ᠠᠮᠤᠷ ᠲᠦᠪᠰᠢᠨ ᠤ ᠪᠠᠶᠢᠴᠠᠭᠠᠯᠲᠠ ᠵᠤᠭᠰᠤᠰᠢ ᠦᠭᠡᠢ — ᠬᠠᠳᠤ ᠭᠤᠣᠯ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/13
    ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠬᠠᠳᠦ ᠭᠤᠣᠯ ᠪᠠᠯᠭᠠᠰᠤ ᠶᠢᠨ ᠬᠢᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠂ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠭᠠᠵᠠᠷ᠂ ᠴᠠᠬᠢᠯᠭᠠᠨ ᠬᠠᠩᠭᠠᠬᠤ ᠭᠠᠵᠠᠷ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠲᠠᠯᠠᠪᠤᠷ ᠲᠤ ᠭᠦᠨᠵᠡᠭᠡᠶᠢᠷᠡᠨ ᠭᠡᠮ ᠰᠣᠭᠤᠭ ᠢ ᠪᠠᠶᠢᠴᠠᠭᠠᠬᠤ ᠠᠵᠢᠯ ᠢ ᠥᠷᠨᠢᠭᠦᠯᠵᠡᠢ᠃     ᠪᠠᠶᠢᠴᠠᠭᠠᠬᠤ ᠳᠤᠭᠤᠶᠢᠯᠠᠩ ᠤᠨ ᠬᠢᠨ ᠰᠤᠷᠭᠠᠭᠤᠯᠢ᠂ ᠵᠢᠵᠢᠭ ᠬᠤᠭᠤᠯᠠᠨ ᠰᠢᠷᠡᠭᠡ ᠵᠡᠷᠭᠡ ᠭᠤᠣᠯᠳᠠᠯᠭ᠎ᠠ ᠲᠠᠢ ᠭᠠᠵᠠᠷ ᠲᠤ ᠭᠦᠨᠵᠡᠭᠡᠶᠢᠷᠡᠨ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠳᠤᠬᠢᠷᠠᠭᠤᠯᠤᠯᠳᠠ ᠶᠢᠨ ᠪᠠᠶᠢᠳᠠᠯ᠂ ᠭᠠᠯ ᠤᠨᠲᠠᠷᠠᠭᠠᠬᠤ ᠵᠠᠮ ᠰᠠᠭᠠᠳ ᠦᠭᠡᠢ ᠨᠡᠪᠲᠡᠷᠡᠭᠰᠡᠨ ᠡᠰᠡᠬᠦ᠂ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ ᠭᠠᠯ ᠬᠡᠷᠡᠭᠯᠡᠬᠦ ᠠᠮᠤᠷ ᠲᠦᠪᠰᠢᠨ ᠤ ᠵᠢᠷᠤᠮᠵᠢᠯ ᠲᠠᠢ ᠡᠰᠡᠬᠦ᠂ ᠢᠳᠡᠭᠡᠨ ᠤ ᠠᠮᠤᠷ ᠲᠦᠪᠰᠢᠨ ᠤ ᠱᠠᠭᠠᠷᠳᠠᠯᠭ᠎ᠠ ᠶᠣᠰᠣᠭᠠᠷ ᠦᠯᠢᠭᠡᠷ ᠶᠠᠩᠵᠤ ᠦᠯᠡᠳᠡᠭᠡᠭᠰᠡᠨ ᠡᠰᠡᠬᠦ ᠵᠢᠴᠢ ᠬᠤᠭᠤᠯᠠᠨ ᠤ ᠬᠡᠷᠡᠭᠰᠡᠯ ᠢ ᠠᠷᠢᠭᠤᠳᠬᠠᠭᠰᠠᠨ ᠡᠰᠡᠬᠦ ᠵᠡᠷᠭᠡ ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠣᠯᠵᠤ ᠮᠡᠳᠡᠭᠰᠡᠨ ᠭᠡᠮ ᠰᠣᠭᠤᠭ ᠤᠨ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠵᠠᠷᠯᠢᠭᠳᠠᠨ ᠴᠡᠭᠴᠡᠯᠡᠨ ᠰᠠᠶᠢᠵᠢᠷᠠᠭᠤᠯᠪᠠ᠃     ᠡᠭᠦᠨ ᠤ ᠬᠠᠮᠲᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ᠂ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠭᠡᠮ ᠰᠣᠭᠤᠭ ᠢ ᠥᠪᠡᠷ ᠢᠶᠠᠨ ᠪᠠᠶᠢᠴᠠᠭᠠᠵᠤ᠂ ᠠᠶᠤᠯ ᠲᠦᠭᠰᠢᠭᠦᠷᠢ ᠶᠢᠨ ᠴᠡᠭ ᠢ ᠴᠠᠭ ᠲᠤᠬᠠᠢ ᠳᠤᠨᠢ ᠴᠡᠪᠡᠷᠯᠡᠵᠦ᠂ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃     ᠳᠠᠷᠠᠭᠠᠴᠢ ᠶᠢᠨ ᠠᠯᠬᠤᠮ ᠳᠤ᠂ ᠬᠠᠳᠦ ᠭᠤᠣᠯ ᠪᠠᠯᠭᠠᠰᠤ ᠶᠢᠨ ᠬᠢᠨ ᠪᠦᠬᠦ ᠪᠠᠯᠭᠠᠰᠤ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠢᠳᠡᠪᠬᠢᠲᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠦᠬᠦ ᠪᠠᠯᠭᠠᠰᠤ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ