ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠶᠠᠮᠠᠷ ᠶᠠᠮᠠᠷ | ᠠᠷᠭ᠎ᠠ ᠪᠠᠷ ᠴᠢᠩᠭᠠᠳᠬᠠᠭᠰᠠᠨ ᠪᠣᠶ︖ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠡᠷ ᠪᠦᠯᠢ ᠪᠠ ᠬᠡᠦᠬᠡᠳ ᠤᠨ ᠠᠵᠢᠯ ᠤᠨ ᠬᠡᠯᠲᠡᠰ ᠤᠨ ᠳᠠᠷᠤᠭ᠎ᠠ | ᠯᠢᠦᠢ ᠬᠤᠩ ᠺᠠᠢ ᠶᠢᠨ ᠬᠠᠷᠢᠭᠤᠯᠳᠠ᠄ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠦᠨᠤ ᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠣᠯᠣᠨ ᠬᠡᠦᠬᠡᠳ ᠤᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ | ᠬᠥᠮᠦᠵᠢᠯ ᠢ ᠠᠬᠢᠭᠤᠯᠬᠤ ᠬᠠᠤᠯᠢ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ | ᠬᠥᠮᠦᠵᠢᠯ ᠢ ᠠᠬᠢᠭᠤᠯᠬᠤ ᠳᠦᠷᠢᠮ︾ ᠢ ᠨᠡᠶᠢᠲᠡᠯᠡᠨ ᠬᠡᠷᠡᠭᠵᠢᠭᠦᠯᠬᠦ ᠶᠢ ᠠᠬᠢᠭᠤᠯᠵᠤ᠂ ᠬᠡᠦᠬᠡᠳ ᠤᠨ ᠦᠰᠦᠨ ᠪᠤᠶᠢᠵᠢᠯᠲᠠ ᠶᠢᠨ ᠵᠠᠮᠴᠢᠯᠠᠭᠴᠢ᠂ ᠬᠡᠦᠬᠡᠳ ᠤᠨ ᠡᠷᠬᠡ | ᠠᠰᠢᠭ ᠤᠨ ᠰᠠᠬᠢᠨ ᠬᠠᠮᠠᠭᠠᠯᠠᠭᠴᠢ᠂ ᠬᠡᠦᠬᠡᠳ ᠤᠨ ᠢᠷᠡᠭᠡᠳᠦᠢ ᠶᠢᠨ ᠬᠦᠰᠡᠯ ᠵᠡᠭᠦᠳᠦ ᠶᠢ ᠲᠡᠷᠭᠡᠯᠰᠢᠭᠦᠯᠦᠭᠴᠢ ᠪᠣᠯᠬᠤ ᠪᠠᠷ ᠴᠢᠷᠮᠠᠶᠢᠪᠠ᠃ | ᠨᠢᠭᠡ ᠳᠤ᠂ ᠤᠬᠠᠭᠤᠯᠵᠤ ᠲᠠᠶᠢᠴᠢᠯᠠᠬᠤ ᠶᠢ ᠴᠢᠩᠭᠠᠳᠬᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠪᠠ᠃ ︽ᠤᠮᠠᠷᠠᠲᠤ ᠬᠢᠯᠢ ᠶᠢᠨ | ᠡᠮᠡᠭᠳᠡᠶᠢᠴᠤᠳ ᠤᠨ ᠲᠠᠭᠤᠨ︾ ︽ᠤᠮᠠᠷᠠᠲᠤ ᠬᠢᠯᠢ ᠶᠢᠨ ᠭᠡᠷ ᠪᠦᠯᠢ︾ ᠵᠡᠷᠭᠡ ᠸᠢᠴᠠᠲ ᠢᠶᠠᠷ ᠳᠠᠮᠵᠢᠭᠤᠯᠤᠨ᠂ ᠬᠡᠦᠬᠡᠳ ᠢ ᠬᠠᠯᠠᠮᠵᠢᠯᠠᠨ ᠬᠠᠮᠠᠭᠠᠯᠠᠬᠤ ᠨᠡᠶᠢᠲᠡ ᠶᠢᠨ | ᠠᠰᠠᠷᠠᠮᠵᠢ ᠶᠢᠨ ᠬᠢᠴᠢᠶᠡᠯ ᠢ ᠦᠷᠭᠦᠯᠵᠢᠯᠡᠨ ᠬᠦᠷᠭᠡᠵᠦ᠂ ᠨᠡᠶᠢᠭᠡᠮ ᠲᠠᠶᠠᠭᠠᠷ ᠢᠶᠠᠨ ᠬᠡᠦᠬᠡᠳ ᠢ ᠡᠩ ᠲᠡᠷᠢᠭᠦᠨ ᠳᠤ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠪᠣᠶ ᠪᠤᠯᠭᠠᠪᠠ᠃ ᠤᠤᠯ ᠤᠨ 12338 ᠡᠷᠬᠡ ᠪᠠᠨ ᠬᠠᠮᠠᠭᠠᠯᠠᠬᠤ ᠪᠠᠶᠢᠡᠭᠭᠤ ᠤᠲᠠᠰᠤ ᠶᠢᠨ ᠰᠠᠭᠤᠷᠢᠨ ᠳᠡᠭᠡᠷ᠎ᠡ ᠭᠡᠷ ᠪᠦᠯᠢ ᠶᠢᠨ ᠬᠥᠮᠦᠵᠢᠯ ᠤᠨ | ᠵᠢᠭᠠᠨ ᠵᠢᠯᠤᠭᠤᠳᠬᠤ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠵᠦ᠂ ᠭᠡᠷ ᠪᠦᠯᠢ ᠶᠢᠨ ᠬᠥᠮᠦᠵᠢᠯ ᠤᠨ ᠰᠢᠯᠢᠳᠡᠭ ᠪᠠᠭᠰᠢ ᠶᠢᠨ ᠶᠡᠭᠡ ᠰᠤᠷᠭᠠᠭᠤᠯᠢ ᠶᠢᠨ | ᠬᠢᠴᠢᠶᠡᠯ ᠤᠨ ᠲᠠᠩᠬᠢᠮ ᠭᠠᠷᠭᠠᠵᠤ᠂ ᠥᠷᠭᠡᠨ ᠤᠯᠠᠨ ᠭᠡᠷ ᠪᠦᠯᠢ ᠳᠤ ᠬᠠᠨᠳᠤᠭᠤᠯᠤᠨ ᠭᠡᠷ ᠪᠦᠯᠢ ᠶᠢᠨ ᠬᠥᠮᠦᠵᠢᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ | ᠂ ᠶᠣᠰᠣ ᠰᠤᠷᠲᠠᠬᠤᠨ ᠢ ᠪᠤᠢ ᠪᠣᠯᠭᠠᠨ ᠬᠥᠮᠥᠨ ᠢ ᠬᠥᠮᠥᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠤᠯᠬᠡᠵᠢᠬᠦᠯᠪᠡ᠃ ᠥᠪᠥᠷ ᠮᠣᠩᠭᠤᠯ ᠤᠨ ᠲᠧᠯᠸᠢᠰ ᠲᠡᠬᠡᠷ᠎ᠡ ︽ᠭᠠᠷᠠᠭ ᠤᠨ ᠲᠠᠪᠤᠨ ᠤ ᠭᠡᠷ ᠤᠨ ᠠᠬᠠᠮᠠᠳ ᠤᠨ ᠭᠤᠪᠢᠭᠤᠯᠭ᠎ᠠ︾ ᠭᠡᠬᠦ ᠪᠤᠯᠤᠩ ᠭᠠᠷᠭᠠᠵᠤ᠂ | ᠭᠡᠷ ᠤᠨ ᠠᠬᠠᠮᠠᠳ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠬᠠᠷᠢᠭᠤᠯᠲᠠ ᠥᠭᠴᠦ᠂ ᠨᠡᠶᠢᠳᠡ 85 ᠬᠤᠭᠤᠴᠠᠭ᠎ᠠ ᠨᠠᠪᠲᠠᠷᠡᠭᠦᠯᠵᠦ | ᠂ 1200 ᠲᠦᠮᠡᠨ ᠤᠳᠠᠭ᠎ᠠ ᠦᠵᠡᠪᠡ᠃ 117 ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ | ᠲᠥᠪ ᠪᠠ 1000 ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ | ᠰᠤᠷᠭᠠᠭᠤᠯᠢ ᠪᠠ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠥᠷᠲᠡᠭᠡ ᠴᠡᠭ ᠢ 10019 ᠪᠠᠶᠢᠭᠤᠯᠬᠤ ᠶᠢ ᠠᠬᠢᠭᠤᠯᠵᠤ᠂ ᠵᠢᠯ ᠪᠦᠷᠢ | ᠳᠤᠮᠳᠠᠴᠢ ᠪᠠᠷ 800 ᠭᠠᠷᠤᠢ ᠲᠦᠮᠡᠨ ᠭᠡᠷ ᠤᠨ ᠠᠬᠠᠮᠠᠳ ᠢ ᠪᠣᠯᠪᠠᠰᠤᠷᠠᠭᠤᠯᠪᠠ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ | ᠣᠷᠣᠨ ᠳᠤ 2387 ᠬᠡᠦᠬᠡᠳ ᠤᠨ ᠭᠡᠷ ᠢ ᠪᠦᠲᠦᠭᠡᠨ ᠪᠠᠶᠢᠭᠤᠯᠵᠤ᠂ ᠪᠠᠭᠠᠴᠤᠳ ᠬᠡᠦᠬᠡᠳ ᠲᠤ ᠡᠷᠡᠭᠦᠯ ᠮᠡᠨᠳᠦ ᠪᠦᠬᠡᠳ ᠠᠮᠤᠷ ᠲᠦᠪᠰᠢᠨ ᠰᠤᠷᠭᠠᠭᠤᠯᠢ ᠶᠢᠨ | ᠭᠠᠳᠠᠨᠠᠬᠢ ᠠᠵᠢᠯᠯᠠᠭᠠᠨ ᠤ ᠲᠠᠯᠠᠪᠤᠷ ᠢ ᠬᠠᠨᠭ᠍ᠭᠠᠬᠰᠠᠨ ᠪᠠᠶᠢᠨ᠎ᠠ᠃ | ᠬᠤᠶᠠᠷ ᠲᠤ᠂ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠯᠠᠮᠵᠢᠯᠠᠨ ᠬᠠᠮᠠᠭᠠᠯᠠᠬᠤ ᠠᠵᠢᠯᠯᠠᠭ᠎ᠠ ᠶᠢ ᠦᠷᠨᠢᠬᠦᠯᠪᠡ᠃ ︽ | ᠭᠤᠣᠯᠳᠠᠯᠭ᠎ᠠ ᠲᠠᠢ ᠬᠥᠮᠥᠰ ᠪᠠ ᠭᠡᠷ ᠪᠦᠯᠢ ᠶᠢᠨ ᠬᠠᠯᠠᠮᠵᠢᠯᠠᠨ ᠲᠡᠳᠬᠦᠬᠦ ᠠᠵᠢᠯ ᠢ ᠤᠯᠠᠮ ᠰᠠᠶᠢᠳᠤᠷ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ ᠬᠥᠮᠥᠰ ᠪᠠ ᠭᠡᠷ ᠪᠦᠯᠢ ᠶᠢᠨ ᠪᠠᠶᠢᠳᠠᠯ ᠢ | ᠣᠶᠢᠯᠠᠭᠠᠬᠤ ᠶᠢᠨ ᠬᠠᠮᠲᠤ ᠣᠶᠢᠯᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ ᠰᠤᠷᠪᠤᠯᠵᠢᠯᠠᠬᠤ ᠪᠠ ᠬᠠᠯᠠᠮᠵᠢᠯᠠᠨ ᠲᠡᠳᠬᠦᠬᠦ ᠠᠵᠢᠯ ᠢ ᠦᠷᠨᠢᠬᠦᠯᠪᠡ᠃ ︽ᠬᠠᠶᠢᠷ᠎ᠠ | ᠬᠠᠯᠠᠮᠵᠢ ᠬᠦᠷᠭᠡᠬᠦ ᠠᠨᠢᠶ᠎ᠠ︾ ᠶᠢ ᠡᠯᠰᠡᠬᠦ ᠠᠵᠢᠯ ᠢ ᠥᠷᠨᠢᠭᠦᠯᠵᠦ᠂ ᠲᠦᠮᠡ ᠭᠠᠷᠤᠢ ︽ᠬᠠᠶᠢᠷ᠎ᠠ ᠬᠠᠯᠠᠮᠵᠢ ᠬᠦᠷᠭᠡᠬᠦ ᠠᠨᠢᠶ᠎ᠠ︾ ᠶᠢ ᠦᠷᠭᠦᠯᠵᠢᠯᠡᠨ ᠵᠣᠬᠢᠶᠠᠨ | ᠪᠠᠶᠢᠭᠤᠯᠵᠤ ᠪᠠᠶᠢᠭᠠᠳ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠪᠰᠤᠷᠤᠨ ᠲᠡᠳᠬᠦᠵᠦ᠂ ᠬᠠᠯᠠᠮᠵᠢᠯᠠᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠰᠦᠪᠡᠭᠴᠢᠯᠡᠨ ᠲᠡᠬᠦᠯᠳᠡᠷᠵᠢᠬᠦᠯᠪᠡ᠃ ︽ᠪᠢᠴᠢᠭ ᠰᠤᠶᠤᠯ ᠲᠠᠢ ᠠᠶᠢᠯ ᠡᠷᠤᠬᠡ᠂ ᠰᠢᠨ᠎ᠡ ᠠᠶᠠᠨ ᠢᠶᠠᠨ ᠡᠬᠢᠯᠡᠭᠦᠯᠬᠦ︾ ᠭᠡᠷ ᠪᠦᠯᠢ ᠶᠢᠨ ᠲᠦᠷᠦᠯ | ᠰᠠᠳᠤᠨ ᠦᠷ᠎ᠡ ᠬᠡᠦᠬᠡᠳ ᠤᠨ ᠨᠣᠮ ᠤᠩᠰᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠡᠯᠢᠭᠡᠰᠡᠭ ᠳᠣᠲᠣᠨᠣ | ᠰᠠᠨᠠᠭᠠᠰᠢᠷᠠᠯ ᠢ ᠳᠠᠮᠵᠢᠭᠤᠯᠵᠤ᠂ ᠪᠠᠭᠠᠴᠤᠳ ᠬᠡᠦᠬᠡᠳ ᠤᠨ ᠢᠯᠡᠭᠦᠬᠡᠨ ᠨᠣᠮ ᠤᠩᠰᠢᠬᠤ᠂ ᠰᠠᠶᠢᠨ ᠨᠣᠮ ᠢ ᠤᠩᠰᠢᠬᠤ᠂ ᠨᠣᠮ ᠤᠩᠰᠢᠬᠤ ᠳᠤ ᠪᠠᠨ ᠴᠢᠳᠠᠮᠠᠭᠠᠢ | ᠪᠤᠯᠬᠤ ᠳᠤ ᠵᠢᠯᠤᠭᠤᠳᠪᠠ᠃ ︽ᠪᠠᠭᠠᠴᠤᠳ ᠬᠡᠦᠬᠡᠳ ᠤᠨ ᠰᠡᠳᠬᠢᠯ ᠨᠠᠮ ᠢᠶᠠᠨ ᠲᠠᠭᠠᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ | ᠡᠴᠢᠭᠡ ᠡᠬᠡ ᠦᠷ᠎ᠡ ᠬᠡᠦᠬᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠤᠡᠭᠰᠢᠬᠤ ᠤᠷᠤᠯᠳᠤᠭᠠᠨ ᠢ ᠲᠦᠷᠪᠡᠨ ᠬᠤᠭᠤᠴᠠᠭ᠎ᠠ | ᠳᠠᠷᠠᠭᠠᠯᠠᠨ ᠥᠷᠨᠢᠭᠦᠯᠵᠦ᠂ ᠪᠠᠭᠠᠴᠤᠳ ᠬᠡᠦᠬᠡᠳ ᠤᠨ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠲᠠᠶᠢᠴᠢᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠪᠠ᠃ ᠡᠪᠦᠯ ᠵᠣᠨ ᠤ ᠠᠮᠠᠷᠠᠯᠲᠠ ᠳᠤ ᠬᠢ ᠬᠡᠦᠬᠡᠳ ᠢ ᠬᠠᠯᠠᠮᠵᠢᠯᠠᠬᠤ | ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠵᠢᠯ ᠪᠦᠷᠢ ᠳᠤᠮᠳᠠᠴᠢ ᠪᠠᠷ ᠭᠡᠷ ᠤᠨ ᠠᠬᠠᠮᠠᠳ ᠪᠠ ᠬᠡᠦᠬᠡᠳ ᠲᠤ 50 ᠭᠠᠷᠤᠢ ᠲᠦᠮᠡᠨ ᠬᠥᠮᠥᠨ ᠤᠳᠠᠭ᠎ᠠ | ᠦᠢᠯᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠳᠠᠭᠠᠭᠤᠯᠭ᠎ᠠ ᠪᠠᠷ ᠪᠥᠬᠦ ᠣᠷᠣᠨ ᠤ ᠡᠯ᠎ᠡ ᠱᠠᠲᠤᠨ ᠤ ᠡᠮᠡᠭᠲᠡᠶᠢᠴᠦᠳ ᠤᠨ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ︽ᠪᠢ ᠡᠮᠡᠭᠲᠡᠶᠢᠴᠦᠳ ᠬᠡᠦᠬᠡᠳ ᠲᠤ ᠪᠣᠳᠠᠲᠤ ᠶᠠᠪᠤᠳᠠᠯ ᠬᠢᠵᠦ ᠥᠭᠬᠦ · ᠠᠷᠪᠠ ᠶᠢ ᠬᠦᠷᠭᠡᠬᠦ︾ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠬᠡᠦᠬᠡᠳ ᠪᠠᠭᠠᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ | ᠪᠦᠲᠦᠮᠵᠢᠲᠡᠶ ᠳᠡᠭᠡᠭᠰᠢᠯᠡᠭᠦᠯᠪᠡ᠃ | ᠭᠤᠷᠪᠠ ᠳᠤ᠂ ᠨᠡᠶᠢᠲᠡ ᠶᠢᠨ ᠠᠰᠠᠷᠠᠮᠵᠢ ᠶᠢᠨ ᠵᠦᠢᠯᠡᠰ ᠢ ᠬᠡᠷᠡᠭᠵᠢᠭᠦᠯᠵᠦ᠂ ᠬᠡᠦᠬᠡᠳ ᠤᠨ ᠦᠰᠦᠨ ᠪᠤᠶᠢᠵᠢᠬᠤ ᠣᠷᠴᠢᠨ ᠨᠥᠬᠦᠴᠡᠯ ᠢ ᠰᠢᠯᠢᠳᠡᠭᠵᠢᠬᠦᠯᠪᠡ᠃ | ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ ︽ᠴᠦᠨ ᠯᠧᠢ ᠲᠥᠯᠥᠪᠯᠡᠭᠡ︾ ︽ᠲᠣᠭᠲᠠᠮᠠᠯ ᠬᠠᠶᠢᠷ᠎ᠠ ᠶᠢᠨ ᠠᠵᠢᠯᠯᠠᠭ᠎ᠠ | ︾ ᠪᠠ ︽ᠬᠥᠬᠡ ᠲᠡᠭᠷᠢ ᠰᠤᠷᠤᠯᠭ᠎ᠠ ᠶᠢ ᠲᠡᠳᠬᠦᠬᠦ ᠢᠨᠵᠧᠨᠧᠷᠢᠩ︾ ︽ᠬᠠᠶᠢᠷ᠎ᠠ ᠶᠢᠨ ᠡᠬᠢᠯᠡᠯᠲᠡ᠄ 6 ᠨᠠᠰᠤᠨ ᠠᠴᠠ ᠡᠮᠦᠨᠡᠬᠢ ᠬᠡᠤᠬᠡᠳ ᠢ ᠰᠢᠨᠵᠢᠯᠡᠬᠦ | ᠤᠬᠠᠭᠠᠨᠴᠢ ᠪᠠᠷ ᠬᠥᠮᠥᠵᠢᠭᠦᠯᠬᠦ ᠨᠡᠶᠢᠭᠡᠮ ᠲᠣᠭᠤᠷᠢᠭ ᠤᠨ ᠭᠡᠷ ᠪᠦᠯᠢ ᠶᠢ ᠳᠡᠮᠵᠢᠨ ᠳᠡᠯᠭᠡᠷᠡᠭᠦᠯᠬᠦ︾ ᠵᠡᠷᠭᠡ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ | ᠴᠢᠷᠮᠠᠶᠢᠨ ᠣᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠤᠷᠤᠯᠭ᠎ᠠ ᠪᠠ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠪᠠ᠃ 2010 ᠣᠨ ᠠᠴᠠ ᠨᠠᠭᠠᠰᠢ | ︽ᠴᠦᠨ ᠯᠧᠢ ᠲᠥᠯᠥᠪᠯᠡᠭᠡ︾ ᠪᠠᠷ ᠨᠡᠶᠢᠲᠡ ᠶᠢᠨ ᠠᠰᠠᠷᠠᠮᠵᠢ ᠶᠢᠨ ᠮᠥᠩᠭᠦ ᠶᠢ 850.17 ᠲᠦᠮᠡᠨ ᠲᠥᠭᠦᠷᠢᠭ ᠴᠤᠭᠯᠠᠭᠤᠯᠤᠨ ᠲᠠᠷᠬᠠᠭᠠᠵᠤ᠂ ᠬᠦᠴᠢᠷᠳᠡᠯ ᠳᠤ | ᠲᠤᠯᠭᠠᠷᠠᠭᠰᠠᠨ 4299 ᠵᠢᠭᠠᠯ ᠥᠬᠢᠨ ᠢ ᠲᠤᠰᠠᠯᠠᠭᠰᠠᠨ ᠪᠠᠶᠢᠨ᠎ᠠ᠃ ︽ᠲᠣᠭᠲᠠᠮᠠᠯ ᠬᠠᠶᠢᠷ᠎ᠠ ᠶᠢᠨ ᠠᠵᠢᠯᠯᠠᠭ᠎ᠠ︾ ᠪᠠᠷ ᠬᠡᠦᠬᠡᠳ ᠲᠤ ᠬᠠᠶᠢᠷ᠎ᠠ ᠬᠠᠯᠠᠮᠵᠢ ᠶᠢᠨ | ᠨᠣᠣᠰᠣᠨ ᠴᠠᠮᠴᠠ 2.6 ᠲᠦᠮᠨ ᠶᠢ ᠨᠡᠬᠡᠨ ᠥᠭᠴᠦ᠂ 2.5 ᠲᠦᠮᠡ ᠭᠠᠷᠤᠢ ᠬᠡᠦᠬᠡᠳ ᠢ ᠲᠤᠯᠠᠭᠠᠴᠠᠭᠤᠯᠪᠠ᠃ 2017 ᠣᠨ ᠠᠴᠠ ᠨᠠᠭᠠᠰᠢ 860 ᠲᠦᠮᠡᠨ | ᠲᠥᠭᠦᠷᠢᠭ ᠤᠨ ᠲᠤᠰᠬᠠᠢ ᠵᠦᠢᠯ ᠤᠨ ᠵᠠᠷᠤᠳᠠᠯ ᠣᠷᠣᠭᠤᠯᠵᠤ᠂ ︽ᠪᠠᠭᠪᠠᠭᠠᠢ ᠴᠡᠴᠡᠭ︾ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠦᠢᠯᠡᠴᠢᠯᠡᠭᠡᠨ ᠤ 304 | ᠲᠥᠷᠥᠯ ᠵᠦᠢᠯ ᠢ ᠬᠡᠷᠡᠭᠵᠢᠭᠦᠯᠵᠦ᠂ 53 ᠲᠦᠮᠡᠨ ᠡᠮᠡᠭᠲᠡᠶᠢᠴᠦᠳ ᠬᠡᠦᠬᠡᠳ ᠪᠠ ᠭᠡᠷ ᠪᠦᠯᠢ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠷᠬᠡ ᠪᠠᠨ ᠬᠠᠮᠠᠭᠠᠯᠠᠬᠤ | ᠦᠢᠯᠡᠴᠢᠯᠡᠭᠡ ᠬᠠᠩᠭᠠᠪᠠ᠃ 2023 ᠣᠨ ᠤ ᠨᠡᠶᠢᠲᠡ ᠶᠢᠨ ᠠᠰᠠᠷᠠᠮᠵᠢ ᠶᠢᠨ ᠡᠳᠦᠷ ᠤᠨ ᠬᠤᠭᠤᠴᠠᠭᠠᠨ ᠳᠤ ︽ᠥᠪᠥᠷ ᠮᠣᠩᠭᠤᠯ ᠤᠨ ᠴᠣᠮᠣᠷᠯᠢᠭ ᠲᠥᠯᠥᠪᠯᠡᠭᠡ | 23︾ ᠠᠵᠢᠯᠯᠠᠭ᠎ᠠ ᠶᠢ ᠥᠷᠨᠢᠭᠦᠯᠵᠦ᠂ 200 ᠭᠠᠷᠤᠢ ᠲᠦᠮᠡᠨ ᠲᠥᠭᠦᠷᠢᠭ ᠤᠨ ᠬᠠᠨᠳᠢᠪ ᠮᠥᠩᠭᠦ ᠴᠤᠭᠯᠠᠭᠤᠯᠵᠤ᠂ ᠬᠦᠴᠢᠷᠳᠡᠯ ᠳᠤ ᠲᠤᠯᠭᠠᠷᠠᠭᠰᠠᠨ 1000 | ᠭᠠᠷᠤᠢ ᠵᠢᠭᠠᠯ ᠥᠬᠢᠳ ᠤᠨ ᠰᠤᠷᠤᠯᠭ᠎ᠠ ᠪᠠ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠪᠡ᠃ | ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠳᠤ ᠨᠠᠮ ᠪᠣᠯᠣᠨ ᠵᠠᠰᠠᠭ ᠤᠨ ᠣᠷᠳᠣᠨ ᠤ ᠭᠦᠨ ᠵᠤᠵᠠᠭᠠᠨ ᠬᠠᠶᠢᠷ᠎ᠠ ᠬᠠᠯᠠᠮᠵᠢ ᠠᠭᠤᠯᠤᠭᠳᠠᠵᠤ ᠪᠤᠢ ᠶᠤᠮ᠂ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠳᠠᠷᠠᠭᠠᠴᠢ ᠪᠠᠷ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ | ᠪᠣᠯᠣᠨ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠴᠢᠳᠠᠪᠬᠢ | ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠵᠤ᠂ ᠬᠡᠦᠬᠡᠳ ᠢ ᠦᠵᠡᠯ ᠰᠠᠨᠠᠭ᠎ᠠ ᠪᠠᠷ ᠬᠦᠳᠤᠯᠤᠨ ᠲᠠᠭᠠᠭᠤᠯᠵᠤ᠂ ᠬᠡᠦᠬᠡᠳ ᠢ ᠬᠠᠯᠠᠮᠵᠢᠯᠠᠨ ᠬᠠᠮᠠᠭᠠᠯᠠᠬᠤ ᠵᠡᠷᠭᠡ | ᠠᠵᠢᠯ ᠢ ᠨᠠᠷᠢᠨ ᠪᠣᠳᠠᠲᠠᠢ ᠬᠢᠵᠦ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠳᠤ ᠡᠮᠡᠭᠲᠡᠶᠢᠴᠦᠳ ᠤᠨ ᠬᠤᠯᠪᠣᠭ᠎ᠠ ᠶᠢᠨ ᠬᠦᠴᠦᠨ | ᠴᠢᠳᠠᠯ ᠢᠶᠠᠨ ᠦᠷᠬᠦᠯᠵᠢᠯᠡᠨ ᠡᠷᠭᠦᠨ᠎ᠡ᠃ |