ᠰᠣᠶᠣᠯ ᠤᠨ ᠣᠷᠳᠣᠨ ᠰᠦᠷ ᠵᠢᠪᠬᠤᠯᠠᠩᠲᠤ ᠬᠠᠷᠠᠩᠭ᠎ᠠ ᠬᠡᠩᠭᠡᠷᠭᠡ ᠶᠢᠨ ᠠᠩᠭᠢ ᠵᠣᠬᠢᠶᠠᠨ ᠪᠠᠶᠢᠭᠤᠯᠵᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ 100 ᠡᠳᠤᠷ ᠤᠨ ᠲᠣᠩᠭᠤᠷᠤᠤ ᠲᠤᠭᠠᠯᠠᠭ᠎ᠠ ᠡᠬᠢᠯᠡᠬᠦ ᠶᠣᠰᠣᠯᠠᠯ ᠤᠨ ᠲᠤᠬᠠᠶ ᠶᠢᠨ ᠲᠠᠯᠠᠪᠠᠢ ᠶᠢᠨ ᠦᠵᠡᠭᠦᠯᠦᠯᠭᠡ
ᠨᠡᠶᠢᠲᠡᠯᠡᠭᠰᠡᠨ ᠴᠠᠭ᠄
2023/11/13
    2023 ᠣᠨ ᠤ 11 ᠰᠠᠷ᠎ᠠ ᠶᠢᠨ 9 ᠤ ᠦᠳᠡ ᠶᠢᠨ ᠡᠮᠦᠨ᠎ᠡ᠂ ︽ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠵᠦ᠂ ᠳᠤᠮᠳᠠᠳᠤ ᠤᠯᠤᠰ ᠤᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ 100 ᠡᠳᠦᠷ ᠤᠨ ᠲᠣᠩᠭᠤᠷᠤᠤ ᠲᠣᠭᠠᠯᠠᠯᠭ᠎ᠠ ᠶᠢᠨ ᠡᠬᠢᠯᠡᠯᠲᠡ ᠶᠢᠨ ᠶᠣᠰᠣᠯᠠᠯ ᠲᠢᠶᠠᠨ ᠪᠠᠢ ᠱᠠᠨ ᠠᠭᠤᠳᠠᠮ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠪᠠ᠃ ᠬᠤᠳᠠ ᠶᠢᠨ ᠰᠣᠶᠣᠯ ᠤᠨ ᠣᠷᠳᠣᠨ ᠪᠦᠬᠦ ᠬᠤᠳᠠ ᠶᠢᠨ ᠡᠯ᠎ᠡ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠠᠴᠠ ᠢᠷᠡᠭᠰᠡᠨ 120 ᠨᠡᠷ᠎ᠡ ᠰᠦᠷ ᠵᠢᠪᠬᠤᠯᠠᠩᠲᠤ ᠬᠠᠷᠠᠩᠭ᠎ᠠ ᠬᠡᠩᠭᠡᠷᠭᠡ ᠶᠢᠨ ᠠᠩᠬᠢ ᠶᠢᠨ ᠭᠡᠰᠢᠭᠦᠳ ᠢ ᠵᠣᠬᠢᠶᠠᠨ ᠪᠠᠶᠢᠭᠤᠯᠵᠤ᠂ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠰᠦᠷ ᠵᠢᠪᠬᠤᠯᠠᠩᠲᠤ ᠬᠠᠷᠠᠩᠭ᠎ᠠ ᠬᠡᠩᠭᠡᠷᠭᠡ ᠶᠢᠨ ᠦᠵᠡᠭᠦᠯᠦᠯᠭᠡ ᠶᠢᠨ ᠲᠣᠭᠯᠠᠯᠲᠠ ᠶᠠᠪᠤᠭᠤᠯᠪᠠ᠃     ᠰᠦᠷ ᠵᠢᠪᠬᠤᠯᠠᠩᠲᠤ ᠬᠠᠷᠠᠩᠭ᠎ᠠ ᠬᠡᠩᠭᠡᠷᠭᠡ ᠶᠢᠨ ᠦᠵᠡᠭᠦᠯᠦᠯᠭᠡ ᠶᠢᠨ ᠲᠣᠭᠯᠠᠯᠲᠠ ᠨᠢ ︽ᠰᠠᠶᠢᠨ ᠡᠳᠦᠷ︾ ᠢᠶᠠᠷ ᠦᠵᠡᠭᠦᠯᠦᠯᠭᠡ ᠶᠢᠨ ᠬᠥᠰᠢᠭᠡ ᠪᠠᠨ ᠰᠡᠬᠦᠵᠦ᠂ ᠠᠩᠭᠢ ᠶᠢᠨ ᠭᠡᠰᠢᠭᠦᠳ ᠬᠠᠬᠢᠷ ᠬᠦᠢᠲᠡᠨ ᠠᠴᠠ ᠠᠶᠤᠬᠤ ᠦᠭᠡᠶ᠂ ᠪᠦᠷᠢᠨ ᠭᠦᠢᠴᠡᠳ ᠲᠣᠭᠯᠠᠯᠲᠠ ᠨᠢ ᠲᠤᠬᠠᠶ ᠶᠢᠨ ᠲᠠᠯᠠᠪᠠᠶ ᠳᠤ ᠪᠠᠶᠢᠭ᠎ᠠ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠰᠦᠷ ᠵᠢᠪᠬᠤᠯᠠᠩᠲᠤ ᠬᠠᠷᠠᠩᠭ᠎ᠠ ᠬᠡᠩᠭᠡᠷᠭᠡ ᠶᠢᠨ ᠠᠩᠭᠢ ᠶᠢᠨ ᠭᠡᠰᠢᠭᠦᠳ ᠤᠨ ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠶᠢ ᠢᠯᠡᠷᠡᠭᠦᠯᠦᠭᠰᠡᠨ ᠪᠠᠶᠢᠨ᠎ᠠ᠃ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ 200 ᠭᠠᠷᠤᠢ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠪᠦᠬᠦ ᠤᠯᠤᠰ ᠤᠨ ᠨᠠᠰᠤᠲᠠᠶᠢᠴᠤᠳ ᠤᠨ ᠢᠳᠡᠷᠡᠭᠦᠨ ᠠᠯᠬᠤᠭ᠎ᠠ ᠪᠠᠷ ᠬᠤᠯᠪᠣᠭᠠᠯᠠᠨ ᠬᠥᠳᠡᠯᠦᠯᠴᠡᠬᠦ ᠠᠵᠢᠯᠯᠠᠭ᠎ᠠ ᠳᠤ ᠣᠷᠣᠯᠴᠠᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠣᠷᠢᠭ ᠰᠠᠨᠠᠭ᠎ᠠ᠂ ᠢᠳᠡᠪᠬᠢᠲᠡᠢ ᠡᠷᠡᠭᠦᠯ ᠥᠭᠡᠳᠡᠷᠬᠡᠭ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠪᠦᠬᠦ ᠠᠷᠠᠳ ᠢᠶᠠᠷ ᠢᠶᠠᠨ ᠦᠪᠡᠳᠡᠭᠰᠢ ᠬᠤᠷᠠᠯ ᠢ ᠤᠭᠲᠤᠬᠤ ᠬᠠᠯᠠᠭᠤᠨ ᠬᠦᠰᠡᠯ ᠡᠷᠡᠮᠡᠯᠵᠡᠯ ᠢ ᠭᠦᠢᠴᠡᠳ ᠢᠯᠡᠷᠡᠭᠦᠯᠵᠦ᠂ ︽ᠬᠥᠮᠦᠨ ᠪᠦᠬᠦᠨ ᠤᠬᠠᠭᠤᠯᠤᠭᠴᠢ᠂ ᠬᠥᠮᠦᠨ ᠪᠦᠬᠦᠨ ᠡᠷᠬᠢᠯᠡᠭᠴᠢ ᠤᠯᠤᠰ ᠪᠣᠯᠬᠤ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ