ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ  ᠨᠠᠶᠢᠮᠡᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠬᠤᠤᠰ ᠪᠠᠶᠠᠷ ᠤᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠶ ᠰᠢᠪᠠᠳᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/10/7
    ᠨᠠᠶᠢᠮᠡᠨ ᠰᠠᠷ᠎ᠠ ᠶᠢᠨ ᠲᠡᠷᠭᠡᠯ ᠪᠠᠶᠠᠷ  ᠪᠠᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠠᠶᠤᠯ ᠥᠬᠡᠶ ᠦᠢᠯᠡᠳᠪᠤᠷᠢᠯᠡᠯ ᠤᠨ ᠠᠵᠢᠯ ᠤᠨ ᠲᠤᠬᠠᠶ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠥᠬᠡᠶ   ᠦᠢᠯᠡᠳᠪᠤᠷᠢᠯᠡᠯ  ᠤᠨ ᠭᠡᠨᠡᠳᠲᠡ ᠶᠢᠨ ᠴᠢᠨᠠᠷᠲᠠᠶ ᠬᠡᠷᠡᠭ ᠡᠭᠦᠰᠬᠦ ᠶᠢ ᠪᠥᠬᠦ ᠬᠦᠴᠦᠨ ᠢᠶᠠᠷ ᠢᠶᠠᠨ ᠠᠷᠭᠠᠴᠠᠵᠤ᠂ ᠡᠯ᠎ᠡ ᠲᠥᠷᠥᠯ ᠤᠨ ᠬᠦᠨᠳᠦ ᠶᠡᠭᠡ ᠠᠶᠤᠯ ᠥᠬᠡᠶ  ᠦᠢᠯᠡᠳᠪᠤᠷᠢᠯᠡᠯ ᠤᠨ ᠠᠳᠡᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠪᠠᠶᠠᠷ ᠬᠥᠷ ᠲᠠᠢ ᠥᠯᠵᠡᠶ ᠪᠡᠯᠭᠡ ᠲᠠᠢ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠶᠢ ᠦᠨᠡᠨᠬᠦ ᠪᠠᠲᠤᠯᠠᠬᠤ ᠶᠢᠨ ᠲᠥᠯᠥᠭᠡ ᠂ᠣᠶᠢᠷ᠎ᠠ ᠳᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠠᠶᠢᠭᠤᠯᠤᠭᠰᠠᠨ ᠲᠤᠰᠬᠠᠶ ᠪᠠᠶᠢᠴᠠᠭᠠᠬᠤ ᠳᠤᠭᠤᠶᠢᠯᠠᠩ ᠲᠣᠰ ᠲᠣᠰ ᠮᠠᠨ ᠤ ᠬᠤᠲᠠ ᠶᠢᠨ ᠰᠤᠷᠭᠠᠭᠤᠯᠢ ᠳᠤ ᠭᠦᠨᠵᠡᠭᠡᠶᠢᠷᠡᠨ ᠨᠠᠶᠢᠮᠡᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠤᠨ ᠬᠤᠤᠰ ᠪᠠᠶᠠᠷ ᠤᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠶ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ᠃      ᠪᠠᠶᠢᠴᠠᠭᠠᠬᠤ ᠳᠤᠭᠤᠶᠢᠯᠠᠩ ᠤᠨ ᠬᠢᠨ ︽ᠳᠥᠷᠪᠡᠨ ᠦᠭᠡᠶ ᠬᠤᠶᠠᠷ ᠰᠢᠯᠤᠭᠤᠨ︾ ᠤ ᠠᠷᠭ᠎ᠠ ᠶᠢ ᠠᠪᠴᠤ᠂ ᠲᠤᠰ ᠲᠤᠰ ᠮᠠᠨ ᠤ ᠬᠤᠲᠠ ᠶᠢᠨ ᠰᠤᠷᠭᠠᠭᠤᠯᠢ ᠶᠢᠨ ᠠᠮᠠᠷᠠᠯᠲᠠ ᠶᠢᠨ ᠬᠤᠭᠤᠴᠠᠭᠠᠨ ᠳᠠᠬᠢ ᠤᠳᠤᠷᠢᠳᠤᠯᠭ᠎ᠠ ᠶᠢᠨ ᠠᠩᠭᠢ ᠳᠠᠭᠠᠭᠤᠯᠤᠭᠰᠠᠨ ᠪᠠ ᠪᠠᠭᠰᠢ ᠶᠢᠨ ᠵᠢᠵᠢᠭᠦᠷᠯᠡᠨ ᠰᠠᠬᠢᠭᠰᠠᠨ᠂ ᠰᠤᠷᠭᠠᠭᠤᠯᠢ ᠪᠠᠨ ᠬᠠᠮᠠᠭᠠᠯᠠᠨ ᠲᠣᠭᠤᠷᠢᠨ ᠪᠠᠶᠢᠴᠠᠭᠠᠭᠰᠠᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠭᠰᠠᠨ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠴᠠᠭᠳᠠᠭᠠᠨ ᠤ ᠶᠠᠪᠤᠳᠠᠯ ᠤᠨ ᠲᠠᠰᠤᠭ᠂ ᠰᠤᠷᠭᠠᠭᠤᠯᠢ ᠶᠢᠨ ᠬᠡᠷ ᠪᠠᠶᠢᠰᠢᠩ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠭᠠᠯ ᠤᠨᠲᠠᠷᠠᠭᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠶᠢᠨ ᠲᠣᠬᠢᠷᠠᠭᠤᠯᠤᠯᠲᠠ᠂  ᠵᠢᠵᠢᠭᠦᠷᠯᠡᠨ ᠰᠠᠬᠢᠬᠤ ᠠᠵᠢᠯ ᠤᠨ ᠲᠣᠬᠢᠷᠠᠭᠤᠯᠤᠯᠲᠠ ᠵᠢᠴᠢ ᠰᠤᠷᠭᠠᠭᠤᠯᠢ ᠶᠢᠨ ᠳᠤᠯᠠᠭᠠᠯᠠᠭ᠎ᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠴᠠᠭᠠᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠠᠴᠠ ᠰᠤᠷᠭᠠᠭᠤᠯᠢ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠤ ᠬᠠᠮᠲᠤ  ᠵᠢᠵᠢᠭᠦᠷᠯᠡᠨ ᠰᠠᠬᠢᠬᠤ ᠬᠥᠮᠦᠰ ᠲᠤ ᠴᠢᠩᠭ᠎ᠠ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃    ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠯ᠎ᠡ ᠰᠤᠷᠭᠠᠭᠤᠯᠢ ᠨᠤᠭᠤᠳ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠲᠠᠯ᠎ᠠ ᠠᠴᠠ ᠡᠭᠦᠰᠴᠦ᠂ ᠠᠮᠠᠷᠠᠯᠲᠠ ᠶᠢᠨ ᠬᠤᠭᠤᠴᠠᠭᠠᠨ ᠳᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠤᠳᠠᠭ᠎ᠠ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠬᠥᠮᠦᠰ  ᠢ  ᠪᠦᠷᠢᠳᠬᠡᠬᠦ ᠲᠥᠷᠢᠮ ᠶᠢ ᠴᠢᠩᠭ᠎ᠠ ᠬᠡᠷᠡᠭᠵᠢᠭᠦᠯᠵᠦ᠂ ᠵᠢᠵᠢᠭᠦᠷᠯᠡᠭᠴᠢ ᠠᠵᠢᠯ  ‍ᠤᠨ‌‍ᠪᠠᠶᠢᠷᠢ  ᠲᠤ ᠪᠠᠶᠢᠬᠤ ᠬᠤᠭᠤᠴᠠᠭᠠᠨ ᠲᠤ ᠰᠤᠷᠭᠠᠭᠤᠯᠢ ᠵᠢᠨ‌‍ᠬᠦ᠋ᠷᠢᠶᠡᠨ  ᠤ ᠵᠢᠭᠠᠨ ᠰᠤᠷᠭᠠᠬᠤ ᠠᠰᠠᠷ᠂ ᠶᠡᠷᠦᠩᠬᠡᠶᠢᠯᠡᠭᠰᠡᠨ ᠠᠰᠠᠷ᠂ ᠪᠠᠶᠢᠷᠢ᠂ ᠬᠤᠭᠤᠯᠠᠨ ᠭᠡᠷ ᠵᠡᠷᠭᠡ ᠭᠠᠵᠠᠷ  ‍ᠤᠨ‌ᠡᠭᠦᠳᠡ ᠴᠣᠩᠬᠤ᠂ ᠤᠰᠤᠨ ᠴᠠᠬᠢᠯᠭᠠᠨ  ᠤ ᠪᠡᠯᠡᠳᠬᠡᠮᠵᠢ᠂ ᠭᠠᠯ ᠤᠨᠲᠠᠷᠠᠭᠠᠬᠤ ᠲᠥᠬᠦᠭᠡᠷᠦᠮᠵᠢ   ᠶᠢ ᠡᠳᠦᠷ ᠪᠦᠷᠢ 5 ᠤᠳᠠᠭ᠎ᠠ ᠠᠴᠠ ᠳᠤᠲᠠᠭᠤ ᠥᠭᠡᠢ ᠲᠣᠭᠤᠷᠢᠨ ᠪᠠᠶᠢᠴᠠᠭᠠᠬᠤ ᠬᠡᠷᠡᠭᠲᠡᠶ᠂ ᠭᠠᠯ ᠰᠡᠷᠭᠡᠶᠢᠯᠡᠬᠦ ᠬᠤᠯᠠᠭᠠᠶ ᠶᠢ ᠰᠡᠷᠭᠡᠶᠢᠯᠡᠬᠦ ᠠᠶᠤᠯ ᠥᠭᠡᠢ ᠶᠢᠨ ᠦᠵᠡᠯ ᠤᠬᠠᠮᠰᠠᠷ  ᠢ  ᠦᠨᠡᠨᠬᠦ ᠴᠢᠩᠭᠠᠷᠠᠭᠤᠯᠤᠨ᠂ ᠠᠶᠤᠯ ᠥᠭᠡᠢ ᠶᠢᠨ ᠠᠯᠳᠠᠰᠢ ᠭᠠᠷᠬᠤ ᠶᠢ ᠬᠤᠷᠢᠭᠯᠠᠵᠤ᠂ ᠡᠯ᠎ᠡ ᠲᠥᠷᠥᠯ ᠵᠢᠨ‌ᠠᠶᠤᠯ ᠥᠭᠡᠢ ᠶᠢᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠤᠰᠬᠠᠶ ᠪᠠᠶᠢᠴᠠᠭᠠᠬᠤ ᠳᠤᠭᠤᠶᠢᠯᠠᠩ ᠤᠨ ᠬᠢᠨ ᠦᠷᠭᠦᠯᠵᠢᠯᠡᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠰᠤᠷᠭᠠᠭᠤᠯᠢ ᠶᠢᠨ ᠠᠮᠠᠷᠠᠯᠲᠠ ᠶᠢᠨ ᠬᠤᠭᠤᠴᠠᠭᠠᠨ ᠳᠤ ᠡᠭᠡᠯᠵᠢ ᠳᠠᠭᠠᠭᠤᠯᠤᠨ ᠵᠢᠵᠢᠭᠦᠷᠯᠡᠵᠦ ᠪᠠᠶᠢᠭ᠎ᠠ ᠪᠠᠶᠢᠳᠠᠯ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠵᠢᠵᠢᠭᠦᠷᠯᠡᠵᠦ  ᠪᠠᠶᠢᠬᠤ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠰᠤᠷᠭᠠᠭᠤᠯᠢ ᠶᠢ ᠵᠠᠷᠯᠠᠨ ᠮᠡᠳᠡᠭᠳᠡᠨ᠎ᠡ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ