ᠮᠠᠨ ᠤ ᠬᠤᠲᠠ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/17
    ︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠶᠢᠨ ᠲᠥᠯᠥᠭᠡ᠂ ᠢᠳᠡᠭᠡᠨ ᠤ ᠠᠮᠤᠷ ᠲᠦᠪᠰᠢᠨ ᠤ ᠳᠡᠰ ᠳᠠᠪᠬᠤᠷᠭ᠎ᠠ ᠳᠡᠰ ᠬᠤᠪᠢᠶᠠᠨ ᠪᠠᠲᠤᠯᠠᠬᠤ ᠬᠠᠷᠢᠭᠤᠴᠠᠯᠭ᠎ᠠ ᠶᠢᠨ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ 11 ᠰᠠᠷ᠎ᠠ ᠶᠢᠨ 14 ᠤ ᠡᠳᠦᠷ᠂ ᠬᠤᠲᠠ ᠶᠢᠨ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠢᠳᠡᠭᠡᠨ ᠤ  ᠵᠦᠢᠯ ᠤᠨ ᠠᠮᠤᠷ ᠲᠦᠪᠰᠢᠨ ᠤ ᠲᠠᠰ ᠳᠠᠪᠬᠤᠷᠭ᠎ᠠ ᠲᠠᠰ ᠬᠤᠪᠢᠶᠠᠨ ᠪᠠᠲᠤᠯᠠᠬᠤ ᠠᠵᠢᠯ ᠢ ᠵᠣᠬᠢᠶᠠᠨ ᠪᠠᠶᠢᠭᠤᠯᠵᠤ᠂ ᠢᠳᠡᠭᠡᠨ ᠤ  ᠵᠦᠢᠯ ᠡᠮ ᠤᠨ  ᠵᠦᠢᠯ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠡᠷ ᠳᠥᠷᠪᠡᠳᠦᠭᠡᠷ ᠤᠯᠠᠷᠢᠯ ᠤᠨ ᠢᠳᠡᠭᠡᠨ ᠤ  ᠵᠦᠢᠯ ᠤᠨ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠂ ᠬᠤᠷᠠᠯ ᠢ ᠬᠤᠲᠠ ᠶᠢᠨ ᠢᠳᠡᠭᠡᠨ ᠤ  ᠵᠦᠢᠯ ᠡᠮ ᠤᠨ  ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠽᠦᠸᠧ ᠯᠢ ᠢᠦ ᠡᠷᠭᠢᠯᠡᠪᠡ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠣᠷᠳᠣ ᠬᠤᠭᠤᠴᠠᠭ᠎ᠠ ᠪᠠᠷ ᠠᠳᠬᠤᠵᠤ ᠣᠷᠳᠣ ᠬᠤᠭᠤᠴᠠᠭ᠎ᠠ ᠪᠠᠷ ᠬᠠᠮᠢᠶᠠᠷᠬᠤ ᠴᠢᠬᠤᠯᠠᠲᠠᠶ ᠭᠤᠤᠯᠳᠠᠯᠭ᠎ᠠ ᠲᠠᠢ ᠠᠵᠢᠯ ᠮᠥᠨ᠂ ᠬᠥᠯᠥᠨ ᠪᠤᠶᠢᠷ ᠬᠤᠲᠠ ᠨᠢᠭᠡᠨᠲᠡ ᠲᠣᠰ ᠠᠵᠢᠯ ᠢ 2023 ᠣᠨ ᠤ ᠢᠳᠡᠭᠡᠨ ᠤ ᠠᠮᠤᠷ ᠲᠦᠪᠰᠢᠨ ᠤ ᠦᠨᠡᠯᠡᠨ ᠬᠢᠨᠠᠬᠤ ᠠᠵᠢᠯ ᠳᠤ ᠣᠷᠣᠭᠤᠯᠤᠭᠰᠠᠨ ᠪᠣᠯᠬᠤᠷ ᠡᠯ᠎ᠡ ᠨᠢᠭᠡᠴᠡ ᠶᠢᠨ ᠬᠢᠨ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠴᠥᠬᠦᠷᠡᠰᠢ ᠥᠬᠡᠶ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠬᠤ ᠬᠡᠷᠡᠭᠲᠡᠶ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠡ ᠶᠢᠨ ᠬᠢᠨ ᠳᠠᠭᠠᠳᠬᠠᠯ ᠢ ᠳᠠᠭᠠᠭᠠᠴᠢᠯᠠᠨ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠳᠠᠭᠠᠳᠬᠠᠯ ᠢ ᠳᠠᠭᠠᠭᠠᠴᠢᠯᠠᠭᠰᠠᠨ‌‍ᠺᠠᠲᠡᠷᠴᠤᠳ ᠢ ᠪᠣᠳᠠᠲᠠᠶ ᠭᠠᠵᠠᠷ ᠲᠤᠨᠢ ᠬᠢᠨᠠᠨ ᠵᠢᠯᠣᠭᠤᠳᠬᠤ ᠪᠠᠷ ᠭᠤᠤᠯ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠣᠴᠢᠭᠤᠯᠤᠨ ᠬᠢᠨᠠᠨ ᠵᠢᠯᠣᠭᠤᠳᠬᠤ ᠠᠵᠢᠯ ᠥᠷᠨᠢᠭᠦᠯᠬᠦ ᠶᠢ ᠤᠯᠠᠮ ᠨᠢᠭᠡ ᠠᠯᠬᠤᠮ ᠵᠣᠬᠢᠴᠠᠭᠤᠯᠤᠨ ᠵᠣᠬᠢᠶᠠᠨ ᠪᠠᠶᠢᠭᠤᠯᠵᠤ᠂ 12 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠲᠣᠰ ᠵᠢᠯ ᠤᠨ ᠬᠠᠮᠤᠭ ᠰᠡᠭᠦᠯᠴᠢ ᠶᠢᠨ ᠨᠢᠭᠡ ᠤᠳᠠᠭ᠎ᠠ ᠶᠢᠨ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠬᠤ ᠶᠢ ᠴᠢᠨᠠᠷ ᠰᠠᠶᠢᠲᠠᠶ ᠪᠡᠶᠡᠯᠡᠭᠦᠯᠵᠦ᠂ ᠳᠠᠭᠠᠳᠬᠠᠯ ᠢ ᠳᠠᠭᠠᠭᠠᠴᠢᠯᠠᠭᠰᠠᠨ ᠺᠠᠲᠡᠷ ᠨᠢᠭᠡᠪᠦᠷᠢ ᠶᠢᠨ ᠳᠠᠭᠠᠳᠬᠠᠯ ᠢ ᠳᠠᠭᠠᠭᠠᠴᠢᠯᠠᠭᠰᠠᠨ ᠠᠵᠤ ᠠᠬᠤᠶᠢᠯᠠᠯ ᠢ ᠦᠨᠡᠨᠬᠦ ᠰᠠᠶᠢᠲᠤᠷ ᠲᠠᠨᠢᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠦᠨᠡᠨᠬᠦ ᠪᠠᠲᠤᠯᠠᠵᠤ᠂ ︽ᠬᠤᠶᠠᠷ ᠬᠠᠷᠢᠭᠤᠴᠠᠯᠭ᠎ᠠ︾ ᠶᠢ ᠨᠠᠷᠢᠨ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ ᠴᠢᠩᠭ᠎ᠠ ᠡᠵᠡᠮᠳᠡᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ