ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠨ ᠰᠤᠳᠦᠯᠠᠪᠠ
ᠨᠡᠶᠢᠲᠡᠯᠡᠭᠰᠡᠨ ᠴᠠᠭ᠄
2023/10/30
    10 ᠰᠠᠷ᠎ᠠ ᠶᠢᠨ 20      ᠤ ᠡᠳᠦᠷ᠂ ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠥᠩ ᠬᠤᠶ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠠᠷᠠᠳ ᠤᠨ ᠪᠠᠶᠢᠴᠠᠭᠠᠬᠤ  ᠬᠤᠷᠢᠶᠠᠨ ᠤ ᠪᠠᠶᠢᠴᠠᠭᠠᠬᠤ ᠳᠠᠷᠤᠭ᠎ᠠ‌ᠮᠧᠩ‌ᠾᠧ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ 
1.jpg
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠯᠢᠩ ᠳ᠋ᠦᠩ ᠤᠨ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠪᠣᠯᠤᠨ  ᠸᠧ ᠨᠢᠦ ᠾᠧ ᠪᠠᠯᠭᠠᠰᠤ ᠶᠢᠨ ᠬᠠᠶᠢᠷ ᠴᠢᠯᠠᠭᠤᠨ ᠮᠠᠲ᠋ᠧᠷᠢᠶᠠᠯ ᠤᠨ ᠦᠢᠯᠡᠳᠪᠦᠷᠢᠯᠡᠯ ᠢ ᠴᠡᠭᠴᠡᠯᠡᠨ ᠰᠠᠶᠢᠵᠢᠷᠠᠭᠤᠯᠬᠤ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠳᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠭᠦᠨᠵᠡᠭᠡᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ 
2.jpg
 
3.jpg
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠦᠷᠢᠮ ᠤᠨ ᠴᠢᠬᠤᠯᠠ ᠴᠢᠨᠠᠷ ᠪᠠ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ︔ ᠬᠡᠷᠡᠭ  ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠬᠡᠷᠡᠭ ᠰᠢᠢᠳᠪᠦᠷᠢᠯᠡᠬᠦ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠢᠳᠡᠪᠬᠢᠲᠡᠶ ᠪᠠᠷ ᠪᠠᠶᠢᠭᠤᠯᠤᠨ᠎ᠠ︔ ᠡᠭᠦᠨ ᠤ ᠵᠡᠷᠭᠡᠴᠡᠭᠡᠪᠡᠷ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠣᠶᠢᠯᠠᠭᠠᠬᠤ ᠬᠡᠮᠵᠢᠶ᠎ᠡ ᠪᠠ ᠣᠷᠣᠯᠴᠠᠬᠤ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠤᠨ ᠪᠦᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ