︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠵᠢᠴᠢ ᠲᠡᠭᠦᠨ ᠤ | ᠬᠡᠷᠡᠭᠵᠢᠭᠦᠯᠬᠦ ᠳᠦᠷᠢᠮ ᠢ ᠦᠨᠳᠦᠰᠦᠯᠡᠨ᠂ ︽ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ | ᠵᠣᠷᠢᠭᠵᠢᠭᠤᠯᠵᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ ᠤᠳ︾ ᠪᠣᠯᠤᠨ ︽ᠰᠤᠷᠭᠠᠨ | ᠬᠥᠮᠦᠵᠢᠯ ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠢ | ᠲᠣᠪᠴᠢᠶ᠎ᠠ ᠶᠢᠨ ︿ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ﹀ | ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠩ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ | ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠣᠭᠤᠳᠴᠤ ᠵᠢᠷᠤᠮᠵᠢᠭᠤᠯᠬᠤ ᠶᠢᠨ ᠲᠥᠯᠦᠭᠡ᠂ 2023 ᠣᠨ ᠤ 10 | ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵2023 ᠣᠨ ᠳᠤ | ᠵᠠᠰᠠᠪᠤᠷᠢ ᠣᠷᠣᠭᠤᠯᠤᠭᠰᠠᠨ︶︾ ︵ᠳᠣᠷᠣᠭᠰᠢ ︽ᠠᠷᠭ᠎ᠠ︾ ᠭᠡᠵᠦ ᠳᠦᠭᠦᠮᠴᠢᠯᠡᠨ᠎ᠡ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠲᠠᠶᠢᠯᠤᠮᠵᠢ ᠬᠢᠶ᠎ᠠ᠄ | ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠶᠢᠨ 2016 ᠣᠨ ᠤ | ᠵᠠᠰᠠᠪᠤᠷᠢ ᠣᠷᠣᠭᠤᠯᠤᠭᠰᠠᠨ ᠬᠠᠤᠯᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢᠨ ᠲᠥᠯᠦᠭᠡ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠪᠠ᠂ ᠭᠡᠪᠡᠴᠦ ᠲᠤᠰ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ | ᠬᠦᠴᠦᠨ ᠲᠠᠢ ᠬᠤᠭᠤᠴᠠᠭ᠎ᠠ ᠬᠤᠶᠠᠷ ᠵᠢᠯ ᠪᠠᠶᠢᠵᠤ᠂ ᠣᠳᠣ ᠨᠢᠭᠡᠨᠲᠡ ᠬᠦᠴᠦᠨ ᠦᠭᠡᠢ ᠪᠣᠯᠵᠤ ᠦᠷᠭᠦᠯᠵᠢᠯᠡᠨ ᠬᠡᠷᠡᠭᠯᠡᠬᠦ ᠶᠢᠨ ᠠᠷᠭ᠎ᠠ ᠦᠭᠡᠢ ᠪᠣᠯᠤᠭᠰᠠᠨ ᠪᠣᠯᠬᠤᠷ | ᠲᠤᠰ ᠪᠢᠴᠢᠭ ᠮᠠᠲ᠋ᠧᠷᠢᠶᠠᠯ ᠳᠤ ᠳᠠᠬᠢᠨᠲᠠ ᠵᠠᠰᠠᠪᠤᠷᠢ ᠣᠷᠣᠭᠤᠯᠪᠠ᠃ | ᠬᠤᠶᠠᠷ᠂ ︽ᠠᠷᠭ᠎ᠠ︾ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠭᠰᠠᠨ ᠵᠣᠷᠢᠯᠭ᠎ᠠ | ︽ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠣᠯ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ ᠲᠡᠮᠳᠡᠭᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠥᠷᠥᠯ ᠤᠨ ᠠᠷᠠᠳ ᠠᠴᠠ | ᠡᠷᠬᠢᠯᠡᠭᠰᠡᠨ ᠰᠤᠷᠭᠠᠭᠤᠯᠢ ᠶᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠭᠤᠣᠯᠴᠢᠯᠠᠨ ᠬᠠᠮᠢᠶᠠᠷᠤᠨ᠎ᠠ᠂ | ᠡᠶᠢᠮᠦ ᠠᠴᠠ ᠬᠠᠮᠲᠤᠷᠠᠨ ᠪᠢᠴᠢᠭ ᠮᠠᠲ᠋ᠧᠷᠢᠶᠠᠯ ᠲᠣᠭᠲᠠᠭᠠᠬᠤ ᠬᠡᠯᠪᠡᠷᠢ ᠶᠢ ᠦᠷᠭᠦᠯᠵᠢᠯᠡᠨ ᠬᠡᠷᠡᠭᠯᠡᠵᠦ᠂ ᠨᠢᠭᠡᠳᠦᠯᠲᠡᠢ ᠲᠥᠯᠥᠪᠯᠡᠨ ᠬᠠᠮᠢᠶᠠᠷᠬᠤ ᠪᠠ ᠦᠢᠯᠡᠴᠢᠯᠡᠬᠦ ᠳᠤ | ᠳᠥᠭᠦᠮ ᠦᠵᠡᠭᠦᠯᠵᠦ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠭᠠᠷᠬᠤ ᠠᠴᠠ ᠵᠠᠶᠢᠯᠠᠰᠬᠢᠪᠠ᠃ | ᠭᠤᠷᠪᠠ᠂ ︽ᠠᠷᠭ᠎ᠠ︾ ᠶᠢᠨ ᠲᠣᠬᠢᠷᠠᠬᠤ ᠬᠡᠪᠴᠢᠶ᠎ᠡ | ︽ᠠᠷᠭ᠎ᠠ︾ ᠳᠤ᠄ ᠤᠯᠤᠰ ᠤᠨ ᠪᠠᠶᠢᠭᠤᠯᠤᠮᠵᠢ ᠠᠴᠠ ᠭᠠᠳᠠᠨᠠᠬᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠡᠳ᠋ ᠤᠨ ᠵᠠᠰᠠᠭ ᠤᠨ ᠪᠤᠰᠤ | ᠴᠢᠨᠠᠷᠲᠠᠢ ᠵᠠᠷᠤᠳᠠᠯ᠂ ᠪᠡᠯᠡᠭᠯᠡᠨ ᠬᠦᠷᠭᠡᠭᠰᠡᠨ ᠪᠤᠰᠤ ᠡᠳ᠋ ᠬᠥᠷᠥᠩᠭᠡ ᠶᠢ ᠠᠰᠢᠭᠯᠠᠨ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠳᠡᠭᠡᠳᠦ | ᠰᠤᠷᠭᠠᠭᠤᠯᠢ ᠪᠠ ᠪᠤᠰᠤᠳ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ | ᠬᠥᠮᠦᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠡᠷᠬᠢᠯᠡᠵᠦ ᠪᠣᠯᠤᠨ᠎ᠠ᠂ ᠭᠡᠪᠡᠴᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠵᠦ ᠪᠣᠯᠬᠤ ᠦᠭᠡᠢ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ | ᠬᠥᠮᠦᠨ ᠡᠳ᠋ ᠤᠨ ᠵᠠᠰᠠᠭ ᠤᠨ ᠴᠢᠨᠠᠷᠲᠠᠢ ᠵᠠᠷᠤᠳᠠᠯ᠂ ᠪᠡᠯᠡᠭᠯᠡᠨ ᠬᠦᠷᠭᠡᠭᠰᠡᠨ ᠡᠳ᠋ ᠬᠥᠷᠥᠩᠭᠡ ᠪᠠᠷ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢ ᠡᠷᠬᠢᠯᠡᠬᠦ ᠪᠤᠶᠤ ᠲᠡᠭᠦᠨ ᠳᠤ ᠣᠷᠣᠯᠴᠠᠵᠤ ᠪᠣᠯᠬᠤ ᠦᠭᠡᠢ᠃ | ᠳᠥᠷᠪᠡ᠂ ︽ᠠᠷᠭ᠎ᠠ︾ ᠶᠢᠨ ᠭᠤᠣᠯ ᠠᠭᠤᠯᠭ᠎ᠠ | ︽ᠠᠷᠭ᠎ᠠ︾ ᠶᠢᠨ ᠪᠦᠬᠦ ᠠᠭᠤᠯᠭ᠎ᠠ ᠶᠢ ᠶᠢᠰᠦᠨ ᠪᠦᠯᠦᠭ᠂ ᠲᠠᠪᠢᠨ ᠵᠦᠢᠯ ᠬᠤᠪᠢᠶᠠᠪᠠ᠃ ᠰᠤᠷᠭᠠᠭᠤᠯᠢ ᠪᠠᠶᠢᠭᠤᠯᠬᠤ᠂ ᠬᠤᠪᠢᠷᠠᠭᠤᠯᠬᠤ ᠪᠠ ᠵᠣᠭᠰᠣᠭᠠᠬᠤ | ᠶᠠᠪᠤᠴᠠ ᠵᠢᠴᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠳ᠋ ᠤᠨ ᠶᠠᠪᠤᠳᠠᠯ ᠡᠳ᠋ ᠬᠥᠷᠥᠩᠭᠡ᠂ ᠮᠡᠳᠡᠭᠡ | ᠵᠠᠩᠭᠢ ᠶᠢ ᠢᠯᠡ ᠪᠣᠯᠭᠠᠬᠤ ᠵᠡᠷᠭᠡ ᠡᠳᠦᠷ ᠲᠤᠲᠤᠮ ᠤᠨ ᠬᠠᠮᠢᠶᠠᠷᠤᠯᠲᠠ ᠶᠢᠨ ᠲᠠᠯ᠎ᠠ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ ᠬᠢᠨᠠᠯᠲᠠ ᠲᠠᠯᠪᠢᠵᠤ ᠰᠢᠢᠳᠬᠡᠬᠦ | ᠭᠤᠣᠯ ᠴᠣᠭᠴᠠ ᠪᠠ ᠪᠠᠶᠢᠳᠠᠯ ᠢ ᠲᠣᠭᠲᠠᠭᠠᠪᠠ᠃ ︽ᠠᠷᠭ᠎ᠠ︾ ᠨᠢ ︽ᠰᠤᠷᠭᠠᠨ ᠬᠥᠮᠦᠵᠢᠯ ᠤᠨ ᠶᠠᠮᠤᠨ ᠤ ᠦᠢᠯᠡᠳᠪᠦᠷᠢ ᠬᠤᠳᠠᠯᠳᠤᠭᠠᠨ ᠤ ᠶᠡᠷᠦᠩᠬᠡᠢ | ᠲᠣᠪᠴᠢᠶ᠎ᠠ ᠶᠢᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ | ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2018 ᠣᠨ ᠳᠤ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠦᠨᠳᠦᠰᠦᠨ ᠳᠤ ᠪᠠᠨ ᠨᠢᠭᠡᠳᠦᠯᠲᠡᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠵᠤ᠂ ᠨᠡᠩ | ᠲᠡᠭᠦᠯᠳᠡᠷᠵᠢᠭᠰᠡᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ | ᠪᠠᠶᠢᠭᠤᠯᠵᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ︽ᠬᠠᠮᠢᠭ᠎ᠠ ᠣᠴᠢᠵᠤ ᠳᠠᠩᠰᠠᠯᠠᠭᠤᠯᠬᠤ︾᠂ ︽ᠶᠠᠭᠠᠬᠢᠵᠤ | ᠳᠠᠩᠰᠠᠯᠠᠭᠤᠯᠬᠤ︾᠂ ︽ᠶᠠᠭᠠᠬᠢᠵᠤ ᠵᠢᠷᠤᠮᠵᠢᠭᠤᠯᠬᠤ︾ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠪᠡ᠃ | ᠲᠠᠪᠤ᠂ ︽ᠠᠷᠭ᠎ᠠ︾ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠶᠢᠭᠤᠯᠬᠤ ᠪᠠ ᠳᠠᠩᠰᠠᠯᠠᠨ ᠲᠡᠮᠳᠡᠭᠯᠡᠬᠦ ᠲᠤᠬᠠᠢ | ᠲᠣᠭᠲᠠᠭᠠᠯ ᠭᠠᠷᠭᠠᠪᠠ | ︽ᠠᠷᠭ᠎ᠠ︾ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠶᠢᠭᠤᠯᠬᠤ ᠨᠥᠬᠦᠴᠡᠯ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ᠂ ᠪᠡᠯᠡ ᠮᠥᠩᠭᠦ᠂ ᠰᠤᠷᠭᠠᠭᠤᠯᠢ ᠡᠷᠬᠢᠯᠡᠬᠦ ᠠᠭᠤᠯᠭ᠎ᠠ ᠵᠡᠷᠭᠡ ᠶᠢ ᠲᠣᠳᠣᠷᠬᠠᠶᠢᠯᠠᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠨ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠡᠯᠡ ᠮᠥᠩᠭᠦ ᠶᠢ ᠬᠠᠮᠢᠶᠠᠷᠣᠨ ᠡᠵᠡᠮᠳᠡᠬᠦ ᠶᠢ | ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠭᠤᠯᠭ᠎ᠠ ᠨᠢ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠨᠠᠰᠤᠨ ᠳᠤ ᠦᠯᠦ ᠬᠦᠷᠦᠭᠰᠡᠳ ᠤᠨ | ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠵᠡᠷᠭᠡ ᠵᠦᠢᠯ ᠳᠤ ᠨᠡᠶᠢᠴᠡᠪᠡᠯ ᠵᠣᠬᠢᠨ᠎ᠠ ᠭᠡᠵᠦ ᠲᠣᠭᠲᠠᠭᠠᠵᠠᠢ᠃ ᠡᠭᠦᠨ ᠤ ᠬᠠᠮᠲᠤ᠂ ᠠᠰᠢᠭ ᠬᠤᠨᠵᠢᠪᠣᠷᠢ ᠶᠢᠨ | ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠡᠯᠡᠳᠭᠡᠨ ᠪᠠᠶᠢᠭᠤᠯᠬᠤ ᠪᠠ ᠪᠠᠶᠢᠭᠤᠯᠬᠤ ᠭᠡᠵᠦ ᠬᠤᠶᠠᠷ ᠱᠠᠲᠤ ᠬᠤᠪᠢᠶᠠᠨ᠂ ᠬᠤᠯᠪᠣᠭᠳᠠᠯ ᠪᠦᠬᠦᠢ | ᠱᠠᠭᠠᠷᠳᠠᠯᠭ᠎ᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠨ | ᠬᠠᠮᠢᠶᠠᠷᠬᠤ ᠠᠷᠭ᠎ᠠ ︵ᠵᠠᠰᠠᠪᠤᠷᠢ ᠣᠷᠣᠭᠤᠯᠤᠭᠰᠠᠨ︶︾ ᠲᠠᠢ ᠨᠢᠭᠡᠳᠦᠯᠲᠡᠢ ᠪᠠᠶᠢᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠵᠢᠷᠭᠤᠭ᠎ᠠ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ | ᠵᠠᠰᠠᠪᠤᠷᠢ ᠣᠷᠣᠭᠤᠯᠬᠤ ᠠᠴᠠ ᠡᠮᠦᠨᠡᠬᠢ ᠲᠠᠢ ᠬᠠᠷᠢᠴᠠᠭᠤᠯᠪᠠᠯ᠂ ︽ᠠᠷᠭ᠎ᠠ︾ ᠨᠢ ᠮᠥᠨ ᠯᠡ 9 ᠪᠦᠯᠦᠭ ᠪᠠᠶᠢᠭᠰᠠᠨ ᠪᠣᠯᠪᠠᠴᠤ 53 ᠵᠦᠢᠯ ᠠᠴᠠ 50 ᠵᠦᠢᠯ | ᠪᠣᠯᠤᠨ ᠬᠤᠪᠢᠷᠠᠵᠤ᠂ 4 ᠵᠦᠢᠯ ᠢ ᠬᠠᠰᠤᠵᠤ᠂ 1 ᠵᠦᠢᠯ ᠢ ᠰᠢᠨ᠎ᠡ ᠪᠠᠷ ᠨᠡᠮᠡᠪᠡ᠃ | ᠨᠢᠭᠡ ᠳᠤ᠂ ︽ᠠᠷᠭ᠎ᠠ︾ ᠶᠢᠨ ᠬᠠᠤᠯᠢ ᠴᠠᠭᠠᠵᠠ ᠶᠢᠨ ᠦᠨᠳᠦᠰᠦᠯᠡᠯ ᠪᠠ ᠵᠢᠷᠤᠮᠵᠢᠭᠤᠯᠤᠭᠰᠠᠨ ᠬᠠᠷᠢᠴᠠᠩᠭᠤᠢ ᠲᠣᠭᠲᠠᠭᠤᠨ ᠴᠢᠨᠠᠷ ᠢ ᠪᠠᠲᠤᠯᠠᠬᠤ ᠶᠢᠨ | ᠲᠥᠯᠥᠭᠡ᠂ ︽ᠠᠷᠭ᠎ᠠ︾ ᠳᠠᠬᠢ ᠵᠠᠷᠢᠮ ᠵᠦᠢᠯ ᠳᠤ ᠬᠠᠤᠯᠢ ᠴᠠᠭᠠᠵᠠ ᠶᠢᠨ ᠦᠨᠳᠦᠰᠦᠯᠡᠯ ᠪᠠ ᠦᠨᠳᠦᠰᠦᠨ ᠵᠦᠢᠯ ᠢ ᠪᠠᠲᠤᠯᠠᠬᠤ ᠲᠣᠭᠲᠠᠭᠠᠯ ᠢ ᠨᠡᠮᠡᠪᠡ᠃ | ᠨᠢᠭᠡᠳᠦᠭᠡᠷ ᠵᠦᠢᠯ ᠤᠨ ᠬᠠᠤᠯᠢ ᠴᠠᠭᠠᠵᠠ ᠶᠢᠨ ᠦᠨᠳᠦᠰᠦᠯᠡᠯ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠶᠢ ᠨᠡᠮᠡᠭᠰᠡᠨ ᠤ ᠬᠠᠮᠲᠤ ︽ | ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ︾ ᠤᠨ ᠦᠨᠳᠦᠰᠦᠨ ᠵᠦᠢᠯ ᠢ ᠪᠠᠲᠤᠯᠠᠬᠤ ᠲᠣᠭᠲᠠᠭᠠᠯ ᠢ ᠨᠡᠮᠡᠪᠡ᠃ ᠡᠭᠦᠨ ᠤ ᠬᠠᠮᠲᠤ᠂ ᠠᠷᠪᠠᠨ | ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ᠂ ᠭᠤᠴᠢᠨ ᠳᠣᠯᠣᠳᠤᠭᠠᠷ ᠵᠦᠢᠯ ᠳᠤ ︽ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠳᠤ | ᠬᠤᠷᠢᠭᠯᠠᠭᠰᠠᠨ ᠪᠤᠰᠤᠳ ᠪᠠᠶᠢᠳᠠᠯ︾ ᠪᠤᠶᠤ ︽ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠪᠠᠶᠢᠳᠠᠯ︾ ᠤᠨ ᠦᠨᠳᠦᠰᠦᠨ ᠵᠦᠢᠯ ᠢ ᠪᠠᠲᠤᠯᠠᠬᠤ ᠲᠣᠭᠲᠠᠭᠠᠯ ᠢ | ᠨᠡᠮᠡᠪᠡ᠃ | ᠬᠤᠶᠠᠷ ᠲᠤ᠂ ︽ᠠᠷᠭ᠎ᠠ︾ ᠶᠢᠨ ᠠᠭᠤᠯᠭ᠎ᠠ ᠶᠢ ᠲᠡᠭᠦᠯᠳᠡᠷᠵᠢᠭᠦᠯᠪᠡ᠃ ︽ᠠᠷᠭ᠎ᠠ︾ ᠶᠢᠨ ᠬᠤᠶᠠᠳᠤᠭᠠᠷ ᠵᠦᠢᠯ ᠳᠤ ᠬᠤᠶᠠᠳᠤᠭᠠᠷ ᠵᠤᠷᠪᠤᠰ ᠢ ᠨᠡᠮᠡᠵᠦ᠂ ︽ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠡᠳ᠋ ᠤᠨ ᠵᠠᠰᠠᠭ ᠤᠨ ᠴᠢᠨᠠᠷᠲᠠᠢ ᠵᠠᠷᠤᠳᠠᠯ᠂ ᠡᠳ᠋ ᠬᠥᠷᠥᠩᠭᠡ ᠪᠠᠷ ᠠᠰᠢᠭ ᠬᠤᠨᠵᠢᠪᠣᠷᠢ ᠶᠢᠨ | ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ ᠪᠣᠯᠬᠤ ᠦᠭᠡᠢ︾︔ ᠡᠭᠦᠨ ᠤ ᠬᠠᠮᠲᠤ᠂ ᠰᠤᠷᠭᠠᠨ | ᠬᠥᠮᠦᠵᠢᠯ ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠲᠠᠢ ᠨᠢᠭᠡᠳᠦᠯᠲᠡᠢ ᠪᠠᠷ ︽ᠠᠷᠭ᠎ᠠ︾ ᠶᠢᠨ ᠭᠤᠴᠢᠨ ᠲᠠᠪᠤᠳᠤᠭᠠᠷ ᠵᠦᠢᠯ ᠳᠤ | ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ | ᠨᠡᠮᠡᠵᠦ᠂ ︽ᠡᠭᠦᠨ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢ ᠰᠠᠯᠭᠠᠵᠤ᠂ ᠨᠡᠶᠢᠯᠡᠭᠦᠯᠵᠦ᠂ | ᠵᠣᠭᠰᠣᠭᠠᠵᠤ᠂ ᠨᠡᠷᠡᠶᠢᠳᠦᠯ ᠢ ᠨᠢ ᠬᠤᠪᠢᠷᠠᠭᠤᠯᠬᠤ ᠶᠢ ᠰᠤᠷᠭᠠᠨ ᠬᠥᠮᠦᠵᠢᠯ ᠤᠨ ᠶᠠᠮᠤᠨ ᠠᠴᠠ ᠬᠢᠨᠠᠨ ᠵᠥᠪᠰᠢᠶᠡᠷᠡᠨ᠎ᠡ᠂ ᠪᠤᠰᠤᠳ ᠵᠦᠢᠯ ᠢ ᠬᠤᠪᠢᠷᠠᠭᠤᠯᠬᠤ ᠶᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠦᠪᠰᠢᠶᠡᠷᠡᠨ᠎ᠡ︾᠃ | ᠭᠤᠷᠪᠠ ᠳᠤ᠂ ᠬᠠᠰᠤᠬᠤ ᠳᠤ ᠳᠥᠭᠦᠮ᠂ ᠠᠵᠢᠯᠯᠠᠬᠤ ᠳᠤ ᠳᠥᠭᠦᠮ ᠪᠠᠶᠢᠬᠤ ᠵᠠᠷᠴᠢᠮ ᠶᠣᠰᠣᠭᠠᠷ᠂ ᠠᠳᠠᠯᠢ ᠨᠢᠭᠡᠨ ᠠᠭᠤᠯᠭ᠎ᠠ ᠶᠢᠨ ᠲᠣᠭᠲᠠᠭᠠᠯ ᠢ ᠨᠡᠶᠢᠯᠡᠭᠦᠯᠵᠦ | ᠂ ᠳᠠᠪᠬᠤᠷᠳᠠᠭᠤᠯᠬᠤ ᠠᠴᠠ ᠵᠠᠶᠢᠯᠠᠰᠬᠢᠪᠠ᠃ ᠵᠢᠱᠢᠶᠡᠯᠡᠪᠡᠯ᠂ ᠤᠤᠯ ᠠᠷᠭ᠎ᠠ ᠶᠢᠨ ᠬᠤᠶᠠᠳᠤᠭᠠᠷ ᠵᠦᠢᠯ᠂ ᠵᠢᠷᠭᠤᠳᠤᠭᠠᠷ ᠵᠦᠢᠯ᠂ ᠲᠠᠪᠢᠨ ᠨᠢᠭᠡᠳᠦᠭᠡᠷ ᠵᠦᠢᠯ ᠳᠤ | ᠴᠥᠮ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠳᠤ ᠲᠣᠭᠲᠠᠭᠠᠯ ᠭᠠᠷᠭᠠᠵᠤ᠂ ᠣᠨᠴᠠᠭᠠᠶᠢᠯᠠᠨ ᠲᠠᠪᠢᠨ ᠨᠢᠭᠡᠳᠦᠭᠡᠷ ᠵᠦᠢᠯ ᠳᠤ ︽ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠲᠤᠰ ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ︾ ᠭᠡᠵᠦ | ᠲᠣᠭᠲᠠᠭᠠᠭᠠᠳ᠂ ᠳᠠᠪᠬᠤᠷᠳᠠᠭᠤᠯᠬᠤ ᠠᠴᠠ ᠵᠠᠶᠢᠯᠠᠰᠬᠢᠬᠤ ᠶᠢᠨ ᠲᠥᠯᠦᠭᠡ᠂ ︽ᠠᠷᠭ᠎ᠠ︾ ᠶᠢᠨ ᠬᠤᠶᠠᠳᠤᠭᠠᠷ ᠵᠦᠢᠯ᠂ ᠵᠢᠷᠭᠤᠳᠤᠭᠠᠷ ᠵᠦᠢᠯ ᠢ ᠬᠠᠰᠤᠵᠤ᠂ | ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠶᠢᠨ ᠲᠤᠬᠠᠢ ᠳᠥᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ︽ᠠᠰᠢᠭ ᠬᠤᠨᠵᠢᠪᠣᠷᠢ ᠶᠢᠨ | ᠴᠢᠨᠠᠷᠲᠠᠢ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ︾ | ᠭᠡᠵᠦ ᠲᠣᠳᠣᠷᠬᠠᠢ ᠲᠣᠭᠲᠠᠭᠠᠵᠠᠢ᠃ | ᠳᠥᠷᠪᠡ ᠳᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠠᠮᠤᠷ ᠲᠦᠪᠰᠢᠨ᠂ ᠲᠦᠭᠰᠢᠭᠦᠷᠢ ᠶᠢ ᠡᠵᠡᠮᠳᠡᠬᠦ ᠲᠤᠬᠠᠢ | ᠲᠠᠨᠢᠯᠲᠠ᠂ ᠬᠠᠮᠢᠶᠠᠷᠤᠯᠲᠠ ᠪᠠ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠤᠤᠯ ᠤᠨ ᠠᠷᠭ᠎ᠠ ᠶᠢᠨ ᠲᠠᠪᠤᠳᠤᠭᠠᠷ ᠪᠦᠯᠦᠭ ᠤᠨ ᠡᠳ᠋ ᠤᠨ ᠶᠠᠪᠤᠳᠠᠯ ᠡᠳ᠋ | ᠬᠥᠷᠥᠩᠭᠡ ᠳᠠᠬᠢ ᠭᠤᠴᠢᠨ ᠭᠤᠷᠪᠠᠳᠤᠭᠠᠷ ᠵᠦᠢᠯ᠂ ᠲᠤᠬᠠᠶᠢᠯᠠᠪᠠᠯ ᠰᠤᠷᠭᠠᠭᠤᠯᠢ ᠶᠢᠨ ᠠᠮᠤᠷ ᠲᠦᠪᠰᠢᠨ᠂ ᠲᠦᠭᠰᠢᠭᠦᠷᠢ ᠶᠢᠨ ᠬᠠᠮᠢᠶᠠᠷᠤᠯᠲᠠ ᠵᠢᠴᠢ | ᠰᠤᠷᠭᠠᠭᠤᠯᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠬᠠᠷᠢᠭᠤᠴᠠᠯᠭ᠎ᠠ ᠶᠢ ᠳᠣᠭᠲᠠᠭᠠᠭᠰᠠᠨ ᠵᠦᠢᠯ ᠢ ︽ᠠᠷᠭ᠎ᠠ︾ ᠶᠢᠨ ᠨᠢᠭᠡᠳᠦᠭᠡᠷ ᠪᠦᠯᠦᠭ ᠤᠨ | ᠶᠡᠷᠦᠩᠬᠡᠢ ᠳᠦᠷᠢᠮ ᠤᠨ ᠲᠠᠪᠤᠳᠤᠭᠠᠷ ᠵᠦᠢᠯ ᠳᠤ ᠲᠣᠬᠢᠷᠠᠭᠤᠯᠪᠠ᠃ | ᠲᠠᠪᠤ ᠳᠤ᠂ ︽ᠠᠷᠭ᠎ᠠ︾ ᠳᠤ ᠪᠡᠯᠡ ᠣᠷᠣᠭᠤᠯᠬᠤ ᠬᠡᠯᠪᠡᠷᠢ ᠶᠢᠨ ᠲᠤᠬᠠᠢ ᠵᠢᠷᠤᠮᠵᠢᠯ ᠤᠨ ᠴᠢᠨᠠᠷᠲᠠᠢ ᠲᠣᠭᠲᠠᠭᠠᠯ ᠢ ᠰᠢᠨ᠎ᠡ ᠪᠠᠷ ᠨᠡᠮᠡᠪᠡ᠃ ︽ᠠᠷᠠᠳ ᠠᠴᠠ | ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢᠨ ᠬᠡᠷᠡᠭᠵᠢᠭᠦᠯᠬᠦ ᠳᠦᠷᠢᠮ︾ ᠤᠨ ᠬᠤᠷᠢᠨ ᠨᠢᠭᠡᠳᠦᠭᠡᠷ ᠵᠦᠢᠯ ᠤᠨ ︽ᠠᠷᠠᠳ ᠠᠴᠠ ᠡᠷᠬᠢᠯᠡᠭᠰᠡᠨ | ᠰᠤᠷᠭᠠᠭᠤᠯᠢ ᠶᠢ ᠡᠷᠬᠢᠯᠡᠬᠦ ᠪᠡᠯᠡ ᠮᠥᠩᠭᠦ᠂ ᠳᠠᠩᠰᠠᠯᠠᠭᠤᠯᠤᠭᠰᠠᠨ ᠬᠥᠷᠥᠩᠭᠡ ᠨᠢ ᠰᠤᠷᠭᠠᠭᠤᠯᠢ ᠶᠢᠨ ᠲᠥᠷᠥᠯ ᠬᠡᠯᠪᠡᠷᠢ᠂ ᠳᠡᠰ ᠳᠠᠪᠬᠤᠷᠭ᠎ᠠ᠂ ᠰᠤᠷᠭᠠᠭᠤᠯᠢ ᠡᠷᠬᠢᠯᠡᠬᠦ | ᠬᠡᠪᠴᠢᠶ᠎ᠡ ᠯᠦᠭᠡ ᠬᠠᠷᠢᠯᠴᠠᠨ ᠲᠣᠬᠢᠷᠠᠬᠤ ᠬᠡᠷᠡᠭᠲᠡᠢ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠵᠢᠩᠬᠢᠨᠢ ᠪᠠᠷ ᠪᠠᠶᠢᠭᠤᠯᠬᠤ ᠦᠶᠡᠰ᠂ ᠡᠷᠬᠢᠯᠡᠬᠦ ᠪᠡᠯᠡ ᠮᠥᠩᠭᠦ᠂ | ᠳᠠᠩᠰᠠᠯᠠᠭᠤᠯᠤᠭᠰᠠᠨ ᠬᠥᠷᠥᠩᠭᠡ ᠪᠠᠨ ᠭᠦᠢᠴᠡᠳ ᠲᠤᠰᠢᠶᠠᠬᠤ ᠬᠡᠷᠡᠭᠲᠡᠢ︾ ᠭᠡᠬᠦ ᠲᠣᠭᠲᠠᠭᠠᠯ ᠢ ᠦᠨᠳᠦᠰᠦᠯᠡᠨ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ᠠᠷᠭ᠎ᠠ︾ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠪᠡᠯᠡ ᠣᠷᠣᠭᠤᠯᠬᠤ ᠬᠡᠯᠪᠡᠷᠢ ᠪᠠ ᠪᠡᠯᠡ ᠣᠷᠣᠭᠤᠯᠬᠤ ᠶᠢ ᠬᠤᠷᠢᠭᠯᠠᠬᠤ ᠬᠡᠯᠪᠡᠷᠢ ᠳᠤ ᠵᠢᠷᠤᠮᠵᠢᠭᠤᠯᠤᠭᠰᠠᠨ ᠲᠣᠭᠲᠠᠭᠠᠯ ︵ᠳᠠᠷᠤᠢ ᠠᠷᠪᠠᠨ | ᠨᠢᠭᠡᠳᠦᠭᠡᠷ ᠵᠤᠷᠪᠤᠰ︶ ᠢ ᠰᠢᠨ᠎ᠡ ᠪᠠᠷ ᠨᠡᠮᠡᠵᠦ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠪᠡᠯᠡ ᠣᠷᠣᠭᠤᠯᠬᠤ ᠶᠢ | ᠵᠢᠷᠤᠮᠵᠢᠯ ᠲᠠᠢ ᠪᠠᠶᠢᠯᠭᠠᠬᠤ ᠶᠢ ᠦᠨᠡᠨ ᠬᠦ ᠪᠠᠲᠤᠯᠠᠪᠠ᠃ | ᠵᠢᠷᠭᠤᠭ᠎ᠠ ᠳᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠬᠠᠷᠢᠯᠴᠠᠨ ᠵᠥᠷᠢᠴᠡᠯᠳᠦᠬᠦ ᠠᠴᠠ ᠵᠠᠶᠢᠯᠠᠰᠬᠢᠪᠠ᠃ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ | ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠪᠠᠷ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ | ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ ᠨᠡᠶᠢᠲᠡᠯᠡᠨ ᠬᠡᠷᠡᠭᠵᠢᠭᠦᠯᠵᠦ᠂ ︽ᠠᠷᠭ᠎ᠠ︾ ᠶᠢᠨ ᠳᠥᠴᠢᠨ ᠨᠠᠢᠮᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ︽ | ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢᠨ ᠬᠢᠨᠠᠯᠲᠠ | ᠬᠠᠮᠢᠶᠠᠷᠤᠯᠲᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ | ᠬᠠᠮᠢᠶᠠᠷᠤᠯᠲᠠ ᠶᠢᠨ ᠠᠷᠭ᠎ᠠ︾ ᠶᠢ ᠬᠡᠷᠡᠭᠯᠡᠵᠦ᠂ ᠲᠤᠰ ᠠᠷᠭ᠎ᠠ ᠳᠤ ᠳᠣᠭᠲᠠᠭᠠᠭᠰᠠᠨ ᠦᠭᠡᠢ ᠪᠣᠯ᠂ ᠲᠤᠰ ᠠᠷᠭ᠎ᠠ ᠶᠢ ᠬᠡᠷᠡᠭᠯᠡᠨ᠎ᠡ᠃ | ᠳᠣᠯᠤᠭ᠎ᠠ᠂ ︽ᠠᠷᠭ᠎ᠠ︾ ᠨᠢ ᠬᠢᠨᠠᠯᠲᠠ ᠬᠠᠮᠢᠶᠠᠷᠤᠯᠲᠠ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠢ ᠲᠣᠭᠲᠠᠭᠠᠯ ᠭᠠᠷᠭᠠᠪᠠ ︽ᠠᠷᠭ᠎ᠠ︾ ᠳᠤ | ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠲᠠ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠵᠢᠯᠣᠭᠤᠳᠣᠯᠭ᠎ᠠ ᠪᠠ ᠬᠢᠨᠠᠯᠲᠠ ᠶᠢ ᠰᠠᠶᠢᠲᠤᠷ ᠬᠢᠵᠦ᠂ ᠬᠤᠲᠠ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠬᠠᠤᠯᠢ ᠪᠠᠷ | ᠲᠣᠭᠲᠠᠭᠠᠭᠰᠠᠨ ᠡᠷᠬᠡ ᠲᠤᠰᠢᠶᠠᠯ ᠢᠶᠠᠨ ᠦᠨᠳᠦᠰᠦᠯᠡᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ | ᠬᠠᠮᠢᠶᠠᠷᠤᠯᠲᠠ ᠶᠢ ᠰᠠᠶᠢᠲᠤᠷ ᠬᠢᠵᠦ᠂ ᠲᠤᠰᠬᠠᠢ ᠪᠠᠶᠢᠴᠠᠭᠠᠯᠲᠠ᠂ ᠡᠳᠦᠷ ᠲᠤᠲᠤᠮ ᠤᠨ ᠪᠠᠶᠢᠴᠠᠭᠠᠯᠲᠠ᠂ ᠰᠤᠷᠭᠠᠭᠤᠯᠢ ᠡᠷᠬᠢᠯᠡᠬᠦ ᠦᠨᠡᠯᠡᠨ ᠵᠢᠱᠢᠯᠲᠡ᠂ ᠵᠢᠯ ᠤᠨ | ᠪᠠᠶᠢᠴᠠᠭᠠᠯᠲᠠ᠂ ᠵᠢᠯ ᠤᠨ ᠮᠡᠳᠡᠭᠦᠯᠦᠯᠲᠡ ᠵᠡᠷᠭᠡ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ | ᠡᠨᠡ ᠬᠦ ᠰᠠᠭᠤᠷᠢᠨ ᠳᠡᠭᠡᠷ᠎ᠡ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠵᠢᠴᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠠᠷᠭ᠎ᠠ︾ ᠶᠢᠨ ᠤᠷᠤᠭᠰᠢᠲᠠᠢ ᠬᠡᠷᠡᠭᠵᠢᠭᠦᠯᠦᠯᠲᠡ ᠶᠢ ᠪᠠᠲᠤᠯᠠᠪᠠ᠃ | |