ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠶ᠎ᠠ
ᠨᠡᠶᠢᠲᠡᠯᠡᠭᠰᠡᠨ ᠴᠠᠭ᠄
2023/11/13
    — ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠦᠬᠦᠯᠡᠬᠦ ᠨᠢ    ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ    ᠮᠥᠩᠭᠦᠨ ᠭᠦᠢᠯᠭᠡᠭᠡ ᠪᠣᠯ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠮᠥᠨ᠂ ᠤᠯᠤᠰ ᠤᠨ ᠭᠤᠣᠯᠯᠠᠬᠤ ᠦᠷᠢᠰᠦᠯᠳᠦᠬᠦ ᠬᠦᠴᠦᠨ ᠤ ᠴᠢᠬᠤᠯᠠ ᠪᠦᠷᠢᠯᠳᠦᠬᠦᠨ ᠬᠡᠰᠡᠭ ᠮᠥᠨ᠃ 10 ᠰᠠᠷ᠎ᠠ ᠶᠢᠨ 30 ᠤ ᠡᠳᠦᠷ ᠠᠴᠠ 31 ᠤ ᠡᠳᠦᠷ ᠪᠣᠯᠲᠠᠯ᠎ᠠ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠬᠤᠷᠠᠯ ᠳᠤ ᠣᠷᠣᠯᠴᠠᠨ ᠴᠢᠬᠤᠯᠠ ᠶᠠᠷᠢᠶ᠎ᠠ ᠲᠠᠯᠪᠢᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠥᠩᠭᠦᠨ ᠭᠦᠢᠯᠭᠡᠭᠡᠨ ᠤ ᠠᠵᠢᠯ ᠢ ᠳ᠋ᠦᠩᠨᠡᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠮᠥᠩᠭᠦᠨ ᠭᠦᠢᠯᠭᠡᠭᠡᠨ ᠤ ᠠᠵᠢᠯ ᠢ ᠪᠠᠶᠢᠷᠢᠯᠠᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠪᠠᠷ ᠭᠦᠨ ᠭᠦᠨᠵᠡᠭᠡᠶ᠂ ᠠᠭᠤᠯᠤᠭᠳᠠᠬᠤᠨ ᠢᠶᠠᠷ ᠡᠯᠪᠡᠭ ᠪᠠᠶᠠᠯᠢᠭ ᠪᠠᠶᠢᠵᠤ᠂ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠪᠡ᠂ ᠲᠡᠷᠡ ᠨᠢ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠮᠥᠩᠭᠦᠨ ᠭᠦᠢᠯᠭᠡᠭᠡᠨ ᠤ ᠠᠰᠠᠭᠤᠳᠠᠯ ᠤᠨ ᠲᠤᠬᠠᠶ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠶ ᠶᠢᠨ ᠤᠬᠠᠭᠠᠨ ᠤ ᠴᠢᠬᠤᠯᠠ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠮᠥᠨ ᠪᠦᠭᠡᠳ ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠠᠴᠠ ᠡᠭᠦᠰᠴᠦ᠂ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠢᠭᠡᠳᠦᠯᠲᠡᠢ ᠲᠥᠯᠥᠪᠵᠢᠭᠦᠯᠭᠡ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠰᠢᠨ᠎ᠡ ᠠᠮᠵᠢᠯᠲᠠ ᠤᠯᠬᠤ ᠶᠢ ᠠᠬᠢᠭᠤᠯᠪᠠ᠃    ᠮᠥᠩᠭᠦᠨ ᠭᠦᠢᠯᠭᠡᠭᠡ ᠨᠢ ᠠᠵᠤ ᠠᠬᠤᠢ ᠶᠢᠨ ᠲᠣᠭᠲᠠᠭᠤᠨ ᠡᠷᠡᠭᠦᠯ ᠬᠥᠭᠵᠢᠯᠲᠡ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠳᠡᠮᠵᠢᠬᠦ᠂ ᠠᠷᠠᠳ ᠤᠯᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠵᠡᠷᠭᠡ ᠲᠠᠯ᠎ᠠ ᠪᠠᠷ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠴᠢᠬᠤᠯᠠ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠨᠡᠬᠡᠬᠡᠯᠳᠡ ᠶᠢ ᠭᠦᠨᠵᠡᠭᠡᠶᠢᠷᠡᠭᠦᠯᠬᠦ ᠠᠵᠢᠯ ᠴᠢᠬᠤᠯᠠ ᠠᠬᠢᠴᠠ ᠲᠠᠢ ᠪᠤᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠣᠳᠣᠬᠠᠨ ᠳᠤ᠂ ᠮᠠᠨ ᠤ ᠤᠯᠤᠰ ᠤᠨ ᠪᠠᠩᠬᠢ ᠶᠢᠨ ᠦᠢᠯᠡᠰ ᠤᠨ ᠡᠳ᠋ ᠬᠥᠷᠥᠩᠭᠡ ᠶᠢᠨ ᠬᠡᠪᠴᠢᠶ᠎ᠡ ᠪᠥᠬᠦ ᠳᠡᠯᠡᠬᠡᠶ ᠳᠤ ᠲᠡᠷᠢᠭᠦᠯᠡᠵᠦ᠂ ᠰᠲ᠋ᠣᠺ᠂ ᠵᠢᠭᠡᠯᠡᠯᠭᠡ ᠶᠢᠨ ᠲᠡᠮᠳᠡᠭᠲᠦ᠂ ᠳᠠᠭᠠᠳᠬᠠᠯ ᠤᠨ ᠬᠡᠪᠴᠢᠶ᠎ᠡ ᠪᠥᠬᠦ ᠳᠡᠯᠡᠬᠡᠶ ᠳᠤ ᠬᠤᠶᠠᠳᠤᠭᠠᠷ ᠲᠤ ᠣᠷᠣᠵᠤ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ ᠶᠢᠨ ᠬᠡᠪᠴᠢᠶ᠎ᠡ ᠳᠡᠯᠡᠬᠡᠶ ᠶᠢᠨ ᠲᠡᠷᠢᠭᠦᠨ ᠳᠤ ᠪᠠᠲᠤᠲᠠᠶ ᠤᠷᠤᠪᠠ᠃ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠮᠥᠩᠭᠦᠨ ᠭᠦᠢᠯᠭᠡᠭᠡᠨ ᠤ ᠰᠢᠰᠲ᠋ᠧᠮ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠬᠦᠴᠦᠲᠡᠢ ᠲᠤᠯᠭᠠᠭᠤᠷᠢᠯᠠᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠰᠢᠨ᠎ᠡ ᠴᠢᠬᠤᠯᠠ ᠶᠡᠭᠡ ᠠᠮᠵᠢᠯᠲᠠ ᠣᠯᠤᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠤᠢ᠃    ᠴᠢᠭᠯᠡᠯ ᠨᠢ ᠵᠠᠮ ᠢ ᠲᠣᠭᠲᠠᠭᠠᠵᠤ᠂ ᠵᠠᠮ ᠨᠢ ᠬᠤᠪᠢ ᠵᠠᠶᠠᠭ᠎ᠠ ᠶᠢ ᠲᠣᠭᠲᠠᠭᠠᠳᠠᠭ᠃ ᠮᠥᠩᠭᠦᠨ ᠭᠦᠢᠯᠭᠡᠭᠡᠨ ᠤ ᠠᠵᠢᠯ ᠢ ᠤᠳᠤᠷᠢᠳᠬᠤ ᠦᠢᠯᠡᠳᠦᠯᠭᠡ ᠳᠤᠮᠳᠠ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ ᠮᠠᠷᠺᠰ ᠤᠨ ᠦᠵᠡᠯ ᠤᠨ ᠮᠥᠩᠭᠦᠨ ᠭᠦᠢᠯᠭᠡᠭᠡᠨ ᠤ ᠤᠨᠤᠯ ᠢ ᠤᠳᠤ ᠦᠶ᠎ᠡ ᠶᠢᠨ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠮ᠎ᠡ ᠶᠣᠰᠣ ᠶᠢ ᠴᠢᠷᠮᠠᠶᠢᠨ ᠡᠵᠡᠮᠰᠢᠵᠦ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠦᠢᠯᠡᠰ ᠤᠨ ᠦᠢᠯᠡᠳᠦᠯᠭᠡ ᠶᠢᠨ ᠰᠢᠨ᠎ᠡ ᠡᠭᠦᠳᠦᠯᠲᠡ᠂ ᠤᠨᠤᠯ ᠤᠨ ᠰᠢᠨ᠎ᠡ ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢ ᠴᠢᠷᠮᠠᠶᠢᠨ ᠨᠡᠭᠡᠭᠡᠵᠦ᠂ ᠴᠢᠬᠤᠯᠠ ᠦᠢᠯᠡᠳᠦᠯᠭᠡ ᠶᠢᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ ᠤᠯᠪᠠ᠃ ᠡᠨᠡ ᠤᠳᠠᠭ᠎ᠠ ᠶᠢᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠠᠴᠠ᠄ ︽ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠣᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠮᠥᠩᠭᠦᠨ ᠭᠦᠢᠯᠭᠡᠭᠡᠨ ᠤ ᠠᠵᠢᠯ ᠤᠨ ᠥᠨᠢᠳᠡ ᠶᠢᠨ ᠭᠤᠣᠯ ᠰᠡᠳᠦᠪ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠵᠠᠮ ᠢᠶᠠᠷ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠨᠡᠬᠡᠬᠡᠯᠳᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠬᠤ ᠬᠡᠷᠡᠭᠲᠡᠢ︾ ᠭᠡᠵᠦ ᠳᠡᠭᠡᠳᠦ ᠬᠡᠮᠵᠢᠶ᠎ᠡ ᠪᠠᠷ ᠬᠤᠷᠢᠶᠠᠩᠭᠤᠶᠢᠯᠠᠪᠠ᠃ ᠡᠨᠡ ᠬᠦ ︽ᠨᠠᠢᠮᠠ ᠶᠢ ᠪᠠᠷᠢᠮᠲᠠᠯᠠᠬᠤ︾ ᠪᠣᠯ ᠮᠠᠨ ᠤ ᠨᠠᠮ ᠤᠨ ᠮᠥᠩᠭᠦᠨ ᠭᠦᠢᠯᠭᠡᠭᠡᠨ ᠤ ᠮᠥᠨ ᠴᠢᠨᠠᠷ ᠪᠠ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠶᠢᠨ ᠤᠯᠠᠮ ᠴᠢᠨᠠᠬᠰᠢᠳᠠ ᠶᠢᠨ ᠬᠦᠨᠵᠡᠭᠡᠶᠢᠷᠡᠯ ᠮᠦᠨ᠂ ᠡᠭᠦᠨ ᠢ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃    ᠮᠥᠩᠭᠦᠨ ᠭᠦᠢᠯᠭᠡᠭᠡ ᠬᠦᠭᠵᠢᠭᠡᠨ ᠲᠠᠢ ᠪᠤᠯ ᠠᠵᠤ ᠠᠬᠤᠢ ᠬᠦᠭᠵᠢᠭᠡᠨ ᠲᠠᠢ ᠪᠤᠯᠳᠠᠭ︔ ᠮᠥᠩᠭᠦᠨ ᠭᠦᠢᠯᠭᠡᠭᠡ ᠲᠣᠭᠲᠠᠭᠤᠨ ᠪᠣᠯ ᠠᠵᠤ ᠠᠬᠤᠢ ᠲᠣᠭᠲᠠᠭᠤᠨ ᠪᠠᠶᠢᠳᠠᠭ᠃ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ ᠤᠳᠤ ᠦᠶ᠎ᠡ ᠶᠢᠨ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢ ᠬᠦᠴᠦᠯᠡᠨ ᠨᠡᠭᠡᠭᠡᠭᠰᠡᠨ ᠨᠢ ᠬᠢᠯᠪᠠᠷ ᠪᠤᠰᠤ ᠶᠤᠮ᠃ ᠡᠨᠡ ᠪᠣᠯ ᠤᠷᠢᠳᠤ ᠡᠮᠦᠨ᠎ᠡ ᠪᠠᠶᠢᠭ᠎ᠠ ᠦᠭᠡᠢ ᠰᠢᠨ᠎ᠡ ᠶᠢ ᠡᠭᠦᠳᠦᠭᠰᠡᠨ ᠵᠠᠮ ᠮᠥᠨ᠂ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠵᠢᠷᠤᠮᠯᠠᠬᠰᠠᠨ ᠢᠶᠠᠷ ᠪᠠᠷᠠᠬᠤ ᠦᠭᠡᠢ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠩ ᠵᠣᠬᠢᠴᠠᠭᠰᠠᠨ ᠢᠯᠡ ᠲᠣᠳᠣ ᠣᠨᠴᠠᠯᠢᠭ ᠲᠠᠢ ᠪᠠᠶᠢᠵᠤ᠂ ᠮᠥᠩᠭᠦᠨ ᠭᠦᠢᠯᠭᠡᠭᠡᠨ ᠤ ᠠᠵᠢᠯ ᠢ ᠬᠡᠷᠬᠢᠨ ᠦᠵᠡᠬᠦ᠂ ᠬᠡᠷᠬᠢᠨ ᠬᠢᠬᠦ ᠶᠢ ᠲᠣᠳᠣᠷᠬᠠᠶᠢᠯᠠᠵᠤ᠂ ᠶᠢᠷᠲᠢᠨᠴᠦ ᠶᠢᠨ ᠦᠵᠡᠯᠲᠡ ᠲᠠᠢ ᠮᠥᠷᠲᠡᠭᠡᠨ ᠪᠠᠰᠠ ᠠᠷᠭ᠎ᠠ ᠶᠢᠨ ᠤᠨᠤᠯ ᠲᠠᠢ ᠪᠠᠶᠢᠵᠤ᠂ ᠬᠤᠪᠢᠰᠤᠩᠭᠤᠢ ᠨᠢᠭᠡᠳᠦᠮᠡᠯ ᠣᠷᠭᠠᠨᠢᠭ ᠪᠦᠬᠦᠯᠢ ᠴᠣᠭᠴᠠ ᠶᠢ ᠪᠦᠷᠢᠯᠳᠦᠭᠦᠯᠪᠡ᠃ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ ᠡᠵᠡᠮᠰᠢᠵᠦ᠂ ᠮᠥᠩᠭᠦᠨ ᠭᠦᠢᠯᠭᠡᠭᠡᠨ ᠤ ᠠᠵᠢᠯ ᠤᠨ ᠤᠯᠤᠰ ᠲᠥᠷᠥ ᠶᠢᠨ ᠴᠢᠨᠠᠷ᠂ ᠠᠷᠠᠳᠴᠢ ᠴᠢᠨᠠᠷ ᠢ ᠭᠦᠨᠵᠡᠭᠡᠶ ᠡᠵᠡᠮᠰᠢᠵᠦ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠲᠡᠶ᠃    ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠲᠣᠳᠣᠷᠬᠠᠶᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠵᠡᠷᠭᠡ ᠶᠢᠨ ᠲᠣᠭᠤᠷᠢᠨ ᠳᠤ ᠴᠢᠬᠤᠯᠠ ᠶᠡᠭᠡ ᠪᠠᠶᠢᠷᠢᠯᠠᠭᠤᠯᠤᠯᠲᠠ ᠬᠢᠵᠡᠢ᠃ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ ᠮᠥᠩᠭᠦᠨ ᠭᠦᠢᠯᠭᠡᠭᠡ ᠶᠢ ᠵᠠᠪᠠᠯ ᠰᠠᠶᠢᠲᠤᠷ ᠬᠢᠬᠦ ᠬᠡᠷᠡᠭᠲᠡᠢ᠃ ᠡᠷᠬᠡᠪᠰᠢ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠠᠮᠢᠳᠤᠷᠠᠯ ᠳᠠᠬᠢ ᠮᠥᠩᠭᠦᠨ ᠭᠦᠢᠯᠭᠡᠭᠡᠨ ᠤ ᠴᠢᠬᠤᠯᠠ ᠪᠠᠶᠢᠷᠢ ᠰᠠᠭᠤᠷᠢ ᠪᠣᠯᠤᠨ ᠦᠢᠯᠡᠳᠦᠯ ᠢ ᠭᠦᠢᠴᠡᠳ ᠲᠠᠨᠢᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠨ ᠨᠡᠮᠡᠷᠢᠯᠡᠬᠦ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠨ ᠪᠠᠶᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠯᠠᠩᠭᠤᠶ᠎ᠠ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠨᠢ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠮᠥᠩᠭᠦᠨ ᠭᠦᠢᠯᠭᠡᠭᠡᠨ ᠤ ᠬᠥᠭᠵᠢᠯᠲᠡ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠤ ᠬᠤᠯᠪᠣᠭᠳᠠᠵᠤ ᠪᠠᠶᠢᠳᠠᠭ᠃ ᠪᠢᠳᠡ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠬᠦᠢᠯᠭᠡᠭᠡᠨ ᠤ ᠬᠥᠭᠵᠢᠯᠲᠡ ᠶᠢᠨ ᠵᠠᠮ ᠢᠶᠠᠷ ᠮᠥᠩᠭᠦᠨ ᠬᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠮᠥᠩᠭᠦᠨ ᠬᠦᠢᠯᠭᠡᠭᠡᠨ ᠤ ᠬᠦᠴᠦᠷᠬᠡᠭ ᠤᠯᠤᠰ ᠢ ᠲᠦᠷᠭᠡᠨ ᠪᠥᠲᠥᠭᠡᠨ ᠪᠠᠶᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ