ᠬᠤᠲᠠ ᠶᠢᠨ ᠨᠣᠮ ᠤᠨ ᠰᠠᠩ ︽  ᠨᠠᠢᠮᠠᠨ ᠰᠠᠷ᠎ᠠ ᠶᠢᠨ ᠲᠡᠷᠭᠡᠯ ᠪᠠᠶᠠᠷ ᠢ ᠤᠭᠲᠤᠵᠤ ᠤᠯᠤᠰ ᠤᠨ ᠪᠠᠶᠠᠷ ᠢ ᠪᠡᠯᠭᠡᠯᠡᠬᠦ︾ ᠬᠦᠴᠢᠷᠳᠡᠯ ᠳᠤ ᠲᠤᠯᠭᠠᠷᠠᠭᠰᠠᠨ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/7
    9 ᠰᠠᠷ᠎ᠠ ᠶᠢᠨ 27      ᠤ ᠡᠳᠦᠷ᠂ ᠬᠤᠲᠠ ᠶᠢᠨ ᠨᠣᠮ ᠤᠨ ᠰᠠᠩ ᠬᠦᠴᠢᠷᠳᠡᠯ ᠳᠤ ᠲᠤᠯᠭᠠᠷᠠᠭᠰᠠᠨ ᠬᠠᠮᠲᠤᠯᠢᠭ ᠤᠨ ᠬᠤᠶᠠᠷ ᠪᠠᠶᠠᠷ ᠤᠨ ᠡᠳᠦᠷ ᠢ ᠬᠠᠯᠠᠭᠤᠨ ᠢᠶᠠᠷ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠤ ᠠᠮᠢᠳᠤᠷᠠᠯ ᠤᠨ ᠠᠪᠤᠷᠠᠨ ᠲᠤᠰᠠᠯᠠᠯᠲᠠ ᠶᠢ ᠴᠢᠩᠭᠠᠳᠬᠠᠵᠤ᠂ ᠬᠤᠶᠠᠷ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃    ᠬᠤᠲᠠ ᠶᠢᠨ ᠨᠣᠮ ᠤᠨ ᠰᠠᠩ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠦᠴᠢᠷᠳᠡᠯ ᠳᠤ ᠲᠤᠯᠭᠠᠷᠠᠭᠰᠠᠨ ᠬᠥᠮᠦᠰ ᠲᠤ ᠨᠣᠮ ᠪᠢᠴᠢᠭ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠶᠧᠪᠡᠩ ᠬᠦᠷᠭᠡᠨ ᠥᠭᠴᠦ᠂ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠪᠣᠯᠤᠨ ᠬᠡᠦᠬᠡᠳ ᠤᠳ ᠤᠨ ᠰᠤᠷᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠬᠡᠦᠬᠡᠳ ᠢ ᠬᠠᠪᠰᠤᠷᠤᠨ ︽ᠨᠣᠮ ᠪᠢᠴᠢᠭ ᠦᠵᠡᠬᠦ ᠳᠤ ᠬᠦᠴᠢᠷ᠂ ᠨᠣᠮ ᠵᠢᠭᠡᠯᠡᠬᠦ ᠳᠤ ᠬᠦᠴᠢᠷ︾ ᠠᠰᠠᠭᠤᠳᠠᠯ ᠢ ᠨᠢ ᠨᠠᠮᠳᠠᠭᠤᠯᠵᠤ᠂ ᠲᠡᠳᠡᠨ ᠳᠤ ᠡᠷᠳᠡᠮ ᠮᠡᠳᠡᠯᠭᠡ ᠶᠢᠨ ᠷᠠᠰᠢᠶᠠᠨ  ᠶᠢ  ᠤᠤᠭᠤᠯᠭᠠᠵᠤ᠂ ᠨᠣᠮ ᠪᠢᠴᠢᠭ ᠤᠩᠰᠢᠬᠤ ᠪᠠᠶᠠᠷ ᠪᠠᠶᠠᠰᠤᠯ ᠢ ᠡᠳ᠋ᠯᠡᠭᠦᠯᠦᠭᠰᠡᠨ ᠪᠠᠶᠢᠨ᠎ᠠ᠃    ᠬᠤᠲᠠ ᠶᠢᠨ ᠨᠣᠮ ᠤᠨ ᠰᠠᠩ᠂ ᠡᠲᠡᠭᠡᠷ ᠬᠠᠶᠢᠷ᠎ᠠ ᠬᠠᠯᠠᠮᠵᠢ ᠪᠠᠷ ᠳᠦᠭᠦᠷᠡᠩ  ᠨᠣᠮ ᠪᠢᠴᠢᠭ ᠢ ᠬᠦᠴᠢᠷᠳᠡᠯ ᠳᠤ ᠲᠤᠯᠭᠠᠷᠠᠭᠰᠠᠨ ᠬᠡᠷ ᠪᠦᠯᠢ ᠶᠢᠨ ᠬᠡᠤᠬᠡᠳ ᠤᠳ ᠲᠤ ᠬᠦᠷᠭᠡᠵᠦ᠂ ᠨᠢᠭᠡ ᠨᠢᠭᠡ ᠨᠣᠮ ᠢᠶᠠᠷ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠲᠡᠳᠡᠨ ᠤ ᠢᠳᠡᠪᠬᠢᠲᠡᠶ ᠪᠠᠷ ᠤᠷᠤᠭᠰᠢᠯᠠᠨ ᠳᠡᠪᠰᠢᠵᠦ᠂ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠵᠣᠷᠢᠭᠵᠢᠭᠤᠯᠵᠠᠶ᠃    ᠶᠣᠰᠣᠯᠠᠯ ᠲᠡᠭᠦᠰᠦᠭᠰᠡᠨ ᠤ ᠳᠠᠷᠠᠭ᠎ᠠ᠂ ᠰᠠᠶᠢᠨ ᠳᠤᠷ᠎ᠠ ᠶᠢᠨ ᠠᠵᠢᠯᠯᠠᠭᠴᠢᠳ ᠬᠦᠴᠢᠷᠳᠡᠯ ᠳᠤ ᠲᠤᠯᠭᠠᠷᠠᠭᠰᠠᠨ ᠬᠡᠷ ᠪᠦᠯᠢ ᠳᠤ ᠮᠡᠬᠡᠯᠡᠯ ᠢ ᠡᠰᠡᠷᠭᠦᠴᠡᠬᠦ᠂ ᠨᠠᠮᠤᠷ ᠤᠨ ᠤᠯᠠᠷᠢᠯ ᠤᠨ ᠪᠡᠶ᠎ᠡ ᠰᠤᠪᠢᠯᠠᠯᠲᠠ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢ ᠳᠡᠯᠭᠡᠷᠡᠭᠦᠯᠵᠦ᠂ ᠲᠤᠬᠠᠶ ᠶᠢᠨ ᠲᠠᠯᠠᠪᠤᠷ ᠲᠤ ᠪᠠᠶᠢᠭᠰᠠᠨ ᠣᠯᠠᠨ ᠲᠦᠮᠡᠨ ᠳᠤ ᠪᠡᠶ᠎ᠡ ᠪᠠᠨ ᠬᠠᠮᠠᠭᠠᠯᠠᠬᠤ ᠶᠢᠨ ᠬᠠᠮᠲᠤ ᠥᠷᠭᠡᠨ ᠣᠯᠠᠨ ᠤᠩᠰᠢᠭᠴᠢ ᠣᠯᠠᠨ ᠲᠦᠮᠡᠨ ᠤ ᠮᠡᠬᠡᠯᠡᠯ ᠢ ᠡᠰᠡᠷᠭᠦᠴᠡᠬᠦ ᠴᠢᠳᠠᠪᠤᠷᠢ ᠶᠢ ᠨᠠᠩ ᠴᠢᠩᠭᠠᠳᠬᠠᠬᠤ ᠬᠡᠷᠡᠭᠲᠡᠶ ᠭᠡᠵᠦ ᠰᠠᠨᠠᠭᠤᠯᠪᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ