︽ᠤᠯᠠᠨ ᠢᠶᠠᠷ ᠢᠶᠠᠨ ᠠᠷᠭ᠎ᠠ ᠪᠤᠳᠤᠯᠭ᠎ᠠ ᠠᠪᠴᠤ ᠬᠥᠭᠵᠢᠯᠲᠡ ᠶᠢ ᠡᠷᠢᠯᠬᠢᠯᠡᠵᠦ᠂ ᠢᠷᠡᠭᠡᠳᠦᠢ ᠶᠢ ᠴᠢᠭᠯᠡᠬᠦ ᠪᠠᠷ ᠪᠠᠲᠤ ᠴᠢᠷᠮᠠᠶᠢᠰᠤᠭᠠᠢ︾ — ᠵᠠᠯᠠᠨ ᠠᠶᠢᠯ ᠬᠤᠳᠠ ᠶᠢᠨ ᠬᠡᠦᠬᠡᠳ ᠤᠨ ᠴᠡᠴᠡᠷᠯᠢᠭ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠪᠠᠭᠰᠢ ᠠᠵᠢᠯᠳᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/31
    ᠰᠤᠷᠭᠠᠨ ᠬᠥᠮᠦᠵᠢᠯ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠥᠭᠦᠷᠭᠡ ᠬᠤᠯᠪᠣᠭᠠᠰᠤ ᠶᠢᠨ  ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠷᠠᠳᠴᠢᠯᠠᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨᠴᠢ ᠪᠠᠷ  ᠰᠢᠢᠳᠪᠤᠷᠢᠳᠤ ᠪᠣᠳᠣᠯᠭ᠎ᠠ ᠲᠣᠭᠲᠠᠭᠠᠵᠤ᠂ ᠪᠠᠭᠰᠢ ᠠᠵᠢᠯᠲᠠᠨ ᠤ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠨ᠂ ᠪᠠᠭᠰᠢ ᠠᠵᠢᠯᠲᠠᠨ ᠤ ᠠᠰᠢᠭ ᠲᠤᠰᠠ ᠶᠢ ᠦᠨᠡᠨ ᠬᠦ ᠪᠠᠲᠤᠯᠠᠵᠤ᠂ ᠬᠡᠤᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠴᠢᠨᠠᠷ ᠰᠠᠶᠢᠲᠠᠶ  ᠦᠢᠯᠡᠴᠢᠯᠡᠬᠦ ᠶᠢᠨ ᠲᠥᠯᠥᠭᠡ᠂ 2023 ᠣᠨ ᠤ 10 ᠰᠠᠷ᠎ᠠ ᠶᠢᠨ 27      ᠤ ᠡᠳᠦᠷ ᠤᠨ ᠦᠳᠡ ᠶᠢᠨ ᠬᠤᠶᠢᠨ᠎ᠠ ᠂ ᠵᠠᠯᠠᠨ ᠠᠶᠢᠯ ᠬᠤᠲᠠ ᠶᠢᠨ ᠬᠡᠤᠬᠡᠳ ᠤᠨ ᠴᠡᠴᠡᠷᠯᠢᠭ ᠾᠤᠰᠢ ᠶᠢᠨ ᠶᠡᠷᠦᠩᠬᠡᠶ ᠴᠡᠴᠡᠷᠯᠢᠭ ᠲᠤ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠠᠭᠰᠢ ᠠᠵᠢᠯᠲᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠪᠠ᠃ ᠬᠤᠷᠠᠯ ᠢ ᠠᠵᠢᠯᠴᠢᠨ ᠤ ᠡᠪᠯᠡᠯ ᠤᠨ ᠲᠡᠷᠢᠭᠦᠯᠡᠭᠴᠢ ᠯᠢ ᠬᠤᠢ ᠽᠢ ᠡᠷᠬᠢᠯᠡᠵᠦ᠂ ᠪᠦᠬᠦ ᠪᠠᠭᠰᠢ ᠠᠵᠢᠯᠳᠠᠨ ᠠᠵᠢᠯᠴᠢᠨ ᠤ ᠬᠤᠷᠠᠯ ᠳᠤ ᠣᠷᠣᠯᠴᠠᠪᠠ᠃     ᠶᠡᠭᠡ ᠬᠤᠷᠠᠯ ᠨᠢ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ‌‍ᠶᠢᠨ ᠤᠳᠤᠷᠢᠳᠤᠯᠭ᠎ᠠ ᠯᠢ ᠪᠢᠩ ᠶᠣᠣ ᠬᠤᠷᠠᠯ ᠡᠬᠢᠯᠡᠬᠦ ᠦᠭᠡ ᠬᠡᠯᠡᠵᠦ᠂ ᠥᠷᠭᠡᠨ ᠤᠯᠠᠨ ᠪᠠᠭᠰᠢ ᠠᠵᠢᠯᠳᠠᠨ ᠠᠵᠢᠯᠴᠢᠨ ᠥᠪᠡᠷ ᠤᠨ ᠠᠷᠠᠳᠴᠢᠯᠠᠯ ᠤᠨ ᠡᠷᠬᠡ ᠪᠠ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠠᠷᠭ᠎ᠠ ᠤᠬᠠᠭᠠᠨ ᠭᠠᠷᠭᠠᠵᠤ᠂ ᠮᠠᠨ ᠤ ᠬᠦᠷᠢᠶᠡᠯᠡᠩ ᠤᠨ ᠢᠳᠡᠪᠬᠢᠲᠡᠢ᠂ ᠡᠷᠡᠭᠦᠯ᠂ ᠡᠶ᠎ᠡ ᠵᠣᠬᠢᠴᠠᠩᠭᠤᠢ ᠰᠤᠷᠭᠠᠨ ᠬᠥᠮᠦᠵᠢᠯ ᠤᠨ ᠠᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢ ᠠᠬᠢᠭᠤᠯᠬᠤ ᠶᠢ ᠬᠦᠰᠡᠪᠡ᠃     ᠡᠩ ᠲᠡᠷᠢᠭᠦᠨ ᠳᠤ ᠡᠮᠡᠭᠲᠡᠶ ᠠᠵᠢᠯᠴᠢᠨ ᠤ ᠭᠡᠰᠢᠭᠦᠨ ᠴᠧᠨ ᠬᠤᠩ ᠢᠦᠶ ᠠᠴᠠ ᠲᠣᠰ ᠤᠳᠠᠭᠠᠨ ᠤ ᠰᠤᠷᠭᠠᠨ ᠬᠥᠮᠦᠵᠢᠯ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠠ᠄ ᠲᠣᠰ ᠤᠳᠠᠭᠠᠨ ᠤ ᠰᠤᠷᠭᠠᠨ ᠬᠥᠮᠦᠵᠢᠯ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠡᠶᠢᠲᠡ 70 ᠬᠤᠪᠢ ᠰᠠᠨᠠᠯ ᠵᠥᠪᠯᠡᠯᠭᠡ ᠲᠠᠷᠬᠠᠭᠠᠵᠤ᠂ 70 ᠬᠤᠪᠢ ᠶᠢ ᠨᠢ ᠬᠤᠷᠢᠶᠠᠨ ᠠᠪᠤᠭᠰᠠᠨ ᠪᠣᠯᠪᠠᠴᠤ ᠴᠥᠮ ᠣᠨᠳᠣᠤ ᠰᠠᠨᠠᠯ ᠥᠬᠡᠶ᠃     ᠵᠠᠯᠭᠠᠭᠠᠳ ᠠᠵᠢᠯᠴᠢᠨ ᠤ ᠡᠪᠯᠡᠯ ᠤᠨ ᠲᠡᠷᠢᠭᠦᠯᠡᠭᠴᠢ ᠯᠢ ᠾᠦᠢ ᠽᠢ ︽2023 ᠣᠨ ᠤ ᠬᠡᠤᠬᠡᠳ ᠤᠨ ᠴᠡᠴᠡᠷᠯᠢᠭ ᠤᠨ ᠠᠵᠢᠯᠴᠢᠨ ᠤ ᠡᠪᠯᠡᠯ ᠤᠨ ᠠᠵᠢᠯ ᠤᠨ ᠮᠡᠳᠡᠭᠦᠯᠦᠯᠲᠡ︾ ᠬᠢᠪᠡ᠃ ᠮᠡᠳᠡᠭᠦᠯᠦᠯᠲᠡ ᠳᠤ ᠥᠩᠭᠡᠷᠡᠭᠰᠡᠨ ᠬᠤᠭᠤᠴᠠᠭᠠᠨ ᠤ ᠠᠵᠢᠯᠴᠢᠨ ᠤ ᠡᠪᠯᠡᠯ ᠤᠨ ᠠᠵᠢᠯᠯᠠᠭ᠎ᠠ ᠶᠢᠨ ᠬᠠᠯᠠᠭᠤᠨ ᠳᠤᠯᠠᠭᠠᠨ ᠴᠠᠭ ᠮᠥᠴᠡ ᠶᠢ ᠡᠷᠭᠢᠴᠡᠭᠦᠯᠬᠦ ᠶᠢᠨ ᠬᠠᠮᠲᠤ ᠪᠠᠰᠠ ᠰᠢᠨ᠎ᠡ ᠪᠠᠷᠠᠭᠠᠯᠠᠯ ᠳᠤᠷᠠᠳᠴᠠᠢ᠂ ᠪᠦᠬᠦ ᠪᠠᠭᠰᠢ ᠠᠵᠢᠯᠳᠠᠨ ᠠᠵᠢᠯᠴᠢᠨ ᠰᠤᠷᠭᠠᠨ ᠬᠥᠮᠦᠵᠢᠯ ᠳᠤ ᠦᠨᠡᠨᠴᠢ ᠰᠡᠳᠬᠢᠯ ᠢᠶᠠᠷ ᠪᠦᠯᠬᠦᠮᠳᠡᠨ ᠨᠢᠭᠡᠳᠴᠦ᠂ ᠯᠠᠪᠳᠠᠭᠤᠨ ᠪᠠᠲᠤᠲᠠᠢ ᠠᠵᠢᠯᠯᠠᠵᠤ᠂ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠨ ᠮᠠᠨ ᠤ ᠴᠡᠴᠡᠷᠯᠢᠭ ᠤᠨ ᠬᠥᠭᠵᠢᠯᠲᠡ ᠶᠢ ᠠᠬᠢᠭᠤᠯᠵᠤ ᠲᠠᠬᠢᠨ ᠰᠢᠨ᠎ᠡ ᠠᠶᠠᠨ ᠵᠠᠮ ᠳᠤ ᠣᠷᠣᠭᠤᠯᠬᠤ ᠶᠢᠨ ᠬᠠᠮᠲᠤ ᠬᠡᠦᠬᠡᠳ ᠤᠨ ᠴᠡᠴᠡᠷᠯᠢᠭ ᠤᠨ ᠬᠠᠯᠠᠮᠵᠢᠯᠠᠯ ᠢ ᠪᠠᠭᠰᠢ ᠠᠵᠢᠯᠳᠠᠨ ᠨᠢᠭᠡᠪᠦᠷᠢ ᠶᠢᠨ ᠰᠡᠳᠬᠢᠯ ᠳᠤ ᠬᠦᠷᠭᠡᠵᠦ ᠂ ᠵᠢᠩᠬᠢᠨᠢ ︽ᠠᠵᠢᠯᠳᠠᠨ ᠠᠵᠢᠯᠴᠢᠨ ᠤ ᠬᠡᠷ︾ ᠢ ᠴᠣᠭᠴᠠᠯᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠯ ᠳᠤ ᠢᠯᠡᠳᠬᠡᠪᠡ᠃ ᠡᠭᠦᠨ ᠤ ᠬᠠᠮᠲᠤ ᠬᠡᠦᠬᠡᠳ ᠤᠨ ᠴᠡᠴᠡᠷᠯᠢᠭ ᠤᠨ ᠬᠠᠯᠠᠮᠵᠢᠯᠠᠯ ᠢ ᠪᠠᠭᠰᠢ ᠠᠵᠢᠯᠳᠠᠨ ᠨᠢᠭᠡᠪᠦᠷᠢ ᠶᠢᠨ ᠰᠡᠳᠬᠢᠯ ᠳᠤ ᠬᠦᠷᠭᠡᠵᠦ᠂ ᠵᠢᠩᠬᠢᠨᠢ ︽ᠠᠵᠢᠯᠳᠠᠨ ᠠᠵᠢᠯᠴᠢᠨ ᠤ ᠬᠡᠷ︾ ᠢ ᠴᠣᠭᠴᠠᠯᠠᠨ ᠪᠠᠶᠢᠭᠤᠯᠬᠤ ᠶᠢ ᠬᠦᠰᠡᠵᠦ ᠪᠠᠶᠢᠨ᠎ᠠ᠃     ᠡᠳ᠋ ᠤᠨ ᠶᠠᠪᠤᠳᠠᠯ ᠤᠨ ᠠᠵᠢᠯᠲᠠᠨ ︽2023 ᠣᠨ ᠤ ᠬᠡᠤᠬᠡᠳ ᠤᠨ ᠴᠡᠴᠡᠷᠯᠢᠭ ᠤᠨ ᠡᠳ᠋ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ︾ ᠳᠤ ᠲᠤᠰᠬᠠᠶ ᠵᠣᠭᠤᠰ ᠢ ᠲᠤᠰᠬᠠᠶ ᠬᠡᠷᠡᠭᠯᠡᠬᠦ᠂ ᠵᠠᠷᠤᠯᠭ᠎ᠠ ᠶᠢ ᠭᠦᠢᠴᠡᠳᠭᠡᠬᠦ᠂ ᠣᠷᠣᠯᠭ᠎ᠠ ᠶᠢᠨ ᠬᠠᠮᠢᠶᠠᠷᠤᠯᠲᠠ ᠵᠡᠷᠭᠡ ᠲᠠᠯ᠎ᠠ ᠪᠠᠷ 2023 ᠣᠨ ᠤ ᠡᠳ᠋ ᠤᠨ ᠶᠠᠪᠤᠳᠠᠯ ᠤᠨ ᠠᠵᠢᠯ ᠤᠨ ᠪᠠᠶᠢᠳᠠᠯ ᠢᠶᠠᠨ ᠨᠠᠷᠢᠨ ᠪᠣᠳᠠᠲᠠᠶ ᠪᠠᠷ ᠬᠠᠷᠢᠭᠤ ᠮᠡᠳᠡᠭᠦᠯᠦᠭᠰᠡᠨ ᠪᠥᠭᠡᠳ ︽ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ᠂ ᠣᠷᠣᠯᠭ᠎ᠠ ᠵᠠᠷᠤᠯᠭ᠎ᠠ ᠪᠠᠨ ᠲᠡᠩᠴᠡᠭᠦᠷᠢᠲᠡᠶ ᠪᠠᠶᠢᠯᠭᠠᠬᠤ︾ ᠵᠠᠷᠴᠢᠮ ᠢ ᠪᠠᠷᠢᠮᠲᠠᠯᠠᠨ᠂ ᠬᠡᠤᠬᠡᠳ ᠤᠨ ᠴᠡᠴᠡᠷᠯᠢᠭ ᠤᠨ ᠪᠥᠬᠦ ᠲᠠᠯ᠎ᠠ ᠪᠠᠷ ᠵᠣᠬᠢᠴᠠᠩᠭᠤᠶ᠂ ᠦᠷᠭᠦᠯᠵᠢᠯᠡᠨ ᠬᠥᠭᠵᠢᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠠᠶ᠃     ᠳᠡᠳ᠋ ᠴᠡᠴᠡᠷᠯᠢᠭ ᠤᠨ ᠳᠠᠷᠤᠭ᠎ᠠ ᠵᠠᠩ ᠵᠢᠩ ︽2023 ᠣᠨ ᠤ ᠴᠡᠴᠡᠷᠯᠢᠭ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ︾ ᠬᠢᠵᠦ᠂ ᠬᠡᠤᠬᠡᠳ ᠤᠨ ᠴᠡᠴᠡᠷᠯᠢᠭ ᠤᠨ ᠦᠨᠳᠦᠰᠦᠨ ᠪᠠᠶᠢᠳᠠᠯ᠂ ᠨᠠᠮ ᠤᠨ ᠪᠠᠶᠢᠭᠤᠯᠤᠯᠲᠠ ᠶᠢᠨ ᠠᠵᠢᠯ᠂ ᠡᠷᠡᠭᠦᠯ ᠬᠠᠮᠠᠭᠠᠯᠠᠯ ᠡᠷᠡᠭᠦᠯᠵᠢᠯ᠂ ᠲᠣᠭᠤᠭᠠᠨ ᠬᠡᠷ ᠤᠨ ᠢᠳᠡᠭᠡᠨ ᠤ ᠠᠮᠤᠷ ᠲᠦᠪᠰᠢᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠬᠡᠷ ᠤᠨ ᠠᠬᠠᠮᠠᠳ ᠤᠨ ᠠᠵᠢᠯ ᠵᠡᠷᠭᠡ ᠲᠠᠯ᠎ᠠ ᠪᠠᠷ ᠨᠠᠷᠢᠨ ᠲᠠᠨᠢᠯᠴᠠᠭᠤᠯᠪᠠ᠃ ᠪᠦᠬᠦ ᠴᠡᠴᠡᠷᠯᠢᠭ ᠤᠨ ᠪᠠᠭᠰᠢ ᠠᠵᠢᠯᠳᠠᠨ ᠬᠠᠮᠲᠤ ᠪᠠᠷ ᠲᠡᠮᠡᠴᠡᠵᠦ᠂ ᠮᠣᠷᠠᠯ ᠢ ᠴᠢᠬᠤᠯᠠᠴᠢᠯᠠᠵᠤ᠂ ᠤᠯᠠᠮᠵᠢᠯᠠᠯᠲᠤ ᠰᠣᠶᠣᠯ ᠢᠶᠠᠷ ᠠᠴᠢᠶᠠᠯᠠᠪᠤᠷᠢ ᠪᠣᠯᠭᠠᠵᠤ᠂ ᠪᠡᠶ᠎ᠡ ᠪᠠᠨ ᠳᠠᠭᠠᠭᠠᠵᠤ ᠪᠠᠶᠠᠷ ᠬᠦᠷ ᠲᠠᠢ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠨᠡᠩ ᠥᠷᠭᠡᠨ ᠬᠠᠷᠠᠭᠠᠰᠤ᠂ ᠨᠡᠩ ᠪᠣᠳᠠᠲᠠᠢ ᠶᠢ ᠡᠷᠬᠢᠮᠯᠡᠬᠦ ᠣᠪᠣᠷ ᠢᠶᠠᠷ ᠴᠢᠩ ᠦᠨᠡᠨᠴᠢ ᠪᠠᠷ ᠪᠦᠯᠬᠦᠮᠳᠡᠵᠦ᠂ ᠤᠭ ᠰᠠᠨᠠᠭ᠎ᠠ ᠪᠠᠨ ᠪᠠᠲᠤ ᠰᠠᠬᠢᠵᠤ᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠰᠢᠨ᠎ᠡ ᠪᠠᠶᠢᠳᠠᠯ ᠳᠣᠣᠷᠠᠬᠢ ᠬᠡᠦᠬᠡᠳ ᠤᠨ ᠴᠡᠴᠡᠷᠯᠢᠭ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠶᠢ ᠬᠦᠰᠡᠵᠦ ᠪᠠᠶᠢᠨ᠎ᠠ︕     ᠬᠠᠮᠤᠭ ᠰᠡᠬᠦᠯ ᠳᠤ᠂ ᠳᠡᠳ᠋ ᠴᠡᠴᠡᠷᠯᠢᠭ ᠤᠨ ᠳᠠᠷᠤᠭ᠎ᠠ ᠮᠠ ᠸᠧᠢ ᠬᠤᠩ ᠬᠤᠷᠠᠯ ᠲᠡᠭᠦᠰᠬᠦ ᠦᠭᠡ ᠬᠡᠯᠡᠵᠦ᠂ ᠤᠯᠠᠨ ᠢᠶᠠᠷ ᠢᠶᠠᠨ ᠡᠵᠡᠨ ᠬᠥᠮᠦᠨ ᠤ ᠤᠬᠠᠮᠰᠠᠷ ᠪᠣᠯᠤᠨ ᠬᠠᠷᠢᠭᠤᠴᠠᠯᠭᠠᠲᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠨᠠᠮ ᠤᠨ ᠦᠢᠯᠡᠰ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢ ᠦᠨᠡᠨᠬᠦ ᠭᠦᠢᠴᠡᠳᠬᠡᠵᠦ᠂ ᠳᠡᠭᠡᠳᠦ ᠬᠡᠮᠵᠢᠶᠡᠨ ᠤ ᠬᠠᠯᠠᠭᠤᠨ ᠰᠡᠳᠬᠢᠯᠭᠡ ᠪᠠᠷ ᠬᠡᠦᠬᠡᠳ ᠤᠨ ᠴᠡᠴᠡᠷᠯᠢᠭ ᠤᠨ ᠥᠭᠡᠷᠡᠴᠢᠯᠡᠯᠲᠡ ᠪᠣᠯᠤᠨ ᠪᠦᠳᠦᠬᠡᠨ ᠪᠠᠶᠢᠭᠤᠯᠤᠯᠲᠠ ᠳᠤ ᠣᠷᠣᠯᠴᠠᠵᠤ᠂ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠠᠷ ᠢᠶᠠᠨ ᠰᠢᠨ᠎ᠡ ᠪᠠᠶᠢᠳᠠᠯ ᠢ ᠳᠡᠯᠭᠡᠨ ᠦᠵᠡᠭᠦᠯᠵᠦ᠂ ᠶᠡᠭᠡ ᠬᠠᠶᠢᠷ᠎ᠠ ᠪᠠᠷ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠪᠡ᠃     ᠲᠣᠰ ᠤᠳᠠᠭᠠᠨ ᠤ ᠶᠡᠭᠡ ᠬᠤᠷᠠᠯ ᠢ ᠬᠤᠷᠠᠯᠳᠤᠭᠤᠯᠤᠭᠰᠠᠨ ᠨᠢ ᠬᠡᠤᠬᠡᠳ ᠤᠨ ᠴᠡᠴᠡᠷᠯᠢᠭ ᠤᠨ ᠡᠯ᠎ᠡ ᠵᠦᠢᠯ ᠤᠨ ᠠᠵᠢᠯ ᠢ ᠨᠠᠩ ᠠᠷᠠᠳᠴᠢᠯᠠᠯ ᠲᠠᠢ ᠪᠣᠯᠭᠠᠵᠤ᠂ ᠬᠡᠤᠬᠡᠳ ᠤᠨ ᠴᠡᠴᠡᠷᠯᠢᠭ ᠤᠨ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠬᠦᠴᠦᠲᠡᠶ ᠪᠠᠲᠤᠯᠠᠭ᠎ᠠ ᠬᠠᠩᠭᠠᠵᠤ᠂ ᠨᠠᠩ ᠰᠠᠶᠢᠨ ᠤᠷᠤᠭᠰᠢ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠵᠠᠯᠠᠨ ᠠᠶᠢᠯ ᠬᠤᠳᠠ ᠶᠢᠨ ᠬᠡᠦᠬᠡᠳ ᠤᠨ ᠴᠡᠴᠡᠷᠯᠢᠭ ᠤᠨ ᠪᠦᠬᠦ ᠪᠠᠭᠰᠢ ᠠᠵᠢᠯᠳᠠᠨ ᠯᠠᠪᠲᠠᠢ ᠤᠬ ᠰᠠᠨᠠᠭ᠎ᠠ ᠪᠠᠨ ᠦᠯᠦ ᠮᠠᠷᠲᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠬᠡᠦᠬᠡᠳ ᠤᠨ ᠴᠡᠴᠡᠷᠯᠢᠭ ᠤᠨ ᠬᠥᠭᠵᠢᠯᠲᠡ ᠳᠤ ᠰᠢᠨ᠎ᠡ ᠬᠠᠭᠤᠳᠠᠰᠤ ᠶᠢ ᠬᠠᠮᠲᠤᠪᠠᠷ ᠰᠦᠪᠡᠭᠴᠢᠯᠡᠬᠦ ᠪᠣᠯᠤᠨ᠎ᠠ︕
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ