ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠲᠠ ᠶᠢᠨ ᠭᠤᠤᠯ ᠰᠡᠳᠦᠪᠲᠦ ᠰᠤᠷᠭᠠᠨ ᠬᠥᠮᠦᠵᠢᠯ ᠤᠨ ᠬᠠᠷᠢᠯᠴᠠᠬᠤ ᠴᠡᠭ ᠲᠤ ᠬᠦᠷᠴᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2023/10/30
1.jpg
     10 ᠰᠠᠷ᠎ᠠ ᠶᠢᠨ 20      ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠢᠩ  ᠽᠧ ᠨᠠᠷ ᠵᠠᠯᠠᠨ ᠠᠶᠢᠯ ᠬᠤᠲᠠ ᠶᠢᠨ ᠭᠤᠤᠯ ᠰᠡᠳᠦᠪᠲᠦ ᠰᠤᠷᠭᠠᠨ ᠬᠥᠮᠦᠵᠢᠯ ᠤᠨ ᠬᠠᠷᠢᠯᠴᠠᠬᠤ ᠴᠡᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠰᠢᠤ ᠹᠸᠢ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠭᠤᠤᠯ ᠰᠡᠳᠦᠪᠲᠦ ᠰᠤᠷᠭᠠᠨ ᠬᠥᠮᠦᠵᠢᠯ ᠤᠨ ᠠᠯᠪᠠᠨ ᠬᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ  ᠲᠠᠮᠦᠷ ᠵᠠᠮ‌‍ᠤᠨ ᠵᠡᠭᠦᠨᠳᠡᠬᠢ  ᠵᠡᠭᠡᠯᠢ ᠭᠤᠳᠤᠮᠵᠢ᠂  ᠭᠤᠤᠯ ᠤᠨ  ᠪᠠᠷᠠᠭᠤᠨᠳᠡᠬᠢ ᠵᠡᠭᠡᠯᠢ ᠭᠤᠳᠤᠮᠵᠢ᠂ ᠴᠢᠩᠭᠢᠰ ᠬᠠᠭᠠᠨ ᠪᠠᠯᠭᠠᠰᠤ᠂ ᠴᠠᠢ ᠾᠧ ᠪᠠᠯᠭᠠᠰᠤ᠂ ᠬᠤᠤ ᠷᠤᠤ ᠱᠠᠨ ᠪᠠᠯᠭᠠᠰᠤ ᠵᠡᠷᠭᠡ ᠭᠠᠵᠠᠷ ᠤᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠵᠠᠮ‌‍ᠤᠨ ᠵᠡᠭᠦᠨᠳᠡᠬᠢ ᠵᠡᠭᠡᠯᠢ ᠭᠤᠳᠤᠮᠵᠢ ᠶᠢᠨ ᠲᠢᠶᠧ ᠳ᠋ᠦᠩ ᠲᠣᠰᠬᠤᠨ ᠤ ᠵᠡᠭᠦᠨ ᠲᠡᠭᠦᠷᠭᠡ ᠶᠢᠨ ᠨᠠᠮ ᠤᠨ ᠡᠭᠦᠷ ᠤᠨ ᠬᠠᠷᠢᠯᠴᠠᠬᠤ ᠴᠡᠭ ᠲᠤ ᠬᠦᠷᠴᠦ᠂ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠵᠠᠯᠠᠨ ᠠᠶᠢᠯ ᠬᠤᠳᠠ ᠶᠢᠨ ᠬᠢᠨ ᠰᠢ ᠶᠢᠨ ᠫᠢᠩ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠬᠥᠪᠴᠢᠯᠡᠵᠦ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ ᠪᠠᠷ ᠬᠠᠷᠢᠭᠤᠴᠠᠯᠭᠠᠲᠤ ᠰᠡᠳᠬᠢᠯᠭᠡ ᠪᠠᠨ ᠪᠣᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢ ᠴᠢᠩᠭᠠᠳᠬᠠᠵᠤ᠂  ᠦᠢᠯᠡᠳᠦᠯᠡᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ