ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠪᠣᠯᠪᠠᠰᠤᠷᠠᠭᠤᠯᠤᠯ ᠢᠶᠠᠷ ᠦᠢᠯᠡᠴᠢᠯᠡᠭᠡ ᠶᠢ ᠠᠬᠢᠭᠤᠯᠤᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/11/17
    ᠠᠷᠠᠳ ᠢᠷᠭᠡᠳ ᠲᠤ ᠤᠯᠠᠮ ᠨᠢᠭᠡ ᠠᠯᠬᠤᠮ ᠨᠠᠩ ᠥᠨᠳᠥᠷ ᠪᠦᠲᠦᠮᠵᠢᠲᠡᠶ ᠨᠠᠷᠢᠯᠢᠭ ᠣᠨᠣᠴᠠᠲᠠᠶ ᠰᠢᠯᠢᠳᠡᠭ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠶᠢᠨ ᠲᠥᠯᠥᠭᠡ᠂ 11 ᠰᠠᠷ᠎ᠠ ᠶᠢᠨ 14 ᠤ ᠡᠳᠦᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ︽ᠪᠣᠯᠪᠠᠰᠤᠷᠠᠭᠤᠯᠤᠯ ᠢᠶᠠᠷ ᠳᠡᠭᠡᠭᠰᠢᠯᠡᠭᠦᠯᠬᠦ ᠶᠢ ᠠᠬᠢᠭᠤᠯᠵᠤ᠂ ᠦᠢᠯᠡᠴᠢᠯᠡᠭᠡ ᠶᠢ ᠬᠢᠵᠠᠭᠠᠷ ᠥᠬᠡᠶ ᠪᠣᠯᠭᠠᠬᠤ︾ ᠪᠠᠷ ᠭᠤᠤᠯ ᠰᠡᠳᠦᠪ ᠪᠣᠯᠭᠠᠭᠰᠠᠨ ᠪᠣᠯᠪᠠᠰᠤᠷᠠᠭᠤᠯᠤᠯ ᠤᠨ ᠬᠤᠷᠠᠯ ᠥᠷᠨᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠶᠡᠭᠡ ᠲᠢᠩᠬᠢᠮ ᠤᠨ ᠴᠣᠩᠬᠤᠨ ᠤ ᠬᠥᠮᠦᠰ ᠪᠣᠯᠪᠠᠰᠤᠷᠠᠭᠤᠯᠤᠯ ᠳᠤ ᠣᠷᠣᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠴᠠᠭ ᠲᠠᠭᠠᠨ ᠠᠵᠢᠯ ᠤᠨ ᠪᠠᠶᠢᠷᠢ ᠳᠤ ᠭᠠᠷᠬᠤ᠂ ᠠᠵᠢᠯ ᠠᠴᠠ ᠪᠠᠨ ᠣᠷᠦ᠋ᠢᠲᠠᠬᠤ ᠥᠬᠡᠶ᠂ ᠠᠵᠢᠯ ᠠᠴᠠ ᠪᠠᠨ ᠡᠷᠲᠡ ᠭᠠᠷᠬᠤ ᠥᠬᠡᠶ᠂ ᠠᠵᠢᠯ ᠤᠨ ᠪᠠᠶᠢᠷᠢ ᠠᠴᠠ ᠪᠠᠨ ᠬᠤᠭᠤᠰᠣᠨ ᠭᠠᠷᠬᠤ ᠥᠬᠡᠶ ᠪᠠᠶᠢᠬᠤ ᠶᠢ ᠪᠡᠶᠡᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠠᠵᠢᠯ ᠳᠤ ᠭᠠᠷᠬᠤ ᠶᠢ ᠰᠢᠯᠭᠠᠬᠤ ᠲᠦᠷᠢᠮ ᠢ ᠴᠢᠩᠭ᠎ᠠ ᠵᠢᠷᠤᠮᠯᠠᠨ᠂ ᠠᠵᠢᠯ ᠤᠨ ᠬᠤᠶᠠᠷ ᠲᠤ᠂ ᠠᠵᠢᠯ ᠤᠨ ᠰᠢᠷᠡᠭᠡ ᠪᠣᠯᠤᠨ ᠦᠢᠯᠡᠴᠢᠯᠡᠭᠡᠨ ᠤ ᠲᠠᠪᠴᠠᠩ ᠤᠨ ᠡᠳ᠋ ᠪᠣᠳᠠᠰ ᠢ ᠲᠥᠷᠥᠯ ᠬᠤᠪᠢᠶᠠᠨ  ᠰᠢᠢᠳᠪᠦᠷᠢᠯᠡᠵᠦ᠂ ᠠᠵᠢᠯ ᠤᠨ ᠠᠬᠤᠶ ᠲᠠᠯᠠᠪᠠᠶ ᠶᠢ ᠡᠮᠬᠢ ᠳᠢᠭᠯᠢᠮ ᠲᠠᠢ ᠪᠠᠶᠢᠯᠭᠠᠵᠤ᠂ ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠨ᠎ᠠ᠃ ᠭᠤᠷᠪᠠ ᠳᠤ᠂ ᠦᠢᠯᠡᠴᠢᠯᠡᠭᠡᠨ ᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠳᠦᠷᠢ ᠲᠥᠷᠬᠦ᠂ ᠦᠢᠯᠡ ᠬᠥᠳᠡᠯᠦᠯ ᠪᠠᠷᠢᠯ᠂ ᠦᠢᠯᠡᠴᠢᠯᠡᠭᠡᠨ ᠤ ᠬᠡᠯᠡᠯᠭᠡ ᠪᠠ ᠦᠢᠯᠡᠴᠢᠯᠡᠭᠡᠨ ᠤ ᠣᠪᠣᠷ ᠢ ᠵᠢᠷᠤᠮᠵᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠦᠨᠡᠨ ᠬᠦ ᠨᠡᠮᠡᠭᠳᠡᠭᠦᠯᠦᠨ᠎ᠡ᠃     ᠬᠤᠶᠢᠰᠢᠳᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠨᠢ ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ ᠰᠠᠨᠠᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠦᠢᠯᠡᠴᠢᠯᠡᠭᠡᠨ ᠤ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠴᠣᠩᠬᠤᠪᠴᠢ ᠶᠢᠨ ᠠᠵᠢᠯᠲᠠᠨ ᠤ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠣᠯᠠᠨ ᠳᠤ ᠨᠠᠩ ᠣᠯᠠᠨ ᠣᠶᠢᠯᠠᠭᠠᠯᠲᠠ ᠲᠥᠷᠥᠭᠳᠡᠯ ᠲᠠᠢ ᠪᠣᠯᠭᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ