ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠠᠴᠠ ︽ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠭᠠᠳ ︽ᠤᠮᠠᠷᠠᠲᠤ ᠬᠢᠯᠢ ᠶᠢᠨ ᠰᠣᠶᠣᠯ︾ ᠭᠡᠬᠦ ᠤᠬᠠᠭᠳᠠᠬᠤᠨ ᠢ ᠠᠩᠬ᠎ᠠ ᠤᠳᠠᠭ᠎ᠠ ᠳᠤᠷᠠᠳᠤᠨ ᠭᠠᠷᠭᠠᠪᠠ᠃ ᠡᠨᠡ ᠪᠣᠯ | ᠨᠢᠭᠡ ᠤᠳᠠᠭ᠎ᠠ ᠶᠢᠨ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠪᠥᠭᠡᠳ ᠰᠣᠶᠣᠯ ᠤᠨ ᠬᠦᠷᠢᠶᠡᠨ ᠤ ᠰᠢᠨ᠎ᠡ ᠰᠢᠪᠲᠤᠯᠤᠯᠲᠠ ᠮᠥᠨ᠂ ᠰᠢᠨ᠎ᠡ ᠴᠠᠭ ᠦᠶ᠎ᠡ ᠶᠢᠨ | ᠥᠪᠥᠷ ᠮᠣᠩᠭᠤᠯ ᠤᠨ ᠰᠣᠶᠣᠯ ᠤᠨ ᠴᠡᠴᠡᠭᠯᠡᠯ ᠬᠥᠭᠵᠢᠯ ᠳᠤ ᠥᠷᠭᠡᠨ ᠳᠡᠯᠭᠡᠷ ᠪᠥᠭᠡᠳ ᠠᠯᠤᠰ ᠭᠡᠳᠤ ᠶᠢᠨ ᠨᠥᠯᠥᠭᠡ ᠦᠵᠡᠭᠦᠯᠭᠦ ᠨᠢ ᠯᠠᠪᠲᠠᠢ᠃ | ︽ᠤᠮᠠᠷᠠᠲᠤ ᠬᠢᠯᠢ ᠶᠢᠨ ᠰᠣᠶᠣᠯ︾ ᠤᠨ ᠭᠦᠨ ᠭᠦᠨᠵᠡᠭᠡᠢ ᠠᠭᠤᠯᠤᠭᠳᠠᠬᠤᠨ᠃ ︽ᠤᠮᠠᠷᠠᠲᠤ︾ ᠪᠣᠯ ᠥᠪᠥᠷ ᠮᠣᠩᠭᠤᠯ ᠤᠨ ᠭᠠᠵᠠᠷ ᠵᠦᠢ ᠶᠢᠨ ᠣᠷᠣᠨ | ᠪᠠᠶᠢᠷᠢ ᠮᠥᠨ᠂ ︽ᠬᠢᠯᠢ︾ ᠭᠡᠳᠡᠭ ᠨᠢ ᠨᠢᠭᠡ ᠳᠤ ᠬᠢᠯᠢ ᠶᠢᠨ ᠵᠠᠭᠠᠭ ᠢ ᠵᠢᠭᠠᠵᠤ᠂ ᠬᠤᠶᠠᠷ ᠲᠤ ᠲᠦᠢᠯ ᠤᠨ ᠬᠢᠵᠠᠭᠠᠷ᠂ ᠲᠦᠢᠯ ᠤᠨ ᠦᠵᠦᠭᠦᠷ ᠢ ᠵᠢᠭᠠᠳᠠᠭ᠃ ︽ | ᠤᠮᠠᠷᠠᠲᠤ ᠬᠢᠯᠢ︾ ᠭᠡᠳᠡᠭ ᠪᠣᠯ ᠭᠠᠵᠠᠷ ᠵᠦᠢ ᠶᠢᠨ ᠤᠬᠠᠭᠳᠠᠬᠤᠨ ᠮᠥᠨ᠂ ᠲᠡᠷᠡ ᠨᠢ ᠵᠦᠩᠶᠤᠸᠠᠨ ᠣᠷᠣᠨ᠂ ᠳᠣᠲᠣᠷ ᠭᠠᠵᠠᠷ ᠲᠠᠢ ᠬᠠᠷᠢᠴᠠᠩᠭᠤᠢ ᠪᠠᠷ | ᠳᠤᠮᠳᠠᠳᠤ ᠶᠢᠨ ᠡᠬᠡ ᠭᠠᠵᠠᠷ ᠤᠨ ᠤᠮᠠᠷᠠᠲᠤ ᠬᠢᠯᠢ ᠶᠢᠨ ᠵᠠᠭᠠᠭ ᠢ ᠶᠡᠷᠦᠩᠬᠡᠶᠢᠯᠡᠨ ᠵᠢᠭᠠᠭᠰᠠᠨ ᠳᠤᠮᠳᠠᠳᠤ ᠶᠢᠨ ᠡᠬᠡ ᠭᠠᠵᠠᠷ ᠤᠨ ᠰᠠᠯᠵᠤ ᠪᠣᠯᠣᠰᠢ ᠦᠭᠡᠢ | ᠪᠦᠷᠢᠯᠳᠦᠭᠦᠨ ᠬᠡᠰᠡᠭ ᠮᠥᠨ᠃ ᠡᠭᠦᠨ ᠠᠴᠠ ᠦᠵᠡᠪᠡᠯ᠂ ︽ᠤᠮᠠᠷᠠᠲᠤ ᠬᠢᠯᠢ ᠶᠢᠨ ᠰᠣᠶᠣᠯ︾ ᠨᠢ ᠳᠣᠲᠣᠷ᠎ᠠ ᠭᠠᠵᠠᠷ ᠤᠨ ᠰᠣᠶᠣᠯ᠂ ᠵᠦᠩᠶᠤᠸᠠᠨ ᠣᠷᠣᠨ ᠤ | ᠰᠣᠶᠣᠯ ᠲᠠᠢ ᠬᠠᠷᠢᠯᠴᠠᠨ ᠬᠠᠷᠠᠭᠠᠯᠵᠠᠭᠰᠠᠨ᠂ ᠤᠮᠠᠷᠠᠲᠤ ᠬᠢᠯᠢ ᠬᠢᠵᠠᠭᠠᠷ ᠲᠤ ᠦᠨᠳᠦᠰᠦᠯᠡᠨ ᠪᠤᠢ ᠪᠣᠯᠤᠭᠰᠠᠨ ᠰᠣᠶᠣᠯ ᠢ ᠵᠢᠭᠠᠵᠤ ᠪᠠᠶᠢᠳᠠᠭ᠃ ᠲᠡᠷᠡ ᠨᠢ | ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠣᠷᠭᠠᠨᠢᠭ ᠠᠭᠤᠰᠤᠯᠴᠠᠯ ᠤᠨ ᠪᠦᠷᠢᠯᠳᠦᠭᠦᠨ ᠬᠡᠰᠡᠭ ᠮᠥᠨ᠂ ᠤᠳᠤᠮ ᠨᠢᠭᠡᠲᠡᠢ ᠪᠥᠭᠡᠳ ᠥᠨᠢ ᠤᠳᠠᠭᠠᠨ | ᠤᠯᠠᠮᠵᠢᠯᠠᠯ ᠲᠠᠢ᠂ ᠰᠠᠯᠠᠭ᠎ᠠ ᠨᠠᠮᠠᠭ᠎ᠠ ᠪᠠᠷ ᠢᠶᠠᠨ ᠬᠤᠯᠪᠣᠯᠳᠤᠵᠤ᠂ ᠶᠡᠷᠦ ᠠᠴᠠ ᠲᠠᠰᠤᠯᠳᠠᠭᠰᠠᠨ ᠦᠭᠡᠢ ᠪᠠᠶᠢᠵᠤ᠂ ᠭᠤᠣᠯ ᠡᠰᠢ ᠪᠠ ᠰᠠᠯᠠᠭ᠎ᠠ ᠨᠠᠮᠠᠭ᠎ᠠ ᠶᠢᠨ | ᠬᠠᠷᠢᠴᠠᠭ᠎ᠠ ᠲᠠᠢ ᠪᠠᠶᠢᠳᠠᠭ ᠭᠡᠳᠡᠭ ᠢ ᠮᠦᠷᠳᠡᠨ ᠣᠶᠢᠯᠠᠭᠠᠵᠤ ᠪᠣᠯᠣᠨ᠎ᠠ᠃ ᠦᠨᠳᠦᠰᠦᠲᠡᠨ ᠤ ᠪᠦᠯᠬᠦᠮᠳᠡᠯ ᠪᠠ ᠳᠤᠮᠳᠠᠳᠤ ᠶᠢᠨ ᠰᠣᠶᠣᠯ ᠤᠨ ᠤᠯᠠᠮᠵᠢᠯᠠᠯ | ᠬᠥᠭᠵᠢᠯ ᠤᠨ ᠡᠭᠦᠳᠡᠨ ᠠᠴᠠ ᠦᠵᠡᠪᠡᠯ ︽ᠤᠮᠠᠷᠠᠲᠤ ᠬᠢᠯᠢ ᠶᠢᠨ ᠰᠣᠶᠣᠯ︾ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠰᠣᠶᠣᠯ ᠤᠨ ᠬᠦᠷᠢᠶᠡᠨ ᠳᠠᠬᠢ ᠣᠨᠣᠪᠴᠢᠲᠠᠶ ᠬᠤᠷᠢᠶᠠᠩᠭᠤᠶᠢᠯᠠᠯ ᠪᠠ ᠪᠣᠯᠪᠠᠰᠤᠷᠠᠭᠤᠯᠤᠯᠲᠠ ᠮᠥᠨ᠂ ︽ᠦᠨᠳᠦᠰᠦᠲᠡᠨ ᠤ ᠰᠣᠶᠣᠯ︾ ᠪᠠ ︽ᠨᠡᠭᠦᠳᠡᠯ ᠮᠠᠯᠵᠢᠯ ᠤᠨ | ᠰᠣᠶᠣᠯ︾ ᠭᠡᠬᠦ ᠮᠡᠲᠦ ᠶᠢᠨ ᠥᠪᠥᠷ ᠮᠣᠩᠭᠤᠯ ᠤᠨ ᠰᠣᠶᠣᠯ ᠤᠨ ᠲᠤᠬᠠᠢ ᠪᠤᠰᠤᠳ ᠬᠡᠳᠦᠨ ᠵᠦᠢᠯ ᠤᠨ ᠳᠤᠷᠠᠳᠤᠯᠭ᠎ᠠ ᠠᠴᠠ ᠢᠯᠭᠠᠭ᠎ᠠ ᠲᠠᠢ ᠶᠤᠮ᠃ | ︽ᠦᠨᠳᠦᠰᠦᠲᠡᠨ ᠤ ᠰᠣᠶᠣᠯ︾ ᠯᠤᠭ᠎ᠠ ᠶᠢᠨ ᠬᠠᠷᠢᠴᠠᠭᠤᠯᠤᠯ᠃ ︽ᠦᠨᠳᠦᠰᠦᠲᠡᠨ ᠤ ᠰᠣᠶᠣᠯ︾ ᠭᠡᠳᠡᠭ ᠨᠢ ︽ᠬᠢᠲᠠᠳ ᠦᠨᠳᠦᠰᠦᠲᠡᠨ ᠤ ᠰᠣᠶᠣᠯ︾ ᠲᠠᠢ | ᠬᠠᠷᠢᠴᠠᠭᠤᠯᠤᠭᠰᠠᠨ ᠨᠢᠭᠡ ᠵᠦᠢᠯ ᠤᠨ ᠳᠤᠷᠠᠳᠤᠯᠭ᠎ᠠ ᠮᠥᠨ᠂ ᠲᠡᠷᠡ ᠨᠢ ᠴᠥᠭᠡᠨ ᠲᠣᠭᠠᠲᠤ ᠦᠨᠳᠦᠰᠦᠲᠡᠨ ᠤ ᠰᠣᠶᠣᠯ ᠢ ᠶᠡᠷᠦᠩᠬᠡᠶᠢᠯᠡᠨ ᠵᠢᠭᠠᠳᠠᠭ᠃ ᠤᠯᠠᠨ ᠤ | ᠮᠡᠳᠡᠭᠡᠵᠢ ᠪᠠᠷ᠂ ᠥᠪᠥᠷ ᠮᠣᠩᠭᠤᠯ ᠪᠣᠯ ᠤᠯᠠᠨ ᠦᠨᠳᠦᠰᠦᠲᠡᠨ ᠠᠭᠤᠰᠤᠯᠴᠠᠭᠰᠠᠨ ᠭᠠᠵᠠᠷ ᠣᠷᠣᠨ ᠪᠣᠯᠣᠨ᠎ᠠ᠂ ᠲᠡᠦᠬᠡᠨ ᠳᠡᠭᠡᠷ᠎ᠡ ᠾᠦᠩᠨᠦ᠂ ᠳ᠋ᠦᠩᠬᠤ᠂ | ᠦᠬᠤᠸᠠᠨ᠂ ᠰᠢᠶᠡᠨᠪᠢ᠂ ᠿᠸᠦ ᠷᠠᠨ᠂ ᠲᠶᠦ᠋ᠷᠺ᠂ ᠤᠶᠢᠭᠤᠷ᠂ ᠬᠢᠳᠠᠨ᠂ ᠮᠣᠩᠭᠤᠯ᠂ ᠮᠠᠨᠵᠤ᠂ ᠬᠢᠲᠠᠳ ᠵᠡᠷᠭᠡ ᠦᠨᠳᠦᠰᠦᠲᠡᠨ ᠴᠤᠭᠯᠠᠷᠠᠭᠰᠠᠨ ᠭᠠᠵᠠᠷ ᠣᠷᠣᠨ | ᠪᠠᠶᠢᠭᠰᠠᠨ ᠶᠤᠮ᠃ ᠣᠳᠣᠬᠠᠨ ᠳᠤ ᠪᠦᠭᠦ ᠣᠷᠣᠨ ᠤ 2400 ᠭᠠᠷᠤᠢ ᠲᠦᠮᠡᠨ ᠬᠥᠮᠥᠨ ᠠᠮᠠ ᠨᠢ ᠴᠤ ᠬᠡᠳᠦᠨ ᠠᠷᠪᠠᠨ ᠦᠨᠳᠦᠰᠦᠲᠡᠨ ᠳᠤ ᠬᠠᠷᠢᠶᠠᠯᠠᠭᠳᠠᠵᠤ | ᠪᠠᠶᠢᠨ᠎ᠠ᠃ ᠡᠶᠢᠮᠦ ᠨᠢᠭᠡᠨ ᠦᠨᠳᠦᠰᠦᠲᠡᠨ ᠶᠡᠭᠡ ᠪᠠᠷ ᠠᠭᠤᠰᠤᠯᠴᠠᠭᠰᠠᠨ ᠭᠠᠵᠠᠷ ᠣᠷᠣᠨ ᠳᠤ᠂ ᠣᠨᠴᠠ ᠵᠠᠷᠢᠮ ᠦᠨᠳᠦᠰᠦᠲᠡᠨ ᠤ ᠰᠣᠶᠣᠯ ᠨᠢ ᠥᠪᠥᠷ ᠮᠣᠩᠭᠤᠯ ᠤᠨ | ᠰᠣᠶᠣᠯ ᠢ ᠪᠦᠭᠦ ᠲᠠᠯ᠎ᠠ ᠪᠠᠷ ᠲᠥᠯᠥᠭᠡᠯᠡᠵᠦ ᠳᠡᠶᠢᠯᠭᠦ ᠦᠭᠡᠢ ᠶᠤᠮ᠃ ︽ᠤᠮᠠᠷᠠᠲᠤ ᠬᠢᠯᠢ ᠶᠢᠨ ᠰᠣᠶᠣᠯ︾ ᠭᠡᠰᠡᠨ ᠳᠤᠷᠠᠳᠤᠯᠭ᠎ᠠ ᠨᠢ ᠥᠷᠥᠭᠡᠰᠦᠭᠡᠯ ᠴᠢᠨᠠᠷ ᠲᠠᠢ | ᠠᠰᠠᠭᠤᠳᠠᠯ ᠢ ᠮᠠᠰᠢ ᠰᠠᠶᠢᠨ ᠰᠢᠢᠳᠪᠦᠷᠢᠯᠡᠪᠡ᠃ ᠤᠮᠠᠷᠠᠲᠤ ᠬᠢᠯᠢ ᠪᠣᠯ ᠭᠠᠵᠠᠷ ᠵᠦᠢ ᠶᠢᠨ ᠤᠬᠠᠭᠳᠠᠬᠤᠨ ᠮᠥᠨ᠂ ᠵᠣᠬᠢᠬᠤ ᠤᠳᠬ᠎ᠠ ᠠᠭᠤᠯᠭ᠎ᠠ ᠠᠴᠠ ᠠᠪᠴᠤ | ᠬᠡᠯᠡᠪᠡᠯ᠂ ᠲᠡᠷᠡ ᠨᠢ ᠳᠣᠲᠣᠷ᠎ᠠ ᠭᠠᠵᠠᠷ ᠪᠠ ᠵᠦᠩᠶᠤᠸᠠᠨ ᠣᠷᠣᠨ ᠳᠤ ᠦᠢᠯᠡᠴᠢᠯᠡᠵᠦ ᠪᠠᠶᠢᠳᠠᠭ᠃ ᠡᠶᠢᠮᠦ ᠠᠴᠠ ︽ᠤᠮᠠᠷᠠᠲᠤ ᠬᠢᠯᠢ ᠶᠢᠨ ᠰᠣᠶᠣᠯ︾ ᠭᠡᠬᠦ ᠡᠨᠡ | ᠳᠤᠷᠠᠳᠤᠯᠭ᠎ᠠ ᠨᠢ ᠬᠤᠷᠢᠶᠠᠩᠭᠤᠶᠢᠯᠠᠭᠰᠠᠨ ᠴᠢᠨᠠᠷᠲᠠᠢ ᠪᠥᠭᠡᠳ ᠴᠠᠭ ᠦᠶ᠎ᠡ ᠶᠢᠨ ᠠᠴᠢ ᠬᠤᠯᠪᠣᠭᠳᠠᠯ ᠲᠠᠢ ᠶᠤᠮ᠃ | ︽ᠨᠡᠭᠦᠳᠡᠯ ᠮᠠᠯᠵᠢᠯ ᠤᠨ ᠰᠣᠶᠣᠯ︾ ᠯᠤᠭ᠎ᠠ ᠶᠢᠨ ᠬᠠᠷᠢᠴᠠᠭᠤᠯᠤᠯ᠃ ︽ᠨᠡᠭᠦᠳᠡᠯ ᠮᠠᠯᠵᠢᠯ ᠤᠨ ᠰᠣᠶᠣᠯ︾ ᠭᠡᠬᠦ ᠬᠡᠯᠡᠯᠭᠡ ᠨᠢ ︽ᠲᠠᠷᠢᠶᠠᠯᠠᠬᠤ ᠰᠣᠶᠣᠯ︾ ᠲᠠᠢ | ᠬᠠᠷᠢᠴᠠᠭᠤᠯᠵᠤ ᠶᠠᠷᠢᠭᠰᠠᠨ ᠶᠤᠮ᠃ ᠶᠡᠷᠦ ᠠᠴᠠ ᠬᠥᠮᠥᠰ ︽ᠨᠡᠭᠦᠳᠡᠯ ᠮᠠᠯᠵᠢᠯ ᠤᠨ ᠰᠣᠶᠣᠯ︾ ᠪᠠ ︽ᠲᠠᠷᠢᠶᠠᠯᠠᠬᠤ ᠰᠣᠶᠣᠯ︾ ᠤᠨ ᠮᠥᠷᠭᠦᠯᠳᠦᠯ ᠢᠶᠠᠷ ᠥᠪᠥᠷ | ᠮᠣᠩᠭᠤᠯ ᠤᠨ ᠰᠣᠶᠣᠯ ᠤᠨ ᠣᠨᠴᠠᠯᠢᠭ ᠢ ᠳᠦᠷᠰᠦᠯᠡᠬᠦ ᠳᠠᠳᠬᠠᠯ ᠲᠠᠢ᠃ ᠭᠡᠪᠡᠴᠦ ᠨᠡᠭᠦᠳᠡᠯ ᠮᠠᠯᠵᠢᠯ ᠡᠨᠡ ᠬᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠨᠢ | ᠰᠢᠨ᠎ᠡ ᠴᠠᠭ ᠦᠶ᠎ᠡ ᠶᠢᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠪᠠᠷ ᠣᠷᠣᠯᠠᠭᠳᠠᠵᠤ᠂ ᠥᠪᠥᠷ ᠮᠣᠩᠭᠤᠯ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠭᠡᠯᠪᠡᠷᠢ ᠶᠢᠨ ᠭᠤᠣᠯ ᠤᠷᠤᠰᠬᠠᠯ ᠪᠢᠰᠢ ᠪᠣᠯᠪᠠ᠃ ᠥᠪᠥᠷ ᠮᠣᠩᠭᠤᠯ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠨᠢ ᠪᠦᠭᠦ | ᠤᠯᠤᠰ ᠤᠨ ᠠᠷᠠᠳ ᠲᠦᠮᠡᠨ ᠲᠠᠢ ᠠᠳᠠᠯᠢ ᠪᠠᠷ ᠣᠳᠣᠬᠢᠴᠢᠯᠠᠯᠲᠠ ᠳᠤ ᠣᠷᠣᠭᠰᠠᠨ ᠪᠠᠶᠢᠨ᠎ᠠ᠃ ᠡᠶᠢᠮᠦ ᠠᠴᠠ ︽ᠨᠡᠭᠦᠳᠡᠯ ᠮᠠᠯᠵᠢᠯ ᠤᠨ ᠰᠣᠶᠣᠯ︾ ᠢᠶᠠᠷ ᠥᠪᠥᠷ | ᠮᠣᠩᠭᠤᠯ ᠤᠨ ᠰᠣᠶᠣᠯ ᠢ ᠳᠥᠭᠦᠮᠬᠡᠨ ᠢᠶᠠᠷ ᠲᠥᠯᠥᠭᠡᠯᠡᠭᠦᠯᠵᠦ᠂ ᠨᠢᠭᠡ ᠵᠦᠢᠯ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠠᠳᠠᠯᠢ ᠪᠤᠰᠤ ᠪᠠᠷ ᠥᠪᠥᠷ | ᠮᠣᠩᠭᠤᠯ ᠤᠨ ᠰᠣᠶᠣᠯ ᠢ ᠵᠦᠩᠶᠤᠸᠠᠨ ᠣᠷᠣᠨ ᠤ ᠰᠣᠶᠣᠯ ᠠᠴᠠ ᠢᠯᠭᠠᠬᠤ ᠳᠤ ᠬᠡᠯᠪᠠᠶᠢᠭᠦᠦ ᠲᠠᠯ᠎ᠠ ᠲᠠᠢ ᠪᠠᠶᠢᠳᠠᠭ᠃ ︽ᠨᠡᠭᠦᠳᠡᠯ ᠮᠠᠯᠵᠢᠯ ᠤᠨ ᠰᠣᠶᠣᠯ︾ ᠨᠢ | ᠥᠪᠥᠷ ᠮᠣᠩᠭᠤᠯ ᠤᠨ ᠰᠣᠶᠣᠯ ᠤᠨ ᠥᠩᠭᠡᠷᠡᠭᠰᠡᠨ ᠢ ᠲᠥᠯᠥᠭᠡᠯᠡᠵᠦ ᠴᠢᠳᠠᠬᠤ ᠦᠭᠡᠢ ᠮᠥᠷᠲᠡᠭᠡᠨ ᠥᠪᠥᠷ ᠮᠣᠩᠭᠤᠯ ᠤᠨ ᠰᠣᠶᠣᠯ ᠤᠨ ᠢᠷᠡᠭᠡᠳᠦᠢ ᠶᠢ ᠴᠦ | ᠲᠥᠯᠥᠭᠡᠯᠡᠵᠦ ᠴᠢᠳᠠᠬᠤ ᠦᠭᠡᠢ ᠶᠤᠮ᠃ ︽ᠤᠮᠠᠷᠠᠲᠤ ᠬᠢᠯᠢ ᠶᠢᠨ ᠰᠣᠶᠣᠯ︾ ᠭᠡᠰᠡᠨ ᠳᠤᠷᠠᠳᠤᠯᠭ᠎ᠠ ᠨᠢ ᠨᠡᠯᠢᠶᠡᠳ ᠬᠡᠮᠵᠢᠶᠡᠨ ᠤ ᠬᠥᠲᠥᠯᠥᠨ ᠳᠠᠭᠠᠭᠤᠯᠬᠤ ᠴᠢᠨᠠᠷ᠂ | ᠲᠡᠷᠢᠭᠦᠨ ᠤ ᠴᠢᠨᠠᠷ ᠲᠠᠢ᠂ ᠲᠡᠷᠡ ᠨᠢ ᠨᠡᠩ ᠨᠡᠭᠡᠭᠡᠯᠲᠡᠲᠡᠢ ᠪᠥᠭᠡᠳ ᠨᠡᠩ ᠪᠠᠭᠲᠠᠭᠠᠮᠵᠢᠲᠠᠢ᠂ ᠢᠷᠡᠭᠡᠳᠦᠢ ᠳᠤ ᠬᠠᠨᠳᠤᠭᠰᠠᠨ ᠣᠨᠴᠠᠯᠢᠭ ᠲᠠᠢ ᠪᠣᠯᠬᠤᠷ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠵᠤ᠂ ᠪᠦᠯᠬᠦᠮᠳᠡᠨ ᠲᠡᠮᠡᠴᠡᠵᠦ ᠰᠢᠨ᠎ᠡ ᠠᠶᠠᠨ ᠳᠤ ᠤᠷᠤᠭᠰᠢᠯᠠᠬᠤ ᠶᠢ | ᠬᠥᠲᠥᠯᠥᠨ ᠳᠠᠭᠠᠭᠤᠯᠬᠤ ᠨᠢ ᠯᠠᠪᠲᠠᠢ᠃ | ︽ᠤᠮᠠᠷᠠᠲᠤ ᠬᠢᠯᠢ ᠶᠢᠨ ᠰᠣᠶᠣᠯ︾ ᠤᠨ ᠣᠨᠴᠠᠯᠢᠭ ᠰᠢᠨᠵᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠠᠳᠠᠯᠢ ᠪᠠᠷ ︽ᠤᠮᠠᠷᠠᠲᠤ ᠬᠢᠯᠢ ᠶᠢᠨ | ᠰᠣᠶᠣᠯ︾ ᠨᠢ ᠴᠦ ᠢᠯᠡᠳᠲᠡ ᠣᠨᠴᠠᠯᠢᠭ ᠲᠠᠢ ᠪᠠᠶᠢᠳᠠᠭ᠃ ︽ᠤᠮᠠᠷᠠᠲᠤ ᠬᠢᠯᠢ ᠶᠢᠨ ᠰᠣᠶᠣᠯ︾ ᠨᠢ ᠤᠯᠠᠨ ᠡᠰᠢᠲᠦ ᠨᠢᠭᠡ ᠴᠣᠭᠴᠠᠵᠢᠭᠰᠠᠨ ᠠᠭᠤᠰᠤᠯᠴᠠᠬᠤ | ᠴᠢᠨᠠᠷ ᠲᠠᠢ᠃ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ︽ᠭᠤᠷᠪᠠᠨ | ᠤᠮᠠᠷᠠᠲᠤ︾ ᠶᠢ ᠰᠤᠨᠳᠠᠯᠠᠵᠤ᠂ ᠳᠣᠲᠣᠭᠠᠳᠤ ᠳᠠᠭᠠᠨ ᠵᠦᠩᠶᠤᠸᠠᠨ ᠣᠷᠣᠨ ᠲᠠᠢ ᠵᠠᠯᠭᠠᠯᠳᠤᠵᠤ᠂ ᠭᠠᠳᠠᠭᠰᠢ ᠪᠠᠨ ᠤᠷᠤᠰ ᠮᠣᠩᠭᠤᠯ ᠲᠠᠢ ᠬᠥᠷᠰᠢᠯᠡᠵᠦ ᠪᠠᠶᠢᠭ᠎ᠠ | ᠣᠨᠴᠠᠭᠠᠢ ᠭᠠᠵᠠᠷ ᠵᠦᠢ ᠶᠢᠨ ᠪᠠᠶᠢᠷᠢᠯᠠᠯ ᠨᠢ ᠥᠪᠥᠷ ᠮᠣᠩᠭᠤᠯ ᠤᠨ ᠲᠡᠦᠬᠡᠨ ᠳᠡᠭᠡᠷᠡᠬᠢ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠪᠤᠯᠬᠤ ᠶᠢ | ᠲᠣᠭᠲᠠᠭᠠᠭᠰᠠᠨ ᠪᠠᠶᠢᠨ᠎ᠠ᠃ ᠡᠷᠲᠡᠨ ᠤ ᠦᠶ᠎ᠡ ᠳᠤ ᠲᠠᠷᠢᠶᠠᠯᠠᠩ ᠤᠨ ᠪᠣᠯᠪᠠᠰᠤᠨ ᠬᠢᠭᠡᠳ ᠨᠡᠭᠦᠳᠡᠯ ᠮᠠᠯᠵᠢᠯ ᠤᠨ ᠪᠣᠯᠪᠠᠰᠤᠨ ᠰᠣᠯᠪᠢᠴᠠᠨ ᠨᠡᠶᠢᠯᠡᠭᠰᠡᠨ ᠭᠠᠵᠠᠷ ᠪᠠᠶᠢᠵᠤ | ᠂ ᠠᠳᠠᠯᠢ ᠪᠤᠰᠤ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠠᠯᠠᠭᠤᠨ ᠬᠥᠷᠥᠰᠥ᠂ ᠠᠳᠠᠯᠢ ᠪᠤᠰᠤ ᠰᠣᠶᠣᠯ ᠤᠨ ᠮᠥᠷᠭᠦᠯᠳᠦᠯ | ᠠᠭᠤᠰᠤᠯᠴᠠᠯ ᠤᠨ ᠲᠠᠪᠴᠠᠩ ᠪᠠᠶᠢᠵᠠᠢ᠃ ᠮᠠᠰᠢ ᠣᠯᠠᠨ ᠣᠪᠣᠭ ᠲᠥᠷᠥᠯ᠂ ᠠᠶᠢᠮᠠᠭ ᠵᠢᠴᠢ ᠾᠦᠩᠨᠦ᠂ ᠳ᠋ᠦᠩᠬᠤ᠂ ᠦᠬᠤᠸᠠᠨ᠂ ᠰᠢᠶᠡᠨᠪᠢ᠂ ᠿᠧᠦ ᠷᠠᠨ᠂ | ᠲᠶᠦ᠋ᠷᠺ᠂ ᠤᠶᠢᠭᠤᠷ᠂ ᠬᠢᠳᠠᠨ᠂ ᠮᠣᠩᠭᠤᠯ᠂ ᠮᠠᠨᠵᠤ᠂ ᠬᠢᠲᠠᠳ ᠵᠡᠷᠭᠡ ᠦᠨᠳᠦᠰᠦᠲᠡᠨ ᠡᠨᠡ ᠬᠦ ᠨᠤᠲᠤᠭ ᠳᠡᠪᠢᠰᠬᠡᠷ ᠳᠡᠭᠡᠷ᠎ᠡ ᠬᠥᠭᠵᠢᠨ ᠮᠠᠨᠳᠤᠵᠤ᠂ ᠦᠷᠡᠵᠢᠨ | ᠲᠥᠯᠵᠢᠵᠦ ᠣᠷᠣᠰᠢᠨ ᠠᠮᠢᠳᠤᠷᠠᠵᠤ ᠪᠠᠶᠢᠵᠠᠢ᠃ | ᠦᠨᠳᠦᠰᠦᠲᠡᠨ ᠨᠦᠭᠦᠳ ᠤᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ᠂ ᠬᠠᠷᠢᠯᠴᠠᠨ ᠠᠭᠤᠰᠤᠯᠴᠠᠵᠤ ᠬᠠᠷᠢᠯᠴᠠᠨ ᠨᠡᠪᠲᠡᠷᠡᠯᠴᠡᠬᠦ ᠶᠠᠪᠤᠳᠠᠯ | ᠶᠡᠷᠦ ᠠᠴᠠ ᠲᠠᠰᠤᠷᠠᠭ᠎ᠠ ᠦᠭᠡᠢ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠪᠦᠷᠢᠯᠳᠦᠯ ᠪᠠ ᠬᠥᠭᠵᠢᠯ ᠮᠠᠨᠳᠤᠯ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ | ᠶᠤᠮ᠃ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠤᠨ ᠬᠤᠩᠱᠠᠨ ᠰᠣᠶᠣᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠶᠠᠩᠱᠤᠤ ᠶᠢᠨ ᠰᠣᠶᠣᠯ ᠭᠦᠷᠲᠡᠯ᠎ᠡ | ᠂ ᠵᠣᠣ ᠤᠯᠤᠰ ᠤᠨ ᠦ᠋ ᠯᠢᠩ ᠸᠠᠩ ᠤᠨ ᠤᠮᠠᠷᠠᠲᠤ ᠬᠢᠯᠢ ᠬᠢᠵᠠᠭᠠᠷ ᠤᠨ ︽ᠾᠦᠩᠨᠦ ᠬᠥᠮᠥᠨ ᠤ ᠬᠤᠪᠴᠠᠰᠤ ᠶᠢ ᠡᠮᠦᠰᠴᠦ ᠬᠠᠷᠪᠤᠵᠤ ᠨᠠᠮᠨᠠᠬᠤ︾ ᠶᠢ ᠨᠡᠭᠡᠭᠡᠨ | ᠬᠥᠭᠵᠢᠭᠦᠯᠦᠭᠰᠡᠨ ᠠᠴᠠ ᠤᠮᠠᠷᠠᠲᠤ ᠸᠧᠢ ᠤᠯᠤᠰ ᠤᠨ ᠰᠢᠶᠣᠣ ᠸᠧᠨ ᠳ᠋ᠢ ᠬᠠᠭᠠᠨ ᠤ ᠥᠭᠡᠷᠡᠴᠢᠯᠡᠯᠲᠡ ᠬᠢᠵᠦ ᠬᠢᠲᠠᠳᠴᠢᠯᠠᠬᠤ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠭᠦᠷᠲᠡᠯ᠎ᠡ᠂ ᠵᠤᠤ ᠵᠢᠶᠦ᠋ᠨ ᠪᠣᠭᠤᠮᠲᠠ ᠠᠴᠠ ᠭᠠᠷᠴᠤ ᠤᠷᠤᠭ ᠢᠶᠠᠷ ᠡᠪᠰᠡᠭᠰᠡᠨ ᠠᠴᠠ ᠾᠦᠩᠨᠦ ᠳᠣᠲᠣᠭᠰᠢ ᠨᠡᠭᠦᠵᠦ ᠬᠢᠲᠠᠳ ᠲᠠᠢ ᠨᠡᠶᠢᠯᠡᠬᠦ | ᠪᠤᠯᠳᠠᠯ᠎ᠠ᠂ ᠬᠠᠨ ᠦ᠋ ᠳ᠋ᠢ ᠬᠠᠭᠠᠨ ᠥᠷᠭᠡᠨ ᠠᠭᠤᠳᠠᠮ ᠤᠮᠠᠷᠠᠲᠤ ᠬᠢᠵᠠᠭᠠᠷ ᠢ ᠲᠤᠭᠤᠯᠤᠬᠰᠠᠨ ᠠᠴᠠ ᠠᠪᠤᠭᠠᠳ ᠬᠤᠪᠢᠯᠠᠢ ᠬᠠᠭᠠᠨ ᠶᠡᠭᠡ ᠨᠢᠭᠡᠳᠦᠯ ᠤᠨ ᠶᠤᠸᠠᠨ | ᠤᠯᠤᠰ ᠢ ᠪᠠᠶᠢᠭᠤᠯᠤᠭᠰᠠᠨ ᠭᠦᠷᠲᠡᠯ᠎ᠡ᠂ ︽ᠪᠠᠷᠠᠭᠤᠨ ᠪᠣᠭᠤᠮᠲᠠ ᠪᠠᠷ ᠶᠠᠪᠤᠭᠰᠠᠨ︾ ᠠᠴᠠ ︽ᠮᠣᠩᠭᠤᠯ ᠳᠤ ᠠᠶᠠᠯᠠᠭᠰᠠᠨ ᠬᠤᠳᠠᠯᠳᠤᠭᠠᠴᠢᠨ︾ ᠭᠦᠷᠲᠡᠯ᠎ᠡ᠂ ᠤᠷᠳᠤ | ᠴᠠᠭᠠᠨ ᠬᠡᠷᠡᠮ ᠤᠨ ᠬᠤᠶᠠᠷ ᠲᠠᠯ᠎ᠠ ᠶᠢᠨ ᠦᠨᠳᠦᠰᠦᠲᠡᠨ ᠨᠦᠭᠦᠳ ᠤᠨ ᠬᠤᠭᠤᠷᠣᠨᠳᠣᠭᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠶᠡᠷᠦ ᠠᠴᠠ ᠲᠠᠰᠤᠷᠠᠭ᠎ᠠ ᠦᠭᠡᠢ | ᠶᠠᠪᠤᠭᠳᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦ᠂ ᠬᠥᠭᠵᠢᠬᠦ ᠪᠠ ᠪᠠᠬᠢᠵᠢᠬᠦ ᠲᠡᠦᠬᠡᠨ ᠬᠥᠭᠵᠢᠯᠲᠡ ᠶᠢᠨ ᠠᠬᠢᠴᠠ ᠶᠢ | ᠬᠠᠮᠲᠤ ᠪᠠᠷ ᠠᠬᠢᠭᠤᠯᠵᠠᠢ᠃ ︽ᠤᠮᠠᠷᠠᠲᠤ ᠬᠢᠯᠢ ᠶᠢᠨ ᠰᠣᠶᠣᠯ︾ ᠨᠢ ᠶᠠᠭ ᠡᠶᠢᠮᠦᠷᠬᠦᠦ ᠰᠣᠯᠢᠯᠴᠠᠭ᠎ᠠ ᠠᠭᠤᠰᠤᠯᠴᠠᠯ᠂ ᠤᠯᠠᠨ ᠡᠰᠢᠲᠦ ᠮᠥᠷᠭᠦᠯᠳᠦᠯ ᠤᠨ ᠳᠤᠮᠳᠠ | ᠤᠯᠠᠮᠵᠢᠯᠠᠭᠳᠠᠨ ᠬᠥᠭᠵᠢᠵᠦ ᠢᠷᠡᠭᠰᠡᠨ ᠶᠤᠮ᠃ ᠲᠡᠦᠬᠡᠨ ᠳᠡᠭᠡᠷ᠎ᠡ ᠬᠡᠴᠢᠨᠡᠨ ᠤᠯᠠᠨ ᠲᠠᠶᠢᠨ ᠳᠠᠵᠢᠨ ᠪᠠ ᠵᠠᠭᠤᠷᠠᠯᠳᠤᠭᠠᠨ ᠲᠠᠢ ᠪᠠᠶᠢᠭᠰᠠᠨ ᠴᠤ ᠳᠤᠮᠳᠠᠳᠤ | ᠤᠯᠤᠰ ᠤᠨ ᠠᠷᠠᠳ ᠲᠦᠮᠡᠨ ᠤ ᠡᠩᠬᠡ ᠲᠠᠶᠢᠪᠤᠩ ᠢ ᠬᠦᠰᠡᠬᠦ᠂ ᠦᠨᠳᠦᠰᠦᠲᠡᠨ ᠨᠦᠭᠦᠳ ᠤᠨ ᠠᠭᠤᠰᠤᠯᠴᠠᠯ ᠪᠠ ᠤᠯᠠᠨ ᠡᠰᠢᠲᠦ ᠨᠢᠭᠡ ᠴᠣᠭᠴᠠᠵᠢᠯᠲᠠ ᠶᠢ | ᠡᠷᠢᠯᠬᠢᠯᠡᠬᠦ ᠠᠯᠬᠤᠭ᠎ᠠ ᠶᠡᠷᠦ ᠠᠴᠠ ᠵᠣᠭᠰᠣᠭᠰᠠᠨ ᠦᠭᠡᠢ ᠶᠤᠮ᠂ ᠡᠶᠢᠮᠦᠷᠬᠦᠦ ᠲᠡᠦᠬᠡᠨ ᠠᠬᠤᠢ ᠪᠠᠶᠢᠳᠠᠯ ᠠᠴᠠ ᠪᠣᠯᠵᠤ ︽ᠤᠮᠠᠷᠠᠲᠤ ᠬᠢᠯᠢ ᠶᠢᠨ ᠰᠣᠶᠣᠯ︾ ᠳᠠᠬᠢ | ᠠᠭᠤᠰᠤᠯᠴᠠᠬᠤ ᠴᠢᠨᠠᠷ ᠨᠢ ᠰᠣᠶᠣᠯ ᠤᠨ ᠭᠤᠣᠯ ᠤᠷᠤᠰᠬᠠᠯ ᠪᠣᠯᠤᠭᠰᠠᠨ ᠪᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠨᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠨᠢᠭᠡᠳᠦᠮᠡᠯ ᠴᠢᠨᠠᠷ ᠲᠠᠢ᠃ ᠰᠣᠶᠣᠯ ᠢ ᠤᠯᠠᠮᠵᠢᠯᠠᠨ ᠬᠥᠭᠵᠢᠭᠦᠯᠬᠦ | ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠪᠣᠯᠪᠠᠰᠤᠨ ᠤ ᠨᠢᠭᠡᠳᠦᠮᠡᠯ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ︽ | ᠳᠤᠮᠳᠠᠳᠤ ᠶᠢᠨ ᠪᠣᠯᠪᠠᠰᠤᠨ ᠳᠤ ᠲᠣᠪᠤᠶᠢᠮ᠎ᠠ ᠨᠢᠭᠡᠳᠦᠮᠡᠯ ᠴᠢᠨᠠᠷ ᠲᠠᠢ ᠪᠠᠶᠢᠬᠤ ᠨᠢ ᠦᠨᠳᠦᠰᠦᠨ ᠠᠴᠠ ᠨᠢ ᠳᠤᠮᠳᠠᠳᠤ ᠶᠢᠨ ᠦᠨᠳᠦᠰᠦᠲᠡᠨ ᠤ ᠡᠯ᠎ᠡ ᠦᠨᠳᠦᠰᠦᠲᠡᠨ ᠤ | ᠰᠣᠶᠣᠯ ᠢ ᠨᠢᠭᠡ ᠴᠣᠭᠴᠠ ᠪᠣᠯᠭᠠᠨ ᠠᠭᠤᠰᠤᠯᠴᠠᠭᠤᠯᠬᠤ ᠶᠢ ᠲᠣᠭᠲᠠᠭᠠᠵᠤ᠂ ᠬᠦᠨᠳᠦ ᠶᠡᠭᠡ ᠨᠤᠭᠤᠷᠠᠯ ᠪᠦᠳᠦᠷᠢᠯ ᠳᠤ ᠤᠴᠠᠷᠠᠭᠰᠠᠨ ᠴᠤ ᠪᠠᠲᠤ ᠨᠢᠭᠲᠠᠷᠠᠵᠤ᠂ | ᠤᠯᠤᠰ ᠤᠨ ᠨᠤᠲᠤᠭ ᠳᠡᠪᠢᠰᠬᠡᠷ ᠢ ᠰᠠᠯᠭᠠᠵᠤ ᠪᠤᠯᠬᠤ ᠦᠭᠡᠢ᠂ ᠤᠯᠤᠰ ᠣᠷᠣᠨ ᠢ ᠰᠠᠮᠠᠭᠤᠷᠠᠭᠤᠯᠵᠤ ᠪᠤᠯᠬᠤ ᠦᠭᠡᠢ᠂ ᠦᠨᠳᠦᠰᠦᠲᠡᠨ ᠢ ᠰᠠᠷᠨᠢᠭᠤᠯᠵᠤ ᠪᠤᠯᠬᠤ | ᠦᠭᠡᠢ᠂ ᠪᠣᠯᠪᠠᠰᠤᠨ ᠢ ᠲᠠᠰᠤᠯᠳᠠᠭᠤᠯᠵᠤ ᠪᠤᠯᠬᠤ ᠦᠭᠡᠢ ᠭᠡᠰᠡᠨ ᠬᠠᠮᠲᠤ ᠶᠢᠨ ᠢᠲᠡᠭᠡᠯ ᠵᠣᠷᠢᠭ ᠢ ᠲᠣᠭᠲᠠᠭᠠᠵᠤ᠂ ᠤᠯᠤᠰ ᠣᠷᠣᠨ ᠤ ᠨᠢᠭᠡᠳᠦᠯ ᠪᠣᠯ ᠥᠨᠢ | ᠡᠭᠦᠷᠢᠳᠡ ᠳᠤᠮᠳᠠᠳᠤ ᠤᠯᠤᠰ ᠤᠨ ᠭᠤᠣᠯ ᠠᠰᠢᠭ ᠲᠤᠰᠠ ᠶᠢᠨ ᠭᠤᠣᠯᠯᠠᠭᠴᠢ ᠪᠤᠯᠬᠤ ᠶᠢ ᠲᠣᠭᠲᠠᠭᠠᠵᠤ᠂ ᠡᠷᠡᠰ ᠴᠢᠩᠭ᠎ᠠ ᠨᠢᠭᠡᠳᠦᠭᠰᠡᠨ ᠤᠯᠤᠰ ᠪᠣᠯ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠪᠢ ᠵᠠᠶᠠᠭ᠎ᠠ ᠲᠠᠢ ᠬᠤᠯᠪᠣᠭᠳᠠᠬᠤ ᠶᠢ ᠲᠣᠭᠲᠠᠭᠠᠪᠠ︾ ᠭᠡᠵᠦ ᠵᠢᠭᠠᠵᠤ ᠭᠠᠷᠭᠠᠪᠠ᠃ ᠨᠢᠭᠡᠳᠦᠭᠰᠡᠨ ᠳᠤᠮᠳᠠᠳᠤ | ᠤᠯᠤᠰ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠠᠴᠢᠶᠠᠯᠠᠭᠴᠢ ᠮᠥᠨ᠂ ᠲᠡᠷᠡ ᠨᠢ ᠦᠨᠳᠦᠰᠦᠲᠡᠨ ᠨᠦᠭᠦᠳ ᠤᠨ ᠬᠤᠪᠢ ᠵᠠᠶᠠᠭ᠎ᠠ ᠲᠠᠢ | ᠬᠤᠯᠪᠣᠭᠳᠠᠵᠤ᠂ ᠪᠣᠳᠠᠭᠠᠯᠢ ᠪᠡᠶ᠎ᠡ ᠪᠦᠷᠢ ᠲᠠᠢ ᠪᠦᠯᠬᠦᠮᠳᠡᠵᠦ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠬᠦ ᠠᠤᠭ᠎ᠠ ᠬᠦᠴᠦᠨ ᠢ ᠨᠢᠭᠲᠠᠷᠠᠭᠤᠯᠳᠠᠭ᠃ | ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ ᠶᠢᠨ ᠰᠣᠶᠣᠯ ᠤᠨ ᠪᠦᠷᠢᠯᠳᠦᠭᠦᠨ ᠬᠡᠰᠡᠭ ᠮᠥᠨ᠂ ᠳᠤᠮᠳᠠᠳᠤ ᠶᠢᠨ | ᠰᠣᠶᠣᠯ ᠪᠣᠯ ᠭᠤᠣᠯ ᠡᠰᠢ ᠮᠥᠨ᠂ ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠡᠰᠢ ᠢᠳᠡᠷᠡᠭᠦᠨ ᠪᠠᠶᠢᠪᠠᠯ ᠰᠠᠶ᠋ᠢ | ᠰᠠᠯᠠᠭ᠎ᠠ ᠨᠠᠮᠠᠭ᠎ᠠ ᠨᠢ ᠢᠭᠴᠤ ᠰᠠᠬᠤᠯᠢᠭ ᠪᠠᠶᠢᠵᠤ ᠴᠢᠳᠠᠨ᠎ᠠ᠃ ︽ᠤᠮᠠᠷᠠᠲᠤ ᠬᠢᠯᠢ ᠶᠢᠨ ᠰᠣᠶᠣᠯ︾ ᠨᠢ ᠳᠤᠮᠳᠠᠳᠤ ᠶᠢᠨ ᠪᠣᠯᠪᠠᠰᠤᠨ ᠢ ᠳᠡᠭᠡᠳᠦ ᠬᠡᠮᠵᠢᠶ᠎ᠡ ᠪᠠᠷ | ᠮᠡᠳᠡᠷᠡᠬᠦ ᠳᠡᠭᠡᠷ᠎ᠡ ᠪᠠᠶᠢᠭᠤᠯᠤᠭᠳᠠᠭᠰᠠᠨ ᠶᠤᠮ᠂ ᠠᠯᠢ ᠨᠢᠭᠡᠨ ᠦᠨᠳᠦᠰᠦᠲᠡᠨ ᠨᠢ ᠴᠦ ᠭᠡᠰᠡᠨ ᠡᠨᠡ ᠬᠦ ᠨᠤᠲᠤᠭ ᠳᠡᠪᠢᠰᠬᠡᠷ ᠳᠡᠭᠡᠷ᠎ᠡ ᠡᠵᠡᠨ ᠰᠠᠭᠤᠬᠤ ᠳᠠᠭᠠᠨ᠂ | ᠲᠦᠢᠯ ᠤᠨ ᠮᠠᠭᠤ ᠠᠭᠤᠷ ᠠᠮᠢᠰᠬᠤᠯ ᠢ ᠰᠥᠷᠴᠦ᠂ ᠭᠠᠳᠠᠭᠠᠳᠤ ᠶᠢᠨ ᠳᠠᠶᠢᠰᠤᠨ ᠤ ᠲᠦᠷᠢᠮᠡᠬᠡᠶᠢᠯᠡᠯ ᠢ ᠰᠡᠷᠭᠡᠶᠢᠯᠡᠵᠦ᠂ ᠳᠤᠮᠳᠠᠳᠤ ᠶᠢᠨ ᠦᠨᠳᠦᠰᠦᠲᠡᠨ ᠤ ᠶᠡᠭᠡ | ᠨᠢᠭᠡᠳᠦᠯ ᠢ ᠬᠥᠭᠡᠭᠡᠴᠡᠯᠳᠦᠬᠦ ᠨᠢ ᠢᠮᠠᠭᠲᠠ ᠡᠯ᠎ᠡ ᠴᠠᠭ ᠦᠶ᠎ᠡ ᠶᠢᠨ ᠬᠥᠭᠵᠢᠯᠲᠡ ᠶᠢᠨ ᠭᠤᠣᠯ ᠤᠷᠤᠰᠬᠠᠯ ᠪᠣᠯᠵᠤ ᠪᠠᠶᠢᠭᠰᠠᠨ ᠶᠤᠮ᠂ ᠢᠮᠠᠭᠲᠠ ︽ᠤᠮᠠᠷᠠᠲᠤ | ᠬᠢᠯᠢ ᠶᠢᠨ ᠰᠣᠶᠣᠯ︾ ᠤᠨ ᠲᠤᠭᠤᠰᠢᠲᠠᠢ ᠢᠲᠡᠭᠡᠯ ᠵᠣᠷᠢᠭ ᠪᠣᠯᠵᠤ ᠪᠠᠶᠢᠭᠰᠠᠨ ᠶᠤᠮ᠃ ᠢᠯᠠᠩᠭᠤᠶ᠎ᠠ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ︽ᠤᠮᠠᠷᠠᠲᠤ ᠬᠢᠯᠢ ᠶᠢᠨ ᠰᠣᠶᠣᠯ︾ ᠨᠢ ᠨᠢᠭᠡᠨᠲᠡ ᠥᠪᠥᠷ ᠮᠣᠩᠭᠤᠯ ᠤᠨ ᠰᠣᠶᠣᠯ ᠤᠨ ᠤᠭ ᠰᠠᠨᠠᠭ᠎ᠠ ᠪᠠ | ᠡᠭᠦᠷᠭᠡ ᠬᠠᠷᠢᠭᠤᠴᠠᠯᠭ᠎ᠠ ᠪᠣᠯᠤᠭᠰᠠᠨ ᠪᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠨᠢ ᠴᠢᠷᠮᠠᠶᠢᠨ ᠲᠡᠮᠡᠴᠡᠵᠦ ᠤᠷᠤᠭᠰᠢᠯᠠᠨ ᠲᠠᠪᠰᠢᠬᠤ ᠴᠢᠨᠠᠷ ᠲᠠᠢ᠃ ᠤᠮᠠᠷᠠᠲᠤ ᠣᠷᠣᠨ ᠳᠤ ᠪᠠᠶᠢᠭᠠᠯᠢ ᠶᠢᠨ ᠡᠬᠢ ᠪᠠᠶᠠᠯᠢᠭ | ᠬᠤᠮᠰᠠ᠂ ᠰᠠᠯᠬᠢ ᠶᠡᠭᠡ ᠭᠠᠩ ᠬᠠᠭᠤᠷᠠᠢ ᠪᠣᠷᠣᠭᠠᠨ ᠪᠠᠭ᠎ᠠ᠂ ᠤᠷᠭᠤᠮᠠᠯ ᠤᠨ ᠬᠤᠴᠢᠯᠭ᠎ᠠ ᠰᠡᠶᠢᠷᠡᠭ᠂ ᠤᠷᠭᠤᠮᠠᠯ ᠲᠠᠷᠢᠮᠠᠯ ᠤᠨ ᠤᠷᠭᠤᠯᠲᠠ ᠶᠢᠨ ᠬᠤᠭᠤᠴᠠᠭ᠎ᠠ | ᠣᠬᠤᠷ ᠪᠠᠶᠢᠳᠠᠭ᠃ ᠬᠦᠴᠢᠷ ᠪᠡᠷᠬᠡᠰᠢᠶᠡᠯᠲᠡᠢ ᠣᠷᠣᠰᠢᠨ ᠠᠮᠢᠳᠤᠷᠠᠬᠤ ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠶᠢᠨ ᠲᠥᠯᠥᠭᠡ᠂ ᠡᠨᠡ ᠬᠦ ᠨᠤᠲᠤᠭ ᠳᠡᠪᠢᠰᠬᠡᠷ | ᠳᠡᠭᠡᠷ᠎ᠡ ᠠᠮᠢᠳᠤᠷᠠᠨ ᠣᠷᠣᠰᠢᠵᠤ ᠪᠠᠶᠢᠭ᠎ᠠ ᠬᠥᠮᠥᠰ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠲᠠᠢ ᠪᠠᠶᠢᠬᠤ ᠶᠢ ᠱᠠᠭᠠᠷᠳᠠᠳᠠᠭ ᠶᠤᠮ᠃ ᠬᠠᠲᠠᠭᠤ | ᠪᠡᠷᠬᠡᠰᠢᠶᠡᠯᠲᠦ ᠣᠷᠴᠢᠨ ᠲᠣᠭᠤᠷᠢᠨ ᠨᠢ ᠠᠳᠡᠬᠢ ᠬᠥᠮᠥᠰ ᠤᠨ ᠢᠲᠡᠭᠡᠯ ᠵᠣᠷᠢᠭ᠂ ᠠᠭᠤᠳᠠᠮᠴᠢ ᠪᠠᠭᠲᠠᠭᠠᠮᠵᠢᠲᠠᠢ᠂ ᠲᠡᠰᠪᠦᠷᠢ ᠬᠠᠲᠠᠭᠤᠵᠢᠯᠲᠠᠢ᠂ ᠵᠣᠪᠠᠭᠤᠷᠢ | ᠵᠦᠳᠡᠭᠦᠷᠢ ᠪᠠᠷ ᠵᠢᠷᠭᠠᠯ ᠢᠶᠠᠨ ᠪᠤᠯᠭᠠᠬᠤ ᠡᠷᠡᠰ ᠬᠠᠲᠠᠭᠤ ᠵᠠᠩ ᠴᠢᠨᠠᠷ ᠢ ᠪᠤᠶ ᠪᠣᠯᠭᠠᠵᠠᠢ᠃ ᠡᠨᠡ ᠬᠦ ᠵᠠᠩ ᠴᠢᠨᠠᠷ ᠨᠢ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ | ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠠᠬᠤᠭᠤᠯᠤᠭᠰᠠᠨ ︽ᠤᠮᠠᠷᠠᠲᠤ ᠬᠢᠯᠢ ᠶᠢᠨ ᠰᠣᠶᠣᠯ︾᠂ ᠲᠤᠬᠠᠶᠢᠯᠠᠪᠠᠯ ︽ᠬᠦᠴᠢᠷ ᠪᠡᠷᠬᠡ ᠶᠢ | ᠲᠡᠰᠪᠦᠷᠢᠯᠡᠬᠦ᠂ ᠪᠤᠴᠠᠯᠲᠠ ᠦᠭᠡᠢ ᠲᠡᠮᠡᠦᠯᠬᠦ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠪᠤᠴᠠᠬᠤ ᠦᠭᠡᠢ︾ ᠪᠠ ︽ᠲᠡᠰᠪᠦᠷᠢ ᠬᠠᠲᠠᠭᠤᠵᠢᠯᠲᠠᠢ | ᠲᠡᠮᠡᠴᠡᠬᠦ᠂ ᠭᠤᠶᠠᠴᠢ ᠦᠭᠡᠢ ᠵᠢᠳᠬᠦᠬᠦ᠂ ᠰᠢᠨᠲᠠᠷᠠᠰᠢ ᠦᠭᠡᠢ ᠴᠢᠷᠮᠠᠶᠢᠬᠤ︾ ᠵᠣᠷᠢᠭ ᠰᠠᠨᠠᠭ᠎ᠠ ᠶᠢ ᠪᠤᠢ ᠪᠤᠯᠭᠠᠵᠦ ᠴᠢᠳᠠᠵᠠᠢ᠂ ᠶᠠᠭ ᠡᠨᠡ ᠬᠦ ᠵᠣᠷᠢᠭ ᠰᠠᠨᠠᠭ᠎ᠠ ᠨᠢ ︽ | ᠤᠮᠠᠷᠠᠲᠤ ᠬᠢᠯᠢ ᠶᠢᠨ ᠰᠣᠶᠣᠯ︾ ᠤᠨ ᠴᠢᠷᠮᠠᠶᠢᠨ ᠲᠡᠮᠡᠴᠡᠬᠦ ᠤᠷᠤᠭᠰᠢᠯᠠᠨ ᠳᠠᠪᠰᠢᠬᠤ ᠴᠢᠨᠠᠷ ᠢ ᠬᠠᠷᠠᠭᠤᠯᠵᠤ ᠪᠠᠶᠢᠭ᠎ᠠ ᠶᠤᠮ᠃ |