ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ︽ᠠᠷᠪᠠᠨ ᠲᠦᠷᠪᠡᠨ ᠡᠪᠦᠯ ᠢ ᠪᠠᠶᠠᠷᠯᠠᠨ ᠤᠭᠲᠤᠶ᠎ᠠ · ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠶ᠎ᠠ · ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠶ᠎ᠠ · ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪᠲᠦ ᠤᠯᠤᠰ ᠤᠨ ᠪᠠᠶᠠᠷ ᠤᠨ ᠡᠳᠦᠷ ᠤᠨ ᠠᠷᠠᠳ ᠲᠤ ᠠᠰᠢᠭ ᠬᠦᠷᠲᠡᠭᠡᠬᠦ ᠦᠵᠡᠭᠦᠯᠦᠯᠭᠡ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/10/7
    ᠵᠠᠭᠤᠨ ᠵᠢᠯ ᠤᠨ ᠲᠡᠮᠡᠴᠡᠯ ᠢᠶᠠᠷ ᠰᠢᠨ᠎ᠡ ᠠᠶᠠᠯᠠᠯ ᠢᠶᠠᠨ ᠡᠬᠢᠯᠡᠭᠦᠯᠦᠯ᠎ᠡ᠃ ᠵᠠᠯᠠᠭᠤᠴᠤᠳ ᠪᠠᠭᠠᠴᠤᠳ ᠤᠨ ᠬᠤᠪᠢᠰᠬᠠᠯ ᠤᠨ ᠬᠥᠮᠦᠵᠢᠯ ᠢ ᠴᠢᠩᠭᠠᠳᠭᠠᠨ᠂ ᠵᠠᠯᠠᠭᠤᠴᠤᠳ ᠪᠠᠭᠠᠴᠤᠳ ᠤᠨ ᠨᠠᠮ ᠤᠨ ᠲᠡᠦᠬᠡ ᠶᠢᠨ ᠲᠤᠬᠠᠶ ᠣᠶᠢᠯᠠᠭᠠᠯᠲᠠ ᠶᠢ  ᠠᠬᠢᠭᠤᠯᠣᠨ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠴᠤᠭ ᠰᠦᠯᠳᠡ ᠪᠠᠨ ᠪᠠᠳᠠᠷᠠᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠬᠤ ᠶᠢ ᠤᠯᠠᠮ ᠴᠢᠨᠠᠭᠰᠢᠳᠠ ᠵᠣᠷᠢᠭᠵᠢᠭᠤᠯᠵᠤ᠂ ᠬᠤᠪᠢᠰᠬᠠᠯ ᠤᠨ ᠭᠧᠨ᠂ ᠤᠯᠠᠮᠵᠢᠯᠠᠯᠲᠤ ᠰᠣᠶᠣᠯ ᠢ ᠦᠶ᠎ᠡ ᠶᠢᠨ ᠦᠶ᠎ᠡ ᠳᠤ  ᠣᠯᠠᠮᠵᠢᠭᠤᠯᠬᠤ ᠶᠢᠨ ᠲᠦᠯᠦᠭᠡ᠂ 9 ᠰᠠᠷ᠎ᠠ ᠶᠢᠨ 27      ᠤ ᠡᠳᠦᠷ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠲᠤ ︽ᠠᠷᠪᠠᠨ ᠳᠥᠷᠪᠡᠨ ᠡᠪᠦᠯ ᠢ ᠪᠠᠶᠠᠷᠯᠠᠨ ᠤᠭᠲᠤᠵᠤ · ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠵᠤ · ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠵᠤ · ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠤᠯᠤᠰ ᠤᠨ ᠪᠠᠶᠠᠷ ᠤᠨ ᠭᠤᠤᠯ ᠰᠡᠳᠦᠪᠲᠦ ᠠᠷᠠᠳ ᠲᠤ ᠠᠰᠢᠭ ᠬᠦᠷᠲᠡᠭᠡᠬᠦ ᠦᠵᠡᠭᠦᠯᠦᠯᠭᠡ ᠶᠢᠨ ᠲᠣᠭᠯᠠᠯᠲᠠ ᠥᠷᠨᠢᠭᠦᠯᠵᠦ᠂ ᠤᠨᠴᠠᠯᠢᠬᠳᠤ ᠨᠠᠮ ᠤᠨ ᠬᠢᠴᠢᠶᠡᠯ ᠤᠨ ᠬᠥᠭᠵᠢᠮ ᠪᠥᠵᠢᠭᠲᠦ ᠰᠢᠯᠦᠭ ︽ᠠᠶᠠᠨ ᠵᠠᠮ︾ ᠢ ᠲᠣᠭᠯᠠᠵᠤ᠂ ᠵᠠᠯᠠᠨ ᠠᠶᠢᠯ  ᠬᠤᠳᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 500 ᠭᠠᠷᠤᠶ ᠪᠠᠭᠰᠢ ᠰᠣᠷᠣᠭᠴᠢ ᠲᠣᠭᠯᠠᠯᠲᠠ ᠶᠢ ᠰᠣᠨᠢᠷᠬᠠᠪᠠ᠃    ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠪᠦᠬᠦ ᠪᠠᠭᠰᠢ ᠰᠤᠷᠤᠭᠴᠢᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ  ᠲᠣᠣᠷᠠᠬᠢ‌ᠡᠬᠡ ᠤᠯᠤᠰ ‍ᠤᠨ‌‍ᠲ᠋ᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠲᠡᠦᠬᠡᠨ ᠬᠤᠪᠢᠷᠠᠯᠲᠠ  ᠶᠢ ᠤᠶᠢᠯᠭᠠᠨ᠂ ᠵᠠᠯᠠᠭᠤᠴᠤᠳ ᠪᠠᠭᠠᠴᠤᠳ ᠤᠨ ᠬᠦᠰᠡᠯᠡᠩ ᠢᠲᠡᠭᠡᠯ ᠵᠣᠷᠢᠭ ᠢ ᠪᠠᠲᠤᠳᠬᠠᠨ᠂ ᠪᠠᠭᠰᠢ ᠨᠠᠷ ᠤᠨ ᠤᠯᠤᠰ ᠲᠦᠷᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠥᠷᠭᠡᠨ ᠤᠯᠠᠨ ᠪᠠᠭᠰᠢ ᠰᠤᠷᠤᠭᠴᠢᠳ ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ ᠡᠷᠡᠯᠬᠡᠭᠯᠡᠨ ᠲᠡᠮᠡᠴᠡᠵᠦ᠂ ᠨᠡᠩ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠭᠠᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ