2023 ᠣᠨ ᠤ 10 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2023 ᠣᠨ ᠤ 25 | ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︽ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ︾ ︵ | ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠬᠢᠨᠠᠨ ᠵᠥᠪᠯᠡᠵᠦ ᠪᠠᠲᠤᠯᠠᠪᠠ᠂ ︽ᠲᠣᠭᠲᠠᠭᠠᠯ︾ ᠢ 2023 ᠣᠨ ᠤ 11 ᠳ᠋ᠤᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠠᠶᠢᠯᠪᠤᠷᠢᠯᠠᠶ᠎ᠠ᠃ | ᠨᠢᠭᠡ᠂ ᠨᠡᠶᠢᠲᠡᠯᠡᠭᠰᠡᠨ ᠠᠬᠤᠶ ᠪᠠᠶᠢᠳᠠᠯ | 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ | ᠴᠥᠭᠦᠷᠥᠮ ᠢ ᠬᠠᠮᠠᠭᠠᠯᠠᠬᠤ ᠪᠠ ᠬᠠᠮᠢᠶᠠᠷᠬᠤ ᠲᠦᠷᠢᠮ︾ ᠢ ᠵᠢᠩᠬᠢᠨᠢ ᠪᠠᠷ ᠬᠡᠷᠡᠭᠵᠢᠭᠦᠯᠪᠡ᠂ ᠡᠭᠦᠨ ᠳᠤ᠂ ᠠᠷᠪᠠᠨ ᠳᠣᠯᠣᠳᠤᠭᠠᠷ ᠵᠦᠢᠯ ᠳᠤ ︽ᠭᠤᠤᠯ ᠠᠯᠤᠰᠯᠠᠬᠤ᠂ | ᠭᠤᠤᠯ ᠭᠠᠲᠤᠯᠬᠤ᠂ ᠳᠠᠯᠠᠩ ᠭᠠᠲᠤᠯᠬᠤ᠂ ᠯᠢᠨᠾᠧ ᠨᠠᠭᠤᠷ ᠤᠨ ᠬᠥᠭᠦᠷᠭᠡ᠂ ᠭᠠᠷᠠᠮ᠂ ᠵᠠᠮ᠂ ᠣᠯᠣᠮ᠂ ᠬᠤᠭᠤᠯᠠᠶ᠂ ᠳᠡᠭᠡᠰᠦ᠂ ᠤᠰᠤ ᠲᠠᠲᠠᠬᠤ᠂ ᠤᠰᠤ ᠵᠠᠯᠠᠬᠤ | ᠵᠡᠷᠭᠡ ᠪᠠᠷᠢᠯᠭ᠎ᠠ ᠵᠢᠴᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ᠂ ᠪᠦᠲᠦᠭᠡᠨ ᠪᠠᠶᠢᠭᠤᠯᠬᠤ ᠨᠢᠭᠡᠴᠢ ᠠᠴᠠ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢᠶᠠᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ | ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳᠦᠶ ᠪᠣᠯ ᠪᠠᠷᠢᠯᠭ᠎ᠠ ᠪᠠᠷᠢᠭᠤᠯᠬᠤ ᠨᠢᠭᠡᠴᠢ ᠨᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ ᠪᠣᠯᠬᠤ ᠦᠭᠡᠶ᠂ ᠪᠣᠳᠠᠲᠠᠶ ᠬᠢᠨᠠᠨ ᠪᠠᠶᠢᠴᠠᠭᠠᠭᠰᠠᠨ ᠲᠣᠭᠲᠠᠭᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠠᠰᠲᠠᠭᠠᠨ ᠲᠣᠭᠲᠠᠭᠠᠨ᠎ᠠ︾ ᠭᠡᠵᠦ ᠲᠣᠳᠣᠷᠬᠠᠶ ᠲᠣᠭᠲᠠᠭᠠᠵᠠᠶ᠃ ᠡᠨᠡ ᠬᠦ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ︽ᠲᠣᠭᠲᠠᠭᠠᠯ︾ ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 25 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ | ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ︽ᠲᠣᠭᠲᠠᠭᠠᠯ︾ ᠨᠡᠶᠢᠲᠡ 17 ᠵᠤᠷᠪᠤᠰ᠃ | ︵ᠨᠢᠭᠡ︶ ᠨᠡᠶᠢᠲᠡᠯᠡᠭᠰᠡᠨ ᠦᠨᠳᠦᠰᠦᠯᠡᠯ | ︽ᠲᠣᠭᠲᠠᠭᠠᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠣᠳᠤᠷᠬᠠᠶᠢᠯᠠᠪᠠ᠃ ︽ᠲᠣᠭᠲᠠᠭᠠᠯ︾ ᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ | ᠭᠠᠵᠠᠷ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠦᠶᠡᠷ ᠢ ᠰᠡᠷᠭᠡᠶᠢᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠬᠠᠮᠢᠶᠠᠷᠬᠤ ᠲᠦᠷᠢᠮ︾ ᠵᠡᠷᠭᠡ 6 ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠨᠠᠶᠢᠷᠠᠭᠤᠯᠤᠨ ᠵᠣᠬᠢᠶᠠᠪᠠ᠃ | ︵ᠬᠤᠶᠠᠷ︶ ᠲᠤᠬᠢᠷᠠᠬᠤ ᠬᠡᠪᠴᠢᠶ᠎ᠠ | ᠲᠤᠰ ᠲᠣᠭᠲᠠᠭᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠡᠷᠡᠭᠯᠡᠵᠦ᠂ ᠭᠤᠣᠯ ᠮᠥᠷᠡᠨ ᠨᠠᠭᠤᠷ ᠴᠥᠭᠦᠷᠥᠮ᠂ ᠭᠤᠣᠯ ᠮᠥᠷᠡᠨ ᠨᠠᠭᠤᠷ ᠴᠥᠭᠦᠷᠥᠮ᠂ ᠬᠠᠰᠢᠯᠭ᠎ᠠ᠂ | ᠯᠢᠨᠾᠧ ᠨᠠᠭᠤᠷ ᠤᠨ ᠬᠥᠭᠦᠷᠭᠡ᠂ ᠭᠠᠷᠠᠮ᠂ ᠵᠠᠮ᠂ ᠤᠯᠤᠮ᠂ ᠬᠤᠭᠤᠯᠠᠶ᠂ ᠳᠡᠭᠡᠰᠦ᠂ ᠤᠰᠤ ᠲᠠᠳᠠᠬᠤ᠂ ᠤᠰᠤ ᠵᠠᠯᠠᠬᠤ ᠵᠡᠷᠭᠡ ᠪᠠᠷᠢᠯᠭ᠎ᠠ ᠵᠢᠴᠢ ᠲᠥᠬᠦᠭᠡᠷᠦᠮᠵᠢ ᠶᠢ | ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠳᠤ ᠬᠡᠷᠡᠭᠯᠡᠬᠦ ᠶᠢ ᠲᠣᠳᠣᠷᠬᠠᠶᠢᠯᠠᠪᠠ᠃ | ︵ᠭᠤᠷᠪᠠ︶ ᠬᠠᠮᠢᠶᠠᠷᠤᠯᠲᠠ ᠶᠢᠨ ᠡᠷᠬᠡ ᠮᠡᠳᠡᠯ᠂ ᠮᠡᠳᠡᠭᠦᠯᠬᠦ ᠪᠢᠴᠢᠭ ᠮᠠᠲ᠋ᠧᠷᠢᠶᠠᠯ᠂ ᠬᠢᠨᠠᠨ ᠪᠠᠶᠢᠴᠠᠭᠠᠯᠲᠠ ᠶᠢᠨ ᠭᠤᠣᠯᠳᠠᠯᠭ᠎ᠠ | ᠬᠠᠮᠢᠶᠠᠷᠤᠯᠲᠠ ᠶᠢᠨ ᠡᠷᠬᠡ ᠮᠡᠳᠡᠯ᠄ ︽ᠲᠣᠭᠲᠠᠭᠠᠯ︾ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠭᠤᠤᠯ ᠤᠨ ᠵᠠᠮ ᠤᠨ | ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠤᠨ | ᠵᠥᠪᠰᠢᠶᠡᠷᠡᠯ ᠢ ᠬᠡᠷᠡᠭᠵᠢᠭᠦᠯᠵᠦ ᠱᠠᠲᠤ ᠬᠤᠪᠢᠶᠠᠨ ᠬᠠᠮᠢᠶᠠᠷᠬᠤ ᠶᠢ ᠲᠤᠳᠤᠷᠬᠠᠶᠢᠯᠠᠪᠠ᠂ ᠪᠣᠳᠠᠲᠠᠶ ᠪᠠᠷ ᠬᠡᠯᠡᠪᠡᠯ ᠳᠣᠤᠷᠠᠬᠢ ᠮᠡᠲᠦ᠄ | ︵ᠨᠢᠭᠡ︶ ᠥᠪᠡᠷᠲᠡᠭᠡᠨ ᠵᠠᠰᠠᠬᠤ ᠣᠷᠣᠨ᠄ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠠᠴᠠ ᠲᠣᠭᠲᠠᠬᠤ ᠭᠤᠣᠯ ᠤᠨ ᠬᠡᠰᠡᠭ ᠲᠤ | ᠪᠦᠲᠦᠭᠡᠨ ᠪᠠᠶᠢᠭᠤᠯᠤᠭᠰᠠᠨ ᠵᠢᠵᠢᠭ ᠬᠡᠯᠪᠡᠷᠢ ᠶᠢᠨ ᠲᠥᠷᠥᠯ ᠵᠦᠢᠯ᠃ ᠪᠠᠷᠠᠭᠤᠨ ᠯᠢᠶᠤᠤᠾᠧ ᠭᠤᠣᠯ ᠤᠨ ᠰᠦ᠋ ᠵᠢᠶᠠ ᠪᠦᠦ ᠶᠢᠨ ᠬᠡᠰᠡᠭ ᠠᠴᠠ ᠮᠤᠵᠢ ᠶᠢᠨ ᠵᠠᠭᠠᠭ | ᠳᠡᠭᠡᠷ᠎ᠡ ᠪᠦᠲᠦᠭᠡᠨ ᠪᠠᠶᠢᠭᠤᠯᠤᠭᠰᠠᠨ ᠵᠢᠵᠢᠭ ᠬᠡᠯᠪᠡᠷᠢ ᠶᠢᠨ ᠲᠥᠷᠥᠯ ᠵᠦᠢᠯ᠃ ᠭᠤᠣᠯ ᠮᠥᠷᠡᠨ ᠨᠠᠭᠤᠷ ᠴᠥᠭᠦᠷᠥᠮ ᠤᠨ ᠠᠶᠢᠮᠠᠭ ᠬᠤᠲᠠ ᠶᠢᠨ ᠵᠠᠭᠠᠭ ᠢ ᠲᠤᠭᠤᠯᠬᠤ | ᠪᠤᠶᠤ ᠲᠤᠭᠤᠯᠬᠤ ᠴᠢᠬᠤᠯᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ | ︵ᠬᠤᠶᠠᠷ︶ ᠠᠶᠢᠮᠠᠭ ᠬᠤᠲᠠ᠄ ᠬᠠᠲᠤᠨ ᠭᠤᠣᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠬᠤ ᠬᠤᠸᠠᠩ ᠹᠦ᠋ ᠴᠤᠸᠠᠨ᠂ ᠠᠭᠤᠢ ᠶᠢᠨ ᠭᠤᠣᠯ | ᠳᠡᠭᠡᠷ᠎ᠡ ᠪᠠᠶᠢᠭᠤᠯᠤᠭᠰᠠᠨ ᠪᠠᠭ᠎ᠠ ᠬᠡᠯᠪᠡᠷᠢ ᠶᠢᠨ ᠲᠥᠷᠥᠯ ᠵᠦᠢᠯ᠂ ᠶᠡᠭᠡ ᠲᠦᠷᠭᠡᠨ ᠭᠤᠣᠯ᠂ ᠦᠳᠠ ᠶᠢᠨ ᠭᠤᠣᠯ ᠳᠡᠭᠡᠷ᠎ᠡ ᠪᠠᠶᠢᠭᠤᠯᠤᠭᠰᠠᠨ ᠪᠤᠢ ᠪᠦᠬᠦᠢ ᠲᠥᠷᠥᠯ | ᠵᠦᠢᠯ᠂ ᠪᠠᠷᠠᠭᠤᠨ ᠯᠢᠶᠤᠤᠾᠧ ᠭᠤᠣᠯ ᠤᠨ ᠴᠢᠬᠤᠯᠠ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠬᠤ ᠴᠠᠭᠠᠨᠮᠦ᠋ᠷᠡᠨ ᠭᠤᠣᠯ᠂ ᠰᠢᠷᠠᠮᠦ᠋ᠷᠡᠨ ᠭᠤᠣᠯ᠂ | ᠨᠠᠷᠢᠳ ᠤᠨ ᠭᠤᠣᠯ᠂ ᠬᠡᠶᠢᠮᠦᠷᠢ ᠶᠢᠨ ᠭᠤᠣᠯ᠂ ᠰᠢᠨ ᠺᠠᠢ ᠾᠧ ᠭᠤᠣᠯ᠂ ᠢᠩᠭᠡ ᠶᠢᠨ ᠭᠤᠣᠯ᠂ ᠦᠯᠵᠡᠶᠢᠮᠦ᠋ᠷᠡᠨ ᠭᠤᠣᠯ᠂ ᠯᠤᠤᠬ᠎ᠠ ᠶᠢᠨ ᠭᠤᠣᠯ ᠤᠨ ᠶᠧ ᠪᠠᠢ | ᠱᠸᠦ ᠠᠴᠠ ᠤᠯᠠᠭᠠᠨᠬᠠᠳᠠ ᠬᠦᠷᠬᠦ ᠲᠡᠮᠦᠷ ᠵᠠᠮ ᠤᠨ ᠬᠥᠭᠦᠷᠭᠡ ᠠᠴᠠ ᠤᠯᠠᠭᠠᠨᠬᠠᠳᠠ ᠠᠴᠠ ᠲᠦᠩᠯᠢᠶᠣᠣ ᠬᠦᠷᠬᠦ ᠲᠡᠮᠦᠷ ᠵᠠᠮ ᠤᠨ ᠬᠡᠰᠡᠭ ᠤᠨ ᠬᠦᠭᠦᠷᠭᠡ ᠶᠢᠨ | ᠭᠠᠳᠠᠨᠠᠬᠢ ᠥᠪᠥᠷ ᠮᠣᠩᠭᠤᠯ ᠤᠨ ᠭᠤᠣᠯ ᠤᠨ ᠬᠡᠰᠡᠭ ᠤᠨ ᠳᠡᠭᠡᠷ᠎ᠡ ᠪᠦᠲᠦᠭᠡᠨ ᠪᠠᠶᠢᠭᠤᠯᠤᠭᠰᠠᠨ ᠪᠤᠶ ᠪᠦᠬᠦᠢ ᠲᠥᠷᠥᠯ ᠵᠦᠢᠯ᠃ ᠨᠤᠨ ᠮᠦᠷᠡᠨ ᠤ ᠴᠢᠬᠤᠯᠠ | ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠤᠯᠬᠤ ᠬᠤᠤᠯᠢᠨ ᠭᠤᠤᠯ ᠤᠨ ᠦᠪᠦᠷ ᠮᠤᠩᠭᠤᠯ ᠤᠨ ᠬᠡᠰᠡᠭ ᠪᠤᠯᠤᠨ ᠨᠤᠮᠢᠨ ᠭᠤᠤᠯ ᠮᠤᠷᠢᠨᠳᠠᠪᠠᠭ᠎ᠠ ᠳᠠᠭᠤᠷ | ᠦᠨᠳᠦᠰᠦᠲᠡᠨ ᠤ ᠦᠪᠡᠷᠳᠡᠭᠡᠨ ᠵᠠᠰᠠᠬᠤ ᠬᠤᠰᠢᠭᠤ ᠶᠢᠨ ᠠᠷᠤ ᠤᠷᠬᠤᠳᠠ ᠠᠴᠠ ᠭᠤᠣᠯ ᠤᠨ ᠠᠮᠠ ᠬᠦᠷᠬᠦ᠂ ᠴᠤᠤᠯ ᠭᠤᠤᠯ ᠤᠨ ᠢᠨᠳᠡᠷ ᠪᠠᠯᠭᠠᠰᠤ ᠠᠴᠠ | ᠭᠤᠣᠯ ᠤᠨ ᠠᠮᠠ ᠬᠦᠷᠬᠦ᠂ ᠭᠤᠤᠯ ᠤᠨ ᠠᠮᠠᠨ ᠠᠴᠠ ᠭᠤᠤᠯ ᠤᠨ ᠭᠠᠳᠠᠨ᠎ᠠ ᠬᠦᠷᠬᠦ ᠬᠡᠰᠡᠭ ᠪᠠ ᠳ᠋ᠦᠸᠧ ᠪᠦ᠋ ᠺᠦ᠋ ᠡᠯ ᠾᠧ ᠭᠤᠣᠯ᠂ ᠭᠠᠨᠾᠧ ᠭᠤᠤᠯ᠂ ᠠᠷᠢᠭᠤᠨ | ᠭᠤᠤᠯ᠂ ᠶᠢᠨᠾᠧ ᠭᠤᠣᠯ᠂ ᠶᠠᠯᠤ ᠭᠤᠤᠯ᠂ ᠬᠤᠷᠳᠠ ᠭᠤᠤᠯ᠂ ᠲᠤᠭᠤᠷ ᠤᠨ ᠭᠤᠤᠯ ᠳᠤ ᠪᠠᠶᠢᠭᠤᠯᠤᠭᠰᠠᠨ ᠪᠤᠢ ᠪᠦᠬᠦᠢ ᠲᠦᠷᠦᠯ ᠵᠦᠢᠯ᠃ ᠡᠷᠭᠦᠨ᠎ᠡ ᠭᠤᠤᠯ ᠤᠨ | ᠭᠤᠤᠯ ᠤᠷᠤᠰᠬᠠᠯ ᠵᠢᠴᠢ ᠬᠠᠯᠬ᠎ᠠ ᠭᠤᠤᠯ᠂ ᠬᠡᠷᠦᠯᠦᠨ ᠭᠤᠤᠯ ᠤᠨ ᠣᠯᠠᠨ ᠤᠯᠤᠰ ᠤᠨ ᠬᠢᠯᠢ ᠶᠢᠨ ᠭᠤᠤᠯ ᠤᠨ ᠬᠡᠰᠡᠭ ᠲᠤ ᠪᠦᠲᠦᠭᠡᠨ ᠪᠠᠶᠢᠭᠤᠯᠤᠭᠰᠠᠨ ᠪᠠᠭ᠎ᠠ | ᠬᠡᠯᠪᠡᠷᠢ ᠶᠢᠨ ᠲᠥᠷᠥᠯ ᠵᠦᠢᠯ᠂ ᠬᠠᠯᠬ᠎ᠠ ᠭᠤᠤᠯ᠂ ᠬᠡᠷᠦᠯᠦᠨ ᠭᠤᠤᠯ ᠤᠨ ᠣᠯᠠᠨ ᠤᠯᠤᠰ ᠤᠨ ᠬᠢᠯᠢ ᠶᠢᠨ ᠭᠤᠤᠯ ᠤᠨ ᠬᠡᠰᠡᠭ ᠤᠨ ᠭᠠᠳᠠᠨ᠎ᠠ ᠵᠢᠴᠢ ᠬᠠᠶᠢᠯᠠᠷ ᠭᠤᠤᠯ | ᠂ ᠭᠡᠭᠡᠨ ᠭᠤᠤᠯ᠂ ᠳᠡᠷᠪᠡᠭᠡᠨ ᠭᠤᠤᠯ᠂ ᠮᠣᠷᠳᠤᠭ ᠭᠤᠣᠯ᠂ ᠵᠢᠯᠢᠭᠦᠦ ᠭᠤᠣᠯ᠂ ᠠᠪᠠ ᠭᠤᠣᠯ᠂ ᠡᠤ ᠮᠠ ᠭᠤᠤᠯ᠂ ᠡᠩᠬᠡᠬᠠᠳᠠ ᠭᠤᠤᠯ᠂ ᠰᠢᠨ ᠺᠠᠢ ᠾᠧ | ᠭᠤᠤᠯ ᠳᠤ ᠪᠠᠶᠢᠭᠤᠯᠤᠭᠰᠠᠨ ᠪᠤᠶ ᠪᠦᠬᠦᠢ ᠲᠥᠷᠥᠯ ᠵᠦᠢᠯ᠃ ᠠᠶᠢᠮᠠᠭ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠤᠪᠢᠶᠠᠷᠢᠯᠠᠨ ᠲᠣᠭᠲᠠᠭᠠᠭᠰᠠᠨ ᠬᠤᠰᠢᠭᠤ ᠰᠢᠶᠠᠨ ︵ᠲᠣᠭᠤᠷᠢᠭ︶ ᠠᠯᠤᠰᠯᠠᠭᠰᠠᠨ ᠴᠢᠬᠤᠯᠠ ᠭᠤᠤᠯ ᠤᠨ ᠬᠡᠰᠡᠭ ᠲᠤ ᠪᠠ ᠭᠤᠤᠯ ᠮᠥᠷᠡᠨ ᠨᠠᠭᠤᠷ | ᠴᠥᠭᠦᠷᠥᠮ ᠤᠨ ᠬᠤᠰᠢᠭᠤ ᠰᠢᠶᠠᠨ ︵ᠲᠣᠭᠤᠷᠢᠭ︶ ᠤ ᠵᠠᠭᠠᠭ ᠢ ᠲᠤᠭᠤᠯᠬᠤ ᠪᠤᠶᠤ ᠲᠤᠭᠤᠯᠬᠤ ᠴᠢᠬᠤᠯᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ | ︵ᠭᠤᠷᠪᠠ︶ ᠬᠤᠰᠢᠭᠤ ᠰᠢᠶᠠᠨ ︵ᠲᠣᠭᠤᠷᠢᠭ︶᠄ ᠪᠤᠰᠤᠳ ᠭᠤᠣᠯ ᠮᠥᠷᠡᠨ ᠨᠠᠭᠤᠷ ᠴᠥᠭᠦᠷᠥᠮ ᠳᠡᠭᠡᠷ᠎ᠡ ᠪᠠᠶᠢᠭᠤᠯᠤᠭᠰᠠᠨ ᠪᠤᠢ ᠪᠦᠬᠦᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠃ | ︵ᠳᠥᠷᠪᠡ︶ ᠤᠯᠤᠰ ᠤᠨ ᠵᠠᠭᠠᠭ᠂ ᠮᠤᠵᠢ ᠶᠢᠨ ᠵᠠᠭᠠᠭ ᠤᠨ ᠭᠤᠤᠯ ᠮᠥᠷᠡᠨ ᠤ ᠬᠢᠯᠢ ᠶᠢᠨ ᠵᠠᠭᠠᠭ ᠤᠨ ᠭᠤᠤᠯ ᠮᠥᠷᠡᠨ ᠤ ᠬᠡᠰᠡᠭ ᠢ ᠬᠢᠨᠠᠨ ᠪᠠᠶᠢᠴᠠᠭᠠᠬᠤ | ᠡᠷᠬᠡ ᠮᠡᠳᠡᠯ ᠢ ︽ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠯ᠎ᠡ | ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠢᠨᠠᠨ ᠪᠠᠶᠢᠴᠠᠭᠠᠬᠤ ᠡᠷᠬᠡ ᠮᠡᠳᠡᠯ ᠤᠨ ᠬᠡᠪᠴᠢᠶ᠎ᠡ ᠶᠢ ᠳᠠᠷᠤᠮᠠᠯᠯᠠᠨ ᠲᠠᠷᠬᠠᠭᠠᠬᠤ ᠲᠤᠬᠠᠶ ᠤᠰᠤᠨ | ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤ ᠮᠥᠷᠡᠨ ᠨᠠᠭᠤᠷ ﹇2021﹈ 237 ᠳ᠋ᠤᠭᠠᠷ ᠲᠣᠭᠠᠲᠤ︶ ᠤᠨ ᠶᠤᠰᠤᠭᠠᠷ ᠬᠠᠮᠢᠶ᠎ᠠ ᠪᠦᠬᠦᠢ ᠲᠣᠭᠲᠠᠭᠠᠯ ᠢ | ᠬᠡᠷᠡᠭᠵᠢᠭᠦᠯᠦᠨ᠎ᠡ᠃ | ᠮᠡᠳᠡᠭᠦᠯᠬᠦ ᠪᠢᠴᠢᠭ ᠮᠠᠲ᠋ᠧᠷᠢᠶᠠᠯ᠄ ᠭᠤᠶᠤᠴᠢᠯᠠᠯ ᠤᠨ ᠪᠢᠴᠢᠭ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠨᠳᠦᠰᠦᠯᠡᠯ ᠪᠣᠯᠭᠠᠭᠰᠠᠨ ᠪᠢᠴᠢᠭ | ᠮᠠᠲ᠋ᠧᠷᠢᠶᠠᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠭᠤᠣᠯ ᠤᠨ ᠵᠠᠮ ᠬᠢᠭᠡᠳ ᠦᠶᠡᠷ ᠢ ᠰᠡᠷᠭᠡᠶᠢᠯᠡᠬᠦ ᠬᠡᠰᠡᠭ ᠲᠤ ᠬᠤᠯᠪᠣᠭᠳᠠᠬᠤ ᠠᠩᠬ᠎ᠠ | ᠠᠯᠬᠤᠮ ᠤᠨ ᠲᠥᠰᠦᠯ ᠪᠣᠯᠤᠨ ᠦᠶᠡᠷ ᠢ ᠰᠡᠷᠭᠡᠶᠢᠯᠡᠬᠦ ᠦᠨᠡᠯᠡᠯᠲᠡ ᠶᠢᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠢ ᠭᠤᠣᠯᠴᠢᠯᠠᠨ ᠪᠠᠭᠲᠠᠭᠠᠨ᠎ᠠ᠃ | ᠬᠢᠨᠠᠨ ᠪᠠᠶᠢᠴᠠᠭᠠᠯᠲᠠ ᠶᠢᠨ ᠭᠤᠤᠯᠳᠠᠯᠭ᠎ᠠ᠄ ᠬᠢᠨᠠᠨ ᠪᠠᠶᠢᠴᠠᠭᠠᠯᠲᠠ ᠶᠢᠨ ᠭᠤᠤᠯ ᠠᠭᠤᠯᠭ᠎ᠠ᠄ | ︵1︶ ᠭᠤᠣᠯ ᠮᠥᠷᠡᠨ ᠤ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ ᠳᠤ ᠨᠡᠶᠢᠴᠡᠬᠦ ᠡᠰᠡᠬᠦ᠂ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠶᠠᠮᠠᠷ | ᠨᠥᠯᠥᠭᠡ ᠲᠠᠢ ᠪᠠᠶᠢᠬᠤ᠃ | ︵2︶ ᠦᠶᠡᠷ ᠢ ᠰᠡᠷᠭᠡᠶᠢᠯᠡᠬᠦ ᠪᠠᠷᠢᠮᠵᠢᠶ᠎ᠠ ᠪᠠ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ᠃ | ︵3︶ ᠭᠤᠣᠯ ᠤᠨ ᠪᠠᠶᠢᠳᠠᠯ ᠲᠣᠭᠲᠠᠭᠤᠨ᠂ ᠤᠷᠤᠰᠬᠠᠯ ᠤᠨ ᠬᠡᠯᠪᠡᠷᠢ ᠪᠠᠶᠢᠳᠠᠯ᠂ ᠤᠰᠤᠨ ᠤ ᠴᠢᠨᠠᠷ᠂ ᠲᠤᠨᠤᠭᠰᠠᠨ ᠬᠤᠪᠢᠷᠠᠯᠲᠠ ᠳᠤ ᠠᠰᠢᠭ ᠦᠭᠡᠢ | ᠨᠥᠯᠥᠭᠡ ᠪᠠᠶᠢᠬᠤ ᠡᠰᠡᠬᠦ᠃ | ︵4︶ ᠦᠶᠡᠷ ᠵᠠᠯᠠᠬᠤ ᠶᠢ ᠬᠠᠷᠰᠢᠯᠠᠬᠤ᠂ ᠭᠤᠣᠯ ᠤᠨ ᠵᠠᠮ ᠤᠨ ᠦᠶᠡᠷ ᠵᠠᠯᠠᠬᠤ ᠴᠢᠳᠠᠪᠤᠷᠢ ᠶᠢ ᠪᠠᠭᠤᠷᠠᠭᠤᠯᠬᠤ ᠡᠰᠡᠬᠦ᠃ | ︵5︶ ᠬᠠᠰᠢᠯᠭ᠎ᠠ᠂ ᠡᠷᠭᠢ ᠶᠢ ᠬᠠᠮᠠᠭᠠᠯᠠᠬᠤ ᠪᠠ ᠪᠤᠰᠤᠳ ᠤᠰᠤᠨ ᠠᠵᠢᠯᠴᠢᠨ ᠤ ᠠᠮᠤᠷ ᠲᠦᠪᠰᠢᠨ ᠢ ᠨᠦᠯᠦᠭᠡᠯᠡᠬᠦ ᠡᠰᠡᠬᠦ᠃ | ︵6︶ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠶᠢ ᠬᠠᠷᠰᠢᠯᠠᠬᠤ ᠡᠰᠡᠬᠦ᠃ | ︵7︶ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠦᠶᠡᠷ ᠤᠰᠤᠲᠤᠯ ᠢ ᠰᠡᠷᠭᠡᠶᠢᠯᠡᠬᠦ ᠪᠠᠷᠢᠮᠵᠢᠶ᠎ᠠ ᠪᠠ ᠠᠷᠭ᠎ᠠ ᠬᠡᠮᠵᠢᠶ᠎ᠡ ᠨᠢ ᠵᠣᠬᠢᠰᠲᠠᠢ ᠡᠰᠡᠬᠦ︔ | ︵8︶ ᠭᠤᠷᠪᠠᠳᠠᠬᠢ ᠬᠥᠮᠦᠨ ᠤ ᠬᠠᠤᠯᠢ ᠶᠣᠰᠣᠨ ᠤ ᠤᠰᠤᠨ ᠤ ᠶᠠᠪᠤᠳᠠᠯ ᠤᠨ ᠡᠷᠬᠡ ᠠᠰᠢᠭ ᠢ ᠨᠥᠯᠥᠭᠡᠯᠡᠬᠦ ᠡᠰᠡᠬᠦ᠃ | ︵9︶ ᠪᠤᠰᠤᠳ ᠬᠤᠯᠪᠣᠭᠳᠠᠯ ᠪᠦᠬᠦᠢ ᠲᠣᠭᠲᠠᠭᠠᠯ ᠪᠠ ᠬᠡᠯᠡᠯᠴᠡᠭᠡᠷ ᠲᠤ ᠨᠡᠶᠢᠴᠡᠬᠦ ᠡᠰᠡᠬᠦ᠃ | ︵ᠲᠦᠷᠪᠡ︶ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠨ ᠬᠠᠮᠢᠶᠠᠷᠤᠯᠲᠠ | ︽ᠲᠣᠭᠲᠠᠭᠠᠯ︾ ᠳᠤ ᠲᠤᠳᠤᠷᠬᠠᠶᠢᠯᠠᠭᠰᠠᠨ ᠨᠢ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠬᠦ ᠠᠴᠠ ᠡᠮᠦᠨ᠎ᠡ᠂ ᠪᠥᠲᠥᠭᠡᠨ | ᠪᠠᠶᠢᠭᠤᠯᠤᠯᠲᠠ ᠶᠢᠨ ᠨᠢᠭᠡᠴᠢ ᠨᠢ ᠪᠠᠷᠢᠯᠭ᠎ᠠ ᠪᠠᠷᠢᠬᠤ ᠲᠣᠬᠢᠷᠠᠭᠤᠯᠤᠯᠲᠠ ᠶᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠬᠦᠷᠭᠡᠵᠦ ᠳᠠᠩᠰᠠᠯᠠᠭᠤᠯᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠳᠤ ᠪᠠᠶᠢᠴᠠᠭᠠᠯᠲᠠ ᠬᠢᠵᠦ᠂ ᠪᠠᠶᠢᠴᠠᠭᠠᠭᠳᠠᠬᠤ ᠨᠢᠭᠡᠴᠢ ᠨᠢ ᠪᠠᠶᠢᠳᠠᠯ ᠢᠶᠠᠨ | ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ᠃ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠠᠷᠢᠯᠭ᠎ᠠ ᠪᠣᠯᠤᠨ ᠲᠥᠬᠦᠭᠡᠷᠦᠮᠵᠢ ᠶᠢᠨ ᠪᠠᠷᠢᠯᠭ᠎ᠠ | ᠳᠠᠭᠤᠰᠤᠭᠰᠠᠨ ᠤ ᠳᠠᠷᠠᠭ᠎ᠠ᠂ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠨ ᠪᠠᠶᠢᠴᠠᠭᠠᠯᠭᠠᠭᠠᠳ ᠬᠢᠷᠢ ᠲᠡᠩᠴᠡᠭᠰᠡᠨ ᠤ | ᠳᠠᠷᠠᠭ᠎ᠠ ᠰᠠᠶ᠋ᠢ ᠡᠬᠢᠯᠡᠵᠦ ᠬᠡᠷᠡᠭᠯᠡᠵᠦ ᠪᠣᠯᠤᠨ᠎ᠠ᠃ ᠲᠤᠰ ᠲᠣᠭᠲᠠᠭᠠᠯ ᠶᠣᠰᠣᠭᠠᠷ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠᠶᠢᠭᠤᠯᠤᠭᠰᠠᠨ ᠦᠭᠡᠶ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ | ᠬᠠᠮᠢᠶᠠᠷᠤᠯᠲᠠ ᠶᠢᠨ ᠳᠦᠷᠢᠮ︾ ᠬᠢᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ | ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ ᠵᠠᠷᠯᠢᠭᠳᠠᠵᠤ ᠪᠠᠶᠢᠭᠠᠳ ᠪᠦᠲᠦᠭᠡᠨ ᠪᠠᠶᠢᠭᠤᠯᠬᠤ ᠶᠢ ᠨᠢ ᠵᠣᠭᠰᠣᠭᠠᠬᠤ᠂ ᠬᠤᠭᠤᠴᠠᠭ᠎ᠠ ᠬᠢᠵᠠᠭᠠᠷᠯᠠᠨ ᠨᠤᠷᠠᠭᠠᠬᠤ | ᠪᠤᠶᠤ ᠪᠤᠰᠤᠳ ᠨᠥᠬᠦᠵᠦ ᠵᠠᠰᠠᠬᠤ ᠠᠷᠭ᠎ᠠ ᠬᠡᠮᠵᠢᠶ᠎ᠡ ᠠᠪᠤᠭᠤᠯᠬᠤ ᠶᠢᠨ ᠬᠠᠮᠲᠤ ᠵᠣᠭᠤᠰ ᠢᠶᠠᠷ ᠲᠣᠷᠭᠠᠵᠤ ᠪᠣᠯᠤᠨ᠎ᠠ ᠭᠡᠵᠡᠢ᠃ | ︽ᠲᠣᠭᠲᠠᠭᠠᠯ︾ ᠢ 2023 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |