ᠬᠤᠲᠠ ᠶᠢᠨ ᠨᠣᠮ ᠤᠨ ᠰᠠᠩ ︽ᠠᠯᠲᠠᠨ ᠨᠠᠮᠤᠷ ᠤᠨ ᠬᠠᠶᠢᠷ᠎ᠠ ᠰᠡᠳᠬᠢᠯᠭᠡ ᠪᠠᠷ ᠶᠢᠰᠦᠨ ᠰᠠᠷ᠎ᠠ ᠶᠢᠨ ᠶᠢᠰᠦᠨ ᠢ ᠳᠤᠯᠠᠭᠠᠴᠠᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/31
    ᠨᠠᠮ ᠪᠠ ᠵᠠᠰᠠᠭ ᠤᠨ ᠣᠷᠳᠣᠨ ᠤ ᠢᠳᠡᠪᠬᠢᠲᠡᠶ ᠰᠠᠨᠠᠭᠠᠴᠢᠯᠠᠭ᠎ᠠ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠶᠢᠨ ᠠᠩᠬᠠᠷᠤᠯ ᠤᠨ ᠳᠣᠣᠷ᠎ᠠ᠂ ︽ᠨᠠᠰᠤᠲᠠᠨ ᠢᠶᠠᠨ ᠬᠦᠨᠳᠦᠯᠡᠬᠦ᠂  ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ︾ ᠨᠢ ᠡᠳᠦᠷ ᠢᠷᠡᠬᠦᠶ᠎ᠡ ᠡᠶ᠎ᠡ ᠵᠣᠬᠢᠴᠠᠯ ᠲᠠᠢ ᠨᠡᠶᠢᠭᠡᠮ ᠤᠨ ᠬᠥᠮᠦᠰ ᠤᠨ ᠰᠡᠳᠬᠢᠯ ᠢ ᠬᠥᠳᠡᠯᠭᠡᠮ᠎ᠡ ᠠᠶᠠᠰ ᠤᠨ ᠲᠡᠮᠳᠡᠭ᠂ ᠰᠠᠶᠢᠨ ᠰᠠᠶᠢᠬᠠᠨ ᠬᠡᠪ ᠰᠤᠷᠲᠠᠯ ᠪᠤᠯᠵᠤ ᠪᠠᠶᠢᠨ᠎ᠠ᠃ ᠡᠨᠡ ᠬᠦ ᠤᠯᠠᠮᠵᠢᠯᠠᠯ ᠢ ᠵᠠᠯᠭᠠᠮᠵᠢᠯᠠᠵᠤ᠂ ᠨᠠᠰᠤᠲᠠᠶᠢᠴᠤᠳ ᠲᠤ ᠪᠤᠶᠠᠨ ᠦᠢᠯᠡᠳᠬᠦ ᠪᠠᠶᠠᠷ ᠤᠨ ᠡᠳᠦᠷ ᠢ ᠪᠡᠯᠭᠡᠯᠡᠬᠦ ᠶᠢᠨ ᠲᠥᠯᠥᠭᠡ᠂ ᠡᠨᠡ ᠬᠦ ᠪᠣᠯᠪᠠᠰᠤᠨ ᠲᠠᠪᠰᠢᠯᠳᠠ ᠲᠠᠢ᠂ ᠪᠠᠶᠠᠨ ᠴᠢᠨᠡᠭᠡᠯᠢᠭ ᠴᠠᠭ ᠦᠶ᠎ᠡ ᠶᠢ ᠮᠠᠭᠲᠠᠨ ᠳᠠᠭᠤᠯᠠᠬᠤ ᠶᠢᠨ ᠲᠥᠯᠥᠭᠡ᠂ ᠵᠠᠯᠠᠨ ᠠᠶᠢᠯ ᠬᠤᠳᠠ ᠶᠢᠨ ᠨᠣᠮ ᠤᠨ ᠰᠠᠩ᠂ ᠵᠧᠩ ᠶᠠᠩ ᠵᠡᠭᠡᠯᠢ ᠭᠤᠳᠤᠮᠵᠢ ᠶᠢᠨ ᠶᠠᠨ ᠾᠧ ᠨᠡᠶᠢᠭᠡᠮ ᠲᠣᠭᠤᠷᠢᠭ ᠂ ᠵᠧᠩ ᠶᠠᠩ ᠵᠡᠭᠡᠯᠢ ᠭᠤᠳᠤᠮᠵᠢ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠦᠷᠳᠡᠭᠡ ᠬᠠᠮᠲᠤᠪᠠᠷ ︽ᠬᠠᠶᠢᠷ᠎ᠠ ᠠᠯᠲᠠᠨ ᠨᠠᠮᠤᠷ ᠤᠨ ᠤᠯᠠᠷᠢᠯ ᠳᠤ ᠶᠢᠰᠦᠨ ᠰᠠᠷ᠎ᠠ ᠶᠢᠨ ᠶᠢᠰᠦᠨ ᠢ ᠳᠤᠯᠠᠭᠠᠴᠠᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠤᠣᠯᠯᠠᠨ ᠡᠷᠬᠢᠯᠡᠪᠡ᠃     ᠲᠣᠭᠯᠠᠭᠴᠢᠳ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠳ ᠲᠤ ᠤᠷᠠᠨ ᠰᠠᠶᠢᠬᠠᠨ ᠤ ᠲᠣᠭᠯᠠᠯᠲᠠ ᠡᠷᠭᠦᠵᠡᠶ᠃ ᠳᠠᠭᠤᠷᠢ ᠪᠤᠭᠤᠷᠤᠯ ᠬᠡᠦᠬᠡᠨ ᠤ ᠰᠣᠩᠭᠤᠭᠰᠠᠨ ᠬᠡᠰᠡᠭ ︽ᠤᠯᠠᠭᠠᠨ ᠲᠣᠯᠣᠭᠠᠶᠢᠲᠤ ᠳᠡᠭᠡᠰᠦ︾᠂ ᠯᠢᠦ ᠷᠦᠩ ᠤᠨ ᠠᠪᠴᠢᠷᠠᠭᠰᠠᠨ ︽ᠨᠢᠭᠡ ᠳᠡᠪᠦᠷ᠎ᠡ ᠠᠷᠢᠬᠢ︾᠂ ᠶᠢᠨ ᠬᠦᠶ ᠰᠢᠶᠠᠩ᠂ ᠵᠣᠣ ᠸᠧᠶ ᠶᠢᠨ ᠠᠪᠴᠢᠷᠠᠭᠰᠠᠨ ︽ᠪᠦᠭᠦᠳᠡ ᠨᠠᠶᠢᠷᠠᠮᠳᠠᠬᠤ ᠤᠯᠤᠰ ᠤᠨ ᠢᠨᠠᠭ ᠳᠤᠷᠠᠯᠠᠯ︾᠂ ᠪᠢᠰᠬᠢᠭᠦᠷ ᠤᠨ ᠭᠤᠴᠣᠯᠠᠯ ᠬᠥᠭᠵᠢᠮ ︽ᠬᠦᠰᠡᠯ ᠢᠶᠠᠨ ᠪᠡᠶᠡᠯᠡᠭᠦᠯᠦᠶ᠎ᠡ︾ ᠵᠡᠷᠭᠡ ᠠᠯᠢ ᠣᠯᠠᠨ ᠲᠣᠭᠯᠠᠯᠲᠠ ᠶᠢ ᠬᠥᠭᠵᠢᠮᠳᠡᠵᠡᠶ᠃ ᠶᠢᠨ ᠬᠦᠶ ᠰᠢᠶᠠᠩ᠂ ᠵᠣᠣ ᠸᠧᠶ ᠶᠢᠨ ᠠᠪᠴᠢᠷᠠᠭᠰᠠᠨ ᠬᠤᠣᠰᠯᠠᠯ ᠳᠠᠭᠤᠤ ︽ᠪᠦᠭᠦᠳᠡ ᠨᠠᠶᠢᠷᠠᠮᠳᠠᠬᠤ ᠤᠯᠤᠰ ᠤᠨ ᠢᠨᠠᠭ ᠳᠤᠷᠠᠯᠠᠯ︾᠂ ᠪᠢᠰᠬᠢᠭᠦᠷ ᠤᠨ ᠭᠤᠴᠣᠯᠠᠯ ᠬᠥᠭᠵᠢᠮ ︽ᠬᠦᠰᠡᠯ ᠢᠶᠠᠨ ᠪᠡᠶᠡᠯᠡᠭᠦᠯᠦᠶ᠎ᠡ︾ ᠵᠡᠷᠭᠡ ᠵᠦᠢᠯᠡᠰ ᠢ ᠳᠠᠭᠤᠯᠠᠵᠠᠶ᠃ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠤᠨ ᠦᠵᠡᠬᠦ ᠪᠠᠷ ᠲᠤᠩ ᠤᠷᠮ᠎ᠠ ᠪᠠᠬ᠎ᠠ ᠲᠠᠢ᠂ ᠡᠨᠡ ᠨᠢ ᠨᠣᠮ ᠤᠨ ᠰᠠᠩ ᠤᠨ ᠠᠵᠢᠯᠲᠠᠳ ᠤᠨ ᠰᠡᠳᠬᠢᠯ ᠢ ᠳᠤᠯᠠᠭᠠᠴᠠᠭᠤᠯᠵᠤ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠲᠡᠭᠡᠵᠦ᠂ ᠲᠡᠳᠡᠨ ᠤ ᠠᠵᠢᠯ ᠤᠨ ᠴᠢᠯᠥᠭᠡᠨ ᠤ ᠠᠮᠢᠳᠤᠷᠠᠯ ᠢ ᠴᠤ ᠪᠠᠶᠠᠯᠢᠭᠵᠢᠭᠤᠯᠤᠭᠰᠠᠨ ᠪᠠᠶᠢᠨ᠎ᠠ ᠃ ᠡᠨᠡ ᠨᠢ ᠨᠣᠮ ᠤᠨ ᠰᠠᠩ ᠤᠨ ᠠᠵᠢᠯᠲᠠᠳ ᠤᠨ ᠰᠡᠳᠬᠢᠯ ᠢ ᠳᠤᠯᠠᠭᠠᠴᠠᠭᠤᠯᠵᠤ᠂ ᠲᠡᠳᠡᠨ ᠤ ᠠᠵᠢᠯ ᠤᠨ ᠴᠢᠯᠥᠭᠡᠨ ᠤ ᠠᠮᠢᠳᠤᠷᠠᠯ ᠢ ᠴᠤ ᠪᠠᠶᠠᠯᠢᠭᠵᠢᠭᠤᠯᠤᠭᠰᠠᠨ ᠪᠠᠶᠢᠨ᠎ᠠ᠃     ᠲᠣᠭᠯᠠᠯᠲᠠ ᠶᠢ ᠦᠵᠡᠵᠦ ᠪᠠᠷᠠᠭᠰᠠᠨ ᠤ ᠳᠠᠷᠠᠭ᠎ᠠ ᠵᠠᠯᠠᠨ ᠠᠶᠢᠯ ᠬᠤᠳᠠ ᠶᠢᠨ ᠨᠣᠮ ᠤᠨ ᠰᠠᠩ ᠤᠨ ᠠᠵᠢᠯᠳᠠᠨ ᠰᠢ ᠸᠠᠩ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠰᠣᠷᠭᠤᠭ ᠴᠡᠴᠡᠭ ᠲᠦᠭᠡᠭᠡᠭᠰᠡᠨ ᠪᠥᠭᠡᠳ ᠠᠵᠢᠯᠲᠠᠳ ᠲᠠᠢ ᠪᠠᠨ ᠬᠠᠮᠲᠤ ᠨᠠᠰᠤᠲᠠᠶᠢᠴᠤᠳ ᠲᠤ ᠪᠠᠩᠰᠢ ᠪᠠᠷᠢᠵᠤ᠂ ᠨᠠᠰᠤᠲᠠᠨ ᠢ ᠠᠰᠠᠷᠠᠬᠤ ᠬᠦᠷᠢᠶᠡᠯᠡᠩ ᠳᠤ ︽ᠪᠠᠩᠰᠢ ᠶᠢᠨ ᠳᠠᠶᠢᠯᠠᠯᠭ᠎ᠠ︾ ᠪᠢᠯᠬᠠᠵᠤ᠂ ᠨᠠᠰᠤᠲᠠᠨ ᠢ ᠬᠦᠨᠳᠦᠯᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠪᠢᠯᠬᠠᠵᠤ ᠂ ᠨᠠᠰᠤᠲᠠᠶᠢᠴᠤᠳ ᠤᠨ ᠶᠢᠰᠦᠨ ᠰᠠᠷ᠎ᠠ ᠶᠢᠨ ᠶᠢᠰᠦᠨ ᠤ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠪᠡ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠨᠠᠰᠤᠲᠠᠶᠢᠴᠤᠳ ᠲᠤ ᠨᠢᠭᠡᠨ ᠪᠦᠷᠢᠨ ᠲᠡᠭᠦᠯᠳᠡᠷ ᠪᠥᠭᠡᠳ ᠤᠳᠬ᠎ᠠ ᠠᠭᠤᠯᠭ᠎ᠠ ᠲᠠᠢ ᠶᠢᠰᠦᠨ ᠰᠠᠷ᠎ᠠ ᠶᠢᠨ ᠶᠢᠰᠦᠨ ᠤ ᠪᠠᠶᠠᠷ ᠢ ᠥᠩᠭᠡᠷᠡᠭᠦᠯᠵᠦ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠰᠠᠭᠤᠷᠢᠨ ᠳᠡᠭᠡᠷ᠎ᠡ ᠲᠡᠳᠡᠨ ᠳᠤ ᠨᠣᠮ ᠤᠨ ᠰᠠᠩ ᠤᠨ ᠬᠥᠮᠦᠯᠢᠭ ᠬᠠᠯᠠᠮᠵᠢᠯᠠᠯ ᠢ ᠬᠦᠷᠲᠡᠭᠡᠭᠰᠡᠨ ᠪᠠᠶᠢᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ