ᠵᠠᠯᠠᠨ ᠠᠶᠢᠯ ᠬᠤᠲᠠ 2023 ᠣᠨ ᠤ ︽ᠨᠡᠶᠢᠭᠡᠮ ᠤᠨ ᠪᠠᠲᠤᠯᠠᠭ᠎ᠠ ᠶᠢᠨ  ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2023/10/30
1.jpg
     ᠲᠦᠷᠦᠭᠦᠬᠡᠨ᠂ ᠵᠠᠯᠠᠨ ᠠᠶᠢᠯ ᠬᠤᠲᠠ 2023 ᠣᠨ ᠤ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠨ᠎ᠡ —  ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ ᠬᠠᠮᠲᠤ ᠪᠠᠷ ᠰᠠᠶᠢᠨ ᠰᠠᠶᠢᠬᠠᠨ ᠢ ᠡᠳ᠋ᠯᠡᠬᠦ ︾ ᠠᠵᠢᠯᠯᠠᠭ᠎ᠠ ᠶᠢ ᠡᠬᠢᠯᠡᠭᠦᠯᠵᠦ᠂ ᠬᠤᠲᠠ ᠶᠢᠨ ᠳᠡᠳ᠋ ᠳᠠᠷᠤᠭ᠎ᠠ ᠸᠠᠩ ᠪᠠᠶ ᠺᠦᠶ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃    ᠠᠵᠢᠯᠯᠠᠭ᠎ᠠ ᠶᠢᠨ ᠳᠤᠮᠳᠠ᠂ ᠠᠵᠢᠯᠲᠠᠳ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠶᠢ ᠲᠥᠪᠯᠡᠷᠡᠭᠦᠯᠦᠨ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠠᠩ ᠰᠢᠯᠢᠳᠡᠭ ᠨᠠᠩ ᠲᠥᠬᠦᠮ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ  ᠬᠠᠩᠭᠠᠵᠤ᠂ ᠨᠡᠶᠢᠭᠡᠮ ᠳᠠᠶᠠᠭᠠᠷ ᠢᠶᠠᠨ ᠨᠡᠶᠢᠭᠡᠮ ᠤᠨ ᠪᠠᠲᠤᠯᠠᠭ᠎ᠠ ᠶᠢ ᠬᠠᠮᠲᠤ ᠪᠠᠷ ᠠᠩᠬᠠᠷᠬᠤ᠂ ᠤᠬᠠᠮᠰᠠᠷ ᠠᠴᠠ ᠪᠠᠨ ᠨᠡᠶᠢᠭᠡᠮ ᠤᠨ ᠪᠠᠲᠤᠯᠠᠭ᠎ᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠤᠯᠭᠠᠪᠠ᠃    ᠣᠶᠢᠷ᠎ᠠ ᠶᠢᠨ ᠵᠢᠯ ᠤᠳ ᠲᠤ᠂ ᠵᠠᠯᠠᠨ ᠠᠶᠢᠯ ᠬᠤᠲᠠ ᠶᠢᠨ  ᠤᠯᠤᠰ ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠶ  ᠰᠢᠢᠳᠪᠦᠷᠢᠯᠡᠬᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠪᠦᠬᠦᠨ ᠢ ᠬᠠᠮᠤᠷᠬᠤ᠂ ᠦᠨᠳᠦᠰᠦᠨ  ᠵᠦᠢᠯ ᠢ ᠪᠠᠲᠤᠯᠠᠬᠤ᠂ ᠣᠯᠠᠨ ᠲᠠᠰ ᠳᠠᠪᠬᠤᠷᠭ᠎ᠠ ᠲᠠᠢ᠂ ᠦᠷᠭᠦᠯᠵᠢᠯᠡᠬᠦ ᠵᠠᠷᠴᠢᠮ ᠶᠣᠰᠣᠭᠠᠷ᠂ ᠲᠣᠭᠲᠠᠴᠠ ᠶᠢ ᠬᠦᠴᠦᠯᠡᠨ ᠪᠠᠶᠢᠭᠤᠯᠵᠤ᠂ ᠥᠭᠡᠷᠡᠴᠢᠯᠡᠯᠲᠡ ᠶᠢ ᠠᠬᠢᠭᠤᠯᠤᠨ᠂ ᠠᠶᠤᠯ ᠲᠦᠭᠰᠢᠭᠦᠷᠢ ᠶᠢ ᠰᠡᠷᠭᠡᠶᠢᠯᠡᠨ᠂ ᠠᠷᠠᠳ ᠤᠨ ᠠᠮᠢᠳᠤᠷᠠᠯ ᠢ ᠪᠠᠲᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠨᠠᠩ ᠪᠦᠷᠢᠨ ᠲᠡᠭᠦᠯᠳᠡᠷ᠂ ᠬᠠᠮᠤᠷᠬᠤ ᠬᠡᠪᠴᠢᠶ᠎ᠡ ᠶᠢ ᠨᠠᠩ ᠥᠷᠭᠡᠨ ᠳᠡᠯᠭᠡᠷ ᠪᠣᠯᠭᠠᠵᠤ᠂ ᠣᠯᠭᠤᠮᠵᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠢ ᠨᠡᠶᠢᠳᠡᠮ ᠬᠡᠷᠡᠭᠵᠢᠭᠦᠯᠵᠦ᠂ ᠠᠵᠤ ᠠᠬᠤᠶᠢᠯᠠᠯ ‍ᠤᠨ‌ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ ᠤᠨ  ᠤᠷᠦᠯᠭ᠎ᠠ ᠵᠠᠷᠦᠯᠭ᠎ᠠ ᠢ ᠲᠤᠭᠲᠠᠪᠦᠷᠢᠲᠠᠢ ᠪᠤᠯᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ