ᠵᠠᠯᠠᠨ ᠠᠶᠢᠯ ᠬᠤᠲᠠ ᠶᠢᠨ ᠬᠤᠩ ᠴᠢ ᠪᠠᠭ᠎ᠠ ᠰᠤᠷᠭᠠᠭᠤᠯᠢ ᠶᠢᠨ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠲᠤᠰᠬᠠᠶ ᠠᠵᠢᠯ ᠤᠨ ᠳᠠᠶᠢᠴᠢᠯᠠᠯᠲᠠ ᠶᠢᠨ ᠬᠤᠷᠠᠯ
ᠨᠡᠶᠢᠲᠡᠯᠡᠭᠰᠡᠨ ᠴᠠᠭ᠄
2023/11/13
    11 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠵᠠᠯᠠᠨ ᠠᠶᠢᠯ ᠬᠤᠲᠠ ᠶᠢᠨ ᠬᠤᠩ ᠴᠢ ᠪᠠᠭ᠎ᠠ ᠰᠤᠷᠭᠠᠭᠤᠯᠢ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠲᠤᠰᠬᠠᠶ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠠᠵᠢᠯ ᠤᠨ ᠳᠠᠶᠢᠴᠢᠯᠠᠯᠲᠠ ᠶᠢᠨ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠠᠬᠢᠭᠤᠯᠪᠠ᠃ ᠬᠤᠷᠠᠯ ᠢ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠰᠦᠨ ᠬᠤᠩ ᠴᠤᠤ ᠡᠷᠬᠢᠯᠡᠪᠡ᠃      ᠬᠤᠷᠠᠯ ᠠᠴᠠ ᠡᠩ ᠲᠡᠷᠢᠭᠦᠨ ᠳᠤ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠮᠲᠤᠷᠠᠨ ᠪᠠᠭᠤᠯᠭᠠᠭᠰᠠᠨ ︽ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠠᠵᠢᠯ ᠤᠨ ᠬᠡᠷᠡᠭᠵᠢᠭᠦᠯᠬᠦ ᠲᠥᠰᠦᠯ︾ ᠢ ᠤᠯᠠᠮᠵᠢᠯᠠᠪᠠ᠂ ᠲᠥᠰᠦᠯ ᠳᠤ ᠡᠯ᠎ᠡ ᠰᠤᠷᠭᠠᠭᠤᠯᠢ ᠶᠢᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠪᠠ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠵᠠᠶ᠃ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠠᠩ ᠶᠦᠩ ᠱᠧᠩ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠤᠬᠠᠶ ᠶᠠᠷᠢᠶ᠎ᠠ ᠶᠢ ᠤᠯᠠᠮᠵᠢᠯᠠᠵᠤ᠂ ᠰᠤᠷᠭᠠᠭᠤᠯᠢ ᠶᠢ ᠤᠯᠤᠰ ᠲᠥᠷᠥ ᠶᠢᠨ ᠵᠣᠭᠰᠣᠴᠠ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠥᠷᠨᠢᠭᠦᠯᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ ᠃    ᠡᠴᠦᠰ ᠲᠤ᠂ ᠪᠥᠬᠦ ᠪᠠᠭᠰᠢ ᠠᠵᠢᠯᠲᠠᠨ ᠰᠡᠷᠡᠮᠵᠢᠯᠡᠭᠦᠯᠬᠦ ᠬᠥᠮᠦᠵᠢᠯ ᠤᠨ ᠺᠢᠨᠣ᠋ ︽ᠣᠭ ᠰᠠᠨᠠᠭ᠎ᠠ ᠪᠠᠨ ᠮᠠᠷᠲᠠᠭᠰᠠᠨ ᠦᠨ᠎ᠡ ᠥᠷᠲᠡᠭ︾ ᠢ ᠲᠥᠪᠯᠡᠷᠡᠭᠦᠯᠦᠨ ᠦᠵᠡᠵᠦ᠂ ᠲᠣᠭᠲᠠᠭᠠᠯ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠡᠰᠡᠷᠭᠦ ᠲᠠᠯ᠎ᠠ ᠶᠢᠨ ᠵᠢᠭᠠᠬᠤ ᠮᠠᠲ᠋ᠧᠷᠢᠶᠠᠯ ᠪᠣᠯᠭᠠᠵᠤ᠂ ᠥᠷᠭᠡᠨ ᠣᠯᠠᠨ ᠪᠠᠭᠰᠢ ᠶᠢ ᠬᠥᠲᠥᠯᠦᠨ ᠵᠢᠯᠣᠭᠤᠳᠴᠤ ᠪᠠᠶᠢᠭᠠᠳ ᠬᠡᠷᠡᠭ ᠢᠶᠠᠷ ᠲᠣᠯᠢ ᠪᠣᠯᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠪᠠᠭᠰᠢ ᠶᠢᠨ ᠶᠣᠰᠣ ᠮᠣᠷᠠᠯ ᠤᠨ ᠵᠢᠷᠤᠮᠵᠢᠯ ᠢ ᠬᠢᠨᠠᠮᠠᠭᠠᠶ  ᠦᠢᠯᠡᠳᠦᠯᠭᠡᠵᠢᠪᠡ᠃     ᠲᠣᠰ ᠤᠳᠠᠭᠠᠨ ᠤ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠲᠤᠰᠬᠠᠶ ᠠᠵᠢᠯ ᠤᠨ ᠳᠠᠶᠢᠴᠢᠯᠠᠯᠲᠠ ᠶᠢᠨ ᠬᠤᠷᠠᠯ ᠢᠶᠠᠷ ᠳᠡᠮᠵᠢᠨ᠂ ᠤᠯᠠᠭᠠᠨ ᠲᠤᠭ ᠪᠠᠭ᠎ᠠ ᠰᠤᠷᠭᠠᠭᠤᠯᠢ ᠶᠢᠨ ᠪᠥᠬᠦ ᠪᠠᠭᠰᠢ ᠨᠠᠷ ᠯᠠᠪᠲᠠᠶ ᠨᠠᠩ ᠥᠨᠳᠥᠷ ᠤᠯᠤᠰ ᠲᠥᠷᠥ ᠶᠢᠨ ᠵᠣᠭᠰᠣᠯᠲᠠ᠂ ᠨᠠᠩ ᠴᠢᠩᠭ᠎ᠠ ᠡᠭᠦᠷᠭᠡ ᠬᠠᠷᠢᠭᠤᠴᠠᠯᠭ᠎ᠠ᠂ ᠨᠠᠩ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠪᠠᠷ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠪᠣᠶ ᠪᠣᠯᠭᠠᠬᠤ ᠪᠣᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ