ᠵᠠᠭᠤᠨ ᠵᠢᠯ ᠤᠨ ᠨᠠᠮ ᠤᠨ ᠲᠡᠤᠬᠡ ᠶᠢ ᠰᠤᠷᠤᠯᠴᠠᠵᠤ ᠤᠯᠤᠰ ᠤᠨ ᠠᠮᠤᠷ ᠲᠦᠪᠰᠢᠨ ᠢ ᠪᠠᠲᠤ ᠪᠠᠬᠢ ᠴᠣᠭᠴᠠᠯᠠᠶ᠎ᠠ — ᠵᠠᠯᠠᠨ ᠠᠶᠢᠯ ᠬᠤᠲᠠ ᠶᠢᠨ ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠤᠮᠠᠷᠠᠲᠤ ᠬᠢᠯᠢ ᠳᠤ ᠪᠠᠶᠢᠬᠤ︾ ᠤᠯᠠᠭᠠᠨᠮᠥ᠋ᠴᠢᠷ ᠤᠨ ᠵᠠᠭᠤᠨ ᠲᠠᠯᠠᠪᠠᠶ ᠶᠢᠨ ᠤᠬᠠᠭᠤᠯᠭ᠎ᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2023/10/31
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠤᠨ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠵᠦ᠂ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ︾ ᠶᠢᠨ ᠶᠡᠭᠡ ᠠᠮᠤᠷ ᠲᠦᠪᠰᠢᠨ ᠤ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ 10 ᠰᠠᠷ᠎ᠠ ᠶᠢᠨ 23 ᠤ ᠡᠳᠦᠷ᠂ ᠵᠠᠯᠠᠨ ᠠᠶᠢᠯ ᠬᠤᠳᠠ ᠶᠢᠨ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ︾ ᠶᠢᠨ ᠤᠯᠠᠭᠠᠨᠮᠥ᠋ᠴᠢᠷ ᠤᠨ ᠵᠠᠭᠤᠨ ᠲᠠᠯᠠᠪᠠᠢ ᠶᠢᠨ ᠤᠬᠠᠭᠤᠯᠭ᠎ᠠ ᠶᠢᠨ ᠠᠵᠢᠯᠯᠠᠭ᠎ᠠ ᠤᠯᠠᠭᠠᠨᠮᠥ᠋ᠴᠢᠷ ᠤᠨ ᠣᠷᠳᠣᠨ ᠳᠤ ᠦᠪᠡᠳᠡᠭᠰᠢ ᠶᠡᠬᠡᠪᠡᠷ ᠶᠠᠪᠤᠭᠳᠠᠪᠠ᠃     ᠭᠡᠷᠡᠯ ᠰᠠᠴᠤᠷᠠᠩᠭᠤᠢ ᠲᠠᠶᠢᠰᠠᠨ ᠳᠡᠭᠡᠷ᠎ᠡ᠂ ᠤᠯᠠᠭᠠᠨᠮᠥ᠋ᠴᠢᠷ ᠤᠨ ᠬᠢᠨ ᠤᠷᠠᠯᠢᠭ ᠤᠨ ᠬᠡᠯᠪᠡᠷᠢ ᠪᠠᠷ ᠵᠠᠭᠤᠨ ᠵᠢᠯ ᠤᠨ ᠨᠠᠮ ᠤᠨ ᠲᠡᠦᠬᠡ ᠶᠢ ᠠᠭᠤᠰᠤᠯᠴᠠᠭᠤᠯᠵᠤ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢᠨ ᠤᠢᠢᠯᠠᠭᠠᠭᠳᠠᠬᠤᠨ ᠢ ᠲᠠᠶᠢᠯᠪᠤᠷᠢᠯᠠᠪᠠ᠃ ᠲᠡᠦᠬᠡ ᠪᠠ ᠤᠳᠤ ᠦᠶ᠎ᠡ ᠰᠣᠯᠪᠢᠴᠠᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠦᠬᠦᠬᠦ ᠠᠴᠠ ᠪᠢᠰᠢ ᠨᠤᠭᠤᠷᠠᠬᠤ ᠦᠭᠡᠢ ᠤᠯᠤᠰ ᠤᠨ ᠨᠢᠭᠤᠴᠠ ᠶᠢ ᠬᠠᠮᠠᠭᠠᠯᠠᠵᠤ᠂ ᠦᠵᠡᠭᠴᠢᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠤᠷᠰᠢᠬᠢ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠨᠡᠩ ᠰᠢᠭᠤᠳ ᠣᠶᠢᠯᠠᠭᠠᠭᠤᠯᠵᠤ᠂ ᠬᠥᠮᠦᠰ ᠤᠨ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠤᠤᠷᠢᠶ᠎ᠠ‌‍ᠶᠢ ᠬᠥᠭᠵᠢᠭᠡᠵᠦ᠂ ᠥᠪᠡᠷᠮᠢᠴᠡ ᠤᠷᠠᠨ ᠰᠠᠨᠠᠭ᠎ᠠ ᠲᠠᠢ ᠤᠳᠬ᠎ᠠ ᠤᠷᠠᠯᠢᠭ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠬᠦ ᠪᠣᠯᠤᠨ᠎ᠠ᠃     ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠤᠷᠠᠨ ᠰᠠᠶᠢᠬᠠᠨ ᠤ ᠲᠣᠭᠯᠠᠯᠲᠠ ᠶᠢᠨ ᠤᠬᠠᠭᠤᠯᠭ᠎ᠠ ᠨᠢ ᠲᠡᠦᠬᠡ ᠶᠢᠨ ᠭᠡᠷᠡᠯ ᠭᠢᠯᠪᠠᠭ᠎ᠠ ᠪᠠᠷ ᠢᠷᠡᠭᠡᠳᠦᠢ ᠶᠢ ᠭᠡᠶᠢᠭᠦᠯᠵᠡᠢ᠃ ᠡᠨᠡ ᠮᠥᠴᠡ ᠳᠤ᠂ ᠪᠢᠳᠡ ᠨᠢᠭᠡ ᠲᠠᠩᠬᠢᠮ ᠳᠤ ᠴᠤᠭᠯᠠᠷᠠᠵᠤ᠂ ᠤᠷᠠᠯᠢᠭ ᠤᠨ ᠬᠦᠴᠦᠨ ᠴᠢᠳᠠᠯ ᠢ ᠮᠡᠳᠡᠷᠡᠵᠦ᠂ ᠳᠤᠮᠳᠠᠳᠤ ᠤᠯᠤᠰ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠠᠮ ᠳᠡᠭᠡᠷᠡᠬᠢ ᠡᠷᠡᠰ ᠪᠠᠲᠤ ᠠᠯᠬᠤᠮ ᠢ ᠬᠠᠮᠲᠤᠪᠠᠷ ᠭᠡᠷᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠬᠠᠮᠲᠤᠪᠠᠷ ᠡᠷᠢᠯᠬᠢᠯᠡᠵᠦ᠂ ᠰᠢᠨ᠎ᠡ ᠴᠠᠭ ᠦᠶ᠎ᠡ ᠶᠢᠨ ᠭᠡᠷᠡᠯ ᠰᠠᠴᠤᠷᠠᠩᠭᠤᠢ ᠬᠠᠭᠤᠳᠠᠰᠤ ᠶᠢ ᠬᠠᠮᠲᠤᠪᠠᠷ ᠪᠢᠴᠢᠭᠯᠡᠶ᠎ᠡ︕
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ