ᠵᠠᠯᠠᠨ ᠠᠶᠢᠯ ᠬᠤᠲᠠ ᠵᠠᠯᠠᠭᠤᠴᠤᠳ ᠪᠠᠭᠠᠴᠤᠳ ᠤᠨ  ᠭᠤᠤᠯ ᠨᠢᠷᠤᠭᠤ ᠪᠠ ᠬᠠᠷᠠᠭᠠᠨ ᠤ ᠡᠷᠡᠭᠦᠯ ᠮᠡᠨᠳᠦ ᠶᠢ ᠬᠠᠮᠠᠭᠠᠯᠠᠬᠤ ᠲᠤᠰᠬᠠᠶ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2023/11/1
     10 ᠰᠠᠷ᠎ᠠ ᠶᠢᠨ 24      ᠤ ᠡᠳᠦᠷ᠂ ᠵᠠᠯᠠᠨ ᠠᠶᠢᠯ ᠬᠤᠲᠠ ᠶᠢᠨ ᠬᠢᠨ ᠦᠨᠳᠦᠰᠦᠲᠡᠨ ᠤ ᠪᠠᠭ᠎ᠠ ᠰᠤᠷᠭᠠᠭᠤᠯᠢ ᠳᠤ ᠵᠠᠯᠠᠭᠤᠴᠤᠳ ᠪᠠᠭᠠᠴᠤᠳ ᠤᠨ ᠭᠤᠤᠯ ᠨᠢᠷᠤᠭᠤ ᠪᠣᠯᠤᠨ ᠬᠠᠷᠠᠭᠠᠨ ᠤ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠵᠦ ᠪᠠᠶᠢᠨ᠎ᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠠᠨᠠᠭᠠᠬᠤ ᠤᠬᠠᠭᠠᠨ ᠤ ᠰᠤᠳᠤᠯᠭᠠᠨ ᠤ ᠭᠠᠵᠠᠷ ᠤᠨ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠲᠥᠪ ᠤᠨ ᠡᠷᠬᠢᠯᠡᠭᠴᠢ ᠯᠢ ᠶᠠᠨ  ᠬᠦ᠋᠂ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠠᠵᠢᠯᠯᠠᠭ᠎ᠠ ᠶᠢᠨ ᠳᠤᠮᠳᠠ᠂ ᠯᠢ ᠶᠠᠨ ᠬᠦ᠋ ᠶᠢᠨ ᠪᠦᠯᠬᠦᠮ ᠤᠨ ᠬᠢᠨ ᠰᠤᠷᠤᠭᠴᠢᠳ ᠲᠤ ᠭᠤᠤᠯ ᠨᠢᠷᠤᠭᠤ ᠶᠢ ᠰᠢᠭᠰᠢᠨ ᠪᠠᠶᠢᠴᠠᠭᠠᠬᠤ᠂ ᠬᠠᠷᠠᠭ᠎ᠠ ᠶᠢ ᠰᠢᠯᠭᠠᠨ ᠪᠠᠶᠢᠴᠠᠭᠠᠬᠤ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ ᠥᠭᠬᠦ ᠶᠢᠨ ᠬᠠᠮᠲᠤ ᠭᠤᠤᠯ ᠨᠢᠷᠤᠭᠤ ᠶᠢ ᠬᠠᠵᠠᠭᠤ ᠲᠡᠶᠢᠰᠢ ᠪᠠᠨ ᠮᠤᠷᠦ᠋ᠢᠯᠭᠠᠬᠤ ᠶᠢ ᠤᠷᠢᠳᠴᠢᠯᠠᠨ ᠰᠡᠷᠭᠡᠶᠢᠯᠡᠬᠦ ᠵᠡᠷᠭᠡ ᠠᠭᠤᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠬᠢᠵᠦ᠂ ᠥᠷᠭᠡᠨ ᠤᠯᠠᠨ ᠪᠠᠭᠰᠢ ᠰᠤᠷᠤᠭᠴᠢᠳ ᠲᠤ ᠡᠷᠡᠭᠦᠯ ᠪᠤᠰᠤ ᠪᠠᠶᠢᠳᠠᠯ ᠨᠢ ᠡᠷᠡᠭᠦᠯ ᠮᠡᠨᠳᠦ ᠳᠤ ᠦᠵᠡᠭᠦᠯᠬᠦ ᠠᠯᠤᠰ ᠬᠡᠲᠦ ᠶᠢᠨ ᠨᠥᠯᠥᠭᠡ ᠶᠢ ᠣᠶᠢᠯᠠᠭᠠᠭᠤᠯᠵᠤ᠂ ᠡᠭᠦᠨ ᠤ ᠤᠯᠠᠮ ᠠᠴᠠ ᠢᠳᠡᠪᠬᠢᠲᠡᠢ ᠪᠠᠷ ᠬᠡᠯᠪᠡᠷᠢ ᠪᠠᠨ ᠵᠠᠯᠠᠷᠠᠭᠤᠯᠪᠠ᠃    ᠵᠠᠯᠠᠨ ᠠᠶᠢᠯ ᠬᠤᠲᠠ ᠶᠢᠨ ᠬᠢᠨ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠳᠡᠭᠡᠳᠦ ᠬᠡᠮᠵᠢᠶ᠎ᠡ ᠪᠠᠷ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠡᠮᠨᠡᠯᠭᠡ︾ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ  ᠲᠤᠪᠴᠢᠶ᠎ᠠ ᠶᠢᠨ ᠪᠡᠶ᠎ᠡ ᠶᠢᠨ ᠲᠠᠮᠢᠷ ᠤᠨ ᠠᠨᠠᠭᠠᠬᠤ ᠤᠬᠠᠭᠠᠨ ᠤ ᠰᠤᠳᠤᠯᠭᠠᠨ ᠤ ᠭᠠᠵᠠᠷ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠥᠮᠦᠨ ᠪᠦᠬᠦᠨ ᠭᠤᠣᠯ ᠨᠢᠷᠤᠭᠤᠨ ᠤ ᠡᠷᠡᠭᠦᠯ ᠮᠡᠨᠳᠦ ᠪᠠ ᠬᠠᠷᠠᠭᠠᠨ ᠤ ᠡᠷᠡᠭᠦᠯ ᠮᠡᠨᠳᠦ ᠶᠢ ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠴᠢᠭᠢᠷᠠᠭ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠦᠬᠦ ᠲᠠᠯ᠎ᠠ ᠪᠠᠷ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠵᠠᠯᠠᠭᠤᠴᠤᠳ ᠪᠠᠭᠠᠴᠤᠳ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ  ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ