ᠵᠠᠯᠠᠨ ᠠᠶᠢᠯ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠪᠴᠢ  ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/11/16
    ᠵᠠᠯᠠᠨ ᠠᠶᠢᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ 1981 ᠣᠨ ᠤ 5 ᠰᠠᠷ᠎ᠠ ᠳᠤ ᠪᠠᠶᠢᠭᠤᠯᠤᠭᠳᠠᠵᠤ᠂ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠳᠡᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃    ᠨᠢᠭᠡ᠂ ᠭᠤᠤᠯ ᠡᠭᠦᠷᠭᠡ ᠬᠠᠷᠢᠭᠤᠴᠠᠯᠭ᠎ᠠ    ︵ᠨᠢᠭᠡ︶ ᠪᠦᠬᠦ ᠬᠤᠳᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠠᠷᠠᠳ ᠤᠨ ᠶᠠᠪᠤᠳᠠᠯ ᠤᠨ ᠠᠵᠢᠯ ᠲᠦᠷᠦᠯ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     ︵ᠬᠤᠶᠠᠷ︶ ᠠᠷᠠᠳ  ᠤᠨ ᠶᠠᠪᠤᠳᠠᠯ  ᠤᠨ ᠲᠤᠰᠬᠠᠶ ᠵᠦᠢᠯ ᠤᠨ ᠪᠡᠯᠡ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ  ᠢ ᠬᠠᠷᠢᠭᠤᠴᠠᠨ᠎ᠠ᠃ ᠠᠷᠠᠳ  ᠤᠨ ᠶᠠᠪᠤᠳᠠᠯ  ᠤᠨ ᠲᠥᠷᠥᠯ ᠵᠦᠢᠯ  ᠤᠨ ᠨᠥᠭᠡᠴᠡ ᠶᠢ ᠳᠡᠭᠡᠭᠰᠢ ᠮᠡᠳᠡᠭᠦᠯᠬᠦ ᠵᠢᠴᠢ ᠠᠷᠠᠳ  ᠤᠨ ᠶᠠᠪᠤᠳᠠᠯ  ᠤᠨ ᠦᠢᠯᠡᠰ  ᠤᠨ ᠲᠤᠭ᠎ᠠ ᠪᠦᠷᠢᠳᠬᠡᠯ  ᠤᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃     ︵ᠭᠤᠷᠪᠠ︶ ︽ᠠᠶᠤᠯ ᠥᠭᠡᠢ ᠦᠢᠯᠡᠳᠪᠦᠷᠢᠯᠡᠯ  ᠤᠨ ᠬᠠᠤᠯᠢ︾ ᠬᠢᠭᠡᠳ ᠬᠤᠯᠪᠣᠭᠳᠠᠯ ᠪᠥᠬᠦᠢ ᠠᠵᠢᠯ ᠲᠥᠷᠥᠯ  ᠤᠨ ᠬᠦᠷᠢᠶᠡᠨ  ᠤ ᠬᠠᠤᠯᠢ ᠴᠠᠭᠠᠵᠠ ᠬᠠᠤᠯᠢ ᠲᠣᠭᠲᠠᠭᠠᠯ  ᠢ ᠦᠨᠳᠦᠰᠦᠯᠡᠨ ᠠᠷᠠᠳ  ᠤᠨ ᠶᠠᠪᠤᠳᠠᠯ  ᠤᠨ  ᠰᠢᠰᠲ᠋ᠧᠮ ᠤᠨ ᠠᠶᠤᠯ ᠥᠭᠡᠢ ᠦᠢᠯᠡᠳᠪᠦᠷᠢᠯᠡᠯ  ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ  ᠢ ᠬᠠᠷᠢᠭᠤᠴᠠᠨ᠎ᠠ᠃ ᠠᠯᠪᠠᠨ ᠠᠴᠠ ᠡᠷᠭᠢᠯᠡᠭᠰᠡᠨ ᠠᠰᠠᠷᠠᠮᠵᠢ ᠶᠢᠨ ᠲᠥᠪ᠂ ᠨᠠᠰᠤᠲᠠᠨ ᠢ ᠠᠰᠠᠷᠠᠬᠤ ᠬᠦᠷᠢᠶᠡᠯᠡᠩ᠂ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠪᠣᠯᠤᠨ ᠣᠷᠣᠰᠢᠭᠤᠯᠭ᠎ᠠ ᠶᠢᠨ ᠠᠵᠢᠯ ᠵᠡᠷᠭᠡ ᠠᠶᠤᠯ ᠥᠬᠡᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠳᠥᠷᠪᠡ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠬᠤ᠂ ᠬᠠᠤᠯᠢ ᠬᠡᠷᠡᠭᠵᠢᠭᠦᠯᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠠᠤᠯᠢ ᠶᠣᠰᠣᠭᠠᠷ ᠳᠡᠩᠰᠡᠯᠡᠨ ᠬᠠᠮᠢᠶᠠᠷᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠬᠤᠲᠠ ᠶᠢᠨ ᠲᠣᠰ ᠱᠠᠲᠤᠨ ᠤ ᠰᠢᠭᠤᠳ ᠳᠡᠩᠰᠡᠯᠡᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃     ︵ᠲᠠᠪᠤ︶ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠤᠨ ᠲᠥᠯᠥᠪᠵᠢᠭᠦᠯᠭᠡ ᠪᠠ ᠬᠡᠷᠡᠭᠵᠢᠭᠦᠯᠬᠦ ᠠᠷᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ᠂ ᠠᠮᠢᠳᠤᠷᠠᠬᠤ ᠠᠷᠭ᠎ᠠ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠲᠤᠰᠠᠯᠠᠮᠵᠢ ᠭᠥᠷᠳᠡᠭᠰᠡᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠵᠢᠯ ᠢ ᠬᠠᠷᠢᠭᠤᠴᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠯᠠ ᠮᠥᠩᠭᠦ ᠶᠢ ᠮᠡᠬᠡᠯᠡᠨ ᠣᠯᠤᠭᠰᠠᠨ ᠬᠥᠮᠦᠰ ᠢ ᠲᠣᠷᠭᠠᠨ᠎ᠠ᠃     ︵ᠵᠢᠷᠭᠤᠭ᠎ᠠ︶ ᠪᠥᠬᠦ ᠬᠤᠲᠠ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃    ︵ᠳᠣᠯᠤᠭ᠎ᠠ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠪᠠ ᠬᠢᠨᠠᠨ ᠬᠠᠷᠭᠤᠭᠤᠯᠬᠤ ᠶᠢ ᠮᠡᠳᠡᠭᠦᠯᠬᠦ ᠠᠵᠢᠯ ᠢ ᠡᠭᠦᠷᠭᠡᠯᠡᠵᠦ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ᠂ ᠬᠠᠮᠢᠶᠠᠷᠬᠤ ᠪᠠ ᠵᠠᠭᠠᠭ ᠱᠤᠭᠤᠮ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ  ᠶᠢ ᠵᠣᠬᠢᠶᠠᠨ ᠪᠠᠶᠢᠭᠤᠯᠤᠨ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠨᠠᠢᠮᠠ︶ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠷᠤᠭ ᠤᠨ ᠶᠠᠪᠤᠳᠠᠯ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠪᠠ ᠦᠢᠯᠡᠴᠢᠯᠡᠭᠡᠨ ᠤ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠭ ᠤᠨ ᠵᠠᠩᠰᠢᠯ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ  ᠦᠢᠯᠡᠰ ᠤᠨ ᠬᠥᠭᠵᠢᠯᠲᠡ ᠶᠢ ᠨᠢᠭᠡᠲᠦᠯᠲᠡᠢ  ᠲᠦᠯᠦᠪᠯᠡᠨ  ᠠᠬᠢᠭᠤᠯᠤᠨ᠎ᠠ᠃    ︵ᠶᠢᠰᠦ︶ ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ  ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃     ︵ᠠᠷᠪᠠ︶ ᠬᠡᠤᠬᠡᠳ ᠤᠨ ᠠᠰᠠᠷᠠᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠦᠨ᠎ᠠ᠃    ︵ᠠᠷᠪᠠᠨ ᠨᠢᠭᠡ︶ ᠨᠢᠭᠦᠯᠡᠰᠦᠩᠭᠦᠶ ᠶᠢᠨ ᠦᠢᠯᠡᠰ ᠪᠠ ᠨᠡᠶᠢᠭᠡᠮ ᠤᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠳᠠ ᠶᠢᠨ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠣᠭᠤᠳᠤᠨ᠎ᠠ ᠃ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠢ ᠠᠬᠢᠭᠤᠯᠤᠨ᠎ᠠ᠃     ︵ᠠᠷᠪᠠᠨ ᠬᠤᠶᠠᠷ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠭᠤᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ  ᠠᠴᠠ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠡᠭᠦᠷᠭᠡ ᠴᠢᠳᠠᠪᠬᠢ ᠶᠢ ᠴᠢᠩᠭᠠᠳᠬᠠᠵᠤ᠂ ᠬᠦᠴᠢᠷᠳᠡᠯᠲᠡᠢ ᠤᠯᠠᠨ ᠲᠦᠮᠡᠨ᠂ ᠥᠨᠥᠴᠢᠨ ᠨᠠᠰᠤᠲᠠᠨ ᠥᠨᠥᠴᠢᠨ ᠵᠡᠮᠳᠡᠭ ᠥᠨᠥᠴᠢᠨ ᠬᠡᠦᠬᠡᠳ ᠵᠡᠷᠭᠡ ᠣᠨᠴᠠᠭᠠᠢ ᠤᠯᠠᠨ ᠲᠦᠮᠡᠨ ᠳᠤ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ  ᠪᠠᠭᠤᠷᠠᠢ ᠭᠠᠵᠠᠷ ᠣᠷᠣᠨ᠂  ᠬᠦᠷᠢᠶ᠎ᠡ ᠪᠣᠯᠤᠨ ᠭᠤᠭᠴᠤᠭ᠎ᠠ ᠲᠡᠰᠢ ᠬᠡᠯᠪᠠᠶᠢᠯᠭᠡᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠤᠩᠰᠢᠬᠤ ᠪᠢᠴᠢᠭ ᠤᠨ ᠲᠠᠪᠴᠠᠩ ᠢ ᠪᠠᠶᠢᠭᠤᠯᠬᠤ ᠶᠢ ᠠᠬᠢᠭᠤᠯᠤᠨ᠎ᠠ᠃    ︵ᠠᠷᠪᠠᠨ ᠳᠥᠷᠪᠡ︶ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃    ︵ᠠᠷᠪᠠᠨ ᠲᠠᠪᠤ︶ 1. ᠬᠤᠲᠠ ᠶᠢᠨ ᠠᠷᠠᠳ ᠤᠨ ᠵᠠᠰᠠᠭ ᠵᠠᠬᠢᠷᠭᠠᠨ ᠤ ᠲᠣᠪᠴᠢᠶ᠎ᠠ ᠨᠢ ᠨᠠᠰᠤᠵᠢᠯ ᠤᠨ  ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ  ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃    ︵ᠠᠷᠪᠠᠨ ᠵᠢᠷᠭᠤᠭ᠎ᠠ︶ 2.ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ᠂ ᠡᠮᠨᠡᠬᠦ ᠰᠤᠪᠢᠯᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢ ᠬᠠᠷᠢᠭᠤᠴᠠᠵᠤ᠂ ᠨᠠᠰᠤᠵᠢᠯ ᠤᠨ  ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠣᠭᠤᠳᠴᠤ᠂ ᠵᠣᠬᠢᠶᠠᠨ ᠪᠠᠶᠢᠭᠤᠯᠤᠨ ᠠᠬᠢᠭᠤᠯᠤᠨ᠎ᠠ᠃ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠵᠦ ᠬᠠᠷᠠᠭᠠᠯᠵᠠᠨ ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ  ᠦᠢᠯᠡᠴᠢᠯᠡᠬᠦ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃      ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ︵ᠨᠢᠭᠡ︶ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠲᠦᠷᠦ ᠶᠢᠨ ᠪᠤᠳᠤᠯᠭ᠎ᠠ ᠶᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠵᠡᠷᠭᠡ ᠠᠵᠢᠯ ᠢ ᠡᠭᠦᠷᠭᠡᠯᠡᠨ᠎ᠡ᠃ ᠠᠷᠠᠳ  ᠤᠨ ᠶᠠᠪᠤᠳᠠᠯ  ᠤᠨ ᠠᠵᠢᠯ ᠲᠥᠷᠥᠯ ᠤᠨ ᠪᠠᠷᠢᠮᠵᠢᠶᠠᠵᠢᠭᠤᠯᠬᠤ ᠠᠵᠢᠯ  ᠢ ᠡᠭᠦᠷᠭᠡᠯᠡᠨ᠎ᠡ᠃ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ  ᠤᠨ ᠬᠠᠤᠯᠢ ᠶᠣᠰᠣᠨ  ᠤ ᠴᠢᠨᠠᠷᠲᠠᠶ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ  ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ  ᠢᠶᠠᠷ ᠵᠠᠷᠭᠤ ᠬᠦᠯᠢᠶᠡᠯᠭᠡᠬᠦ ᠵᠡᠷᠭᠡ ᠠᠵᠢᠯ  ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠤᠨ ᠵᠣᠬᠢᠶᠠᠨ ᠪᠠᠶᠢᠭᠤᠯᠤᠯᠲᠠ᠂ ᠤᠯᠠᠨ ᠲᠦᠮᠡᠨ ᠤ ᠪᠦᠯᠬᠦᠮ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ ᠵᠢᠴᠢ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃     ︵ᠬᠤᠶᠠᠷ︶ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠠᠯᠪᠠᠨ ᠬᠡᠷ᠃ ᠠᠷᠠᠳ ᠤᠨ ᠶᠠᠪᠤᠳᠠᠯ ᠤᠨ ᠲᠥᠷᠥᠯ  ᠵᠦᠢᠯ ᠤᠨ ᠨᠥᠭᠡᠴᠡ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠡᠯ᠎ᠡ ᠵᠦᠢᠯ ᠤᠨ ᠠᠷᠠᠳ ᠤᠨ ᠶᠠᠪᠤᠳᠠᠯ ᠤᠨ  ᠦᠢᠯᠡᠰ  ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠡᠯ᠎ᠡ ᠵᠦᠢᠯ ᠤᠨ ᠠᠷᠠᠳ ᠤᠨ ᠶᠠᠪᠤᠳᠠᠯ ᠤᠨ ᠪᠠᠯᠠ ᠮᠥᠩᠭᠦ ᠶᠢᠨ ᠬᠡᠷᠡᠭᠯᠡᠯᠲᠡ ᠶᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠰᠠᠶᠢᠲᠤᠷ ᠬᠢᠵᠦ᠂ ᠳᠡᠭᠡᠳᠦ ᠱᠠᠲᠤᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ ᠶᠢ ᠭᠦᠢᠴᠡᠳᠭᠡᠨ᠎ᠡ᠃ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠭᠤᠷᠪᠠ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠯᠪᠠᠨ ᠬᠡᠷ᠃ ᠤᠯᠤᠰ  ᠤᠨ ᠨᠡᠶᠢᠭᠡᠮ  ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠳᠠ ᠶᠢᠨ ᠨᠡᠶᠢᠭᠡᠮ  ᠤᠨ ᠲᠡᠩᠬᠡᠷᠡᠭᠦᠯᠦᠨ ᠲᠤᠰᠠᠯᠠᠬᠤ ᠠᠵᠢᠯ  ᠤᠨ ᠲᠥᠯᠥᠪᠵᠢᠭᠦᠯᠭᠡ ᠪᠣᠯᠤᠨ ᠬᠡᠷᠡᠭᠵᠢᠭᠦᠯᠬᠦ ᠠᠷᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ  ᠤᠨ ᠲᠡᠩᠬᠡᠷᠡᠭᠦᠯᠦᠨ ᠲᠤᠰᠠᠯᠠᠬᠤ ᠰᠢᠰᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠳᠠ ᠬᠥᠳᠡᠭᠡ ᠶᠢᠨ ᠠᠮᠢᠳᠤᠷᠠᠯ  ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ  ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠥᠷ ᠴᠠᠭ ᠲᠡᠩᠬᠡᠷᠡᠭᠦᠯᠦᠨ ᠲᠤᠰᠠᠯᠠᠬᠤ ᠶᠢ ᠬᠠᠷᠢᠭᠤᠴᠠᠵᠤ᠂ ᠪᠥᠬᠦ ᠬᠤᠳᠠ ᠶᠢᠨ ᠲᠤᠰᠠᠯᠠᠮᠵᠢ ᠬᠥᠷᠳᠡᠵᠦ ᠪᠠᠶᠢᠭ᠎ᠠ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ   ᠢ ᠬᠠᠷᠭᠤᠭᠤᠯᠬᠤ ᠠᠵᠢᠯ  ᠢ ᠬᠠᠷᠢᠭᠤᠴᠠᠵᠤ᠂ ᠨᠡᠶᠢᠭᠡᠮ  ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ ᠮᠡᠬᠡᠯᠡᠨ ᠠᠪᠤᠭᠰᠠᠨ ᠬᠥᠮᠦᠰ  ᠢ ᠰᠢᠳᠬᠡᠨ ᠲᠣᠷᠭᠠᠨ᠎ᠠ᠃    ︵ᠲᠥᠷᠪᠡ︶ ᠦᠨᠳᠦᠰᠦᠨ ᠵᠠᠰᠠᠭ  ᠤᠨ ᠨᠡᠶᠢᠭᠡᠮ ᠲᠣᠭᠤᠷᠢᠭ ᠪᠣᠯᠤᠨ ᠣᠷᠣᠨ ᠬᠤᠪᠢᠶᠠᠷᠢᠯᠠᠯ  ᠤᠨ ᠭᠠᠵᠠᠷ  ᠤᠨ ᠨᠡᠷ᠎ᠡ  ᠶᠢᠨ ᠠᠯᠪᠠᠨ ᠭᠡᠷ᠃ ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠵᠢᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠲᠦᠷᠢᠮ ᠲᠣᠭᠲᠠᠭᠠᠯ ᠤᠨ  ᠲᠦᠰᠦᠯ  ᠢ  ᠲᠤᠭᠤᠷᠪᠢᠨ  ᠲᠣᠭᠲᠠᠭᠠᠨ᠎ᠠ᠃ ᠰᠢᠶᠠᠩ᠂ ᠪᠠᠯᠭᠠᠰᠤ᠂ ᠵᠡᠭᠡᠯᠢ ᠭᠤᠳᠤᠮᠵᠢ ᠶᠢ ᠪᠠᠶᠢᠭᠤᠯᠬᠤ᠂ ᠬᠠᠰᠤᠬᠤ᠂ ᠨᠡᠷ᠎ᠡ ᠶᠢ ᠨᠢ ᠬᠠᠯᠠᠬᠤ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠤᠪᠢᠷᠠᠭᠤᠯᠬᠤ ᠪᠠ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠤᠴᠢᠷ ᠶᠠᠪᠤᠳᠠᠯ ᠵᠢᠴᠢ ᠪᠦᠬᠦ ᠬᠤᠲᠠ ᠶᠢᠨ ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠳᠠᠭᠠᠭᠠᠨ ᠬᠢᠨ᠎ᠡ᠃ ᠪᠦᠬᠦ ᠬᠤᠳᠠ ᠶᠢᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠬᠤᠲᠠ ᠶᠢᠨ ᠭᠠᠵᠠᠷ  ᠤᠨ ᠨᠡᠷ᠎ᠡ ᠶᠢᠨ ᠬᠠᠮᠢᠶᠠᠷᠤᠯᠲᠠ ᠶᠢᠨ  ᠠᠵᠢᠯ  ᠢ  ᠬᠠᠷᠢᠭᠤᠴᠠᠨ᠎ᠠ᠃ ᠬᠤᠲᠠ ᠬᠥᠳᠡᠭᠡ ᠶᠢᠨ ᠭᠠᠵᠠᠷ ᠤᠨ ᠨᠡᠷ᠎ᠡ ᠶᠢᠨ ᠲᠡᠮᠳᠡᠭ ᠢ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃      ︵ᠲᠠᠪᠤ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠬᠤᠯᠪᠣᠭᠳᠠᠯ ᠪᠥᠬᠦᠶ ᠣᠷᠤᠭ ᠤᠨ ᠳᠡᠩᠰᠡᠯᠡᠯᠲᠡ᠂ ᠣᠷᠣᠰᠢᠭᠤᠯᠭ᠎ᠠ ᠶᠢᠨ ᠬᠠᠮᠢᠶᠠᠷᠤᠯᠲᠠ᠂ ᠵᠡᠮᠳᠡᠭᠴᠦᠳ ᠤᠨ ᠡᠷᠬᠡ ᠠᠰᠢᠭ ᠤᠨ ᠬᠠᠮᠠᠭᠠᠯᠠᠯᠲᠠ᠂ ᠠᠮᠢᠳᠤᠷᠠᠯ ᠤᠨ ᠠᠷᠭ᠎ᠠ ᠥᠬᠡᠶ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠷᠤᠬ ᠤᠨ ᠶᠣᠰᠣ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠷᠤᠬ᠂ ᠣᠷᠣᠰᠢᠭᠤᠯᠭ᠎ᠠ᠂ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ᠂ ᠠᠮᠢᠳᠤᠷᠠᠯ ᠤᠨ ᠠᠷᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠨ᠎ᠠ᠃ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠲᠤᠭᠤᠷᠪᠢᠨ  ᠲᠣᠭᠲᠠᠭᠠᠬᠤ  ᠳᠤ  ᠣᠷᠤᠯᠴᠠᠨ᠎ᠠ᠃ ᠣᠷᠤᠭ ᠤᠨ ᠳᠡᠩᠰᠡᠯᠡᠯᠲᠡ ᠶᠢᠨ ᠪᠠᠶᠢᠭᠤᠯᠭ᠎ᠠ ᠪᠠ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠣᠷᠣᠰᠢᠭᠤᠯᠭ᠎ᠠ ᠶᠢᠨ  ᠦᠢᠯᠡᠴᠢᠯᠡᠭᠡ᠂ ᠠᠮᠢᠳᠤᠷᠠᠯ ᠤᠨ ᠠᠷᠭ᠎ᠠ ᠥᠬᠡᠶ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ ᠬᠡᠷ ᠪᠦᠯᠢ ᠶᠢᠨ ᠬᠦᠴᠦᠷᠬᠡᠭᠯᠡᠯ ᠤᠨ ᠬᠤᠤᠷ ᠠᠮᠰᠠᠭᠴᠢ ᠶᠢᠨ ᠲᠦᠷ ᠴᠠᠭ ᠤᠨ ᠥᠮᠥᠭᠡᠷᠡᠵᠦ ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ᠃ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠣᠯᠭᠤᠬᠤ ᠠᠵᠢᠯ ᠢ ᠵᠣᠬᠢᠶᠠᠨ ᠪᠠᠶᠢᠭᠤᠯᠤᠨ᠎ᠠ᠃     ︵ᠵᠢᠷᠭᠤᠭ᠎ᠠ︶ ᠨᠠᠰᠤᠵᠢᠯ ᠤᠨ ᠠᠰᠠᠷᠠᠮᠵᠢ ᠶᠢᠨ ᠬᠡᠤᠬᠡᠳ ᠤᠨ ᠨᠢᠭᠦᠯᠡᠰᠦᠩᠭᠦᠶ ᠪᠠ ᠨᠡᠶᠢᠭᠡᠮ ᠤᠨ ᠠᠵᠢᠯ ᠤᠨ ᠠᠯᠪᠠᠨ ᠬᠡᠷ᠃ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ ᠪᠠ ᠨᠢᠭᠦᠯᠡᠰᠦᠩᠭᠦᠶ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭ᠎ᠠ ᠶᠢ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠨ᠎ᠠ᠃ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠵᠢᠭᠦᠯᠭᠡ ᠶᠢ ᠲᠣᠭᠲᠠᠭᠠᠨ᠎ᠠ᠃ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠵᠣᠬᠢᠶᠠᠨ  ᠪᠠᠶᠢᠭᠤᠯᠤᠯᠲᠠ  ᠶᠢ  ᠲᠦᠯᠬᠢᠨ  ᠠᠬᠢᠭᠤᠯᠤᠨ᠎ᠠ᠃ ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ  ᠡᠭᠦᠷᠭᠡᠯᠡᠨ᠎ᠡ᠃ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠲᠦᠷᠢᠮ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠪᠠᠷᠢᠮᠵᠢᠶ᠎ᠠ  ᠶᠢ  ᠲᠤᠭᠤᠷᠪᠢᠨ  ᠲᠣᠭᠲᠠᠭᠠᠨ᠎ᠠ᠃ ᠬᠥᠳᠡᠭᠡ ᠲᠣᠰᠬᠤᠨ ᠤ ᠬᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ  ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠲᠠᠶᠢᠴᠤᠳ ᠤᠨ  ᠦᠢᠯᠡᠴᠢᠯᠡᠭᠡ᠂ ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠨ  ᠤ ᠨᠡᠮᠡᠭᠦᠷᠢ ᠵᠡᠷᠭᠡ ᠨᠥᠬᠦᠪᠥᠷᠢ ᠣᠯᠭᠤᠬᠤ ᠠᠵᠢᠯ  ᠢ ᠬᠠᠷᠢᠭᠤᠴᠠᠨ᠎ᠠ᠃ ︽ᠠᠶᠤᠯ ᠥᠭᠡᠢ ᠦᠢᠯᠡᠳᠪᠦᠷᠢᠯᠡᠯ  ᠤᠨ ᠬᠠᠤᠯᠢ︾ ᠬᠢᠭᠡᠳ ᠬᠤᠯᠪᠣᠭᠳᠠᠯ ᠪᠥᠬᠦᠢ ᠠᠵᠢᠯ ᠲᠥᠷᠥᠯ  ᠤᠨ ᠬᠦᠷᠢᠶᠡᠨ  ᠤ ᠬᠠᠤᠯᠢ ᠴᠠᠭᠠᠵᠠ ᠬᠠᠤᠯᠢ ᠲᠣᠭᠲᠠᠭᠠᠯ  ᠢ ᠦᠨᠳᠦᠰᠦᠯᠡᠨ ᠠᠷᠠᠳ  ᠤᠨ ᠶᠠᠪᠤᠳᠠᠯ ᠤᠨ ᠰᠢᠰᠧᠮ  ᠤᠨ ᠠᠶᠤᠯ ᠥᠭᠡᠢ ᠦᠢᠯᠡᠳᠪᠦᠷᠢᠯᠡᠯ  ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ  ᠢ ᠬᠠᠷᠢᠭᠤᠴᠠᠨ᠎ᠠ᠃ ᠠᠯᠪᠠᠨ ᠠᠴᠠ ᠡᠷᠭᠢᠯᠡᠭᠰᠡᠨ ᠠᠰᠠᠷᠠᠮᠵᠢ ᠶᠢᠨ ᠲᠥᠪ᠂ ᠨᠠᠰᠤᠲᠠᠨ ᠢ ᠠᠰᠠᠷᠠᠬᠤ ᠬᠦᠷᠢᠶᠡᠯᠡᠩ᠂ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠪᠣᠯᠤᠨ ᠣᠷᠣᠰᠢᠭᠤᠯᠭ᠎ᠠ ᠶᠢᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ  ᠦᠢᠯᠡᠳᠪᠦᠷᠢᠯᠡᠯ ᠢ ᠬᠠᠷᠢᠭᠤᠴᠠᠨ᠎ᠠ᠃ ᠬᠡᠦᠬᠡᠳ ᠤᠨ ᠠᠰᠠᠷᠠᠮᠵᠢ᠂ ᠬᠡᠦᠬᠡᠳ ᠢ ᠡᠷᠭᠦᠨ ᠲᠡᠵᠢᠭᠡᠬᠦ ᠪᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠬᠦᠴᠢᠷᠳᠡᠯ ᠲᠠᠢ ᠬᠡᠦᠬᠡᠳ ᠢ ᠪᠠᠲᠤᠯᠠᠬᠤ ᠲᠦᠷᠢᠮ ᠢ ᠲᠡᠭᠦᠯᠳᠡᠷᠵᠢᠭᠦᠯᠦᠨ᠎ᠡ᠃ ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃     ︵ᠳᠣᠯᠤᠭ᠎ᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ᠃ ᠪᠥᠬᠦ ᠬᠤᠲᠠ ᠶᠢᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ  ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠲᠡᠮᠳᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠵᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠵᠠᠯᠠᠨ ᠠᠶᠢᠯ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠪᠦᠬᠦ ᠬᠤᠳᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠥᠬᠦ ᠬᠤᠲᠠ ᠶᠢᠨ ᠰᠢᠭᠤᠳ ᠳᠡᠩᠰᠡᠯᠡᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃     ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠨ ᠠᠶᠢᠯ ᠬᠤᠲᠠ ᠶᠢᠨ ᠰᠢᠶᠠᠩ ᠶᠠᠩ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ ᠲᠣᠭᠤᠷᠢᠭ ᠤᠨ ᠠᠰᠠᠷ ᠤᠨ ᠬᠤᠶᠠᠳᠤᠭᠠᠷ ᠠᠰᠠᠷ ︵ᠵᠠᠯᠠᠨ ᠠᠶᠢᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3202392    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠬᠠᠨ ᠯᠢᠨ    ᠭᠤᠷᠪᠠ᠂ ᠬᠠᠷᠢᠶ᠎ᠠ ᠨᠢᠭᠡᠴᠢ    ︵ᠨᠢᠭᠡ︶ ᠵᠠᠯᠠᠨ ᠠᠶᠢᠯ ᠬᠤᠲᠠ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ    ᠵᠠᠯᠠᠨ ᠠᠶᠢᠯ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ︵ᠵᠠᠯᠠᠨ ᠠᠶᠢᠯ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ᠂ ᠵᠠᠯᠠᠨ ᠠᠶᠢᠯ ᠬᠤᠲᠠ ᠶᠢᠨ ᠣᠷᠣᠯᠭ᠎ᠠ ᠪᠠᠭᠠᠲᠠᠶ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠥᠪ ᠤᠨ ᠫᠠᠶᠢᠰᠠ ᠶᠢ ᠡᠯᠭᠦᠨ᠎ᠡ︶ ᠪᠣᠯ ᠵᠠᠯᠠᠨ ᠠᠶᠢᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ  ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠠᠰ ᠲᠠᠢ ᠲᠡᠩᠴᠡᠨ᠎ᠡ᠃ ᠠᠵᠢᠯ ᠦᠢᠯᠡᠰ ᠤᠨ ᠣᠷᠣᠨ ᠲᠤᠭ᠎ᠠ 16 ᠬᠥᠮᠦᠨ ᠪᠣᠶ᠃ ᠰᠲ᠋ᠣᠺ ᠤᠨ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ 3 ᠨᠡᠷᠡᠰ ︵1 ᠵᠢᠩᠬᠢᠨᠢ 2 ᠳᠡᠳ᠋︶ ᠬᠢᠨᠠᠨ ᠲᠣᠭᠲᠠᠭᠠᠨ᠎ᠠ᠃    1᠂ ᠭᠤᠣᠯ ᠡᠭᠦᠷᠭᠡ ᠬᠠᠷᠢᠭᠤᠴᠠᠯᠭ᠎ᠠ    ︵1︶ ᠪᠦᠬᠦ ᠬᠤᠳᠠ ᠶᠢᠨ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ︔ ᠪᠥᠬᠦ ᠬᠤᠲᠠ ᠶᠢᠨ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠡᠮᠬᠢ ᠵᠢᠷᠤᠮ ᠲᠠᠢ ᠪᠠᠷ ᠲᠣᠰᠴᠤ ᠬᠦᠷᠭᠡᠵᠦ ᠨᠤᠲᠤᠭ ᠲᠤᠨᠢ ᠪᠤᠴᠠᠭᠠᠬᠤ ᠵᠡᠷᠭᠡ ᠠᠵᠢᠯ ᠢ ᠡᠭᠦᠷᠭᠡᠯᠡᠨ᠎ᠡ︔ ᠭᠡᠨᠡᠳᠲᠡ ᠶᠢᠨ ᠡᠪᠡᠳᠴᠢᠨ᠂ ᠬᠦᠨᠳᠦ ᠲᠦᠭᠰᠢᠭᠦᠷᠢᠲᠡᠶ ᠡᠪᠡᠳᠴᠢᠲᠡᠨ ᠵᠢᠴᠢ ᠮᠡᠳᠡᠷᠡᠯ ᠤᠨ ᠡᠪᠡᠳᠴᠢᠨ ᠲᠠᠢ ᠲᠡᠨᠦᠭᠦᠯ ᠭᠤᠶᠢᠷᠠᠨᠴᠢ ᠶᠢ ᠴᠠᠭ ᠲᠤᠬᠠᠶ ᠳᠤᠨᠢ ᠡᠮᠨᠡᠯᠭᠡ ᠳᠤ ᠬᠦᠷᠭᠡᠵᠦ ᠡᠮᠨᠡᠭᠦᠯᠬᠦ ᠶᠢᠨ ᠬᠠᠮᠲᠤ ᠬᠠᠷᠠᠭᠠᠯᠵᠠᠬᠤ  ᠦᠢᠯᠡᠴᠢᠯᠡᠭᠡ ᠬᠠᠩᠭᠠᠨ᠎ᠠ︔ ᠣᠷᠳᠣ ᠬᠤᠭᠤᠴᠠᠭ᠎ᠠ ᠪᠠᠷ ᠰᠠᠭᠠᠲᠠᠭᠰᠠᠨ ᠬᠥᠮᠦᠰ ᠵᠢᠴᠢ ᠪᠡᠶ᠎ᠡ ᠶᠢᠨ ᠭᠠᠷᠤᠯ ᠢ ᠨᠢ ᠳᠣᠲᠣᠯᠠᠬᠤ ᠶᠢᠨ ᠠᠷᠭ᠎ᠠ ᠥᠬᠡᠶ ᠲᠡᠨᠦᠭᠦᠴᠢᠯᠡᠨ ᠭᠤᠶᠢᠷᠠᠨᠴᠢᠯᠠᠭᠴᠢᠳ ᠢ ᠢᠯᠭᠠᠨ ᠳᠣᠲᠣᠯᠠᠬᠤ᠂ ᠨᠠᠶᠢᠳᠠᠨ ᠲᠡᠵᠢᠭᠡᠯᠭᠡᠬᠦ᠂ ᠲᠥᠪᠬᠢᠨᠡᠭᠦᠯᠬᠦ ᠵᠡᠷᠭᠡ ᠠᠵᠢᠯ ᠢ ᠡᠭᠦᠷᠭᠡᠯᠡᠨ᠎ᠡ᠃    ︵2︶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ᠂ ᠬᠢᠨᠠᠨ ᠬᠠᠮᠠᠭᠠᠯᠠᠯᠲᠠ ᠶᠢᠨ ᠬᠠᠯᠳᠠᠯᠭ᠎ᠠ ᠳᠤ ᠤᠴᠠᠷᠠᠭᠰᠠᠨ᠂ ᠲᠦᠷ ᠬᠢᠨᠠᠨ ᠬᠠᠮᠠᠭᠠᠯᠠᠬᠤ ᠬᠥᠮᠦᠨ ᠥᠬᠡᠶ ᠵᠡᠷᠭᠡ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠬᠤ ᠵᠢᠴᠢ ᠲᠦᠷ ᠴᠠᠭ ᠤᠨ ᠬᠢᠨᠠᠨ ᠬᠠᠮᠠᠭᠠᠯᠠᠬᠤ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠬᠡᠷ ᠲᠡᠭᠡᠨ ᠬᠤᠴᠣᠷᠤᠭᠰᠠᠨ ᠬᠡᠤᠬᠡᠳ᠂ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠵᠢᠴᠢ ᠥᠨᠥᠴᠢᠨ ᠵᠡᠮᠳᠡᠭ ᠬᠡᠤᠬᠡᠳ ᠢ ᠲᠥᠷᠥᠯ ᠬᠤᠪᠢᠶᠠᠨ ᠪᠠᠲᠤᠯᠠᠬᠤ᠂ ᠬᠠᠮᠢᠶ᠎ᠠ ᠪᠥᠬᠦᠶ ᠪᠦᠷᠢᠳᠬᠡᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠪᠣᠯᠪᠠᠰᠤᠷᠠᠭᠤᠯᠤᠯ ᠵᠡᠷᠭᠡ ᠠᠵᠢᠯ ᠢ ᠡᠭᠦᠷᠭᠡᠯᠡᠨ᠎ᠡ᠃      ︵3︶ ᠪᠥᠬᠦ ᠬᠤᠲᠠ ᠶᠢᠨ ᠣᠷᠣᠯᠭ᠎ᠠ ᠪᠠᠭᠠᠲᠠᠶ ᠬᠡᠷ ᠪᠦᠯᠢ᠂ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠵᠢᠴᠢ ᠪᠤᠰᠤᠳ ᠵᠠᠰᠠᠭ ᠤᠨ ᠣᠷᠳᠣᠨ ᠤ ᠲᠤᠰᠬᠠᠶ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠤᠨ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠢ ᠬᠠᠷᠭᠤᠭᠤᠯᠬᠤ ᠵᠡᠷᠭᠡ ᠠᠵᠢᠯ ᠢ ᠡᠭᠦᠷᠭᠡᠯᠡᠨ᠎ᠡ︔ ᠬᠠᠷᠭᠤᠭᠤᠯᠬᠤ ᠲᠠᠩᠰᠠ ᠡᠪᠬᠡᠮᠡᠯ ᠢ ᠪᠠᠶᠢᠭᠤᠯᠬᠤ ᠪᠠ ᠬᠠᠮᠢᠶᠠᠷᠴᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠰᠦᠯᠵᠢᠶᠡᠨ ᠳᠤ ᠬᠤᠯᠪᠣᠭᠰᠠᠨ ᠮᠡᠳᠡᠭᠡ ᠵᠠᠩᠭᠢ ᠶᠢ ᠬᠠᠷᠭᠤᠭᠤᠯᠬᠤ ᠰᠢᠰᠲ᠋ᠧᠮ ᠤᠨ ᠲᠤᠭ᠎ᠠ ᠪᠠᠷᠢᠮᠲᠠ ᠶᠢᠨ ᠬᠠᠮᠠᠭᠠᠯᠠᠯᠲᠠ ᠶᠢ ᠬᠠᠷᠢᠭᠤᠴᠠᠨ᠎ᠠ᠃    ︵4︶ ᠪᠥᠬᠦ ᠬᠤᠲᠠ ᠶᠢᠨ ᠪᠠᠶᠢᠩᠭᠤ ᠶᠢᠨ ᠴᠢᠨᠠᠷᠲᠠᠶ ᠨᠡᠶᠢᠭᠡᠮ ᠤᠨ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠭᠥᠯᠢᠶᠡᠨ ᠠᠪᠬᠤ᠂ ᠪᠦᠬᠦᠯᠢ ᠪᠠᠷ ᠤᠬᠢᠶᠠᠬᠤ᠂ ᠠᠷᠢᠭᠤᠳᠬᠠᠬᠤ᠂ ᠰᠢᠯᠵᠢᠭᠦᠯᠦᠨ ᠬᠦᠷᠭᠡᠬᠦ ᠵᠢᠴᠢ ᠨᠡᠶᠢᠭᠡᠮ ᠤᠨ ᠬᠠᠨᠳᠢᠪᠯᠠᠨ ᠬᠦᠷᠭᠡᠭᠰᠡᠨ ᠡᠳ᠋ ᠪᠣᠳᠠᠰ ᠢ ᠬᠠᠮᠢᠶᠠᠷᠴᠤ ᠬᠡᠷᠡᠭᠯᠡᠬᠦ ᠵᠡᠷᠭᠡ ᠠᠵᠢᠯ ᠢ ᠡᠭᠦᠷᠭᠡᠯᠡᠨ᠎ᠡ᠃    ︵5︶ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠳᠤ ᠬᠤᠯᠪᠣᠭᠳᠠᠬᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡ᠂ ᠠᠷᠤ ᠲᠠᠯ᠎ᠠ ᠵᠢᠨ‌ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    ︵6︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃    ᠳᠣᠲᠣᠭᠠᠳᠤ ᠪᠠᠶᠢᠭᠤᠯᠤᠮᠵᠢ᠄ ᠪᠠᠶᠢᠬᠤ ᠥᠬᠡᠶ    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠨ ᠠᠶᠢᠯ ᠬᠤᠲᠠ ᠶᠢᠨ ᠰᠢᠶᠠᠩ ᠶᠠᠩ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ ᠲᠣᠭᠤᠷᠢᠭ ᠤᠨ ᠠᠰᠠᠷ ᠤᠨ ᠬᠤᠶᠠᠳᠤᠭᠠᠷ ᠠᠰᠠᠷ ︵ᠵᠠᠯᠠᠨ ᠠᠶᠢᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠠᠰᠠᠷ ᠤᠨ 210 ᠳ᠋ᠤᠭᠠᠷ ᠥᠷᠥᠭᠡ︶    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3218821    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠯᠦ ᠵᠢᠶᠦ᠋ᠨ ᠶᠠᠩ   ︵ᠬᠤᠶᠠᠷ︶ ᠵᠠᠯᠠᠨ  ᠠᠶᠢᠯ  ᠬᠤᠲᠠ  ᠶᠢᠨ ᠣᠷᠣᠰᠢᠭᠤᠯᠭ᠎ᠠ  ᠶᠢᠨ  ᠦᠢᠯᠡᠴᠢᠯᠡᠭᠡᠨ ᠤ ᠲᠥᠪ    ᠵᠠᠯᠠᠨ  ᠠᠶᠢᠯ  ᠬᠤᠲᠠ  ᠶᠢᠨ  ᠣᠷᠣᠰᠢᠭᠤᠯᠭ᠎ᠠ  ᠶᠢᠨ  ᠦᠢᠯᠡᠴᠢᠯᠡᠭᠡᠨ  ᠤ   ᠲᠥᠪ  ᠪᠣᠯ  ᠵᠠᠯᠠᠨ  ᠠᠶᠢᠯ  ᠬᠤᠲᠠ  ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ  ᠦᠢᠯᠡᠰ ᠤᠨ ᠨᠢᠭᠡᠴᠡ ᠪᠣᠯᠤᠨ᠎ᠠ᠂ ᠪᠠᠶᠢᠭᠤᠯᠤᠮᠵᠢ  ᠶᠢᠨ ᠪᠠᠷᠢᠮᠵᠢᠶ᠎ᠠ ᠨᠢ ᠰᠲ᠋ᠣᠺ ᠤᠨ ᠲᠠᠰ  ᠲᠠᠢ ᠲᠡᠩᠴᠡᠨ᠎ᠡ᠃ ᠠᠵᠢᠯ ᠦᠢᠯᠡᠰ ᠤᠨ ᠣᠷᠣᠨ ᠲᠤᠭ᠎ᠠ  ᠨᠢ  18 ᠬᠥᠮᠦᠨ ᠪᠣᠶ᠃ ᠰᠲ᠋ᠣᠺ ᠤᠨ ᠲᠠᠰ ᠤᠨ ᠤᠳᠤᠷᠢᠳᠤᠯᠭ᠎ᠠ   ᠶᠢᠨ ᠲᠤᠰᠢᠶᠠᠯ ᠤᠨ ᠲᠤᠭ᠎ᠠ ᠶᠢ 3 ᠨᠡᠷᠡᠰ ︵1 ᠵᠢᠩᠬᠢᠨᠢ 2 ᠳᠡᠳ᠋︶ ᠬᠢᠨᠠᠨ ᠲᠣᠭᠲᠠᠭᠠᠨ᠎ᠠ᠃     1᠂ ᠭᠤᠣᠯ ᠡᠭᠦᠷᠭᠡ ᠬᠠᠷᠢᠭᠤᠴᠠᠯᠭ᠎ᠠ    ︵1︶ ᠬᠤᠲᠠ ᠬᠥᠳᠡᠭᠡ ᠶᠢᠨ ︽ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ︾᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ᠂ ᠲᠡᠨᠦᠭᠦᠯ ᠬᠡᠤᠬᠡᠳ᠂ ᠨᠡᠷ᠎ᠡ ᠥᠬᠡᠶ ᠬᠡᠭᠦᠷ ᠵᠡᠷᠭᠡ ᠬᠤᠲᠠ ᠬᠥᠳᠡᠭᠡ ᠶᠢᠨ ᠣᠨᠴᠠ  ᠬᠦᠴᠢᠷᠳᠡᠯᠲᠡᠶ ᠬᠥᠮᠦᠰ ᠤᠨ ᠣᠷᠣᠰᠢᠭᠤᠯᠭ᠎ᠠ ᠶᠢᠨ  ᠦᠨᠳᠦᠰᠦᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃    ︵2︶ ᠬᠡᠭᠦᠷ ᠢ ᠬᠦᠯᠢᠶᠡᠨ ᠠᠪᠴᠤ ᠵᠥᠭᠡᠭᠡᠪᠦᠷᠢᠯᠡᠬᠦ᠂ ᠣᠷᠣᠰᠢᠭᠤᠯᠭ᠎ᠠ ᠶᠢᠨ ᠦᠢᠯᠡᠴᠢᠯᠡᠭᠡ᠂ ᠬᠡᠭᠦᠷ ᠢ ᠬᠦᠢᠲᠡᠨ ᠢᠶᠠᠷ ᠬᠠᠳᠠᠭᠠᠯᠠᠬᠤ᠂ ᠬᠡᠭᠦᠷ ᠢ ᠳᠡᠭᠳᠡᠭᠡᠬᠦ᠂ ᠴᠢᠨᠳᠠᠷ ᠢ ᠬᠠᠳᠠᠭᠠᠯᠠᠬᠤ᠂ ᠴᠢᠨᠳᠠᠷ ᠢ ᠣᠷᠣᠰᠢᠭᠤᠯᠬᠤ ᠵᠢᠴᠢ ᠣᠷᠣᠰᠢᠭᠤᠯᠭ᠎ᠠ ᠶᠢᠨ ᠬᠡᠷᠡᠭᠰᠡᠯ ᠢ ᠪᠣᠷᠣᠯᠠᠭᠤᠯᠬᠤ ᠵᠡᠷᠭᠡ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    ︵3︶ ᠨᠡᠶᠢᠲᠡ ᠶᠢᠨ ᠤᠡᠭᠭᠤᠨ᠂ ᠭᠠᠯ ᠢᠶᠠᠷ ᠳᠡᠭᠳᠡᠭᠡᠬᠦ ᠲᠥᠬᠦᠭᠡᠷᠦᠮᠵᠢ ᠵᠡᠷᠭᠡ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵4︶ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠢ ᠡᠭᠦᠷᠭᠡᠯᠡᠨ᠎ᠡ᠃    ︵5︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃    ᠳᠣᠲᠣᠭᠠᠳᠤ ᠪᠠᠶᠢᠭᠤᠯᠤᠮᠵᠢ᠄ ᠪᠠᠶᠢᠬᠤ ᠥᠬᠡᠶ     ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠨ ᠠᠶᠢᠯ ᠬᠤᠲᠠ ᠶᠢᠨ ᠪᠤᠲᠠᠬ᠎ᠠ ᠡᠮᠦᠨ᠎ᠡ ᠵᠠᠮ ᠤᠨ 29 ᠳ᠋ᠦᠭᠡᠷ ᠨᠣᠮᠧᠷ ︵ᠵᠠᠯᠠᠨ ᠠᠶᠢᠯ ᠬᠤᠲᠠ ᠶᠢᠨ ᠣᠷᠣᠰᠢᠭᠤᠯᠭ᠎ᠠ ᠶᠢᠨ  ᠦᠢᠯᠡᠴᠢᠯᠡᠭᠡᠨ ᠤ ᠲᠥᠪ︶    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3306231    ᠠᠵᠢᠯᠯᠠᠬᠤ ᠴᠠᠭ᠄ 8᠄ 00 — 11᠄ 30᠂ 14᠄ 30 — 17᠄ 00 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠵᠧᠩ ᠬᠤᠩ ᡁᠢ     ︵ᠭᠤᠷᠪᠠ︶ ᠵᠠᠯᠠᠨ ᠠᠶᠢᠯ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠲᠥᠪ    ᠵᠠᠯᠠᠨ ᠠᠶᠢᠯ ᠬᠤᠲᠠ ᠶᠢᠨ ᠨᠡᠶᠢᠭᠡᠮ ᠤᠨ ᠠᠰᠠᠷᠠᠮᠵᠢ  ᠶᠢᠨ ᠲᠥᠪ ᠪᠣᠯ  ᠵᠠᠯᠠᠨ ᠠᠶᠢᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠬᠤ ᠳᠡᠳ᠋ ᠰᠠᠯᠠᠭᠠᠨ  ᠤ  ᠳᠡᠰ  ᠤᠨ ᠠᠵᠢᠯ ᠦᠢᠯᠡᠰ ᠤᠨ ᠨᠢᠭᠡᠴᠢ ᠪᠣᠯᠤᠨ᠎ᠠ  ᠃    1᠂ ᠭᠤᠣᠯ ᠡᠭᠦᠷᠭᠡ ᠬᠠᠷᠢᠭᠤᠴᠠᠯᠭ᠎ᠠ    ︵1︶ ᠪᠥᠬᠦ ᠬᠤᠲᠠ ᠶᠢᠨ ᠬᠥᠳᠡᠯᠮᠦᠷᠢᠯᠡᠬᠦ ᠴᠢᠳᠠᠪᠤᠷᠢ ᠥᠬᠡᠶ᠂ ᠠᠮᠢᠳᠤᠷᠠᠯ ᠤᠨ ᠢᠷᠡᠯᠲᠡ ᠥᠬᠡᠶ᠂ ᠠᠰᠠᠷᠠᠨ ᠲᠡᠵᠢᠭᠡᠬᠦ  ᠡᠭᠦᠷᠭᠡᠲᠦ ᠬᠥᠮᠦᠨ ᠪᠤᠶᠤ ᠲᠡᠭᠦᠨ ᠤ ᠬᠠᠤᠯᠢ ᠪᠠᠷ ᠲᠣᠭᠲᠠᠭᠠᠭᠰᠠᠨ ᠡᠭᠦᠷᠭᠡᠲᠦ ᠬᠥᠮᠦᠨ ᠨᠢ ᠡᠭᠦᠷᠭᠡ ᠪᠠᠨ ᠭᠦᠢᠴᠡᠳᠭᠡᠬᠦ ᠴᠢᠳᠠᠪᠤᠷᠢ ᠥᠬᠡᠶ ᠣᠨᠴᠠ ᠬᠦᠴᠢᠷᠳᠡᠯᠲᠡᠶ ᠥᠨᠥᠴᠢᠨ᠂ ᠨᠠᠰᠤᠲᠠᠨ᠂ ᠵᠡᠮᠳᠡᠭ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠠᠵᠢᠯ ᠢ ᠡᠭᠦᠷᠭᠡᠯᠡᠬᠦ ᠶᠢ ᠡᠭᠦᠷᠭᠡᠯᠡᠨ᠎ᠡ᠃     ︵2︶ ᠠᠷᠠᠳ ᠤᠨ ᠶᠠᠪᠤᠳᠠᠯ ᠤᠨ ᠰᠠᠯᠠᠭ᠎ᠠ  ᠮᠥᠴᠢᠷ ᠠᠴᠠ ᠬᠢᠨᠠᠨ ᠬᠠᠮᠠᠭᠠᠯᠠᠭᠴᠢ ᠪᠣᠯᠤᠭᠰᠠᠨ ᠪᠦᠬᠦᠯᠢ 18 ᠨᠠᠰᠤ ᠬᠦᠷᠦᠭᠡᠳᠦᠢ ᠬᠡᠦᠬᠡᠳ ᠢ ᠦᠯᠡᠳᠡᠭᠡᠨ ᠠᠪᠴᠤ ᠠᠰᠠᠷᠠᠨ ᠲᠡᠵᠢᠭᠡᠨ᠎ᠡ᠃    ︵3︶  ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨᠠᠨ ᠵᠥᠪᠰᠢᠶᠡᠷᠡᠬᠦ ᠲᠡᠨᠦᠭᠦᠴᠢᠯᠡᠨ ᠭᠤᠶᠢᠷᠠᠨᠴᠢᠯᠠᠭᠴᠢ ᠶᠢ ᠠᠷᠠᠴᠢᠯᠠᠨ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ  ᠲᠡᠵᠢᠭᠡᠨ᠎ᠡ᠃    ︵4︶ ᠡᠷᠭᠦᠨ ᠲᠡᠵᠢᠭᠡᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠰᠤᠲᠠᠶᠢᠴᠤᠳ ᠤᠨ ᠵᠡᠮᠳᠡᠭ ᠢ ᠬᠢᠨᠠᠨ ᠵᠥᠪᠰᠢᠶᠡᠷᠡᠵᠦ ᠮᠠᠭᠠᠳᠯᠠᠨ ᠲᠣᠭᠲᠠᠭᠠᠬᠤ ᠶᠢ ᠡᠭᠦᠷᠭᠡᠯᠡᠨ᠎ᠡ᠂ ᠡᠪᠡᠳᠴᠢᠨ ᠲᠠᠢ ᠴᠡᠷᠢᠭ᠂ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠪᠠᠭᠤᠭᠰᠠᠳ ᠵᠡᠷᠭᠡ ᠠᠰᠠᠷᠠᠨ ᠲᠡᠵᠢᠭᠡᠬᠦ ᠡᠲᠡᠭᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ  ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    ︵5︶ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠦᠢᠯᠡᠴᠢᠯᠡᠭᠡ ᠵᠡᠷᠭᠡ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠨᠡᠶᠢᠭᠡᠮ ᠤᠨ ᠠᠵᠢᠯᠲᠠᠳ ᠢ ᠵᠣᠬᠢᠶᠠᠨ ᠪᠠᠶᠢᠭᠤᠯᠵᠤ ᠨᠡᠭᠡᠭᠡᠨ ᠬᠥᠭᠵᠢᠭᠦᠯᠦᠨ᠎ᠡ᠂ ᠣᠨᠴᠠ ᠬᠦᠴᠢᠷᠳᠡᠯᠲᠡᠶ ᠬᠥᠮᠦᠰ ᠤᠨ ᠰᠡᠳᠬᠢᠴᠡ ᠶᠢᠨ ᠵᠢᠯᠣᠭᠤᠳᠣᠯᠭ᠎ᠠ᠂ ᠬᠢᠮᠤᠷᠠᠯ ᠳᠤ ᠭᠠᠷ ᠲᠦᠷᠦᠭᠦ᠂ ᠨᠠᠰᠤᠲᠠᠶᠢᠴᠤᠳ ᠤᠨ ᠰᠤᠷᠭᠠᠨ ᠬᠥᠮᠦᠵᠢᠯ᠂ ᠠᠰᠠᠭᠤᠨ ᠯᠠᠪᠯᠠᠬᠤ ᠵᠡᠷᠭᠡ  ᠦᠢᠯᠡᠴᠢᠯᠡᠭᠡ ᠶᠢ ᠳᠡᠯᠭᠡᠨ ᠦᠵᠡᠭᠦᠯᠦᠨ᠎ᠡ᠃    ︵6︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃     2.ᠪᠠᠶᠢᠭᠤᠯᠤᠮᠵᠢ  ᠶᠢᠨ  ᠪᠠᠶᠢᠷᠢᠯᠠᠭᠤᠯᠤᠯᠲᠠ    ︵ᠨᠢᠭᠡ︶ ᠠᠯᠪᠠᠨ ᠬᠡᠷ᠃ ᠲᠥᠪ ᠤᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠬᠤᠷᠠᠯ ᠤᠨ ᠶᠠᠪᠤᠳᠠᠯ᠂ ᠠᠷᠤ ᠲᠠᠯ᠎ᠠ ᠶᠢᠨ  ᠦᠢᠯᠡᠴᠢᠯᠡᠭᠡᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    ︵ᠬᠤᠶᠠᠷ︶ ᠡᠳ᠋ ᠤᠨ ᠶᠠᠪᠤᠳᠠᠯ ᠤᠨ ᠲᠠᠰᠤᠭ᠃ ᠲᠥᠪ ᠤᠨ ᠡᠳᠦᠷ ᠲᠤᠲᠤᠮ ᠤᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠨᠢᠭᠲᠠᠯᠠᠨ ᠪᠤᠳᠤᠬᠤ ᠲᠣᠭᠠᠴᠠᠭ᠎ᠠ ᠂ ᠲᠥᠰᠦᠪ ᠪᠠ ᠲᠥᠰᠦᠪ ᠤᠨ  ᠭᠦᠢᠴᠡᠳᠭᠡᠯ ᠢ ᠨᠠᠶᠢᠷᠠᠭᠤᠯᠤᠨ ᠵᠣᠬᠢᠶᠠᠬᠤ᠂ ᠲᠥᠰᠦᠪ ᠢ  ᠭᠦᠢᠴᠡᠳᠭᠡᠬᠦ ᠵᠡᠷᠭᠡ ᠠᠵᠢᠯ ᠢ ᠡᠭᠦᠷᠭᠡᠯᠡᠨ᠎ᠡ᠃    ︵ᠭᠤᠷᠪᠠ︶ ᠰᠤᠪᠢᠯᠠᠯᠲᠠ ᠶᠢᠨ ᠭᠠᠵᠠᠷ᠃ ᠲᠥᠪ ᠡᠮᠨᠡᠯᠭᠡ ᠶᠢᠨ ᠬᠤᠷᠢᠶᠠᠨ ᠤ ᠠᠷᠠᠳ ᠤᠨ ᠡᠳᠦᠷ ᠲᠤᠲᠤᠮ ᠤᠨ ᠰᠤᠪᠢᠯᠠᠯᠲᠠ᠂ ᠬᠠᠷᠠᠭᠠᠯᠵᠠᠯ ᠵᠢᠴᠢ ᠡᠮᠴᠢᠯᠡᠭᠡᠨ ᠤ ᠡᠷᠡᠭᠦᠯ ᠬᠠᠮᠠᠭᠠᠯᠠᠯ  ᠵᠡᠷᠭᠡ‌ᠠᠵᠢᠯ   ᠢ  ᠡᠭᠦᠷᠭᠡᠯᠡᠵᠦ᠂ ᠬᠠᠮᠢᠶ᠎ᠠ ᠪᠥᠬᠦᠶ ᠨᠡᠶᠢᠭᠡᠮ ᠤᠨ ᠠᠵᠢᠯᠲᠠᠳ ᠢ ᠵᠣᠬᠢᠶᠠᠨ ᠪᠠᠶᠢᠭᠤᠯᠤᠨ ᠣᠨᠴᠠ ᠬᠦᠴᠢᠷᠳᠡᠯᠲᠡᠶ ᠬᠥᠮᠦᠰ ᠤᠨ ᠰᠡᠳᠬᠢᠴᠡ ᠶᠢᠨ ᠵᠢᠯᠣᠭᠤᠳᠣᠯᠭ᠎ᠠ᠂ ᠬᠢᠮᠤᠷᠠᠯ ᠳᠤ ᠭᠠᠷ ᠲᠦᠷᠦᠭᠦ᠂ ᠨᠠᠰᠤᠲᠠᠶᠢᠴᠤᠳ ᠤᠨ ᠰᠤᠷᠭᠠᠨ ᠬᠥᠮᠦᠵᠢᠯ᠂ ᠠᠰᠠᠭᠤᠨ ᠯᠠᠪᠯᠠᠬᠤ  ᠦᠢᠯᠡᠴᠢᠯᠡᠭᠡ ᠵᠡᠷᠭᠡ ᠠᠵᠢᠯ ᠢ ᠥᠷᠨᠢᠭᠦᠯᠦᠨ᠎ᠡ᠃     ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠨ ᠠᠶᠢᠯ ᠬᠤᠲᠠ ᠶᠢᠨ ᠹᠠᠨ  ᠷᠦᠩ ᠬᠡᠷᠡᠭ ᠡᠷᠬᠢᠯᠡᠬᠦ ᠭᠠᠵᠠᠷ ᠤᠨ ᠰᠢᠶᠤᠤ ᠰᠢ ᠵᠢᠤᠢ 28 ᠳ᠋ᠤᠭᠠᠷ ᠨᠣᠮᠧᠷ ︵ᠵᠠᠯᠠᠨ ᠠᠶᠢᠯ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠲᠥᠪ︶    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3300085    ᠠᠵᠢᠯᠯᠠᠬᠤ ᠴᠠᠭ᠄ 24 ᠴᠠᠭ ᠤᠨ ᠰᠤᠪᠢᠯᠠᠯᠲᠠ    ᠬᠠᠷᠢᠭᠤᠴᠠᠯᠭᠠᠲᠠᠨ᠄ ᠸᠠᠩ ᠯᠢ ᠰᠢᠨ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ