ᠳ᠋ᠠ ᠾᠧ ᠸᠠᠨ ᠪᠠᠯᠭᠠᠰᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/13
    ᠣᠶᠢᠷ᠎ᠠ ᠳᠤ᠂ ᠳ᠋ᠠ ᠾᠧ ᠸᠠᠨ ᠪᠠᠯᠭᠠᠰᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠴᠧᠨ ᠯᠢᠶᠠᠩ ᠲᠢᠶᠠᠨ ᠬᠤᠷᠠᠯ ᠢ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠡᠯ᠎ᠡ ᠨᠢᠭᠡᠴᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ ᠬᠤᠷᠠᠯ ᠳᠤ ᠣᠷᠣᠯᠴᠠᠵᠠᠶ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠠᠰᠤᠷᠠᠯᠲᠠ ᠥᠬᠡᠶ ᠠᠬᠢᠭᠤᠯᠬᠤ ᠶᠢ ᠳᠠᠭᠠᠯᠳᠤᠨ᠂ ᠥᠷᠭᠡᠨ ᠣᠯᠠᠨ ᠲᠦᠮᠡᠨ ᠤ ᠵᠠᠰᠠᠭ ᠤᠨ ᠣᠷᠳᠣᠨ ᠤ ᠠᠵᠢᠯ ᠳᠠᠬᠢ ᠠᠩᠬᠠᠷᠤᠯ ᠤᠨ ᠬᠡᠮᠵᠢᠶ᠎ᠡ ᠤᠯᠠᠮ ᠠᠴᠠ ᠤᠯᠠᠮ ᠥᠨᠳᠥᠷ ᠪᠣᠯᠵᠣ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠯ ᠶᠠᠭ ᠥᠷᠭᠡᠨ ᠣᠯᠠᠨ ᠲᠦᠮᠡᠨ ᠳᠤ ᠬᠠᠨᠳᠤᠭᠤᠯᠤᠭᠰᠠᠨ ᠴᠣᠩᠬᠤ ᠮᠥᠨ᠂ ᠡᠯ᠎ᠡ ᠨᠢᠭᠡᠴᠡ ᠰᠠᠯᠠᠭ᠎ᠠ ᠮᠥᠴᠢᠷ ᠤᠳ ᠨᠢᠭᠡ ᠳᠤ ᠢᠯᠡ ᠪᠣᠯᠭᠠᠬᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠰᠤᠷᠤᠯᠴᠠᠯᠭ᠎ᠠ ᠪᠠᠨ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠢᠯᠡ ᠪᠣᠯᠭᠠᠬᠤ ᠶᠣᠰᠣᠲᠠᠶ ᠶᠢ ᠨᠢ ᠴᠥᠮ ᠢᠯᠡ ᠪᠣᠯᠭᠠᠬᠤ ᠬᠡᠷᠡᠭᠲᠡᠶ︔ ᠬᠤᠶᠠᠷ ᠲᠤ᠂ ᠭᠤᠣᠯᠳᠠᠯᠭ᠎ᠠ ᠶᠢ ᠡᠵᠡᠮᠳᠡᠵᠦ᠂ ᠯᠠᠪᠳᠠᠭᠤᠨ ᠢᠶᠠᠷ ᠠᠬᠢᠭᠤᠯᠵᠤ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠪᠠ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠬᠡᠷᠡᠭᠵᠢᠭᠦᠯᠦᠯᠲᠡ ᠶᠢ ᠢᠯᠡ ᠪᠣᠯᠭᠠᠬᠤ᠂ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ︔ ᠭᠤᠷᠪᠠ ᠳᠤ᠂ ᠬᠠᠷᠠᠯᠲᠠ ᠪᠠᠨ ᠲᠣᠳᠣᠷᠬᠠᠶᠢᠯᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠤᠬᠠᠮᠰᠠᠷ ᠢᠶᠠᠨ ᠴᠢᠩᠭᠠᠳᠬᠠᠵᠤ᠂ ᠨᠠᠮ ᠵᠠᠰᠠᠭ ᠤᠨ ᠠᠯᠪᠠᠨ ᠬᠡᠷ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠰᠢᠪᠠᠳᠠᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠤᠨ᠂ ᠴᠠᠭ ᠲᠤᠬᠠᠶ ᠳᠤᠨᠢ ᠵᠥᠷᠢᠶ᠎ᠡ ᠪᠠᠨ ᠨᠥᠬᠦᠵᠦ ᠳᠤᠲᠠᠭᠤ ᠪᠠᠨ ᠨᠥᠬᠦᠪᠥᠷᠢᠯᠡᠵᠦ᠂ ᠲᠣᠰ ᠭᠠᠵᠠᠷ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃     ᠲᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠦᠷᠢᠮ ᠪᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠪᠥᠬᠦ ᠲᠠᠯ᠎ᠠ ᠶᠢᠨ᠂ ᠴᠠᠭ ᠲᠤᠬᠠᠶ ᠳᠤᠨᠢ ᠪᠠ ᠦᠨᠡᠨ ᠪᠣᠳᠠᠲᠤ ᠴᠢᠨᠠᠷ ᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠠᠵᠢᠯᠲᠠᠨ ᠤ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠶᠢ ᠴᠢᠩᠭᠠᠳᠬᠠᠵᠤ᠂ ᠲᠡᠳᠡᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠴᠢᠯᠡᠭᠡᠨ‌‍ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠣᠯᠠᠨ ᠲᠦᠮᠡᠨ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠩ  ᠰᠠᠶᠢᠨ ᠦᠢᠯᠡᠴᠢᠯᠡᠭᠡ ᠶᠢ ᠬᠠᠩᠭᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ