ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠵᠢᠴᠢ ︽ᠠᠷᠪᠠᠨ ᠳᠦᠷᠪᠡᠳᠦᠭᠡᠷ ᠬᠤᠭᠤᠴᠠᠭᠠᠨ ᠪᠦᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠤᠷᠤᠯᠳᠤᠭᠠᠨ︾ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠭᠤᠨ᠂ ᠡᠮᠬᠢ ᠳᠢᠭᠯᠢᠮ ᠲᠠᠢ ᠥᠷᠨᠢᠭᠦᠯᠬᠦ ᠶᠢᠨ | ᠲᠥᠯᠥᠭᠡ᠂ ︽ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ︾ ᠰᠡᠷᠭᠡᠶᠢᠯᠡᠨ ᠵᠠᠰᠠᠬᠤ | ᠵᠠᠷᠴᠢᠮ ᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠤᠰᠬᠠᠶ ᠡᠩᠨᠡᠭᠡ ᠶᠢᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ | ᠬᠤᠯᠤᠭᠠᠨ᠎ᠠ ᠬᠢᠵᠢᠭ ᠤᠨ ᠪᠠᠶᠢᠳᠠᠯ ᠵᠢᠴᠢ ︽ᠠᠷᠪᠠᠨ ᠳᠦᠷᠪᠡᠳᠦᠭᠡᠷ ᠬᠤᠭᠤᠴᠠᠭᠠᠨ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠦᠷᠭᠡᠨ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠂ ᠵᠠᠯᠠᠨ | ᠠᠶᠢᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠥᠷᠪᠡᠳᠦᠭᠡᠷ | ᠳᠠᠪᠬᠤᠷᠯᠢᠭ ᠤᠨ ᠬᠤᠷᠠᠯ ᠤᠨ ᠬᠡᠷ ᠲᠤ ︽2023 ᠣᠨ ᠤ ᠬᠤᠯᠤᠭᠠᠨ᠎ᠠ ᠬᠢᠵᠢᠭ ᠤᠨ ᠪᠠᠶᠢᠳᠠᠯ ᠵᠢᠴᠢ ︽ᠠᠷᠪᠠᠨ ᠳᠦᠷᠪᠡᠳᠦᠭᠡᠷ ᠬᠤᠭᠤᠴᠠᠭᠠᠨ ᠪᠦᠬᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ︾ ᠤ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ︾ ᠬᠢᠪᠠ᠃ | ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠭᠡᠨᠡᠳᠲᠡ ᠡᠭᠦᠰᠦᠭᠰᠡᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠪᠠᠴᠢᠮ | ᠠᠷᠭᠠᠴᠠᠨ ᠰᠢᠢᠳᠪᠦᠷᠢᠯᠡᠬᠦ ᠳᠤᠭᠤᠶᠢᠯᠠᠩ ᠤᠨ ᠪᠦᠷᠢᠯᠳᠦᠬᠦᠨ ᠵᠢᠴᠢ ᠪᠥᠬᠦ ᠠᠵᠢᠯᠲᠠᠨ ᠠᠵᠢᠯᠴᠢᠨ ᠲᠣᠰ ᠤᠳᠠᠭᠠᠨ ᠤ ᠰᠣᠷᠢᠯᠲᠠ ᠳᠤ ᠣᠷᠣᠯᠴᠠᠪᠠ᠃ | ᠰᠣᠷᠢᠯᠲᠠ ᠬᠢᠬᠦ ᠳᠤ ᠬᠥᠮᠦᠨ ᠤ ᠣᠷᠴᠢᠯᠠᠩ ᠤᠨ ᠬᠤᠯᠤᠭᠠᠨ᠎ᠠ ᠶᠢᠨ ᠬᠢᠵᠢᠭ ᠤᠨ ᠭᠡᠨᠡᠳᠲᠡ ᠶᠢᠨ ᠪᠠᠶᠢᠳᠠᠯ ᠢᠶᠠᠷ ᠠᠷᠤ ᠦᠵᠡᠭᠳᠡᠯ ᠪᠣᠯᠭᠠᠵᠤ᠂ ᠪᠣᠳᠠᠲᠠᠶ ᠬᠥᠮᠦᠨ | ᠰᠣᠷᠢᠯᠲᠠ ᠳᠤ ᠣᠷᠣᠯᠴᠠᠬᠤ᠂ ᠲᠤᠬᠠᠶ ᠶᠢᠨ ᠴᠠᠭ ᠲᠤᠨᠢ ᠬᠢᠬᠦ ᠠᠷᠭ᠎ᠠ ᠮᠠᠶ᠋ᠢᠭ ᠢ ᠠᠪᠴᠤ᠂ ᠡᠪᠡᠳᠴᠢᠨ ᠤ ᠵᠢᠱᠢᠶ᠎ᠡ ᠶᠢ ᠢᠯᠡᠷᠡᠭᠦᠯᠬᠦ᠂ ᠬᠢᠵᠢᠭ ᠤᠨ ᠪᠠᠶᠢᠳᠠᠯ ᠤᠨ | ᠮᠡᠳᠡᠭᠦᠯᠦᠯᠲᠡ ᠶᠢ ᠭᠥᠯᠢᠶᠡᠨ ᠠᠪᠬᠤ᠂ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠬᠦ ᠵᠡᠷᠭᠡ ᠭᠤᠭᠴᠤᠭ᠎ᠠ ᠶᠢ ᠪᠠᠶᠢᠷᠢᠯᠠᠭᠤᠯᠪᠠ᠃ ᠡᠨᠡ ᠬᠤᠭᠤᠴᠠᠭᠠᠨ ᠳᠤ᠂ ᠡᠯ᠎ᠡ | ᠳᠤᠭᠤᠶᠢᠯᠠᠩ ᠤᠨ ᠠᠵᠢᠯᠲᠠᠨ ᠤ ᠠᠵᠢᠯ ᠤᠨ ᠬᠤᠪᠢᠶᠠᠷᠢᠯᠠᠯ ᠲᠣᠳᠣᠷᠬᠠᠶ᠂ ᠠᠵᠢᠯᠯᠠᠭ᠎ᠠ ᠲᠦᠷᠭᠡᠨ᠂ ᠨᠢᠭᠲᠠ ᠬᠠᠮᠵᠢᠯᠴᠠᠨ᠂ ᠡᠯ᠎ᠡ ᠵᠦᠢᠯ ᠤᠨ ᠠᠵᠢᠯ ᠡᠮᠬᠢ | ᠵᠢᠷᠤᠮ ᠲᠠᠢ ᠶᠠᠪᠤᠭᠳᠠᠵᠤ᠂ ᠰᠣᠷᠢᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠲᠤᠰ ᠤᠳᠠᠭᠠᠨ ᠤ ᠰᠣᠷᠢᠯᠲᠠ ᠪᠠᠷ ᠳᠠᠮᠵᠢᠭᠤᠯᠤᠨ ᠬᠤᠯᠪᠣᠭᠠᠯᠠᠨ ᠬᠥᠳᠡᠯᠦᠯᠴᠡᠬᠦ᠂ ᠬᠤᠯᠪᠣᠭᠳᠠᠯ ᠪᠦᠬᠦᠢ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠯᠡᠳᠬᠡᠯ ᠲᠥᠰᠦᠯ ᠢ ᠰᠢᠯᠭᠠᠨ ᠪᠠᠶᠢᠴᠠᠭᠠᠬᠤ᠂ ᠲᠣᠨᠤᠭ | ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠡᠩᠨᠡᠭᠡ ᠶᠢ ᠪᠣᠯᠪᠠᠰᠤᠷᠠᠭᠤᠯᠬᠤ᠂ ᠲᠣᠭᠲᠠᠴᠠ ᠶᠢ ᠵᠣᠬᠢᠴᠠᠭᠤᠯᠬᠤ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠪᠣᠯᠭᠠᠬᠤ ᠪᠠ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢ ᠲᠦᠭᠡᠮᠡᠯᠵᠢᠭᠦᠯᠬᠦ ᠦᠢᠯᠡᠳᠦᠯ ᠳᠤ ᠬᠦᠷᠴᠦ᠂ ᠵᠠᠯᠠᠨ ᠠᠶᠢᠯ ᠬᠤᠲᠠ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠴᠢᠳᠠᠪᠤᠷᠢ ᠪᠠ ᠡᠩᠨᠡᠭᠡ ᠶᠢᠨ ᠳᠦᠷᠰᠦ ᠪᠠᠶᠢᠳᠠᠯ ᠢ ᠭᠦᠢᠴᠡᠳ ᠳᠡᠯᠭᠡᠨ ᠦᠵᠡᠭᠦᠯᠵᠦ᠂ ︽ᠠᠷᠪᠠᠨ | ᠳᠦᠷᠪᠡᠳᠦᠭᠡᠷ ᠬᠤᠭᠤᠴᠠᠭᠠᠨ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ︾ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠤ ᠪᠠᠲᠤ | ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ |