠯ ᠪᠤᠶᠤ ᠫᠠᠰᠫᠣᠷᠲ︶ ᠪᠣᠯᠤᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢᠶᠠᠨ ᠠᠪᠴᠤ ᠶᠠᠪᠤᠬᠤ ᠬᠡᠷᠡᠭᠲᠡᠶ | ᠂ ᠡᠰᠡ ᠲᠡᠭᠡᠪᠡᠯ ᠰᠢᠯᠭᠠᠯᠲᠠ ᠳᠤ ᠣᠷᠣᠯᠴᠠᠵᠤ ᠪᠣᠯᠬᠤ ᠦᠭᠡᠶ︔ | 4. ᠰᠢᠯᠭᠠᠯᠲᠠ ᠶᠢᠨ ᠬᠢᠴᠢᠶᠡᠯ ᠲᠥᠷᠥᠯ ᠪᠣᠯ ᠶᠡᠷᠦᠩᠬᠡᠶ ᠬᠡᠪ ᠴᠢᠨᠠᠷ ᠤᠨ ᠰᠢᠯᠭᠠᠯᠲᠠ ᠪᠣᠯᠤᠨ᠎ᠠ᠃ ᠠᠭᠤᠯᠭ᠎ᠠ ᠳᠤᠨᠢ ᠣᠯᠠᠨ ᠨᠡᠶᠢᠲᠡ ᠶᠢᠨ ᠰᠠᠭᠤᠷᠢ ᠮᠡᠳᠡᠯᠭᠡ | ᠪᠠ ᠦᠨᠳᠦᠰᠦᠨ ᠬᠡᠪ ᠴᠢᠨᠠᠷ ᠤᠨ ᠰᠢᠯᠭᠠᠯᠲᠠ ︵ᠳᠠᠪᠲᠠᠬᠤ ᠮᠠᠲ᠋ᠧᠷᠢᠶᠠᠯ ᠪᠠ ᠳᠠᠪᠲᠠᠬᠤ ᠬᠥᠲᠥᠯᠪᠦᠷᠢ ᠶᠢ ᠵᠢᠭᠠᠨ ᠲᠣᠭᠲᠠᠭᠠᠬᠤ ᠥᠬᠡᠶ︶ ᠪᠠᠭᠲᠠᠨ᠎ᠠ᠂ ᠪᠦᠷᠢᠨ | ᠬᠤᠪᠢ 100 ᠬᠤᠪᠢ᠂ ᠰᠢᠯᠭᠠᠯᠲᠠ ᠶᠢᠨ ᠬᠢᠷᠢ ᠪᠦᠲᠦᠮᠵᠢ ᠶᠢ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡᠯᠡᠨ᠎ᠡ︔ | 5. ᠰᠢᠯᠭᠠᠯᠲᠠ ᠳᠤ ᠣᠷᠣᠯᠴᠠᠭᠰᠠᠨ ᠦᠭᠡᠶ ᠬᠥᠮᠦᠰ ᠢ ᠲᠤᠰ ᠤᠳᠠᠭᠠᠨ ᠤ ᠰᠢᠯᠭᠠᠯᠲᠠ ᠳᠤ ᠤᠷᠢᠵᠤ ᠬᠡᠷᠡᠭᠯᠡᠬᠦ ᠬᠢᠷᠢ ᠬᠡᠮ ᠢᠶᠠᠨ ᠬᠠᠶᠠᠭᠰᠠᠨ ᠢᠶᠠᠷ ᠦᠵᠡᠨ᠎ᠡ︔ | 6. ᠰᠢᠯᠭᠠᠯᠲᠠ ᠳᠠᠭᠤᠰᠤᠭᠰᠠᠨ ᠤ ᠳᠠᠷᠠᠭ᠎ᠠ᠂ ᠲᠥᠯᠥᠪᠯᠡᠭᠡ ᠶᠣᠰᠣᠭᠠᠷ ᠡᠯᠰᠡᠬᠦ ᠬᠥᠮᠦᠨ ᠤ ᠲᠤᠭ᠎ᠠ ᠶᠢ ᠰᠢᠯᠭᠠᠭᠤᠯᠤᠭᠴᠢ ᠶᠢᠨ ᠰᠢᠯᠭᠠᠯᠲᠠ ᠶᠢᠨ ᠬᠢᠷᠢ | ᠪᠦᠲᠦᠮᠵᠢ ᠶᠢᠨ ᠥᠨᠳᠥᠷ ᠬᠤᠪᠢ ᠠᠴᠠ ᠳᠣᠣᠷ᠎ᠠ ᠬᠤᠪᠢ ᠬᠦᠷᠲᠡᠯᠡᠬᠢ ᠳᠡᠰ ᠳᠠᠷᠠᠭᠠᠯᠠᠯ ᠢ ᠦᠨᠳᠦᠰᠦᠯᠡᠨ᠂ ᠪᠡᠶ᠎ᠡ ᠶᠢᠨ ᠪᠠᠶᠢᠴᠠᠭᠠᠯᠲᠠ ᠪᠠ ᠤᠯᠤᠰ ᠲᠥᠷᠥ ᠶᠢᠨ | ᠬᠢᠨᠠᠨ ᠪᠠᠶᠢᠴᠠᠭᠠᠯᠲᠠ ᠳᠤ ᠣᠷᠣᠯᠴᠠᠬᠤ ᠬᠥᠮᠦᠨ ᠢ ᠲᠡᠩᠴᠡᠭᠦᠦ ᠲᠤᠭ᠎ᠠ ᠪᠠᠷ ᠲᠣᠭᠲᠠᠭᠠᠬᠤ ᠪᠥᠭᠡᠳ ᠵᠠᠯᠠᠨ ᠠᠶᠢᠯ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ | ᠨᠡᠶᠢᠲᠡᠯᠡᠨ᠎ᠡ᠃ ᠤᠷᠢᠨ ᠬᠡᠷᠡᠭᠯᠡᠬᠦ ᠲᠥᠯᠥᠪᠯᠡᠭᠡ ᠶᠢᠨ ᠳᠣᠲᠣᠷ᠎ᠠ ᠬᠢᠷᠢ ᠪᠦᠲᠦᠮᠵᠢ ᠶᠢ ᠵᠡᠷᠭᠡᠴᠡᠭᠦᠯᠦᠭᠰᠡᠨ ᠪᠠᠶᠢᠳᠠᠯ ᠭᠠᠷᠪᠠᠯ᠂ ᠠᠰ ᠲᠤᠨᠢ ᠨᠡᠮᠡᠵᠦ ᠲᠤᠷᠰᠢᠨ | ᠲᠣᠭᠲᠠᠭᠠᠨ᠎ᠠ᠃ ᠵᠢᠱᠢᠭᠳᠡᠭᠴᠢ ᠶᠢ ᠲᠣᠭᠲᠠᠭᠠᠬᠤ ᠳᠤ ᠰᠢᠯᠭᠠᠯᠲᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢ ᠦᠨᠳᠦᠰᠦᠯᠡᠨ ᠤᠷᠢᠵᠤ ᠬᠡᠷᠡᠭᠯᠡᠬᠦ | ᠠᠵᠢᠯ ᠤᠨ ᠪᠠᠶᠢᠷᠢ ᠶᠢ ᠰᠤᠩᠭᠤᠨ ᠠᠪᠦᠨᠠ᠃ | ᠲᠠᠪᠤ᠂ ᠪᠡᠶ᠎ᠡ ᠶᠢᠨ ᠪᠠᠶᠢᠴᠠᠭᠠᠯᠲᠠ ᠬᠢᠭᠡᠳ ᠤᠯᠤᠰ ᠲᠥᠷᠥ ᠶᠢᠨ ᠬᠢᠨᠠᠨ ᠪᠠᠶᠢᠴᠠᠭᠠᠯᠲᠠ ︵ᠬᠢᠷᠢ ᠬᠡᠮ ᠤᠨ ᠳᠠᠬᠢᠨ ᠬᠢᠨᠠᠯᠲᠠ︶ | 1. ᠪᠡᠶ᠎ᠡ ᠶᠢᠨ ᠪᠠᠶᠢᠴᠠᠭᠠᠯᠲᠠ ᠶᠢ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠬᠢᠨ᠎ᠠ᠃ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠢ ᠠᠯᠪᠠᠲᠠᠨ ᠢ ᠡᠯᠰᠡᠨ | ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠶᠠᠪᠤᠭᠳᠠᠭᠤᠯᠤᠨ᠎ᠠ᠂ ᠪᠡᠶ᠎ᠡ ᠶᠢᠨ ᠪᠠᠶᠢᠴᠠᠭᠠᠯᠲᠠ ᠶᠢᠨ | ᠡᠮᠨᠡᠯᠭᠡ ᠶᠢᠨ ᠬᠤᠷᠢᠶ᠎ᠠ ᠪᠣᠯ ᠪᠡᠶ᠎ᠡ ᠶᠢᠨ ᠪᠠᠶᠢᠴᠠᠭᠠᠯᠲᠠ ᠶᠢᠨ ᠪᠣᠳᠠᠲᠠᠶ ᠴᠠᠭ ᠪᠠ ᠭᠠᠵᠠᠷ ᠢ ᠠᠰ ᠲᠤᠨᠢ ᠮᠡᠳᠡᠭᠳᠡᠨ᠎ᠡ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ ᠢ | ᠰᠢᠯᠭᠠᠭᠤᠯᠤᠭᠴᠢ ᠥᠪᠡᠰᠦᠪᠡᠨ ᠰᠢᠢᠳᠪᠦᠷᠢᠯᠡᠨ᠎ᠡ︔ | 2.ᠲᠣᠭᠲᠠᠭᠰᠠᠨ ᠴᠠᠭ ᠲᠠᠭᠠᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠥᠬᠡᠶ᠂ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ᠂ ᠪᠡᠶ᠎ᠡ ᠶᠢᠨ | ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠪᠤᠶᠤ ᠦᠨᠡᠨ ᠪᠠᠶᠢᠳᠠᠯ ᠢ ᠨᠢᠭᠤᠨ ᠳᠠᠯᠳᠠᠯᠠᠵᠤ᠂ ᠪᠡᠶ᠎ᠡ ᠶᠢᠨ ᠪᠠᠶᠢᠴᠠᠭᠠᠯᠲᠠ ᠶᠢᠨ | ᠦᠷ᠎ᠡ ᠳ᠋ᠦᠩ ᠢ ᠦᠨᠡᠨ ᠪᠠᠶᠢᠳᠠᠯ ᠢ ᠠᠯᠳᠠᠭᠤᠯᠵᠤ ᠰᠢᠯᠭᠠᠯᠲᠠ ᠳᠤ ᠨᠡᠷ᠎ᠡ ᠮᠡᠳᠡᠭᠦᠯᠦᠭᠰᠡᠳ ᠢ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠨ᠎ᠠ︔ | 3. ᠤᠯᠤᠰ ᠲᠥᠷᠥ ᠶᠢᠨ ᠬᠢᠨᠠᠨ ᠪᠠᠶᠢᠴᠠᠭᠠᠯᠲᠠ ᠪᠠ ᠬᠢᠷᠢ ᠬᠡᠮ ᠤᠨ ᠳᠠᠬᠢᠨ ᠬᠢᠨᠠᠯᠲᠠ ᠶᠢᠨ ᠠᠵᠢᠯ ᠢ ᠪᠡᠶ᠎ᠡ ᠶᠢᠨ ᠪᠠᠶᠢᠴᠠᠭᠠᠯᠲᠠ ᠶᠢᠨ ᠳ᠋ᠦᠩ ᠢ ᠨᠡᠶᠢᠲᠡᠯᠡᠭᠰᠡᠨ ᠤ | ᠳᠠᠷᠠᠭ᠎ᠠ ᠬᠢᠵᠦ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ ᠪᠠ ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠦᠭᠡᠶ ᠪᠣᠯ ᠤᠷᠢᠵᠤ ᠬᠡᠷᠡᠭᠯᠡᠬᠦ ᠬᠢᠷᠢ | ᠬᠡᠮ ᠢ ᠨᠢ ᠬᠠᠰᠤᠨ᠎ᠠ᠃ | ᠵᠢᠷᠭᠤᠭ᠎ᠠ᠂ ᠳᠠᠷᠠᠭᠠᠯᠠᠨ ᠨᠥᠬᠦᠪᠥᠷᠢᠯᠡᠬᠦ ᠱᠠᠭᠠᠷᠳᠠᠯᠭ᠎ᠠ | ᠪᠡᠶ᠎ᠡ ᠶᠢᠨ ᠪᠠᠶᠢᠴᠠᠭᠠᠯᠲᠠ ᠪᠤᠶᠤ ᠤᠯᠤᠰ ᠲᠥᠷᠥ ᠶᠢᠨ ᠬᠢᠨᠠᠨ ᠪᠠᠶᠢᠴᠠᠭᠠᠯᠲᠠ ︵ᠬᠢᠷᠢ ᠬᠡᠮ ᠤᠨ ᠳᠠᠬᠢᠨ ᠬᠢᠨᠠᠯᠲᠠ︶ ᠨᠢ ᠬᠢᠷᠢ ᠲᠡᠩᠴᠡᠭᠰᠡᠨ ᠥᠬᠡᠶ ᠵᠢᠴᠢ | ᠰᠢᠯᠭᠠᠭᠤᠯᠤᠭᠴᠢ ᠶᠢᠨ ᠲᠣᠰ ᠬᠥᠮᠦᠨ ᠤ ᠰᠢᠯᠲᠠᠭᠠᠨ ᠠᠴᠠ ᠪᠣᠯᠵᠣ ᠪᠡᠶ᠎ᠡ ᠶᠢᠨ ᠪᠠᠶᠢᠴᠠᠭᠠᠯᠲᠠ ᠶᠢᠨ ᠤᠯᠤᠰ ᠲᠥᠷᠥ ᠶᠢᠨ ᠬᠢᠨᠠᠨ ᠪᠠᠶᠢᠴᠠᠭᠠᠯᠲᠠ ᠶᠢ ᠲᠠᠶᠠᠭᠳᠠᠭᠰᠠᠨ | ᠵᠡᠷᠭᠡ ᠠᠴᠠ ᠪᠣᠯᠵᠣ ᠬᠤᠭᠤᠰᠣᠨ ᠣᠷᠣᠨ ᠲᠤᠭ᠎ᠠ ᠭᠠᠷᠪᠠᠯ᠂ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠲᠠᠰ ᠳᠠᠷᠠᠭᠠᠯᠠᠯ ᠢᠶᠠᠷ ᠠᠳᠠᠯᠢ | ᠲᠤᠭ᠎ᠠ ᠪᠠᠷ ᠨᠥᠬᠦᠪᠥᠷᠢᠯᠡᠨ᠎ᠡ᠃ ᠲᠤᠷᠰᠢᠨ ᠬᠡᠷᠡᠭᠯᠡᠬᠦ ᠬᠤᠭᠤᠴᠠᠭᠠᠨ ᠳᠤ ᠬᠢᠷᠢ ᠲᠡᠩᠴᠡᠭᠰᠡᠨ ᠥᠬᠡᠶ ᠪᠠᠶᠢᠪᠠᠯ ᠠᠵᠢᠯ ᠤᠨ ᠪᠠᠶᠢᠷᠢ ᠶᠢᠨ ᠬᠤᠭᠤᠰᠣᠨ ᠣᠷᠣ ᠭᠠᠷᠪᠠᠯ | ᠳᠠᠭᠢᠵᠤ ᠨᠥᠬᠦᠵᠦ ᠥᠭᠬᠦ ᠥᠬᠡᠶ᠃ ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ᠢ ᠡᠯᠰᠡᠨ ᠬᠡᠷᠡᠭᠯᠡᠬᠦ ᠮᠡᠳᠡᠭᠳᠡᠯ ᠢ ᠪᠠᠭᠤᠯᠭᠠᠬᠤ ᠠᠴᠠ ᠡᠮᠦᠨ᠎ᠡ᠂ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠭᠦᠷᠪᠡᠯ ᠤᠷᠢᠨ ᠬᠡᠷᠡᠭᠯᠡᠬᠦ ᠭᠠᠷᠳᠠᠮ ᠢ ᠭᠦᠢᠴᠡᠳᠭᠡᠵᠦ ᠥᠭᠬᠦ ᠥᠬᠡᠶ᠂ ᠡᠭᠦᠨ ᠠᠴᠠ ᠪᠣᠯᠵᠣ | ᠬᠤᠭᠤᠰᠣᠨ ᠣᠷᠣᠨ ᠲᠤᠭ᠎ᠠ ᠭᠠᠷᠪᠠᠯ ᠳᠠᠭᠢᠵᠤ ᠨᠥᠬᠦᠵᠦ ᠥᠭᠬᠦ ᠥᠬᠡᠶ᠃ | ᠲᠤᠯᠤᠭ᠎ᠠ᠂ ᠢᠯᠡ ᠨᠡᠶᠢᠲᠡᠯᠡᠬᠦ ᠪᠠ ᠡᠯᠰᠡᠨ ᠬᠡᠷᠡᠭᠯᠡᠬᠦ | ᠰᠢᠯᠭᠠᠭᠤᠯᠤᠭᠴᠢ ᠶᠢᠨ ᠬᠢᠷᠢ ᠪᠦᠲᠦᠮᠵᠢ᠂ ᠪᠡᠶ᠎ᠡ ᠶᠢᠨ ᠪᠠᠶᠢᠴᠠᠭᠠᠯᠲᠠ ᠪᠠ ᠤᠯᠤᠰ ᠲᠥᠷᠥ ᠶᠢᠨ ᠬᠢᠨᠠᠯᠲᠠ ᠶᠢᠨ ᠦᠷ᠎ᠡ ᠳ᠋ᠦᠩ ᠢ ᠦᠨᠳᠦᠰᠦᠯᠡᠨ ᠡᠯᠰᠡᠭᠳᠡᠬᠦ ᠪᠠᠷ | ᠪᠠᠶᠢᠭ᠎ᠠ ᠵᠢᠱᠢᠭᠳᠡᠭᠴᠢ ᠶᠢ ᠲᠣᠭᠲᠠᠭᠠᠵᠤ᠂ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ | ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠠᠰᠠᠭᠤᠳᠠᠯ ᠥᠬᠡᠶ ᠪᠤᠶᠤ ᠲᠤᠰᠬᠠᠭᠰᠠᠨ | ᠠᠰᠠᠭᠤᠳᠠᠯ ᠨᠢ ᠤᠷᠢᠨ ᠬᠡᠷᠡᠭᠯᠡᠬᠦ ᠶᠢ ᠨᠥᠯᠥᠭᠡᠯᠡᠬᠦ ᠥᠬᠡᠶ ᠪᠠᠶᠢᠪᠠᠯ ᠤᠷᠢᠨ ᠬᠡᠷᠡᠭᠯᠡᠨ᠎ᠡ᠃ ᠤᠷᠢᠨ ᠬᠡᠷᠡᠭᠯᠡᠬᠦ ᠶᠢ ᠨᠥᠯᠥᠭᠡᠯᠡᠬᠦ ᠶᠢ ᠲᠤᠰᠬᠠᠭᠰᠠᠨ ᠠᠰᠠᠭᠤᠳᠠᠯ ᠤᠨ | ᠪᠠᠶᠢᠴᠠᠭᠠᠯᠲᠠ ᠨᠢ ᠦᠨᠡᠨ ᠪᠣᠳᠠᠲᠠᠶ ᠪᠠᠶᠢᠪᠠᠯ᠂ ᠤᠷᠢᠨ ᠬᠡᠷᠡᠭᠯᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ | ᠨᠠᠢᠮᠠ᠂ ᠣᠯᠭᠤᠮᠵᠢ ᠶᠢᠨ ᠪᠠᠲᠤᠯᠠᠭ᠎ᠠ | ᠤᠷᠢᠨ ᠬᠡᠷᠡᠭᠯᠡᠬᠦ ᠬᠥᠮᠦᠰ ᠤᠨ ᠴᠠᠯᠢᠩ ᠢ ᠵᠠᠯᠠᠨ ᠠᠶᠢᠯ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢᠨ ᠴᠠᠯᠢᠩ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | ᠶᠢᠰᠦ᠂ ᠡᠳᠦᠷ ᠲᠤᠲᠤᠮ ᠤᠨ ᠬᠠᠮᠢᠶᠠᠷᠤᠯᠲᠠ | 1. ᠤᠷᠢᠵᠤ ᠬᠡᠷᠡᠭᠯᠡᠭᠰᠡᠨ ᠬᠥᠮᠦᠨ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ ︽ᠬᠡᠨ ᠬᠥᠮᠦᠨ ᠬᠡᠷᠡᠭᠯᠡᠪᠡᠯ᠂ ᠬᠡᠨ ᠬᠠᠮᠢᠶᠠᠷᠴᠤ᠂ ᠬᠡᠨ ᠬᠠᠷᠢᠭᠤᠴᠠᠬᠤ︾ | ᠵᠠᠷᠴᠢᠮ ᠤᠨ ᠶᠣᠰᠣᠭᠠᠷ᠂ ᠬᠥᠮᠦᠨ ᠬᠡᠷᠡᠭᠯᠡᠬᠦ ᠨᠢᠭᠡᠴᠢ ᠠᠴᠠ ᠵᠣᠬᠢᠴᠠᠩᠭᠤᠶ ᠬᠠᠮᠢᠶᠠᠷᠤᠯᠲᠠ ᠶᠢᠨ ᠲᠦᠷᠢᠮ ᠲᠣᠭᠲᠠᠭᠠᠵᠤ᠂ ᠠᠵᠢᠯ ᠳᠤ ᠭᠠᠷᠬᠤ ᠶᠢ ᠰᠢᠯᠭᠠᠬᠤ᠂ ᠬᠢᠨᠠᠨ | ᠰᠢᠯᠭᠠᠬᠤ ᠪᠠ ᠬᠠᠮᠢᠶᠠᠷᠬᠤ ᠶᠢ ᠬᠠᠷᠢᠭᠤᠴᠠᠨ᠎ᠠ᠃ | 2.ᠴᠡᠷᠢᠭ ᠦᠨᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠲᠤᠰᠬᠠᠶ ᠵᠦᠢᠯ ᠤᠨᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨᠪᠠᠶᠢᠷᠢ ᠲᠤ | ᠡᠯᠰᠡᠭᠰᠡᠨ ᠠᠵᠢᠯᠳᠠᠨ ᠨᠢ ᠡᠷᠬᠡᠪᠰᠢ ᠬᠥᠮᠦᠨ ᠬᠡᠷᠡᠭᠯᠡᠬᠦ ᠨᠢᠭᠡᠴᠡ ᠶᠢᠨ ᠠᠵᠢᠯ ᠤᠨ ᠬᠤᠪᠢᠶᠠᠷᠢᠯᠠᠯᠲᠠ ᠶᠢ ᠲᠠᠭᠠᠬᠤ ᠬᠡᠷᠡᠭᠲᠡᠶ᠂ ᠠᠵᠢᠯ ᠤᠨ ᠪᠠᠶᠢᠷᠢ ᠲᠤ | ᠭᠠᠷᠤᠭᠰᠠᠨ ᠤ ᠲᠠᠷᠠᠭ᠎ᠠ ᠬᠤᠪᠢᠶᠠᠷᠢᠯᠠᠯᠲᠠ ᠶᠢ ᠲᠠᠭᠠᠬᠤ ᠥᠭᠡᠢ ᠪᠣᠯ ᠬᠥᠮᠦᠨ ᠬᠡᠷᠡᠭᠯᠡᠬᠦ ᠨᠢᠭᠡᠴᠡ ᠠᠴᠠ ᠡᠯᠰᠡᠨ ᠬᠡᠷᠡᠭᠯᠡᠬᠦ ᠭᠠᠷᠳᠠᠮ ᠭᠦᠢᠴᠡᠳᠬᠡᠵᠦ ᠥᠭᠬᠦ ᠥᠭᠡᠢ᠃ | ᠤᠷᠢᠨ ᠬᠡᠷᠡᠭᠯᠡᠭᠰᠡᠨ ᠬᠥᠮᠦᠨ ᠨᠢ ᠪᠤᠰᠤᠳ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠲᠣᠭᠲᠠᠪᠤᠷᠢᠲᠠᠶ ᠠᠵᠢᠯ ᠣᠯᠤᠭᠰᠠᠨ ᠠᠴᠠ ᠪᠣᠯᠵᠣ᠂ ᠲᠣᠰ | ᠬᠥᠮᠦᠨ ᠨᠢ ᠬᠡᠪ ᠤᠨ ᠶᠣᠰᠣᠭᠠᠷ ᠠᠵᠢᠯᠯᠠᠵᠤ ᠳᠡᠶᠢᠯᠬᠦ ᠥᠬᠡᠶ᠂ ᠬᠥᠮᠦᠨ ᠬᠡᠷᠡᠭᠯᠡᠬᠦ ᠨᠢᠭᠡᠴᠡ ᠶᠢᠨ ᠬᠠᠮᠢᠶᠠᠷᠤᠯᠲᠠ ᠶᠢᠨ ᠲᠦᠷᠢᠮ ᠢ ᠬᠦᠨᠳᠦ ᠨᠣᠴᠢᠲᠠᠶ ᠵᠥᠷᠢᠴᠡᠵᠦ᠂ | ᠰᠠᠬᠢᠯᠭ᠎ᠠ ᠪᠠᠲᠤ ᠶᠢ ᠵᠥᠷᠢᠴᠡᠭᠰᠡᠨ ᠪᠠ ᠬᠠᠤᠯᠢ ᠶᠢ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠲᠠᠢ ᠪᠠᠶᠢᠪᠠᠯ᠂ ᠬᠥᠮᠦᠨ ᠬᠡᠷᠡᠭᠯᠡᠬᠦ ᠨᠢᠭᠡᠴᠡ ᠨᠢ ᠲᠡᠭᠦᠨ ᠲᠠᠢ | ᠬᠥᠳᠡᠯᠮᠦᠷᠢ ᠶᠢᠨ ᠭᠡᠷ᠎ᠡ ᠪᠠᠨ ᠬᠦᠴᠦᠨ ᠥᠬᠡᠶ ᠪᠣᠯᠭᠠᠬᠤ ᠶᠢᠨ ᠬᠠᠮᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠳᠤ ᠡᠯᠰᠡᠨ ᠬᠡᠷᠡᠭᠯᠡᠬᠦ ᠬᠥᠮᠦᠰ ᠢ ᠪᠤᠰᠤᠳ ᠢᠶᠠᠷ ᠣᠷᠣᠯᠠᠭᠤᠯᠵᠤ ᠪᠣᠯᠬᠤ ᠦᠭᠡᠢ᠃ | 3. ᠬᠥᠮᠦᠨ ᠬᠡᠷᠡᠭᠯᠡᠬᠦ ᠨᠢᠭᠡᠴᠡ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ | ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠲᠤᠰᠬᠠᠶ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠤᠷᠢᠨ | ᠬᠡᠷᠡᠭᠯᠡᠬᠦ ᠠᠵᠢᠯᠲᠠᠨ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠬᠤ ᠬᠡᠷᠡᠭᠲᠡᠶ᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠲᠣᠭᠲᠠᠮᠠᠯ | ᠬᠤᠭᠤᠴᠠᠭ᠎ᠠ ᠥᠬᠡᠶ ᠬᠥᠳᠡᠯᠮᠦᠷᠢ ᠶᠢᠨ ᠭᠡᠷ᠎ᠡ ᠵᠢᠴᠢ ᠠᠵᠤ ᠠᠬᠤᠶ ᠶᠢᠨ ᠨᠥᠬᠦᠪᠥᠷᠢ ᠥᠭᠬᠦ ᠬᠤᠯᠪᠣᠭᠳᠠᠯ ᠪᠥᠬᠦᠶ ᠲᠣᠭᠲᠠᠭᠠᠯ ᠢ ᠬᠡᠷᠡᠭᠯᠡᠬᠦ ᠥᠬᠡᠶ᠃ | 4. ᠬᠥᠮᠦᠨ ᠬᠡᠷᠡᠭᠯᠡᠬᠦ ᠨᠢᠭᠡᠴᠡ ᠬᠢᠭᠡᠳ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠲᠤᠰᠬᠠᠶ ᠵᠦᠢᠯ ᠤᠨᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠲᠤ ᠤᠷᠢᠨ ᠬᠡᠷᠡᠭᠯᠡᠬᠦ ᠬᠥᠮᠦᠰ ᠵᠥᠪᠳᠡᠯᠴᠡᠭᠡᠳ ᠰᠠᠨᠠᠯ ᠨᠢᠭᠡᠳᠪᠡᠯ᠂ ᠬᠥᠳᠡᠯᠮᠦᠷᠢ ᠶᠢᠨ ᠭᠡᠷ᠎ᠡ ᠶᠢ ᠬᠦᠴᠦᠨ ᠥᠭᠡᠢ ᠪᠣᠯᠭᠠᠵᠤ | ᠪᠣᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠲᠤᠰᠬᠠᠶ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ | ᠤᠷᠢᠵᠤ ᠬᠡᠷᠡᠭᠯᠡᠬᠦ ᠬᠥᠮᠦᠰ ᠢ 30 ᠡᠳᠦᠷ ᠤᠨ ᠡᠮᠦᠨ᠎ᠡ ᠬᠥᠮᠦᠨ ᠬᠡᠷᠡᠭᠯᠡᠬᠦ ᠨᠢᠭᠡᠴᠡ ᠳᠤ ᠪᠢᠴᠢᠭ ᠤᠨ ᠬᠡᠯᠪᠡᠷᠢ ᠪᠠᠷ ᠮᠡᠳᠡᠭᠳᠡᠬᠦ ᠬᠡᠷᠡᠭᠲᠡᠶ᠂ ᠬᠥᠳᠡᠯᠮᠦᠷᠢ ᠶᠢᠨ ᠭᠡᠷ᠎ᠡ ᠶᠢ | ᠬᠦᠴᠦᠨ ᠥᠬᠡᠶ ᠪᠣᠯᠭᠠᠬᠤ ᠶᠢᠨ ᠬᠠᠮᠲᠤ ᠤᠷᠢᠵᠤ ᠬᠡᠷᠡᠭᠯᠡᠬᠦ ᠬᠥᠮᠦᠰ ᠤᠨ ᠴᠠᠯᠢᠩ ᠪᠠ ᠨᠡᠶᠢᠭᠡᠮ ᠤᠨ ᠳᠠᠭᠠᠳᠬᠠᠯ ᠤᠨ ᠬᠠᠮᠢᠶ᠎ᠠ ᠪᠥᠬᠦᠶ ᠬᠠᠷᠠᠭᠠᠯᠵᠠᠯ ᠢ | ᠥᠭᠬᠦ ᠵᠢᠵᠤᠭᠰᠤᠭᠠᠵᠤ ᠪᠤᠯᠤᠨ᠎ᠠ᠃ | ᠵᠠᠯᠠᠨ ᠠᠶᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨᠪᠠᠲᠤᠯᠠᠭ᠎ᠠ ᠶᠢᠨ ᠲᠤᠪᠴᠢᠶ᠎ᠠ | ᠵᠠᠯᠠᠨ ᠠᠶᠢᠯ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | 2023 ᠣᠨ ᠤ 10 ᠰᠠᠷ᠎ᠠ ᠶᠢᠨ 20 ᠤ ᠡᠳᠤᠷ | | |