ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠵᠠᠯᠠᠨ ᠠᠶᠢᠯ ᠬᠤᠲᠠ ᠶᠢᠨ ᠬᠢᠨ ᠬᠤᠲᠠ ᠪᠠᠯᠭᠠᠰᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢ ᠢᠯᠡ ᠪᠠᠷ ᠡᠯᠰᠡᠬᠦ ᠰᠢᠯᠭᠠᠯᠲᠠ ᠶᠢᠨ ᠪᠢᠷ ᠤᠨ ᠰᠢᠯᠭᠠᠯᠲᠠ ᠶᠢ | 2023 ᠣᠨ ᠤ 11 ᠰᠠᠷ᠎ᠠ ᠶᠢᠨ 14 ᠤ ᠡᠳᠦᠷ ᠬᠢᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠰᠢᠯᠭᠠᠬᠤ ᠴᠠᠭ᠂ ᠭᠠᠵᠠᠷ | 2023 ᠣᠨ ᠤ ᠵᠠᠯᠠᠨ ᠠᠶᠢᠯ ᠬᠤᠲᠠ ᠶᠢᠨ ᠬᠤᠲᠠ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠥᠳᠡᠯᠮᠦᠷᠢ ᠶᠢᠨ | ᠪᠠᠲᠤᠯᠠᠭ᠎ᠠ ᠶᠢᠨ ᠲᠤᠰᠠᠯᠠᠭᠴᠢ ᠶᠢ ᠢᠯᠡ ᠪᠠᠷ ᠡᠯᠰᠡᠬᠦ ᠰᠢᠯᠭᠠᠯᠲᠠ ᠶᠢᠨ ᠪᠢᠷ ᠤᠨ ᠰᠢᠯᠭᠠᠯᠲᠠ ᠶᠢ 2023 ᠣᠨ ᠤ 11 ᠰᠠᠷ᠎ᠠ ᠶᠢᠨ 14 ᠤ ᠡᠳᠦᠷ ︵ᠦᠳᠡ ᠶᠢᠨ | ᠡᠮᠦᠨ᠎ᠡ᠄ 9᠄ 00 — 11᠄ 30︶ ᠬᠢᠬᠦ ᠪᠠᠷ ᠲᠣᠭᠲᠠᠪᠠ᠂ ᠪᠣᠳᠠᠲᠠᠶ ᠰᠢᠯᠭᠠᠬᠤ ᠭᠠᠵᠠᠷ ᠨᠢ ᠵᠠᠯᠠᠨ ᠠᠶᠢᠯ ᠬᠤᠲᠠ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠤᠨ ᠪᠣᠯᠪᠠᠰᠤᠷᠠᠭᠤᠯᠤᠯ ᠤᠨ ᠬᠢᠴᠢᠶᠡᠯ ᠤᠨ ᠬᠡᠷ ᠪᠣᠯᠤᠨ᠎ᠠ᠃ | ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠰᠢᠯᠭᠠᠭᠤᠯᠤᠭᠴᠢ ᠰᠢᠯᠭᠠᠯᠲᠠ ᠳᠤ ᠣᠷᠣᠯᠴᠠᠬᠤ ᠳᠠᠭᠠᠨ ᠡᠷᠬᠡᠪᠰᠢ ᠲᠣᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠪᠠ ᠡᠷᠦᠬᠡ | ᠠᠮᠠ ᠶᠢᠨ ᠳᠡᠪᠲᠡᠷ ᠢᠶᠠᠨ ᠠᠪᠴᠤ ᠶᠠᠪᠤᠬᠤ ᠬᠡᠷᠡᠭᠲᠡᠶ᠃ | ︵ᠬᠤᠶᠠᠷ︶ ᠰᠢᠯᠭᠠᠭᠤᠯᠤᠭᠰᠠᠳ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢ ᠴᠠᠭ ᠲᠤᠬᠠᠶ ᠳᠤᠨᠢ ᠠᠩᠬᠠᠷᠴᠤ᠂ ᠬᠠᠮᠢᠶ᠎ᠠ | ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠰᠢᠯᠭᠠᠯᠲᠠ ᠳᠤ ᠣᠷᠣᠯᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ | ᠯᠠᠪᠯᠠᠬᠤ ᠤᠲᠠᠰᠤ᠄ 0470 — 3214923 | ᠵᠠᠯᠠᠨ ᠠᠶᠢᠯ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ | 2023 ᠤᠨ 11 ᠰᠠᠷ᠎ᠠ ᠶᠢᠨ 8 ᠤ ᠡᠳᠦᠷ |